ᠬᠢᠩᠭᠠᠨ ᠳᠠᠪᠠᠭᠠᠨ ᠎ᠳᠡᠬᠢ ᠨᠤᠮᠢᠨ ᠨᠣᠭᠣᠭᠠᠨ ᠤᠷᠲᠤ ᠵᠠᠮ ᠎ᠤᠨ ᠠᠶᠠᠨ ᠳᠠᠢᠨ — ᠳᠥᠷᠪᠡᠨ ᠦᠶ᠎ᠡ᠎ᠶ᠋ᠢᠨ ᠣᠶ ᠱᠢᠭᠤᠶ ᠎ᠶ᠋ᠢᠨ ᠠᠵᠢᠯᠲᠠᠨ ᠨᠠᠶᠠᠨ ᠵᠢᠯ ᠪᠤᠤᠬᠢᠶ᠎ᠠ ᠳᠠᠮᠵᠢᠭᠤᠯᠤᠨ 《 ᠠᠮᠢ ᠠᠬᠤᠶ᠎ᠶ᠋ᠢᠨ ᠪᠠᠩᠬᠢ 》 ᠶ᠋ᠢ ᠪᠠᠢᠭᠤᠯᠪᠠ
2025-09-22 09:43:26
ᠵᠣᠬᠢᠶᠠᠭ᠍ᠴᠢ᠄
ᠯᠢ ᠱᠢᠶᠠ ᠵᠠᠩ ᠬᠤᠢ ᠯᠢᠩ
ᠣᠩᠱᠢᠭ᠍ᠰᠠᠨ ᠣᠳᠠᠭ᠎ᠠ᠄
★★★☆☆

ᠶᠡᠬᠡ ᠬᠢᠩᠭᠠᠨ ᠳᠠᠪᠠᠭ᠎ᠠ᠎ᠶ᠋ᠢᠨ ᠪᠠᠷᠠᠭᠤᠨ ᠡᠮᠦᠨ᠎ᠡ ᠬᠣᠷᠮᠣᠢ ᠎ᠳᠤ ᠠᠷᠪᠠᠨ ᠬᠡᠳᠦᠨ ᠮᠧᠲ᠋ᠷ ᠥᠨᠳᠥᠷ ᠳᠤᠷᠠᠰᠭᠠᠯ ᠎ᠤᠨ ᠬᠥᠱᠢᠢ᠎ᠡ ᠬᠢᠩᠭᠠᠨ ᠠᠢᠮᠠᠭ᠎ᠤᠨ ᠷᠠᠱᠢᠶᠠᠨ ᠬᠤᠳᠠ᠎ᠶ᠋ᠢᠨ ᠯᠢᠨ ᠬᠠᠢ ᠵᠡᠭᠡᠯᠢ ᠭᠤᠳᠤᠮᠵᠢ᠎ᠶ᠋ᠢᠨ ᠡᠮᠦᠨ᠎ᠡ ᠠᠭᠤᠯᠠᠨ᠎ᠳᠤ ᠰᠦᠨᠳᠡᠷᠯᠡᠨ ᠬᠠᠷᠠᠭᠳᠠᠨ᠎ᠠ᠃ ᠬᠥᠱᠢᠢ᠎ᠡ ᠳᠡᠭᠡᠷ᠎ᠡ 《ᠵᠠᠭᠤᠨ ᠲᠦᠮᠡᠨ ᠮᠦ᠍ ᠲᠠᠷᠢᠮᠠᠯ ᠤᠢ᠎ᠶ᠋ᠢᠨ ᠳᠤᠷᠠᠰᠭᠠᠯ᠎ᠤᠨ ᠬᠥᠱᠢᠢ᠎ᠡ》 ᠬᠡᠬᠦ ᠦᠰᠦᠭ ᠰᠡᠢᠯᠵᠦ᠍᠂ ᠬᠥᠱᠢᠢ᠎ᠡ᠎ᠶ᠋ᠢᠨ ᠨᠦᠬᠦᠭᠡ ᠲᠠᠯ᠎ᠠ᠎ᠳᠤᠨᠢ 《ᠤᠭᠲᠤᠯᠬᠤ ᠶ᠋ᠢᠨ ᠳᠠᠭᠠᠤ ᠣᠢᠵᠢᠭᠤᠯᠤᠭᠰᠠᠨ ᠦᠵᠡᠮᠵᠢ ᠲᠡᠭᠦᠯᠳᠡᠷ ᠠᠭᠤᠯᠠ ᠤᠰᠤ᠂ ᠵᠠᠭᠤᠨ ᠲᠦᠮᠡᠨ ᠮᠦ᠍ ᠤᠢ ᠰᠢᠭᠤᠢ᠎ᠵᠢ ᠦᠷ᠎ᠡ ᠬᠣᠢᠴᠢᠰ᠎ᠲᠠᠭᠠᠨ ᠦᠯᠡᠳᠡᠭᠡᠨ᠎ᠡ》 ᠭᠡᠵᠦ᠍ ᠰᠡᠢᠯᠦᠭ᠌ᠰᠡᠨ ᠪᠠᠢᠳᠠᠭ᠃

9 ᠰᠠᠷ᠎ᠠ ᠵᠢᠨ ᠠᠭᠤᠷ ᠠᠮᠢᠰᠭᠤᠯ ᠰᠡᠷᠢᠭᠦᠨ ᠲᠠᠭᠠᠯᠠᠮᠵᠢᠲᠠᠢ ᠪᠠᠢᠵᠤ᠂ ᠲᠤᠬᠠᠢ᠎ᠶ᠋ᠢᠨ ᠭᠠᠵᠠᠷ ᠎ᠤᠨ ᠮᠠᠰᠢ ᠤᠯᠠᠨ ᠰᠠᠭᠤᠭᠠᠯᠢ ᠠᠷᠠᠳ ᠡᠨᠡ ᠬᠦ᠌ ᠠᠭᠤᠳᠠᠮ ᠲᠠᠯᠠᠪᠠᠢ᠎ᠳᠤ ᠢᠷᠡᠵᠦ ᠰᠡᠯᠡᠭᠦᠴᠡᠳᠡᠭ᠃  ᠳᠥᠷᠪᠡᠳᠦᠭᠡᠷ ᠦᠶ᠎ᠡ ᠵᠢᠨ ᠤᠢ ᠰᠢᠭᠤᠢ ᠵᠢᠨ ᠠᠵᠢᠯᠳᠠᠨ ᠠᠨ ᠵᠧᠩ ᠱᠢᠨ᠄ 《ᠥᠪᠥᠷ ᠮᠣᠩᠭᠣᠯ᠎ᠤᠨ ᠣᠶ ᠱᠢᠭᠤᠶ᠎ᠶ᠋ᠢᠨ ᠠᠵᠤ ᠦᠶ᠋ᠯᠡᠳᠪᠦᠷᠢ᠎ᠶ᠋ᠢᠨ ᠪᠦᠯᠦᠭ᠌ᠯᠡᠯ᠎ᠦᠨ ᠷᠠᠱᠢᠶᠠᠨ᠎ᠤ ᠱᠢᠭᠤᠢᠲᠤ ᠣᠷᠣᠨ ᠎ᠤ ᠳᠥᠷᠪᠡᠨ ᠦᠶ᠎ᠡ᠎ᠶ᠋ᠢᠨ ᠣᠶ ᠱᠢᠭᠤᠶ᠎ᠶ᠋ᠢᠨ ᠠᠵᠢᠯᠲᠡᠨ 80 ᠵᠢᠯ ᠪᠤᠤᠬᠢᠶ᠎ᠠ᠎ᠳᠠᠮᠵᠢᠭᠤᠯᠤᠨ᠌ ᠡᠨᠡ ᠬᠦ᠌ 〈ᠠᠮᠢ ᠠᠬᠤᠶ᠎ᠶ᠋ᠢᠨ ᠪᠠᠩᠬᠢ〉ᠶ᠋ᠢ ᠴᠣᠭ᠍ᠴᠠᠯᠠᠨ ᠪᠠᠢᠭᠤᠯᠵᠠᠢ᠂ ᠳᠥᠷᠪᠡᠳᠦᠭᠡᠷ ᠦᠶ᠎ᠡ ᠵᠢᠨ ᠤᠢ ᠰᠢᠭᠤᠢ ᠵᠢᠨ ᠠᠵᠢᠯᠳᠠᠨ ᠪᠣᠯᠤᠭ᠍ᠰᠠᠨ᠎ᠤ ᠬᠤᠪᠢ᠎ᠳᠤ ᠪᠢ ᠪᠥᠬᠥ᠌ ᠬᠦᠴᠦᠨ᠎ᠢᠶᠡᠷ᠎ᠢᠶᠡᠨ ᠡᠨᠡ ᠬᠦ᠌ ᠨᠤᠮᠢᠨ ᠨᠣᠭᠣᠭᠠᠨ᠎ᠢ ᠰᠠᠬᠢᠨ ᠬᠠᠮᠠᠭᠠᠯᠠᠬᠤ ᠬᠠᠷᠢᠭᠤᠴᠠᠯᠭ᠎ᠠ᠎ᠲᠠᠶ》 ᠭᠡᠪᠡ᠃

ᠨᠢᠭᠡᠳᠦᠭᠡᠷ ᠦᠶ᠎ᠡ ᠵᠢᠨ ᠣᠶ ᠱᠢᠭᠤᠶ ᠎ᠶ᠋ᠢᠨ ᠠᠵᠢᠯᠳᠠᠨ ᠢᠦᠶ ᠵᠢᠶᠦ᠋ᠨ ᠲᠤᠤ᠄ ᠨᠢᠭᠡ ᠲᠠᠯ᠎ᠠ ᠎ᠪᠠᠷ ᠮᠣᠳᠣᠨ ᠮᠠᠲ᠋ᠧᠷᠢᠶᠠᠯ ᠣᠭ᠍ᠲᠣᠯᠤᠨ ᠤᠯᠤᠰ ᠎ᠤᠨ ᠪᠥᠲᠥᠭᠡᠨ ᠪᠠᠢᠭᠤᠯᠤᠯᠲᠠ ᠎ᠶ᠋ᠢ ᠳᠡᠮᠵᠢᠵᠦ᠂ ᠨᠥᠭᠥᠭᠡ ᠲᠠᠯ᠎ᠠ ᠎ᠪᠠᠷ ᠨᠤᠮᠢᠨ ᠤᠰᠤ ᠬᠦᠬᠡᠮᠳᠦᠭ ᠠᠭᠤᠯᠠ ᠎ᠪᠠᠨ ᠡᠭᠦᠷᠢᠳᠡ ᠦᠷᠭᠦᠯᠵᠢᠯᠡᠨ ᠠᠱᠢᠭ᠍ᠯᠠᠬᠤ᠎ᠶ᠋ᠢᠨ ᠲᠥᠯᠥᠭᠡ ᠮᠣᠳᠣ ᠳᠠᠷᠢᠵᠤ ᠤᠢᠵᠢᠭᠤᠯᠪᠠ

《ᠡᠨᠡ ᠤᠢ ᠥᠩᠭᠡᠷᠡᠭ᠌ᠰᠡᠨ᠎ᠳᠦ ᠳᠤᠮᠳᠠᠳᠤ ᠤᠯᠤᠰ ᠎ᠢ ᠲᠦᠷᠢᠮᠡᠬᠡᠢᠯᠡᠭ᠌ᠰᠡᠨ ᠶᠠᠫᠣᠨ ᠴᠡᠷᠢᠭ᠎ᠦᠨ ᠳᠡᠭᠡᠷᠡᠮᠳᠡᠯ᠎ᠦᠨ ᠴᠢᠨᠠᠷᠲᠠᠢ ᠣᠭ᠍ᠲᠣᠯᠤᠯᠲᠠ᠎ᠳᠤ ᠤᠴᠠᠷᠠᠵᠤ᠂ ᠤᠢ ᠱᠢᠭᠤᠢ᠎ᠶ᠋ᠢᠨ ᠡᠬᠢ ᠪᠠᠶᠠᠯᠢᠭ᠎ᠤᠨ ᠡᠪᠳᠡᠭ᠌ᠳᠡᠯ ᠮᠠᠰᠢ ᠬᠦᠨᠳᠦ ᠨᠣᠴᠢᠲᠠᠢ ᠪᠠᠢᠪᠠ᠃ ᠳᠡᠭᠡᠷ᠎ᠡ ᠵᠠᠭᠤᠨ᠎ᠤ ᠲᠠᠪᠢᠭᠠᠳ ᠣᠨ᠎ᠡᠴᠡ ᠡᠬᠢᠯᠡᠵᠦ᠍᠂ ᠷᠠᠱᠢᠶᠠᠨ ᠣᠷᠣᠨ ᠎ᠳᠤ ᠶᠡᠬᠡ ᠬᠡᠪᠴᠢᠶ᠎ᠡ᠎ᠪᠡᠷ ᠬᠥᠮᠦᠨ᠎ᠦ ᠬᠦᠴᠦ᠍᠎ᠪᠡᠷ ᠣᠢᠵᠢᠭᠤᠯᠵᠤ ᠡᠬᠢᠯᠡᠪᠡ᠃ ᠶᠡᠷᠦᠩᠬᠡᠶ ᠰᠠᠢᠳ ᠵᠧᠸ᠋ ᠧᠨ ᠯᠠᠶ᠎ᠶ᠋ᠢᠨ 〈ᠬᠥᠬᠡᠮᠳᠦᠭ ᠠᠭᠤᠯᠠ ᠦᠷᠭᠦᠯᠵᠢ ᠪᠠᠢᠵᠤ᠂ ᠡᠭᠦᠷᠢᠳᠡ ᠦᠷᠭᠦᠯᠵᠢᠯᠡᠨ ᠠᠱᠢᠭ᠍ᠯᠠᠬᠤ ᠭᠡᠷᠡᠭᠲᠡᠢ〉 ᠭᠡᠬᠦ᠌ ᠵᠢᠭᠠᠪᠤᠷᠢ ᠶᠣᠰᠣᠭᠠᠷ ᠨᠢᠭᠡ ᠲᠠᠯ᠎ᠠ᠎ᠪᠠᠷ ᠮᠣᠳᠣᠨ ᠮᠠᠲ᠋ᠧᠷᠢᠶᠠᠯ ᠣᠭ᠍ᠲᠣᠯᠤᠨ ᠤᠯᠤᠰ᠎ᠤᠨ ᠪᠥᠲᠥᠭᠡᠨ ᠪᠠᠢᠭᠤᠯᠤᠯᠲᠠ᠎ᠶ᠋ᠢ ᠳᠡᠮᠵᠢᠵᠦ᠍᠂ ᠨᠥᠭᠥᠭᠡ ᠲᠠᠯ᠎ᠠ᠎ᠪᠠᠷ ᠮᠣᠳᠣ ᠳᠠᠷᠢᠵᠤ ᠤᠢᠵᠢᠭᠤᠯᠤᠬᠰᠠᠨ ᠶᠤᠮ 》 ᠬᠡᠵᠦ ᠨᠢᠭᠡᠳᠦᠭᠡᠷ ᠦᠶ᠎ᠡ ᠵᠢᠨ ᠣᠶ ᠱᠢᠭᠤᠶ᠎ᠶ᠋ᠢᠨ ᠠᠵᠢᠯᠳᠠᠨ᠂  85 ᠨᠠᠰᠤᠲᠠᠢ ᠢᠦᠢ ᠵᠢᠶᠦ᠋ᠨ ᠲᠤᠤ ᠲᠤᠬᠠᠢ᠎ᠶ᠋ᠢᠨ ᠦᠶ᠎ᠡ᠎ᠶ᠋ᠢᠨ ᠪᠠᠢᠳᠠᠯ᠎ᠢ ᠡᠷᠭᠢᠴᠡᠭᠦᠯᠦᠨ ᠬᠡᠯᠡᠨ᠎ᠡ᠃

ᠢᠦᠢ ᠵᠢᠶᠦ᠋ᠨ ᠲᠤᠤ ᠷᠠᠱᠢᠶᠠᠨ᠎ᠤ ᠤᠢ ᠱᠢᠭᠤᠢ᠎ᠶ᠋ᠢᠨ ᠲᠣᠪᠴᠢᠢ᠎ᠠ᠎ᠶ᠋ᠢᠨ ᠢᠷᠪᠢᠰᠳᠠᠢ ᠤᠢ ᠱᠢᠭᠤᠢ᠎ᠶ᠋ᠢᠨ ᠲᠠᠯᠠᠪᠠᠢ᠎ᠶ᠋ᠢᠨ ᠳᠠᠷᠤᠭ᠎ᠠ᠎ᠶ᠋ᠢᠨ ᠲᠤᠱᠢᠶᠠᠯ ᠎ᠢ ᠬᠠᠷᠢᠭᠤᠴᠠᠵᠤ ᠥᠩᠭᠡᠷᠡᠵᠡᠢ᠃ 1991 ᠣᠨ᠎ᠳᠤ ᠲᠡᠷᠡ ᠪᠦᠬᠦ᠌ ᠤᠯᠤᠰ᠎ᠤᠨ ᠨᠣᠭᠣᠭᠠᠷᠠᠭᠤᠯᠤᠯᠲᠠ ᠣᠢᠵᠢᠭᠤᠯᠤᠯᠲᠠ᠎ᠶ᠋ᠢᠨ ᠬᠥᠳᠡᠯᠮᠦᠷᠢ᠎ᠶ᠋ᠢᠨ ᠵᠢᠱ᠌ᠢᠶᠡᠴᠢ᠎ᠶ᠋ᠢᠨ ᠴᠣᠯᠠ᠎ᠶ᠋ᠢ ᠬᠦᠷᠳᠡᠪᠡ᠃ ᠲᠡᠷᠡ᠄ 《ᠬᠦᠢᠲᠡᠷᠡᠬᠦ᠌ ᠦᠶ᠎ᠡ᠎ᠳᠦ ᠲᠡᠭ᠎ᠡᠴᠡ ᠳᠣᠷᠣᠭ᠍ᠰᠢ ᠬᠡᠳᠦᠨ ᠠᠷᠪᠠᠨ ᠭᠷᠠᠳᠦ᠋ᠰ᠎ᠲᠦ ᠬᠦᠷᠴᠦ᠍᠂ ᠤᠢ ᠱᠢᠭᠤᠶ᠎ᠶ᠋ᠢᠨ ᠠᠵᠢᠯᠳᠠᠨ ᠠᠵᠢᠯᠴᠢᠨ᠎ᠤ ᠭᠣᠣᠯ ᠠᠵᠢᠯ ᠪᠣᠯ ᠮᠣᠳᠣ ᠣᠭ᠍ᠲᠣᠯᠬᠤ ᠶᠠᠪᠤᠳᠠᠯ ᠪᠣᠯᠤᠨ᠎ᠠ᠃ ᠲᠡᠷᠡ ᠦᠶ᠎ᠡ᠎ᠳᠦ ᠮᠠᠨᠲᠠᠤ ᠳᠠᠪᠤᠰᠤᠯᠠᠭ᠍ᠰᠠᠨ ᠨᠣᠭᠣᠭ᠎ᠠ ᠢᠳᠡᠵᠦ᠍᠂ ᠤᠮᠳᠠᠭᠠᠰᠪᠠᠯ ᠴᠠᠰᠤ ᠢᠳᠡᠵᠦ ᠤᠮᠳᠠ ᠳᠠᠷᠤᠳᠠᠭ; ᠳᠤᠯᠠᠭᠠᠨ ᠤᠯᠠᠷᠢᠯ ᠪᠤᠯᠪᠠᠯ ᠤᠢ ᠱᠢᠭᠤᠢ᠎ᠶ᠋ᠢᠨ ᠠᠵᠢᠯᠳᠠᠨ ᠠᠵᠢᠯᠴᠢᠨ᠎ᠤ ᠭᠣᠣᠯ ᠠᠵᠢᠯ ᠨᠢ ᠦᠷ᠎ᠡ ᠠᠪᠬᠤ ᠂ ᠴᠢᠬᠢ ᠪᠣᠢᠵᠢᠭᠤᠯᠬᠤ᠂ ᠣᠢᠵᠢᠭᠤᠯᠬᠤ᠂ ᠠᠷᠠᠴᠢᠯᠠᠵᠤ ᠬᠠᠮᠠᠭᠠᠯᠠᠬᠤ ᠶᠠᠪᠤᠳᠠᠯ ᠪᠣᠯᠤᠨ᠎ᠠ᠃ ᠲᠡᠷᠡ ᠦᠶ᠎ᠡ᠎ᠶ᠋ᠢᠨ ᠡᠭᠦᠷᠭᠡ ᠪᠣᠯ〈ᠢᠯᠡᠭᠦᠬᠡᠨ ᠮᠠᠲ᠋ᠧᠷᠢᠶᠠᠯ ᠭᠠᠷᠭᠠᠵᠤ᠂ ᠰᠠᠢ᠌ᠨ ᠮᠠᠲ᠋ᠧᠷᠢᠶᠠᠯ ᠭᠠᠷᠭᠠᠵᠤ〉᠂ ᠤᠯᠤᠰ᠎ᠤᠨ ᠪᠦᠳᠤᠭᠡᠨ ᠪᠠᠢᠭᠤᠯᠤᠯᠲᠠ᠎ᠶ᠋ᠢ ᠳᠡᠮᠵᠢᠬᠦ᠌ ᠶᠠᠪᠤᠳᠠᠯ ᠪᠣᠯᠤᠨ᠎ᠠ》 ᠭᠡᠪᠡ᠃

1992 ᠣᠨ᠎ᠳᠤ ᠷᠠᠱᠢᠶᠠᠨ᠎ᠤ ᠬᠥᠮᠦᠨ᠎ᠦ ᠬᠦᠴᠦ᠍᠎ᠪᠡᠷ ᠣᠢᠵᠢᠭᠤᠯᠤᠭ᠍ᠰᠠᠨ ᠲᠠᠯᠠᠪᠠᠢ ᠵᠠᠭᠤᠨ ᠲᠦᠮᠡᠨ ᠮᠦ᠍᠎ᠳᠦ ᠬᠦᠷᠪᠡ᠃ 1993 ᠣᠨ᠎ᠳᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠡᠴᠡ ᠷᠠᠱᠢᠶᠠᠨ᠎ᠤ ᠣᠶ ᠱᠢᠭᠤᠶ᠎ᠶ᠋ᠢᠨ ᠲᠣᠪᠴᠢᠶ᠎ᠠ᠎ᠳᠤ 《ᠵᠠᠭᠤᠨ ᠲᠦᠮᠡᠨ ᠮᠥ᠍ ᠲᠠᠷᠢᠮᠠᠯ ᠣᠶ᠎ᠶ᠋ᠢᠨ ᠳᠤᠷᠠᠰᠭᠠᠯ᠎ᠤᠨ ᠬᠥᠱᠢᠶ᠎ᠡ》  ᠪᠤᠰᠭᠠᠵᠤ ᠥᠭ᠌ᠴᠡᠶ᠃

ᠬᠤᠶᠠᠳᠤᠭᠠᠷ ᠦᠶ᠎ᠡ ᠵᠢᠨ ᠣᠶ ᠱᠢᠭᠤᠶ ᠎ᠶ᠋ᠢᠨ ᠠᠵᠢᠯᠳᠠᠨ ᠯᠢᠦ ᠶᠢᠩ ᠵᠢᠶ᠍ᠸ᠄ ᠴᠢᠴᠠᠷᠭᠠᠨ᠎ᠠ᠎ᠶ᠋ᠢᠨ ᠵᠢᠮᠢᠰ ᠤᠢ᠍ᠢᠷ᠎ᠠ᠎ᠶ᠋ᠢᠨ ᠵᠢᠯ ᠎ᠳᠦ ᠡᠯᠪᠡᠭ ᠬᠤᠷᠢᠶᠠᠯᠲᠠ ᠤᠯᠵᠤ᠂ ᠡᠨᠡ ᠬᠡᠰᠡᠭ ᠤᠢ ᠱᠢᠭᠤᠢ ᠨᠢ ᠮᠠᠨ᠎ᠤ ᠠᠮᠢᠳᠤᠷᠠᠯ᠎ᠢ ᠤᠯᠠᠮ᠎ᠡᠴᠡ ᠤᠯᠠᠮ ᠰᠠᠢᠵᠢᠷᠠᠭᠤᠯᠵᠠᠢ

ᠨᠢᠭᠡᠨᠲᠡ ᠠᠵᠢᠯ᠎ᠡᠴᠡ᠎ᠪᠠᠨ ᠠᠮᠠᠷᠠᠭ᠍ᠰᠠᠨ ᠬᠤᠶᠠᠳᠤᠭᠠᠷ ᠦᠶ᠎ᠡ ᠵᠢᠨ ᠣᠶ ᠱᠢᠭᠤᠶ᠎ᠶ᠋ᠢᠨ ᠠᠵᠢᠯᠳᠠᠨ ᠯᠢᠦ ᠶᠢᠩ ᠵᠢᠶ᠍ᠸ ᠵᠠᠭᠤᠨ ᠲᠦᠮᠡᠨ ᠮᠦ᠍ ᠲᠠᠷᠢᠮᠠᠯ ᠤᠢ᠎ᠶ᠋ᠢᠨ ᠳᠤᠷᠠᠰᠭᠠᠯ᠎ᠤᠨ ᠬᠥᠱᠢᠢ᠎ᠡ᠎ᠶ᠋ᠢᠨ ᠳᠣᠣᠷ᠎ᠠ ᠵᠣᠭ᠍ᠰᠣᠵᠤ᠂ ᠬᠠᠵᠠᠭᠤ ᠲᠠᠯ᠎ᠠ᠎ᠶ᠋ᠢᠨ ᠵᠠᠮ᠎ᠢ ᠵᠢᠭᠠᠵᠤ᠄ 《ᠡᠨᠡ ᠵᠠᠮ᠎ᠤᠨ ᠬᠠᠵᠠᠭᠤ᠎ᠪᠡᠷ ᠬᠢ ᠪᠣᠯ ᠳᠠᠷᠤᠢ ᠮᠠᠨ᠎ᠤ ᠲᠤᠬᠠᠢ᠎ᠶ᠋ᠢᠨ ᠵᠢᠯ᠎ᠳᠦ ᠰᠠᠭᠤᠯᠭᠠᠭ᠍ᠰᠠᠨ 〈ᠵᠠᠯᠠᠭᠤᠴᠤᠳ᠎ᠤᠨ ᠤᠢ〉 ᠪᠣᠯᠤᠨ᠎ᠠ᠂ ᠲᠤᠬᠠᠢ᠎ᠶ᠋ᠢᠨ ᠦᠶ᠎ᠡ᠎ᠳᠦ ᠪᠢ ᠳᠤᠮᠳᠠᠳᠤ ᠰᠤᠷᠭᠠᠭᠤᠯᠢ᠎ᠶ᠋ᠢᠨ ᠰᠤᠷᠤᠭ᠍ᠴᠢ ᠪᠠᠢᠵᠠᠢ》 ᠭᠡᠪᠡ᠃

2000 ᠣᠨ ᠎ᠳᠤ ᠤᠯᠤᠰ᠎ᠡᠴᠡ ᠪᠠᠢᠭᠠᠯᠢ᠎ᠶ᠋ᠢᠨ ᠤᠢ᠎ᠶ᠋ᠢᠨ ᠡᠬᠢ ᠪᠠᠶᠠᠯᠢᠭ᠎ᠢ ᠬᠠᠮᠠᠭᠠᠯᠠᠬᠤ ᠢᠨᠵᠧᠨᠧᠷᠢᠩ ᠎ᠢ ᠪᠦᠬᠦ᠌ ᠲᠠᠯ᠎ᠠ᠎ᠪᠠᠷ ᠡᠬᠢᠯᠡᠭᠦᠯᠪᠡ᠃ ᠷᠠᠱᠢᠶᠠᠨ᠎ᠤ ᠱᠢᠭᠤᠢᠲᠤ ᠣᠷᠣᠨ ᠢᠳᠡᠪᠬᠢᠲᠡᠶ ᠴᠤᠤᠷᠢᠶᠠᠲᠤᠨ ᠳᠠᠭᠠᠵᠤ᠂ ᠨᠢᠭᠡ ᠲᠠᠯ᠎ᠠ᠎ᠪᠠᠷ ᠮᠣᠳᠣᠨ ᠮᠠᠲ᠋ᠧᠷᠢᠶᠠᠯ᠎ᠤᠨ ᠭᠠᠷᠤᠯᠲᠠ᠎ᠶ᠋ᠢ ᠳᠣᠭᠢᠷᠠᠭᠤᠯᠤᠨ ᠪᠠᠭᠠᠰᠭᠠᠵᠤ᠂ ᠨᠥᠭᠥᠭᠡ ᠲᠠᠯ᠎ᠠ᠎ᠪᠠᠷ ᠣᠶ ᠱᠢᠭᠤᠶ᠎ᠶ᠋ᠢᠨ ᠡᠬᠢ ᠪᠠᠶᠠᠯᠢᠭ᠎ᠤᠨ ᠡᠵᠡᠩᠨᠡᠯᠲᠡ ᠬᠠᠮᠢᠶᠠᠷᠤᠯᠲᠠ᠎ᠶ᠋ᠢ ᠴᠢᠩᠭᠠᠳᠭᠠᠪᠠ᠃ 1.2 ᠲᠦᠮᠡᠨ ᠣᠶ ᠱᠢᠭᠤᠶ᠎ᠶ᠋ᠢᠨ ᠠᠵᠢᠯᠴᠢᠨ ᠬᠢᠷᠥᠭᠡ᠎ᠪᠡᠨ ᠬᠥᠮᠥᠷᠭᠡ᠎ᠳᠦ ᠣᠨᠢᠰᠤᠯᠠᠵᠤ᠂ ᠬᠦᠷᠵᠡ ᠠᠳᠭᠤᠨ ᠨᠥᠬᠥᠵᠦ᠍ ᠳᠠᠷᠢᠵᠤ ᠤᠢᠵᠢᠭᠤᠯᠤᠨ᠂ ᠭᠠᠯ ᠰᠡᠷᠭᠡᠢᠯᠡᠬᠦ᠌ 358 ᠺᠢᠯᠣᠮᠧᠲ᠋ᠷ ᠵᠠᠮ ᠵᠠᠰᠠᠬᠤ ᠎ᠳᠤ ᠣᠷᠣᠯᠴᠠᠪᠠ᠃ ᠬᠥᠮᠦᠨ᠎ᠦ ᠬᠦᠴᠦ᠍ ᠎ᠪᠡᠷ ᠣᠢᠵᠢᠭᠤᠯᠬᠤ᠂ ᠠᠭᠤᠯᠠ ᠎ᠶ᠋ᠢ ᠪᠢᠲᠡᠭᠦᠮᠵᠢᠯᠡᠨ ᠣᠢᠵᠢᠭᠤᠯᠬᠤ᠂ ᠲᠠᠷᠢᠶᠠᠯᠠᠬᠤ᠎ᠶ᠋ᠢ ᠵᠣᠭ᠍ᠰᠣᠭᠠᠵᠤ ᠣᠶ ᠱᠢᠭᠤᠶ᠎ᠶ᠋ᠢ ᠰᠡᠷᠭᠦᠭᠡᠬᠦ᠌ ᠵᠡᠷᠭᠡ ᠠᠷᠭ᠎ᠠ ᠬᠡᠮᠵᠢᠶ᠎ᠡ᠎ᠪᠡᠷ ᠳᠠᠮᠵᠢᠨ ᠱᠢᠭᠤᠢᠲᠤ ᠣᠷᠣᠨ᠎ᠤ ᠣᠶ ᠱᠢᠭᠤᠶ᠎ᠶ᠋ᠢᠨ ᠡᠬᠢ ᠪᠠᠶᠠᠯᠢᠭ᠎ᠢ ᠪᠦᠲᠦᠮᠵᠢᠲᠡᠶ᠎ᠪᠡᠷ ᠬᠠᠮᠠᠭᠠᠯᠠᠨ ᠰᠡᠷᠭᠦᠭᠡᠭᠰᠡᠨ ᠠᠵᠢ᠃

《1992 ᠣᠨ᠎ᠳᠤ ᠵᠠᠭᠤᠨ ᠲᠦᠮᠡᠨ ᠮᠦ᠍ ᠬᠥᠮᠦᠨ᠎ᠦ ᠬᠦᠴᠦ᠍᠎ᠪᠡᠷ ᠣᠢᠵᠢᠭᠤᠯᠵᠤ᠂ ᠡᠭᠦᠨ᠎ᠦ ᠳᠠᠷᠠᠭ᠎ᠠ ᠤᠢ ᠮᠣᠳᠣ ᠵᠢᠯ ᠳᠠᠷᠠᠭᠠᠯᠠᠨ ᠨᠡᠮᠡᠭ᠌ᠳᠡᠵᠦ᠍᠂ ᠪᠢᠳᠡ ᠲᠠᠰᠤᠷᠠᠯᠲᠠ ᠦᠭᠡᠢ ᠣᠢᠵᠢᠭᠤᠯᠵᠤ᠂ ᠡᠨᠳᠡᠬᠢ ᠬᠥᠮᠦᠨ ᠠᠮᠠ ᠴᠤ᠌ ᠲᠠᠰᠤᠷᠠᠯᠲᠠ ᠦᠭᠡᠢ ᠨᠡᠮᠡᠭ᠌ᠳᠡᠪᠡ᠃ ᠶᠡᠷᠦᠩᠬᠡᠢ ᠱᠦᠵᠢ ᠰᠢ ᠵᠢᠨ ᠫᠢᠩ ᠮᠠᠨ᠎ᠤ ᠡᠨᠳᠡ ᠱᠢᠨᠵᠢᠯᠡᠨ ᠪᠠᠢᠴᠠᠭᠠᠬᠤ᠎ᠳᠠᠭᠠᠨ ᠲᠦᠬᠦᠮ ᠪᠦᠳᠦᠴᠡᠳᠦ ᠣᠷᠣᠨ ᠰᠠᠭᠤᠴᠠ᠎ᠶ᠋ᠢᠨ ᠲᠣᠭᠣᠷᠢᠭ᠎ᠢ ᠥᠭᠡᠷᠡᠴᠢᠯᠡᠨ ᠪᠠᠢᠭᠤᠯᠬᠤ ᠠᠵᠢᠯ ᠎ᠢ ᠠᠩᠬᠠᠷᠴᠤ᠌ ᠥᠩᠭᠡᠷᠡᠵᠡᠢ᠂ ᠤᠳᠤ ᠤᠢ ᠱᠢᠭᠤᠢ᠎ᠶ᠋ᠢᠨ ᠠᠵᠢᠯᠳᠠᠨ ᠠᠵᠢᠯᠴᠢᠨ ᠪᠦᠷ ᠠᠰᠠᠷ᠎ᠲᠤ ᠰᠠᠭᠤᠵᠤ᠂ ᠲᠦᠭᠡᠭᠡᠯ ᠤᠰᠤ ᠤᠤᠭᠤᠵᠤ᠂ ᠤᠳᠤ ᠪᠢᠳᠡᠨ᠎ᠳᠦ ᠪᠠᠰᠠ ᠠᠵᠢᠯ᠎ᠡᠴᠡ᠎ᠪᠠᠨ ᠠᠮᠠᠷᠠᠭ᠍ᠰᠠᠨ ᠴᠠᠯᠢᠩ ᠪᠤᠢ᠂ ᠢᠳᠡᠵᠦ᠍ ᠤᠤᠭᠤᠬᠤ ᠬᠣᠨᠣᠵᠤ ᠬᠡᠪᠲᠡᠬᠦ᠌᠎ᠳᠦ ᠴᠦ᠍ ᠮᠠᠰᠢ ᠲᠦᠬᠦᠮ ᠪᠣᠯᠵᠠᠢ᠃ ᠮᠢᠨᠦ᠍ ᠬᠦᠦ ᠴᠦ᠍ ᠣᠶ ᠱᠢᠭᠤᠶ᠎ᠶ᠋ᠢᠨ ᠠᠵᠢᠯᠲᠠᠨ᠂ ᠲᠡᠳᠡᠨ᠎ᠦ ᠬᠢᠵᠦ᠍ ᠪᠠᠢᠭ᠎ᠠ ᠣᠶ ᠳᠣᠲᠣᠷᠠᠬᠢ ᠠᠵᠤ ᠠᠬᠤᠶ᠂ ᠣᠨᠴᠠᠭᠠᠢᠯᠠᠨ ᠴᠢᠴᠠᠷᠭᠠᠨ᠎ᠠ ᠣᠢᠷ᠎ᠠ᠎ᠶ᠋ᠢᠨ ᠵᠢᠯ᠎ᠳᠦ ᠡᠯᠪᠡᠭ ᠬᠤᠷᠢᠶᠠᠯᠲᠠ ᠣᠯᠤᠭ᠍ᠰᠠᠨ᠎ᠡᠴᠡ ᠡᠨᠡ ᠬᠡᠰᠡᠭ ᠣᠶ ᠪᠢᠳᠡᠨ᠎ᠦ ᠠᠮᠢᠳᠤᠷᠠᠯ᠎ᠢ ᠤᠯᠠᠮ᠎ᠡᠴᠡ ᠤᠯᠠᠮ ᠰᠠᠢᠵᠢᠷᠠᠭᠤᠯᠵᠠᠶ》 ᠭᠡᠪᠡ᠃

2014 ᠣᠨ᠎ᠤ 1 ᠰᠠᠷ᠎ᠠ᠎ᠶ᠋ᠢᠨ 26 ᠎ᠤ᠋ ᠡᠳᠦᠷ᠂ ᠪᠢᠯᠢᠭ᠎ᠦᠨ ᠤᠯᠠᠷᠢᠯ᠎ᠤᠨ ᠮᠣᠷᠢᠨ ᠵᠢᠯ᠎ᠦᠨ ᠴᠠᠭᠠᠨ ᠰᠠᠷ᠎ᠠ᠎ᠡᠴᠡ ᠡᠮᠦᠨᠡᠬᠡᠨ ᠶᠡᠷᠦᠩᠬᠡᠶ ᠱᠦᠵᠢ ᠰᠢ ᠵᠢᠨ ᠫᠢᠩ ᠲᠡᠭ᠎ᠡᠴᠡ ᠳᠣᠷᠣᠭ᠍ᠰᠢ 30 ᠭᠠᠷᠤᠶ ᠭᠷᠠᠳᠦ᠋ᠰ᠎ᠦᠨ ᠬᠠᠬᠢᠷ ᠬᠦᠶ᠋ᠲᠡᠨ᠎ᠢ ᠬᠠᠢᠬᠤᠷᠤᠯ ᠥᠬᠡᠶ᠎ᠪᠡᠷ ᠠᠵᠤ ᠦᠶ᠋ᠯᠡᠰ᠎ᠦᠨ ᠬᠡᠯᠪᠡᠷᠢ᠎ᠪᠡᠨ ᠬᠤᠪᠢᠷᠠᠭᠤᠯᠬᠤ ᠶᠠᠪᠤᠴᠠ᠎ᠳᠤ ᠪᠠᠢᠭ᠎ᠠ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠢᠩᠭᠠᠨ ᠠᠢᠮᠠᠭ᠎ᠤᠨ ᠷᠠᠱᠢᠶᠠᠨ ᠬᠣᠲᠠ᠎ᠳᠤ ᠬᠦᠷᠴᠦ᠍᠂ ᠣᠶ ᠱᠢᠭᠤᠶ᠎ᠶ᠋ᠢᠨ ᠠᠵᠢᠯᠲᠠᠨ ᠠᠵᠢᠯᠴᠢᠨ᠎ᠤ ᠬᠡᠷ᠎ᠲᠦ ᠭᠦᠨᠵᠡᠭᠡᠢᠷᠡᠨ᠂ ᠲᠤᠬᠠᠶ᠎ᠶ᠋ᠢᠨ ᠭᠠᠵᠠᠷ᠎ᠤᠨ ᠨᠢᠭᠡᠨᠲᠡ ᠡᠬᠢᠯᠡᠭᠦᠯᠦᠭ᠌ᠰᠡᠨ ᠳᠥᠭᠥᠮ ᠪᠦᠳᠦᠴᠡᠲᠦ ᠣᠷᠣᠨ ᠰᠠᠭᠤᠴᠠ᠎ᠵᠢᠨ ᠲᠤᠭᠤᠷᠢᠭ᠎ᠢ ᠥᠭᠡᠷᠡᠴᠢᠯᠡᠨ ᠪᠠᠢᠭᠤᠯᠬᠤ ᠲᠥᠯᠥᠪᠯᠡᠭᠡ ᠵᠡᠷᠭᠡ ᠠᠵᠢᠯ ᠎ᠢ ᠨᠠᠷᠢᠨ ᠣᠢᠯᠠᠭᠠᠬᠤ ᠎ᠶ᠋ᠢᠨ ᠬᠠᠮᠲᠤ ᠳᠥᠭᠥᠮ ᠪᠦᠳᠦᠴᠡᠲᠦ ᠣᠷᠣᠨ ᠰᠠᠭᠤᠴᠠ᠎ᠵᠢᠨ ᠲᠣᠭᠣᠷᠢᠭ ᠎ᠢ ᠥᠭᠡᠷᠡᠴᠢᠯᠡᠨ ᠪᠠᠢᠭᠤᠯᠬᠤ ᠠᠵᠢᠯ ᠎ᠢ ᠲᠦᠷᠭᠡᠳᠭᠡᠵᠦ᠍᠂ ᠴᠠᠭ᠎ᠤᠨ ᠬᠦᠰᠦᠨᠦᠭ᠌ᠲᠦ᠍᠎ᠶ᠋ᠢ ᠵᠢᠭ᠍ᠰᠠᠭᠠᠨ ᠭᠠᠷᠭᠠᠵᠤ᠂ ᠣᠯᠠᠨ ᠲᠦᠮᠡᠨ᠎ᠢ ᠡᠷᠲᠡᠬᠡᠨ ᠱᠢᠨ᠎ᠡ ᠬᠡᠷ᠎ᠲᠦ ᠰᠠᠭᠤᠯᠭᠠᠬᠤ ᠬᠡᠷᠡᠭ᠌ᠲᠡᠶ ᠭᠡᠵᠦ᠍ ᠭᠦᠨ ᠰᠡᠳᠭᠢᠯᠭᠡ᠎ᠪᠡᠷ ᠨᠠᠢᠳᠠᠪᠠ᠃

ᠭᠤᠷᠪᠠᠳᠤᠭᠠᠷ ᠦᠶ᠎ᠡ ᠵᠢᠨ ᠣᠶ ᠱᠢᠭᠤᠶ᠎ᠶ᠋ᠢᠨ ᠠᠵᠢᠯᠳᠠᠨ ᠯᠢᠦ ᠶᠠᠩ᠄ ᠬᠡᠲᠦ ᠤᠯᠠᠭᠠᠨ ᠰᠠᠴᠤᠷᠠᠭ᠎ᠤᠨ ᠬᠡᠷᠡᠯ ᠵᠢᠷᠤᠭ᠎ᠤᠨ ᠮᠠᠱᠢᠨ᠎ᠵᠢᠡᠷ ᠬᠣᠪᠣᠷ ᠴᠤᠬᠠᠭ ᠠᠮᠢᠲᠠᠨ ᠤᠷᠭᠤᠮᠠᠯ ᠎ᠢ ᠣᠯᠵᠤ ᠬᠠᠷᠠᠬᠤ ᠪᠣᠯ ᠬᠠᠮᠤᠭ᠎ᠤᠨ ᠪᠠᠶᠠᠷᠲᠠᠶ ᠶᠠᠪᠤᠳᠠᠯ ᠮᠥᠨ

ᠭᠤᠷᠪᠠᠳᠤᠭᠠᠷ ᠦᠶ᠎ᠡ ᠵᠢᠨ ᠣᠶ ᠱᠢᠭᠤᠶ᠎ᠶ᠋ᠢᠨ ᠠᠵᠢᠯᠳᠠᠨ ᠯᠢᠦ ᠶᠠᠩ 2006 ᠣᠨ᠎ᠳᠤ 《ᠪᠤᠤᠬᠢᠶ᠎ᠠ ᠲᠤᠰᠴᠤ》 ᠤᠢ ᠱᠢᠭᠤᠢ᠎ᠵᠢᠨ ᠬᠠᠮᠠᠭᠠᠯᠠᠭ᠍ᠴᠢ ᠪᠣᠯᠪᠠ᠃

ᠣᠶ ᠱᠢᠭᠤᠶ᠎ᠢ ᠡᠵᠡᠨᠭᠨᠡᠬᠦ ᠮᠡᠷᠭᠡᠵᠢᠯᠲᠡᠨ᠎ᠡᠴᠡ ᠡᠬᠢᠯᠡᠵᠦ᠍ ᠬᠢᠭ᠌ᠰᠡᠨ ᠯᠢᠦ ᠶᠠᠩ ᠪᠠᠭ᠍ᠰᠢ᠎ᠪᠠᠨ ᠳᠠᠭᠠᠵᠤ ᠡᠳᠦᠷᠵᠢᠨ ᠰᠦᠨᠢᠵᠢᠨ ᠣᠶ ᠱᠢᠭᠤᠶ᠎ᠪᠠᠷ ᠣᠷᠣᠵᠤ ᠭᠠᠷᠴᠤ᠌᠂ ᠠᠵᠢᠯᠯᠠᠵᠤ ᠪᠠᠢᠬᠤ᠎ᠳᠠᠭᠠᠨ ᠶᠡᠬᠡ ᠪᠣᠷᠣᠭᠠᠨ᠎ᠳᠤ ᠨᠤᠷᠤᠭᠳᠠᠨ᠂ ᠪᠠᠲᠠᠭᠠᠨ᠎ᠠ ᠰᠢᠮᠠᠭᠤᠯ᠎ᠳᠤ ᠬᠠᠵᠠᠭ᠍ᠳᠠᠳᠠᠭ; ᠣᠢ ᠱᠢᠭᠤᠶ᠎ᠳᠤ ᠭᠠᠯ᠎ᠤᠨ ᠠᠶᠤᠯ ᠡᠭᠦᠰᠭᠦ ᠣᠢᠶ᠎ᠠ᠎ᠳᠤ ᠭᠠᠯ ᠭᠠᠷᠤᠭ᠍ᠰᠠᠨ ᠲᠠᠯᠠᠪᠠᠢ᠎ᠳᠤ ᠳᠠᠭᠠᠷᠢᠨ ᠣᠷᠣᠵᠤ᠂ ᠬᠡᠳᠦᠨ ᠡᠳᠦᠷ ᠬᠡᠳᠦᠨ ᠰᠥᠨᠢ ᠠᠭᠤᠯᠠᠨ᠎ᠡᠴᠡ ᠪᠠᠭᠤᠵᠤ ᠳᠡᠢᠯᠬᠦ᠌ ᠦᠭᠡᠢ; ᠪᠠᠰᠠ ᠲᠡᠭ᠎ᠡᠴᠡ ᠳᠣᠷᠣᠭ᠍ᠰᠢ 40 ᠭᠠᠷᠤᠢ ᠭᠷᠠᠳᠦ᠋ᠰ᠎ᠦᠨ ᠡᠪᠦᠯ ᠤᠢ ᠱᠢᠭᠤᠢ᠎ᠶ᠋ᠢ ᠲᠣᠭᠣᠷᠢᠨ ᠬᠠᠮᠠᠭᠠᠯᠠᠵᠤ᠂ ᠬᠥᠪᠥᠩ ᠥᠮᠥᠳᠥ ᠱᠠᠬᠠᠢ ᠣᠢᠮᠣᠰᠤ ᠨᠢ ᠴᠠᠰᠤᠨ᠎ᠳᠤ ᠳᠡᠪᠲᠦᠵᠦ ᠬᠦᠯᠳᠡᠳᠡᠭ ᠁18 ᠵᠢᠯ ᠤᠢ ᠱᠢᠭᠤᠢ᠎ᠲᠠᠶ ᠬᠠᠨᠢᠯᠠᠭᠰᠠᠨ ᠯᠢᠦ ᠶᠠᠩ ᠤᠳᠤ ᠷᠠᠱᠢᠶᠠᠨ᠎ᠤ ᠤᠢ ᠰᠢᠭᠤᠢ᠎ᠵᠢᠨ ᠠᠵᠤ ᠦᠢᠯᠡᠳᠪᠦᠷᠢ᠎ᠶ᠋ᠢᠨ ᠺᠣᠮᠫᠠᠨᠢ᠎ᠶ᠋ᠢᠨ ᠢᠮᠢᠨ ᠭᠣᠣᠯ ᠡᠵᠡᠩᠨᠡᠨ ᠬᠠᠮᠢᠶᠠᠷᠬᠤ ᠲᠥᠪ᠎ᠦᠨ ᠳᠡᠳ᠋ ᠡᠷᠬᠢᠯᠡᠭ᠌ᠴᠢ ᠪᠤᠯᠤᠭᠰᠠᠨ ᠪᠠᠢᠯ᠎ᠠ᠃

《ᠮᠢᠨᠦ᠍ ᠡᠪᠦᠭᠡ ᠨᠦᠬᠡᠨ ᠭᠡᠷ᠎ᠲᠦ ᠰᠠᠭᠤᠵᠤ ᠪᠠᠢᠪᠠ᠂ ᠮᠢᠨᠦ᠍ ᠠᠪᠤ᠎ᠵᠢᠨ ᠦᠶ᠎ᠡ᠎ᠵᠢᠨ ᠨᠥᠬᠥᠴᠡᠯ ᠨᠢ ᠰᠠᠢᠵᠢᠷᠠᠵᠤ᠂ ᠮᠠᠢᠬᠠᠨ᠎ᠳᠤ ᠰᠠᠭᠤᠵᠤ ᠪᠠᠢᠪᠠ᠃ ᠪᠢᠳᠡᠨ᠎ᠦ ᠣᠳᠣ᠎ᠶ᠋ᠢᠨ ᠨᠥᠬᠥᠴᠡᠯ ᠠᠪᠤ᠎ᠶ᠋ᠢᠨ ᠦᠶ᠎ᠡ᠎ᠡᠴᠡ ᠬᠣᠯᠠ ᠰᠠᠢᠨ᠂ ᠠᠮᠢ ᠠᠬᠤᠢ᠎ᠶ᠋ᠢᠨ ᠣᠷᠴᠢᠨ ᠲᠣᠭᠣᠷᠢᠨ ᠪᠠᠰᠠ ᠲᠠᠰᠤᠷᠠᠯᠲᠠ ᠦᠭᠡᠢ ᠰᠠᠢᠵᠢᠷᠠᠵᠤ ᠪᠠᠢᠨ᠎ᠠ᠃ ᠤᠳᠠᠭ᠎ᠠ ᠪᠦᠷᠢ ᠬᠡᠲᠦ ᠤᠯᠠᠭᠠᠨ ᠰᠠᠴᠤᠷᠠᠭ᠎ᠤᠨ ᠬᠡᠷᠡᠯ ᠵᠢᠷᠤᠭ᠎ᠤᠨ ᠮᠠᠱᠢᠨ᠎ᠵᠢᠡᠷ ᠬᠣᠪᠣᠷ ᠴᠤᠬᠠᠭ ᠠᠮᠢᠲᠠᠨ ᠤᠷᠭᠤᠮᠠᠯ᠎ᠢ ᠣᠯᠵᠤ ᠬᠠᠷᠠᠬᠤ ᠪᠣᠯ ᠬᠠᠮᠤᠭ᠎ᠤᠨ ᠪᠠᠶᠠᠷ᠎ᠲᠠᠶ ᠶᠠᠪᠤᠳᠠᠯ ᠪᠤᠯᠬᠤ ᠶᠤᠮ》 ᠭᠡᠵᠦ ᠯᠢᠦ ᠶᠠᠩ᠎ᠤᠨ ᠴᠢᠷᠠᠢ᠎ᠳᠤ ᠢᠨᠢᠶᠡᠮᠰᠦᠭ᠌ᠯᠡᠯ ᠲᠣᠳᠣᠷᠠᠨ᠎ᠠ᠃

2021 ᠣᠨ᠎ᠳᠤ᠂ ᠪᠠᠢᠭᠤᠯᠤᠯ᠎ᠤᠨ ᠥᠭᠡᠷᠡᠴᠢᠯᠡᠯᠲᠡ᠎ᠶ᠋ᠢᠨ ᠳᠠᠷᠠᠭᠠᠬᠢ ᠷᠠᠱᠢᠶᠠᠨ᠎ᠤ ᠤᠢ ᠱᠢᠭᠤᠢ᠎ᠶ᠋ᠢᠨ ᠲᠣᠪᠴᠢᠢ᠎ᠠ᠎ᠶ᠋ᠢᠨ ᠨᠡᠷ᠎ᠡ᠎ᠶ᠋ᠢ ᠷᠠᠱᠢᠶᠠᠨ᠎ᠤ ᠤᠢ ᠱᠢᠭᠤᠢ᠎ᠶ᠋ᠢᠨ ᠠᠵᠤ ᠦᠢᠯᠡᠳᠪᠦᠷᠢ᠎ᠶ᠋ᠢᠨ ᠺᠣᠮᠫᠠᠨᠢ ᠭᠡᠵᠦ᠍ ᠬᠠᠯᠠᠪᠠ᠃ ᠣᠳᠣᠬᠠᠨ ᠪᠣᠯᠲᠠᠯ᠎ᠠ ᠷᠠᠱᠢᠶᠠᠨ᠎ᠤ ᠱᠢᠭᠤᠢᠲᠤ ᠣᠷᠣᠨ᠎ᠤ ᠬᠥᠮᠦᠨ᠎ᠦ ᠬᠦᠴᠦ᠍᠎ᠪᠡᠷ ᠱᠢᠨᠡᠳᠭᠡᠨ ᠣᠢᠵᠢᠭᠤᠯᠤᠭ᠍ᠰᠠᠨ ᠪᠦᠲᠦᠮᠵᠢᠲᠡᠶ ᠬᠠᠳᠠᠭᠠᠯᠠᠬᠤ ᠲᠠᠯᠠᠪᠠᠶ ᠨᠡᠢᠲᠡ 124 ᠲᠦᠮᠡᠨ ᠮᠤ᠌᠎ᠳᠦ ᠬᠦᠷᠴᠦ᠍᠂ ᠣᠶ ᠱᠢᠭᠤᠶ᠎ᠶ᠋ᠢᠨ ᠬᠠᠳᠠᠭᠠᠯᠠᠭ᠍ᠳᠡᠴᠡ 4775 ᠲᠦᠮᠡᠨ ᠪᠣᠰᠣᠭ᠎ᠠ ᠳᠥᠷᠪᠡᠯᠵᠢᠨ ᠮᠧᠲ᠋ᠷ᠎ᠲᠦ ᠬᠦᠷᠴᠦ᠍᠂ ᠣᠶ ᠱᠢᠭᠤᠶ᠎ᠶ᠋ᠢᠨ ᠪᠦᠷᠬᠦᠴᠡ᠎ᠶ᠋ᠢᠨ ᠨᠣᠷᠮ᠎ᠠ 81.2% ᠎ᠲᠤ᠌ ᠬᠦᠷᠴᠦ᠍᠂ ᠤᠷᠭᠤᠮᠠᠯ᠎ᠤᠨ ᠬᠤᠴᠢᠯᠭ᠎ᠠ᠎ᠵᠢᠨ ᠪᠦᠷᠬᠦᠴᠡ᠎ᠶ᠋ᠢᠨ ᠨᠣᠷᠮ᠎ᠠ 95% ᠎ᠳ᠋ᠤ ᠬᠦᠷᠴᠡᠶ᠃

ᠳᠦᠷᠪᠡᠳᠦᠭᠡᠷ ᠦᠶ᠎ᠡ ᠵᠢᠨ ᠣᠶ ᠱᠢᠭᠤᠶ᠎ᠶ᠋ᠢᠨ ᠠᠵᠢᠯᠳᠠᠨ ᠠᠨ ᠵᠧᠩ ᠱᠢᠨ ᠄ ᠡᠪᠦᠭᠡ᠎ᠶ᠋ᠢᠨ᠎ᠢᠶᠡᠨ ᠦᠯᠡᠳᠡᠭᠡᠭ᠌ᠰᠡᠨ ᠣᠢᠵᠢᠭᠤᠯᠤᠯᠲᠠ᠎ᠶ᠋ᠢᠨ ᠡᠳᠦᠷ ᠎ᠦᠨ ᠲᠡᠮᠳᠡᠭ᠌ᠯᠡᠯ᠎ᠢ ᠠᠪᠴᠤ᠌᠂ ᠮᠠᠨ ᠎ᠦ  ᠡᠨᠡ ᠦᠶ᠎ᠡ᠎ᠵᠢᠨ ᠪᠤᠤᠬᠢᠶ᠎ᠡ᠎ᠵᠢ ᠰᠠᠢᠲᠤᠷ ᠳᠠᠮᠵᠢᠭᠤᠯᠤᠨ᠎ᠠ

ᠵᠠᠭᠤᠨ ᠲᠦᠮᠡᠨ ᠮᠥ᠍ ᠣᠶ ᠱᠢᠭᠤᠶ᠎ᠶ᠋ᠢᠨ ᠲᠣᠭ᠎ᠠ ᠪᠠᠷᠢᠮᠲᠠ᠎ᠶ᠋ᠢ ᠬᠡᠷᠬᠢᠨ ᠪᠦᠷᠢᠳᠭᠡᠬᠦ᠌ ᠪᠣᠶ? ᠷᠠᠱᠢᠶᠠᠨ᠎ᠤ ᠣᠶ ᠱᠢᠭᠤᠶ᠎ᠶ᠋ᠢᠨ ᠠᠵᠤ ᠦᠶ᠋ᠯᠡᠳᠪᠦᠷᠢ᠎ᠶ᠋ᠢᠨ ᠺᠣᠮᠫᠠᠨᠢ᠎ᠶ᠋ᠢᠨ ᠣᠶ ᠱᠢᠭᠤᠶ᠎ᠶ᠋ᠢᠨ ᠡᠬᠢ ᠪᠠᠶᠠᠯᠢᠭ᠎ᠤᠨ ᠬᠠᠮᠢᠶᠠᠷᠤᠯᠲᠠ᠎ᠶ᠋ᠢᠨ ᠲᠥᠪ᠎ᠦᠨ ᠠᠵᠢᠯᠲᠠᠨ᠂ 25 ᠨᠠᠰᠤᠲᠠᠶ ᠳᠦᠷᠪᠡᠳᠦᠭᠡᠷ ᠦᠶ᠎ᠡ ᠵᠢᠨ ᠣᠶ ᠱᠢᠭᠤᠶ᠎ᠶ᠋ᠢᠨ ᠠᠵᠢᠯᠳᠠᠨ ᠠᠨ ᠵᠧᠩ ᠱᠢᠨ᠎ᠤ ᠬᠢᠬᠦ ᠠᠵᠢᠯ ᠨᠢ ᠡᠭᠦᠨ᠎ᠲᠡᠶ ᠬᠣᠯᠪᠣᠭ᠎ᠠ᠎ᠲᠠᠶ᠃

ᠠᠨ ᠵᠧᠩ ᠱᠢᠨ᠄《ᠮᠠᠨ᠎ᠤ ᠠᠵᠢᠯ ᠪᠣᠯ ᠳᠠᠷᠤᠶ ᠥᠷᠯᠥᠭᠡ ᠪᠦᠷᠢ ᠣᠶ᠎ᠳᠤ ᠣᠷᠣᠵᠤ᠂ ᠦᠳᠡ᠎ᠶ᠋ᠢᠨ ᠬᠣᠢᠨᠠᠬᠢ ᠭᠤᠷᠪᠠ ᠳᠥᠷᠪᠡᠨ ᠴᠠᠭ᠎ᠲᠤ ᠣᠶ᠎ᠡᠴᠡ ᠭᠠᠷᠴᠤ᠌᠂ ᠡᠳᠦᠷ ᠪᠦᠷᠢ ᠱᠢᠭᠤᠢᠲᠤ ᠣᠷᠣᠨ᠎ᠳᠤ ᠠᠷᠪᠠᠨ ᠬᠡᠳᠦᠨ ᠺᠢᠯᠣᠮᠧᠲ᠋ᠷ ᠶᠠᠪᠤᠵᠤ᠂ ᠥᠯᠢᠭᠡᠷ ᠭᠠᠵᠠᠷ᠎ᠤᠨ ᠳᠣᠲᠣᠷᠠᠬᠢ ᠡᠯ᠎ᠡ ᠲᠥᠷᠥᠯ᠎ᠦᠨ ᠡᠬᠢ ᠪᠠᠶᠠᠯᠢᠭ᠎ᠤᠨ ᠲᠥᠷᠥᠯ ᠬᠡᠯᠪᠡᠷᠢ᠎ᠶ᠋ᠢᠨ ᠪᠦᠲᠦᠴᠡ᠂ ᠳᠦᠷᠰᠦ᠎ᠶ᠋ᠢᠨ ᠪᠦᠷᠢᠯᠳᠦᠯ᠂ ᠥᠰᠥᠯᠲᠡ᠎ᠶ᠋ᠢᠨ ᠪᠠᠢᠳᠠᠯ ᠵᠡᠷᠭᠡ ᠲᠠᠯ᠎ᠠ᠎ᠶ᠋ᠢᠨ ᠬᠤᠪᠢᠷᠠᠯᠲᠠ᠎ᠶ᠋ᠢ ᠪᠠᠢᠴᠠᠭᠠᠵᠤ᠂ ᠥᠯᠢᠭᠡᠷ ᠠᠪᠤᠭ᠍ᠰᠠᠨ ᠦᠷ᠎ᠡ ᠳ᠋ᠦᠩ᠎ᠢ ᠦᠨᠳᠦᠰᠦᠯᠡᠨ ᠣᠶ ᠱᠢᠭᠤᠶ ᠬᠠᠮᠠᠭᠠᠯᠠᠭ᠍ᠴᠢ᠎ᠶ᠋ᠢᠨ ᠠᠵᠢᠯ᠎ᠤᠨ ᠡᠭᠦᠷᠭᠡ᠎ᠶ᠋ᠢ ᠬᠤᠪᠢᠶᠠᠷᠢᠯᠠᠵᠤ᠂  ᠬᠠᠨᠳᠤᠯᠭᠠᠲᠤ ᠴᠢᠨᠠᠷᠲᠠᠶ᠎ᠪᠠᠷ ᠠᠮᠢ ᠠᠬᠤᠶ᠎ᠶ᠋ᠢ ᠬᠠᠮᠠᠭᠠᠯᠠᠬᠤ᠂ ᠭᠠᠶ ᠭᠠᠮᠱᠢᠭ᠎ᠢ ᠰᠡᠷᠭᠡᠢᠯᠡᠬᠦ᠌ ᠪᠠ ᠪᠦᠲᠦᠮᠵᠢᠲᠡᠶ ᠠᠱᠢᠭ᠍ᠯᠠᠬᠤ ᠶᠠᠪᠤᠳᠠᠯ ᠪᠣᠯᠤᠨ᠎ᠠ᠃ ᠬᠡᠳᠦᠢᠪᠡᠷ ᠣᠲᠣ ᠵᠢᠯᠣᠭᠣᠴᠢ ᠥᠬᠡᠶ ᠨᠢᠰᠭᠡᠯ ᠵᠡᠷᠭᠡ ᠲᠥᠬᠥᠭᠡᠷᠦᠮᠵᠢ᠎ᠲᠡᠶ ᠪᠣᠯᠤᠭ᠍ᠰᠠᠨ ᠪᠣᠯᠪᠠᠴᠤ᠌ ᠣᠶ᠎ᠶ᠋ᠢᠨ ᠭᠦᠨ᠎ᠳᠦ ᠲᠥᠬᠥᠭᠡᠷᠦᠮᠵᠢ ᠣᠷᠣᠵᠤ ᠳᠡᠢᠯᠬᠦ᠌ ᠥᠬᠡᠶ᠂ ᠬᠠᠱᠢᠯᠠ ᠬᠥᠮᠦᠨ ᠬᠡᠷᠡᠭ᠌ᠰᠡᠨ᠎ᠡ᠃ ᠪᠣᠢᠳᠠ ᠪᠦᠭ᠌ᠯᠡᠭᠦᠦ ᠣᠶ ᠱᠢᠭᠤᠶ᠎ᠶ᠋ᠢᠨ ᠦᠯᠢᠭᠡᠷ ᠭᠠᠵᠠᠷ᠎ᠵᠢᠡᠷ ᠪᠠᠷᠲᠠᠭ᠎ᠠ ᠰᠠᠭᠠᠳ ᠶᠡᠬᠡᠲᠡᠢ ᠪᠠᠢᠵᠤ᠂ ᠨᠠᠮᠤᠭ ᠭᠠᠵᠠᠷ ᠲᠤᠭᠤᠯᠵᠤ᠂ ᠡᠭ᠌ᠴᠡ ᠬᠥᠲᠥᠯ ᠮᠠᠴᠤᠬᠤ᠂ ᠪᠠᠲᠠᠭᠠᠨ᠎ᠠ ᠱᠢᠮᠠᠭᠤᠯ᠎ᠳᠤ ᠵᠠᠭᠤᠭᠳᠠᠬᠤ ᠪᠣᠯ ᠴᠥᠮ ᠦᠷᠭᠦᠯᠵᠢ ᠭᠠᠷᠳᠠᠭ ᠤᠴᠢᠷ ᠪᠣᠯᠤᠨ᠎ᠠ᠃ ᠭᠡᠪᠡᠴᠦ ᠲᠡᠭᠦᠨ᠎ᠢ ᠰᠠᠨᠠᠭ᠎ᠠ ᠠᠮᠤᠷ ᠪᠠᠢᠯᠭᠠᠳᠠᠭ ᠨᠢ ᠪᠣᠭ᠍ᠴᠣᠨ ᠳᠣᠲᠣᠷᠠᠬᠢ ᠡᠪᠦᠭᠡ᠎ᠶ᠋ᠢᠨ᠎ᠬᠢᠨ ᠦᠯᠡᠳᠡᠭᠡᠭ᠌ᠰᠡᠨ ᠣᠢᠵᠢᠭᠤᠯᠤᠯᠲᠠ᠎ᠶ᠋ᠢᠨ ᠡᠳᠦᠷ᠎ᠦᠨ ᠲᠡᠮᠳᠡᠭ᠌ᠯᠡᠯ ᠪᠤᠯᠤᠨ᠎ᠠ᠂ ᠡᠨᠡ ᠬᠦ᠌ ᠳᠡᠮᠳᠡᠭᠯᠡᠯ ᠨᠢ ᠲᠡᠭᠦᠨ᠎ᠳᠦ ᠲᠤᠷᠱᠢᠯᠭ᠎ᠠ ᠵᠢᠭᠠᠭᠰᠠᠨ᠎ᠵᠢᠡᠷ ᠪᠠᠷᠠᠬᠤ ᠦᠭᠡᠢ ᠪᠠᠰᠠ ᠬᠦᠴᠦ᠍ ᠴᠢᠳᠠᠯ ᠤᠯᠭᠤᠭᠰᠠᠨ ᠪᠠᠢᠨ᠎ᠠ》 ᠭᠡᠪᠡ᠃

ᠠᠨ ᠵᠧᠩ ᠱᠢᠨ᠄《2021 ᠣᠨ᠎ᠡᠴᠡ ᠡᠬᠢᠯᠡᠨ ᠪᠠᠢᠭᠤᠯᠭ᠎ᠠ᠎ᠳᠤ ᠪᠠᠰᠠ 50 ᠭᠠᠷᠤᠢ ᠣᠶᠤᠲᠠᠨ ᠨᠡᠮᠡᠭ᠌ᠳᠡᠵᠡᠢ᠃ ᠮᠠᠨ᠎ᠤ ᠡᠨᠡ ᠦᠶ᠎ᠡ᠎ᠶ᠋ᠢᠨ ᠣᠢ ᠱᠢᠭᠤᠶ ᠎ᠶ᠋ᠢᠨ ᠠᠵᠢᠯᠲᠠᠨ  ᠪᠤᠤᠬᠢᠶ᠎ᠡ᠎ᠵᠢ ᠰᠠᠢᠲᠤᠷ ᠳᠠᠮᠵᠢᠭᠤᠯᠬᠤ ᠬᠡᠷᠡᠭᠲᠡᠢ》 ᠭᠡᠪᠡ᠃

81.2% ᠎ᠤᠨ ᠤᠢ ᠱᠢᠭᠤᠢ ᠎ᠶ᠋ᠢᠨ ᠪᠦᠷᠬᠦᠴᠡ᠎ᠶ᠋ᠢᠨ ᠨᠤᠷᠮ᠎ᠠ᠂ 95%᠎ᠵᠢᠨ ᠤᠷᠭᠤᠮᠠᠯ᠎ᠤᠨ ᠬᠤᠴᠢᠯᠠᠭ᠎ᠠ᠎ᠵᠢᠨ ᠪᠦᠷᠬᠦᠴᠡ᠎ᠶ᠋ᠢᠨ ᠨᠤᠷᠮ᠎ᠠ ᠪᠣᠯ ᠲᠦᠷᠪᠡᠨ ᠦᠶ᠎ᠡ᠎ᠶ᠋ᠢᠨ ᠤᠢ ᠱᠢᠭᠤᠢ᠎ᠶ᠋ᠢᠨ ᠠᠵᠢᠯᠲᠡᠨ᠎ᠤ ᠵᠠᠯᠠᠭᠤ ᠨᠠᠰᠤ ᠪᠣᠯᠤᠨ ᠬᠠᠯᠠᠭᠤᠨ ᠴᠢᠰᠤ᠎ᠪᠠᠷ᠎ᠢᠶᠠᠨ ᠰᠣᠯᠢᠵᠤ ᠠᠪᠴᠢᠷᠠᠭ᠍ᠰᠠᠨ 《ᠠᠮᠢ ᠠᠬᠤᠢ᠎ᠶ᠋ᠢᠨ ᠪᠠᠩᠬᠢ》 ᠪᠣᠯᠤᠨ᠎ᠠ᠃  ᠷᠠᠱᠢᠶᠠᠨ ᠬᠣᠲᠠ᠎ᠳᠤ ᠵᠥᠪᠬᠡᠨ 6.7 ᠲᠦᠮᠡᠨ ᠬᠥᠮᠦᠨ᠎ᠲᠡᠶ᠂ ᠭᠡᠪᠡᠴᠦ᠍ ᠡᠨᠳᠡᠬᠢ ᠱᠢᠭᠤᠢᠲᠤ ᠣᠷᠣᠨ ᠨᠢ ᠳᠤᠮᠳᠠᠳᠤ ᠤᠯᠤᠰ᠎ᠤᠨ ᠤᠮᠠᠷᠠᠲᠤ᠎ᠶ᠋ᠢᠨ ᠲᠠᠯᠠᠪᠠᠶ᠎ᠪᠠᠷ ᠬᠠᠮᠤᠭ ᠎ᠤᠨ ᠶᠡᠬᠡ ᠠᠮᠢ ᠠᠬᠤᠶ᠎ᠶ᠋ᠢᠨ ᠴᠢᠳᠠᠮᠵᠢᠳᠤ ᠣᠷᠣᠨ ᠎ᠢ ᠰᠠᠬᠢᠨ ᠬᠠᠮᠠᠭᠠᠯᠠᠬᠤ ᠳ᠋ᠦ ᠲᠤᠢᠯ ᠎ᠤᠨ ᠴᠢᠬᠤᠯᠠ ᠦᠢᠯᠡᠳᠦᠯ ᠦᠵᠡᠬᠦᠯᠵᠦ ᠪᠠᠢᠳᠠᠭ᠃ ᠣᠳᠣᠬᠠᠨ᠎ᠳᠤ ᠡᠨᠳᠡᠬᠢ ᠤᠢ ᠱᠢᠭᠤᠢ ᠡᠪᠡᠰᠦ ᠪᠡᠯᠴᠢᠭᠡᠷ ᠨᠤᠭᠤ ᠭᠠᠵᠠᠷ᠎ᠤᠨ ᠱᠢᠰᠲᠸᠮ ᠪᠦᠷᠢᠨ ᠲᠡᠭᠦᠯᠳᠡᠷ᠂ ᠠᠭᠤᠯᠠ ᠨᠣᠭᠣᠭᠠᠷᠠᠵᠤ᠂ ᠵᠢᠭᠤᠯᠴᠢᠯᠠᠭᠴᠢ ᠤᠯᠠᠰᠢᠷᠠᠵᠤ᠂ ᠠᠮᠢ ᠠᠬᠤᠢ᠎ᠶ᠋ᠢᠨ ᠪᠦᠲᠦᠭᠡᠭ᠌ᠳᠡᠬᠦᠨ ᠎ᠦ ᠶᠡᠷᠦᠩᠬᠡᠢ ᠦᠷᠳᠡᠭ᠎ᠦᠨ ᠬᠡᠮᠵᠢᠢ᠎ᠡ ᠨᠢ 1229.33 ᠳ᠋ᠦᠩᠱᠢᠭᠤᠷ ᠲᠥᠭᠥᠷᠢᠭ᠎ᠲᠦ ᠬᠦᠷᠴᠡᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号