ᠷᠠᠰᠢᠶᠠᠨ ᠬᠤᠲᠠ᠄ ᠰᠤᠯᠤᠩᠭᠠᠨ ᠥᠨᠭᠬᠡ ᠪᠡᠷ ᠮᠢᠷᠠᠯᠵᠠᠵᠤ ᠰᠤᠶᠤᠯ ᠵᠢᠭᠤᠯᠴᠢᠯᠠᠯ ᠵᠢᠨᠷ ᠠᠯᠲᠠᠷᠰᠢᠨ᠎ᠠ
2025-09-24 09:52:40
ᠵᠣᠬᠢᠶᠠᠭ᠍ᠴᠢ᠄
ᠶᠤᠸᠠᠢ ᠶᠢᠩ ᠤᠯᠠᠭᠠᠨᠲᠤᠶᠠᠭ᠎ᠠ ᠮᠡᠷᠭᠡᠨᠪᠢᠯᠢᠭ
ᠣᠩᠱᠢᠭ᠍ᠰᠠᠨ ᠣᠳᠠᠭ᠎ᠠ᠄
★★★☆☆

ᠥᠪᠥᠷ ᠮᠣᠩᠭᠣᠯ᠎ᠤᠨ ᠬᠢᠩᠭᠠᠨ ᠠᠢᠮᠠᠭ᠎ᠤᠨ ᠪᠠᠷᠠᠭᠤᠨ ᠬᠣᠢᠲᠤ ᠥᠨᠴᠥᠭ᠎ᠲᠦ ᠲᠤᠮᠳᠠᠳᠤ ᠤᠷᠤᠰ ᠮᠤᠡᠭᠭᠤᠯ ᠭᠤᠷᠪᠠᠨ ᠤᠯᠤᠰ᠎ᠤᠨ ᠬᠡᠪ ᠨᠠᠮᠪᠠ ᠵᠢ ᠪᠦᠷᠢᠯᠳᠦᠭᠦᠯᠦᠭᠰᠡᠨ ᠬᠢᠯᠢ ᠬᠢᠵᠠᠭᠠᠷ᠎ᠤᠨ ᠵᠢᠵᠢᠭ ᠬᠣᠲᠠ — ᠷᠠᠰᠢᠶᠠᠨ ᠬᠤᠲᠠ ᠪᠠᠢᠷᠢᠯᠠᠵᠦ ᠪᠤᠢ᠃ ᠷᠠᠰᠢᠶᠠᠨ ᠬᠣᠲᠠ᠎ᠶᠢᠨ ᠪᠠᠢᠩᠭᠤ ᠰᠠᠭᠤᠭ᠎ᠠ ᠬᠥᠮᠥᠨ ᠠᠮᠠ ᠵᠥᠪᠬᠡᠨ 2.86 ᠲᠦᠮᠡ ᠪᠠᠢᠵᠤ᠂ ᠳᠤᠮᠳᠠᠳᠤ ᠤᠯᠤᠰ᠎ᠤᠨ 《ᠬᠠᠮᠤᠭ᠎ᠤᠨ ᠵᠢᠵᠢᠭ ᠬᠣᠲᠠ》 ᠬᠡᠮᠡᠭᠳᠡᠭᠰᠡᠨ ᠪᠢᠯᠡ᠃

《ᠬᠠᠮᠤᠭ᠎ᠤᠨ ᠵᠢᠵᠢᠭ ᠬᠤᠲᠠ》 ᠪᠤᠶᠤ 《ᠳᠤᠮᠤᠭ᠎ᠤᠨ ᠰᠢᠳᠢᠳᠦ ᠶᠢᠷᠲᠢᠨᠴᠦ》

ᠨᠠᠯᠠᠭᠠᠷ ᠨᠠᠮᠤᠷ᠎ᠤᠨ ᠨᠠᠶ᠋ᠮᠠᠨ ᠰᠠᠷ᠎ᠠ ᠵᠢᠨ ᠰᠡᠭᠦᠯᠴᠢ ᠪᠡᠷ ᠪᠢᠳᠡ ᠷᠠᠰᠢᠶᠠᠨ ᠬᠤᠲᠠᠨ᠎ᠠ ᠰᠤᠷᠪᠤᠯᠵᠢᠯᠠᠷ᠎ᠠ ᠬᠦᠷᠪᠡ᠃ ᠶᠡᠬᠡ ᠬᠢᠩᠭᠠᠨ ᠳᠠᠪᠠᠭᠠᠨ᠎ᠤ ᠪᠠᠷᠠᠭᠤᠨ ᠡᠮᠦᠨ᠎ᠡ ᠬᠣᠷᠮᠣᠢ᠎ᠶᠢ ᠰᠤᠨᠳᠠᠯᠠᠭᠰᠠᠨ ᠷᠠᠰᠢᠶᠠᠨ ᠬᠤᠳᠠ ᠤᠢ ᠰᠢᠭᠤᠢ ᠪᠣᠯᠣᠨ ᠲᠠᠯ᠎ᠠ ᠨᠤᠲᠤᠭ᠎ᠤᠨ ᠡᠲᠡᠭᠡᠳ ᠭᠤᠶᠤ ᠦᠵᠡᠮᠵᠢ ᠵᠢ ᠪᠦᠷᠢᠯᠳᠦᠭᠦᠯᠵᠡᠢ᠃ ᠡᠨᠳᠡ ᠦᠷᠭᠡᠨ ᠠᠭᠤᠳᠠᠮ ᠲᠠᠯ᠎ᠠ ᠨᠤᠲᠤᠭ᠂ ᠨᠡᠯᠦᠭᠡᠷ ᠶᠡᠬᠡ ᠤᠢ ᠲᠠᠢᠭ᠎ᠠ᠂ ᠬᠠᠴᠢᠨ ᠭᠠᠢᠬᠠᠯᠲᠠᠢ ᠴᠢᠯᠠᠭᠤᠨ ᠤᠢ᠂ ᠮᠦᠡᠭᠭᠦᠨ ᠴᠠᠭᠠᠨ ᠴᠠᠰᠤᠲᠤ ᠶᠢᠷᠲᠢᠨᠴᠦ ᠪᠠ ᠥᠨᠳᠥᠷ ᠠᠭᠤᠯᠠ ᠵᠢᠨ ᠬᠠᠯᠠᠭᠤᠨ ᠷᠠᠰᠢᠶᠠᠨ ᠪᠠᠢᠳᠠᠭ᠃ ᠦᠵᠡᠰᠬᠦᠯᠡᠩᠲᠦ ᠰᠠᠢᠬᠠᠨ ᠲᠢᠶᠠᠨ ᠤ᠋ᠤᠢ ᠨᠠᠭᠤᠷ᠂ ᠰᠦᠷᠯᠢᠭ ᠰᠠᠢᠬᠠᠨ ᠪᠠᠯᠢᠩ ᠣᠷᠭᠢᠯ᠂ ᠥᠩᠭᠡ ᠢᠯᠭᠠᠷᠠᠭᠰᠠᠨ ᠬᠤᠷᠴᠠ ᠤᠯᠠᠭᠠᠨ ᠴᠡᠴᠡᠭᠲᠦ ᠨᠠᠭᠤᠷ᠂ ᠲᠤᠩᠭᠠᠯᠠᠭ ᠤᠷᠤᠰᠬᠠᠯᠲᠤ ᠬᠠᠯᠬ᠎ᠠ ᠭᠣᠣᠯ᠂ ᠪᠠᠰᠠ ᠭᠠᠢᠬᠠᠮᠰᠢᠭ᠍ᠲᠤ ᠷᠠᠰᠢᠶᠠᠨ᠎ᠤ ᠰᠤᠪᠢᠯᠠᠯᠲᠠ᠎ᠶᠢᠨ ᠡᠬᠢ ᠪᠠᠶᠠᠯᠢᠭ᠋ ᠪᠠᠢᠳᠠᠭ ᠵᠢᠡᠷ ᠵᠢᠡᠨ ᠬᠥᠮᠥᠰ᠎ᠲᠦ 《ᠨᠣᠭᠣᠭᠠᠨ ᠲᠠᠩᠭᠢᠰ᠎ᠤᠨ ᠬᠡᠷᠡᠯᠳᠦ ᠰᠤᠪᠤᠳ》 ᠬᠡᠮᠡᠭᠳᠡᠪᠡ᠃

ᠷᠠᠰᠢᠶᠠᠨ ᠬᠤᠲᠠ ᠥᠪᠡᠷᠮᠢᠴᠡ ᠤᠨᠴᠠᠯᠢᠭᠲᠤ ᠪᠠᠢᠭᠠᠯᠢ᠎ᠶᠢᠨ ᠡᠬᠢ ᠪᠠᠶᠠᠯᠢᠭ ᠲᠠᠭᠠᠨ ᠲᠦᠰᠢᠭᠯᠡᠨ ᠪᠣᠬᠢᠷᠲᠤᠯ ᠦᠭᠡᠢ ᠬᠥᠭᠵᠢᠯᠲᠡ᠎ᠶᠢᠨ ᠵᠠᠮ᠎ᠢ ᠪᠠᠷᠢᠮᠳᠠᠯᠠᠨ᠂ ᠵᠢᠭᠤᠯᠴᠢᠯᠠᠯ᠎ᠤᠨ ᠦᠢᠯᠡᠰ᠎ᠢ ᠬᠦᠴᠦᠯᠡᠨ ᠬᠦᠭᠵᠢᠭᠦᠯᠵᠦ ᠬᠤᠯᠠ ᠤᠢᠷ᠎ᠠ ᠵᠢᠨ ᠵᠢᠭᠤᠯᠴᠢᠯᠠᠭᠰᠠᠳ᠎ᠤᠨ ᠬᠠᠯᠠᠭᠤᠨ ᠬᠦᠷᠢᠶᠡᠯᠡᠯ᠎ᠢ ᠤᠯᠵᠤ ᠪᠠᠢᠨ᠎ᠠ᠃ ᠡᠳᠦᠭᠡ᠂ ᠡᠨᠳᠡᠬᠢ ᠦᠵᠡᠮᠵᠢ ᠨᠢ ᠭᠠᠳᠠᠭᠠᠳᠤ᠎ᠶᠢᠨ ᠵᠢᠭᠤᠯᠴᠢᠯᠠᠭᠰᠠᠳ ᠢᠯᠠᠩᠭᠤᠶ᠎ᠠ ᠮᠣᠩᠭᠣᠯ ᠤᠯᠤᠰ᠎ᠤᠨ ᠵᠢᠭᠤᠯᠴᠢᠯᠠᠭᠰᠠᠳ᠎ᠤᠨ ᠵᠠᠪᠠᠯ ᠵᠢᠭᠤᠯᠴᠢᠯᠠᠬᠤ ᠭᠠᠵᠠᠷ ᠪᠤᠯᠤᠭᠰᠠᠨ ᠪᠠᠢᠨ᠎ᠠ᠃ 8 ᠰᠠᠷ᠎ᠠ᠎ᠶᠢᠨ 22᠎ᠤᠨ ᠡᠳᠦᠷ᠂ ᠮᠣᠩᠭᠣᠯ ᠤᠯᠤᠰ᠎ᠤᠨ ᠵᠢᠭᠤᠯᠴᠢᠯᠠᠭᠴᠢ ᠤᠯᠠᠨᠪᠠᠶᠠᠷ ᠪᠤᠯᠤᠷᠮ᠎ᠠ ᠬᠤᠶᠠᠷ ᠭᠡᠷ ᠪᠦᠯᠢ ᠵᠢᠨ ᠬᠢᠨ ᠪᠠ ᠳᠤᠳᠤᠨᠤ ᠨᠠᠢᠵᠠ ᠨᠠᠷ ᠵᠢᠡᠨ ᠲᠠᠭᠠᠭᠤᠯᠵᠦ ᠤᠯᠠᠭᠠᠨᠪᠠᠭᠠᠲᠤᠷ ᠬᠤᠲᠠ ᠡᠴᠡ ᠭᠤᠷᠪᠠᠨ ᠮᠠᠰᠢᠨ ᠲᠡᠷᠭᠡ ᠵᠢᠯᠤᠭᠤᠳᠤᠨ᠂ ᠷᠠᠰᠢᠶᠠᠨ ᠬᠤᠲᠠ ᠵᠢ ᠴᠢᠭᠯᠡᠨ ᠢᠷᠡᠪᠡ᠃ 《ᠪᠢᠳᠡ ᠠᠩᠬ᠎ᠠ ᠤᠳᠠᠭ᠎ᠠ ᠡᠨᠳᠡ ᠢᠷᠡᠵᠦ ᠪᠠᠢᠨ᠎ᠠ᠂ ᠷᠠᠰᠢᠶᠠᠨ ᠬᠤᠲᠠ ᠵᠢᠨ ᠦᠩᠭᠡ ᠦᠵᠡᠮᠵᠢ ᠡᠲᠡᠭᠡᠳ ᠭᠤᠶᠤ᠂ ᠪᠠᠢᠭᠠᠯᠢ ᠤᠷᠴᠢᠨ ᠵᠦᠢᠲᠡᠢ ᠰᠠᠢᠬᠠᠨ ᠭᠡᠵᠦ ᠰᠤᠨᠤᠰᠤᠭᠠᠳ ᠢᠷᠡᠯ᠎ᠡ》 ᠭᠡᠵᠦ ᠤᠯᠠᠨᠪᠠᠶᠠᠷ ᠬᠢᠯᠢ ᠵᠢᠨ ᠪᠤᠭᠤᠮᠳᠠ ᠪᠡᠷ ᠦᠩᠭᠡᠷᠡᠬᠦ᠎ᠳᠡᠭᠡᠨ ᠳᠤᠭᠳᠤᠯᠤᠭᠰᠠᠨ ᠰᠡᠳᠬᠢᠯ ᠵᠢᠡᠨ ᠳᠠᠷᠤᠵᠤ ᠶᠠᠳᠠᠨ ᠪᠢᠳᠡᠨ᠎ᠳᠤ ᠶᠠᠷᠢᠵᠤ ᠪᠠᠢᠯ᠎ᠠ᠃ ᠮᠦᠨ ᠲᠡᠷᠡ ᠡᠳᠦᠷ᠂ ᠯᠢᠶᠤᠤᠨᠢᠩ ᠮᠤᠵᠢ ᠵᠢᠨ ᠠᠨᠱᠠᠨ ᠬᠤᠲᠠ ᠵᠢᠨ ᠵᠢᠭᠤᠯᠴᠢᠯᠠᠭᠴᠢ ᠯᠢᠦ ᠸᠸᠨ ᠪᠢᠨ ᠬᠡᠳᠦᠨ ᠰᠠᠢᠨ ᠨᠠᠢᠵᠠ ᠲᠠᠢ ᠪᠠᠨ ᠬᠠᠮᠲᠤ ᠲᠡᠷᠭᠡ ᠵᠢᠯᠤᠭᠤᠳᠤᠨ 900 ᠭᠠᠷᠤᠢ ᠺᠢᠯᠤᠮᠧᠲᠷ ᠠᠶᠠᠯᠠᠵᠤ᠂ ᠦᠪᠦᠷ ᠮᠤᠩᠭᠤᠯ ᠵᠢᠡᠷ ᠠᠶᠠᠯᠠᠬᠤ ᠠᠩᠬᠠᠨ᠎ᠤ ᠦᠷᠲᠡᠭᠡ ᠷᠠᠰᠢᠶᠠᠨ ᠬᠤᠲᠠ᠎ᠳᠤ ᠬᠦᠷᠴᠤ ᠢᠷᠡᠪᠡ᠃ 《ᠪᠢᠳᠡ ᠰᠦᠯᠵᠢᠶ᠎ᠡ ᠡᠴᠡ ᠰᠤᠷᠠᠬ ᠬᠠᠢᠵᠦ ᠷᠠᠰᠢᠶᠠᠨ ᠬᠤᠲᠠ ᠵᠢᠨ ᠦᠩᠭᠡ ᠦᠵᠡᠮᠵᠢ ᠡᠲᠡᠭᠡᠳ ᠭᠤᠶᠤ ᠭᠡᠳᠡᠭ ᠎ᠢ ᠮᠡᠳᠡᠯ᠎ᠡ᠃ ᠢᠷᠡᠭᠡᠳ ᠦᠵᠡᠬᠦ᠎ᠳᠤ ᠨᠡᠭᠡᠷᠡᠨ ᠲᠡᠢᠮᠦ ᠪᠠᠢᠨ᠎ᠠ᠂ ᠡᠨᠳᠡ ᠶᠠᠭ ᠳᠤᠮᠤᠭ᠎ᠤᠨ ᠰᠢᠳᠢᠳᠦ ᠶᠢᠷᠲᠢᠨᠴᠦ ᠬᠡᠮᠡᠷ ᠦᠡᠭᠭᠡ ᠦᠵᠡᠮᠵᠢ ᠲᠠᠢ᠂ ᠭᠤᠤᠯ ᠮᠦᠷᠠᠨ ᠨᠢ ᠮᠤᠷᠤᠯᠵᠠᠨ᠂ ᠤᠢ ᠬᠦᠪᠴᠢ ᠨᠢ ᠬᠦᠬᠡᠷᠡᠵᠤ᠂ ᠨᠤᠭᠤ ᠭᠠᠵᠠᠷ ᠨᠢ ᠲᠤᠷᠭ᠎ᠠ ᠲᠤᠷᠳᠤᠡᠭ ᠮᠠᠳᠤ᠂ ᠠᠰᠠᠷ ᠪᠠᠷᠢᠯᠭ᠎ᠠ ᠨᠢ ᠥᠪᠡᠷᠮᠢᠴᠡ ᠬᠡᠪ ᠨᠠᠮᠪᠠ᠎ᠲᠠᠢ᠃ ᠪᠢᠳᠡ ᠡᠨᠳᠡ ᠤᠤᠯ᠎ᠤᠨ ᠲᠦᠯᠦᠪᠯᠡᠭᠡ ᠡᠴᠡ ᠪᠠᠨ ᠢᠯᠡᠭᠦᠦ ᠬᠤᠶᠠᠷ ᠡᠳᠦᠷ ᠰᠠᠭᠤᠵᠤ᠂ ᠪᠦᠭᠦ  ᠦᠵᠡᠮᠵᠢ ᠵᠢᠨ ᠤᠷᠤᠨ ᠵᠢᠡᠷ ᠨᠢ ᠵᠤᠭᠠᠴᠠᠶ᠎ᠠ  ᠭᠡᠵᠦ ᠪᠤᠳᠤᠵᠤ ᠪᠠᠢᠨ᠎ᠠ》 ᠭᠡᠵᠦ ᠲᠡᠷᠡ ᠪᠠᠶᠠᠷᠲᠠᠢᠬᠠᠨ ᠶᠠᠷᠢᠨ᠎ᠠ᠃

ᠷᠠᠰᠢᠶᠠᠨ᠎ᠤ ᠬᠢᠯᠢ᠎ᠪᠡᠷ ᠣᠷᠣᠵᠤ ᠭᠠᠷᠬᠤ ᠬᠢᠯᠢ᠎ᠶᠢᠨ ᠬᠠᠮᠠᠭᠠᠯᠠᠯᠲᠠ᠎ᠶᠢᠨ ᠪᠠᠢᠴᠠᠭᠠᠬᠤ ᠥᠷᠲᠡᠭᠡ᠎ᠶᠢᠨ ᠠᠵᠢᠯᠲᠠᠨ᠎ᠤ ᠲᠠᠨᠢᠯᠴᠠᠭᠤᠯᠤᠭᠰᠠᠨ ᠵᠢᠡᠷ᠂ ᠵᠢᠯ ᠪᠦᠷᠢ ᠮᠠᠰᠢ ᠣᠯᠠᠨ ᠮᠣᠩᠭᠣᠯ ᠤᠯᠤᠰ᠎ᠤᠨ ᠵᠢᠭᠤᠯᠴᠢᠯᠠᠭᠴᠢ ᠷᠠᠰᠢᠶᠠᠨ ᠪᠣᠭᠣᠮᠲᠠ᠎ᠪᠠᠷ ᠳᠡᠮᠵᠢᠨ ᠬᠢᠩᠭᠠᠨ ᠠᠢᠮᠠᠭ ᠪᠤᠶᠤ ᠤᠯᠤᠰ᠎ᠤᠨ ᠲᠤᠳᠤᠭᠠᠳᠤ ᠵᠢᠨ ᠪᠤᠰᠤᠳ ᠭᠠᠵᠠᠷ ᠤᠷᠤᠨ ᠵᠢᠡᠷ ᠵᠢᠭᠤᠯᠴᠢᠯᠠᠳᠠᠭ᠂ ᠭᠡᠬᠦ ᠳ᠋ᠡᠭᠡᠨ ᠤᠯᠠᠩᠬᠢ ᠬᠦᠮᠦᠰ ᠪᠠᠷᠠᠭ᠎ᠠ ᠬᠤᠳᠠᠯᠳᠤᠨ ᠠᠪᠬᠤ᠂ ᠪᠠᠢᠭᠠᠯᠢ᠎ᠶᠢᠨ ᠥᠩᠭᠡ ᠦᠵᠡᠮᠵᠢ ᠵᠢ ᠰᠤᠨᠢᠷᠬᠠᠬᠤ ᠪᠤᠶᠤ ᠭᠠᠢᠬᠠᠮᠰᠢᠭ᠍ᠲᠤ ᠬᠠᠯᠠᠭᠤᠨ ᠷᠠᠰᠢᠶᠠᠨ᠎ᠢ ᠪᠡᠶᠡᠴᠢᠯᠡᠨ ᠤᠢᠯᠠᠭᠠᠬᠤ ᠵᠢ ᠵᠤᠷᠢᠵᠦ ᠢᠷᠡᠳᠡᠭ ᠪᠠᠢᠨ᠎ᠠ᠃ ᠣᠢᠯᠠᠭᠠᠭᠰᠠᠨ᠎ᠢᠶᠠᠷ᠂ ᠡᠨᠡ ᠵᠢᠯ᠎ᠤᠨ ᠡᠬᠢᠨ ᠡᠴᠡ 8 ᠰᠠᠷ᠎ᠠ᠎ᠶᠢᠨ ᠰᠡᠭᠦᠯᠴᠢ ᠪᠣᠯᠲᠠᠯ᠎ᠠ᠂ ᠷᠠᠰᠢᠶᠠᠨ ᠪᠤᠭᠤᠮᠳᠠ᠎ᠪᠡᠷ ᠣᠷᠣᠵᠤ ᠭᠠᠷᠤᠭᠰᠠᠨ ᠬᠥᠮᠥᠨ᠎ᠦ ᠲᠣᠭ᠎ᠠ 13628 ᠬᠥᠮᠥᠨ ᠤᠳᠠᠭ᠎ᠠ᠎ᠳᠤ ᠬᠦᠷᠴᠦ᠂ ᠡᠭᠦᠨ᠎ᠳᠦ ᠬᠢᠯᠢ᠎ᠪᠡᠷ ᠭᠠᠷᠤᠭᠰᠠᠨ ᠬᠥᠮᠥᠨ᠎ᠦ ᠲᠣᠭ᠎ᠠ 6785᠂ ᠬᠢᠯᠢ᠎ᠪᠡᠷ ᠣᠷᠣᠭᠰᠠᠨ ᠬᠥᠮᠥᠨ᠎ᠦ ᠲᠣᠭ᠎ᠠ 6843 ᠪᠠᠢᠵᠤ᠂ ᠭᠠᠳᠠᠭᠠᠳᠤ ᠵᠢᠨ ᠵᠢᠭᠤᠯᠴᠢᠯᠠᠭᠴᠢ ᠶᠠᠪᠤᠬᠤ ᠲᠤᠳᠤᠮ ᠤᠯᠠᠰᠢᠷᠠᠵᠤ ᠪᠠᠢᠨ᠎ᠠ᠃

《ᠡᠬᠢ ᠪᠠᠶᠠᠯᠢᠭ᠎ᠤᠨ ᠡᠷᠳᠡᠨᠢᠰ᠎ᠤᠨ ᠰᠠᠩ》 ᠪᠤᠶᠤ 《ᠰᠤᠶᠤᠯ ᠲᠡᠤᠭᠡ ᠵᠢᠨ ᠦᠪ》 

ᠷᠠᠰᠢᠶᠠᠨ ᠬᠤᠲᠠ ᠤᠤᠯ ᠳ᠋ᠠᠭᠠᠨ ᠮᠠᠨ᠎ᠤ ᠤᠯᠤᠰ᠎ᠤᠨ ᠴᠢᠬᠤᠯᠠ ᠮᠣᠳᠣᠨ ᠮᠠᠲᠧᠷᠢᠶᠠᠯ᠎ᠤᠨ ᠬᠠᠩᠭᠠᠯᠭ᠎ᠠ ᠵᠢᠨ ᠭᠠᠵᠠᠷ ᠪᠠᠢᠵᠠᠢ᠂ ᠬᠤᠵᠢᠮ ᠨᠢ ᠤᠯᠤᠰ᠎ᠤᠨ ᠪᠠᠢᠭᠠᠯᠢ᠎ᠶᠢᠨ ᠣᠶ᠎ᠶᠢ ᠬᠠᠮᠠᠭᠠᠯᠠᠬᠤ ᠢᠨᠵᠧᠨᠧᠷᠢᠩ᠎ᠢ ᠬᠡᠷᠡᠭᠵᠢᠭᠦᠯᠬᠦ ᠵᠢ ᠳᠠᠭᠠᠯᠳᠤᠨ᠂ ᠷᠠᠰᠢᠶᠠᠨ ᠬᠤᠲᠠ ᠠᠮᠵᠢᠯᠲᠠ ᠲᠠᠢ ᠪᠠᠨ ᠬᠡᠯᠪᠡᠷᠢ᠎ᠪᠡᠨ ᠬᠤᠪᠢᠷᠠᠭᠤᠯᠪᠠ᠃ ᠷᠠᠰᠢᠶᠠᠨ ᠬᠤᠲᠠ ᠵᠢᠨ ᠤᠢ ᠰᠢᠭᠤᠢ ᠵᠢᠨ ᠪᠦᠷᠬᠦᠴᠡ 80% ᠡᠴᠡ ᠳᠡᠭᠡᠭᠰᠢ ᠳ᠋ᠤ ᠬᠦᠷᠴᠦ᠂ ᠡᠭᠦᠨ ᠳ᠋ᠤ ᠨᠤᠭᠤᠭᠠᠨ ᠤᠷᠭᠤᠮᠠᠯ᠎ᠤᠨ ᠬᠤᠴᠢᠯᠭ᠎ᠠ 95% ᠳ᠋ᠤ ᠬᠦᠷᠴᠦ᠂ ᠤᠯᠤᠰ᠎ᠤᠨ ᠪᠡᠯᠡᠳᠬᠡᠯ ᠤᠢ ᠮᠣᠳᠣᠨ᠎ᠤ ᠡᠬᠢ ᠪᠠᠶᠠᠯᠢᠭ᠋᠎ᠤᠨ ᠪᠣᠬᠢᠷᠲᠤᠯ ᠦᠭᠡᠢ ᠡᠷᠳᠡᠨᠢᠰ᠎ᠦᠨ ᠬᠥᠮᠥᠷᠭᠡ᠎ᠶᠢᠨ ᠰᠠᠭᠤᠷᠢᠨ ᠮᠦᠷᠳᠡᠭᠡᠨ ᠤᠯᠤᠰ᠎ᠤᠨ ᠠᠮᠢ ᠠᠬᠤᠢ᠎ᠶᠢᠨ ᠵᠢᠭᠤᠯᠴᠢᠯᠠᠯ᠎ᠤᠨ ᠵᠢᠱ᠌ᠢᠶ᠎ᠡ ᠦᠵᠡᠭᠦᠯᠬᠦ ᠣᠷᠣᠨ ᠪᠤᠯᠪᠠ᠃

ᠰᠢᠨ᠎ᠠ ᠲᠤᠮᠳᠠᠳᠤ ᠤᠯᠤᠰ ᠪᠠᠢᠭᠤᠯᠤᠭᠳᠠᠬᠤ ᠡᠴᠡ ᠡᠮᠦᠨ᠎ᠡ᠂ ᠡᠵᠡᠷᠬᠡᠭ ᠳᠦᠷᠢᠮᠡᠬᠡᠢᠲᠡᠨ ᠡᠯᠪᠡᠭ ᠪᠠᠶᠠᠯᠢᠭ ᠤᠢ ᠮᠤᠳᠤᠨ᠎ᠤ ᠡᠬᠢ ᠪᠠᠶᠠᠯᠢᠭ᠎ᠢ ᠨᠢ  ᠪᠤᠯᠢᠶᠠᠨ ᠳᠡᠭᠡᠷᠡᠮᠳᠡᠬᠦ ᠳ᠋ᠤ ᠡᠨᠳᠡᠬᠢ ᠠᠷᠠᠳ ᠲᠦᠮᠡᠨ ᠰᠡᠳᠬᠢᠯ ᠨᠢᠭᠡᠲᠦᠨ ᠡᠷᠡᠯᠬᠡᠭ ᠪᠠᠭᠠᠲᠤᠷᠯᠢᠭ ᠵᠢᠡᠷ ᠡᠰᠡᠷᠭᠦᠴᠡᠨ ᠲᠡᠮᠡᠴᠡᠵᠦ ᠨᠤᠳᠤᠭ ᠤᠷᠤᠨ ᠵᠢᠡᠨ ᠬᠠᠮᠠᠭᠠᠯᠠᠭᠰᠠᠨ ᠲᠡᠦᠬᠡ ᠲᠠᠢ᠃ ᠷᠠᠰᠢᠶᠠᠨ ᠬᠤᠲᠠ ᠡᠴᠡ ᠡᠮᠦᠨᠡᠰᠢ 203 ᠮᠤᠵᠢ ᠵᠢᠨ ᠵᠠᠮ ᠳᠠᠭᠠᠤ ᠠᠶᠠᠯᠠᠵᠦ᠂ ᠶᠡᠬᠡ ᠬᠢᠩᠭᠠᠨ ᠳᠠᠪᠠᠭ᠎ᠠ ᠵᠢ ᠳᠠᠪᠠᠪᠠᠯ ᠵᠠᠮ᠎ᠤᠨ ᠬᠠᠵᠠᠭᠤ᠎ᠳᠤ ᠨᠢᠭᠡᠨ ᠬᠦᠷᠡᠩ ᠦᠩᠭᠡᠲᠦ ᠪᠠᠷᠢᠯᠭ᠎ᠠ ᠬᠠᠷᠠᠬᠳᠠᠨ᠎ᠠ᠃ ᠲᠡᠷᠡ ᠪᠤᠯ ᠶᠠᠫᠤᠨ ᠡᠵᠡᠷᠬᠡᠭ ᠳᠦᠷᠢᠮᠡᠬᠡᠢᠲᠡᠨ᠎ᠤ ᠳᠤᠮᠳᠠᠳᠤ ᠤᠯᠤᠰ᠎ᠢ ᠳᠦᠷᠢᠮᠡᠬᠡᠢᠯᠡᠭᠰᠡᠨ ᠬᠠᠭᠤᠴᠢᠨ ᠪᠠᠭᠤᠷᠢ ᠵᠢᠨ ᠨᠢᠭᠡ ᠪᠤᠯᠬᠤ ᠡᠮᠦᠨᠡᠲᠦ ᠬᠢᠩᠭᠠᠨ᠎ᠤ ᠪᠡᠬᠢᠯᠡᠯᠲᠡ ᠪᠠᠢᠵᠤ᠂ ᠶᠠᠫᠤᠨ ᠡᠵᠡᠷᠬᠡᠭ ᠳᠦᠷᠢᠮᠡᠬᠡᠢᠲᠡᠨ᠎ᠤ ᠶᠠᠯᠠᠲᠤ ᠠᠵᠢᠯᠯᠠᠭ᠎ᠠ ᠵᠢ ᠢᠯᠡᠴᠢᠯᠡᠨ ᠢᠯᠡᠷᠡᠭᠦᠯᠵᠦ ᠪᠤᠢ᠃ ᠤᠳᠤᠬᠠᠨ᠎ᠳᠤ᠂ ᠡᠮᠦᠨᠡᠲᠦ ᠬᠢᠩᠭᠠᠨ᠎ᠤ ᠨᠦᠬᠡᠨ ᠵᠠᠮ ᠵᠢᠴᠢ ᠡᠮᠦᠨᠡᠲᠦ ᠬᠢᠩᠭᠠᠨ᠎ᠤ ᠪᠡᠬᠢᠯᠡᠯᠲᠡ ᠵᠢᠨ ᠪᠠᠭᠤᠷᠢ ᠪᠡᠷ ᠭᠤᠤᠯ ᠪᠤᠯᠭᠠᠭᠰᠠᠨ ᠡᠮᠦᠨᠡᠲᠦ ᠬᠢᠩᠭᠠᠨ᠎ᠤ ᠤᠯᠤᠰ ᠵᠢᠡᠨ ᠬᠠᠢᠷᠠᠯᠠᠬᠤ ᠦᠵᠡᠯ᠎ᠤᠨ ᠬᠦᠮᠦᠵᠢᠯ᠎ᠤᠨ ᠰᠠᠭᠤᠷᠢᠨ ᠨᠢ 《ᠤᠯᠤᠰ᠎ᠤᠨ ᠳᠡᠰ᠎ᠤᠨ ᠶᠠᠫᠤᠨ᠎ᠢ ᠡᠰᠡᠷᠭᠦᠴᠡᠬᠦ ᠳᠠᠢᠨ᠎ᠤ ᠲᠤᠷᠠᠰᠬᠠᠯ᠎ᠤᠨ ᠲᠦᠭᠦᠭᠡᠷᠦᠮᠵᠢ》 ᠪᠤᠯᠤᠨ 《ᠦᠪᠡᠷᠲᠡᠭᠡᠨ ᠵᠠᠰᠠᠬᠤ ᠤᠷᠤᠨ᠎ᠤ ᠤᠯᠤᠰ ᠵᠢᠡᠨ ᠬᠠᠢᠷᠠᠯᠠᠬᠤ ᠬᠦᠮᠦᠵᠢᠯ᠎ᠤᠨ ᠰᠠᠭᠤᠷᠢᠨ》 ᠵᠢᠡᠷ ᠦᠨᠡᠯᠡᠭᠳᠡᠵᠦ᠂ ᠶᠠᠫᠤᠨ᠎ᠢ ᠡᠰᠡᠷᠭᠦᠴᠡᠭᠰᠡᠨ ᠴᠡᠷᠢᠭ ᠪᠠᠢᠯᠳᠤᠭᠴᠢᠳ᠎ᠤᠨ ᠡᠷᠡᠯᠬᠡᠭ ᠪᠠᠭᠠᠲᠤᠷᠯᠢᠭ ᠵᠤᠷᠢᠭ ᠰᠠᠨᠠᠭ᠎ᠠ ᠵᠢ ᠪᠠᠳᠠᠷᠠᠭᠤᠯᠵᠤ ᠪᠠᠢᠨ᠎ᠠ᠃

ᠷᠠᠰᠢᠶᠠᠨ ᠬᠤᠲᠠ ᠵᠢᠨ ᠣᠶ ᠰᠢᠭᠤᠢ᠎ᠶᠢᠨ ᠵᠠᠩ ᠦᠶ᠋ᠯᠡ᠎ᠶᠢᠨ ᠮᠦᠽᠧᠢ ᠪᠣᠯ ᠤᠯᠤᠰ᠎ᠤᠨ ᠳᠣᠲᠣᠭᠠᠳᠤ᠎ᠶᠢᠨ ᠠᠩᠬᠠᠳᠠᠭ᠍ᠴᠢ ᠣᠶ ᠰᠢᠭᠤᠢ ᠵᠢᠨ ᠬᠥᠭᠵᠢᠯᠲᠡ ᠪᠠ ᠣᠶ ᠰᠢᠭᠤᠢ᠎ᠶᠢᠨ ᠵᠠᠩ ᠦᠶ᠋ᠯᠡ᠎ᠶᠢᠨ ᠰᠣᠶᠣᠯ᠎ᠤᠨ ᠦᠵᠡᠭᠦᠯᠭᠡ᠎ᠪᠡᠷ ᠭᠣᠣᠯ ᠰᠡᠳᠦᠪ ᠪᠣᠯᠭᠠᠭᠰᠠᠨ ᠮᠦᠽᠧᠢ ᠪᠣᠯᠣᠨ᠎ᠠ᠂ ᠪᠠᠷᠢᠯᠭ᠎ᠠ᠎ᠶᠢᠨ ᠲᠠᠯᠠᠪᠠᠶ ᠨᠢ 1200 ᠭᠠᠷᠤᠢ ᠲᠡᠭᠰᠢ ᠳᠥᠷᠪᠡᠯᠵᠢᠨ ᠮᠧᠲᠷ ᠪᠠᠢᠵᠤ᠂ 2016 ᠣᠨ᠎ᠤ 8 ᠰᠠᠷ᠎ᠠ᠎ᠳᠤ ᠵᠢᠩᠬᠢᠨᠢ᠎ᠪᠡᠷ ᠡᠭᠦᠳᠡ᠎ᠪᠡᠨ ᠨᠡᠭᠡᠭᠡᠪᠡ᠃ ᠮᠦᠽᠧᠢ ᠨᠢ ᠡᠷᠲᠡ ᠦᠶ᠎ᠡ᠎ᠶᠢᠨ ᠣᠶ ᠰᠢᠭᠤᠢ᠎ᠶᠢᠨ ᠦᠢᠯᠡᠰ᠎ᠦᠨ ᠬᠥᠭᠵᠢᠯᠲᠡ᠎ᠶᠢᠨ ᠲᠡᠦᠬᠡᠨ ᠮᠠᠲᠧᠷᠢᠶᠠᠯ᠂ ᠣᠶ ᠰᠢᠭᠤᠢ᠎ᠶᠢᠨ ᠠᠵᠢᠯᠴᠢᠨ᠎ᠤ ᠦᠢᠯᠡᠳᠪᠦᠷᠢᠯᠡᠯ ᠠᠮᠢᠳᠤᠷᠠᠯ᠎ᠤᠨ ᠪᠠᠭᠠᠵᠢ ᠬᠡᠷᠡᠭᠰᠡᠯ᠂ ᠲᠤᠬᠠᠢ᠎ᠶᠢᠨ ᠭᠠᠵᠠᠷ᠎ᠤᠨ ᠠᠮᠢᠲᠠᠨ ᠤᠷᠭᠤᠮᠠᠯ᠎ᠤᠨ ᠥᠯᠢᠭᠡᠷ ᠬᠡᠪ ᠵᠡᠷᠭᠡ ᠲᠡᠦᠬᠡ᠎ᠶᠢᠨ ᠦᠨ᠎ᠡ ᠴᠠᠨ᠎ᠠ᠎ᠲᠠᠢ ᠳᠤᠷᠠᠰᠬᠠᠯᠲᠤ ᠵᠦᠢᠯᠡᠰ᠎ᠢ ᠳᠡᠯᠭᠡᠨ ᠦᠵᠡᠭᠦᠯᠵᠦ ᠪᠠᠢᠭ᠎ᠠ ᠥᠪᠡᠷᠮᠢᠴᠡ ᠣᠨᠴᠠᠯᠢᠭ ᠲᠠᠢ ᠰᠢᠭᠤᠢᠲᠤ ᠣᠷᠣᠨ᠎ᠤ ᠪᠥᠬᠥ ᠦᠵᠡᠮᠵᠢ᠎ᠶᠢᠨ ᠬᠡᠯᠪᠡᠷᠢ᠎ᠶᠢᠨ ᠮᠦᠽᠧᠢ ᠪᠣᠯᠣᠨ᠎ᠠ᠃

ᠲᠤᠰ ᠮᠦᠽᠧᠢ ᠨᠢ ᠦᠰᠦᠭ ᠪᠢᠴᠢᠭ᠂ ᠭᠡᠷᠡᠯ ᠵᠢᠷᠤᠭ᠂ ᠪᠣᠳᠠᠲᠤ ᠪᠣᠳᠠᠰ ᠵᠡᠷᠭᠡ ᠪᠠᠶᠠᠯᠢᠭ ᠠᠭᠤᠯᠭ᠎ᠠ ᠪᠡᠷ ᠬᠦᠮᠦᠰ᠎ᠲᠦ ᠥᠩᠭᠡᠷᠡᠭᠰᠡᠨ᠎ᠦ ᠰᠢᠭᠤᠢᠲᠤ ᠣᠷᠣᠨ᠎ᠤ ᠦᠢᠯᠡᠳᠪᠦᠷᠢᠯᠡᠯ ᠠᠮᠢᠳᠤᠷᠠᠯ᠎ᠤᠨ ᠪᠠᠢᠳᠠᠯ᠎ᠢ ᠳᠠᠬᠢᠨ ᠢᠯᠡᠷᠡᠭᠦᠯᠵᠦ᠂ ᠥᠪᠡᠷᠮᠢᠴᠡ ᠬᠠᠷᠠᠭᠠᠰᠤ ᠪᠠ ᠦᠵᠡᠭᠦᠯᠭᠡ᠎ᠶᠢᠨ ᠬᠡᠯᠪᠡᠷᠢ᠎ᠪᠡᠷ ᠣᠢ ᠰᠢᠭᠤᠢ᠎ᠶᠢᠨ ᠵᠠᠩ ᠦᠢᠯᠡ᠎ᠶᠢᠨ ᠰᠣᠶᠣᠯ᠎ᠤᠨ ᠠᠭᠤᠯᠤᠭᠳᠠᠬᠤᠨ᠎ᠢ ᠢᠯᠡᠷᠡᠭᠦᠯᠵᠦ ᠪᠠᠢᠨ᠎ᠠ᠃

《ᠤᠩᠭᠤᠨ ᠪᠠᠢᠭᠠᠯᠢ ᠵᠢᠨ ᠬᠡᠰᠢᠭ》 ᠪᠤᠶᠤ 《ᠦᠪᠯᠡᠨ ᠤᠯᠠᠮᠵᠢᠯᠠᠬᠤ ᠤᠷ᠎ᠠ ᠮᠡᠷᠭᠡᠵᠢᠯ》

ᠡᠲᠡᠭᠡᠳ ᠭᠤᠶᠤ ᠪᠠᠢᠭᠠᠯᠢ᠎ᠶᠢᠨ ᠣᠷᠴᠢᠨ ᠲᠣᠭᠣᠷᠢᠨ ᠪᠠ ᠥᠪᠡᠷᠮᠢᠴᠡ ᠣᠨᠴᠠᠯᠢᠭ᠋᠎ᠲᠠᠢ ᠦᠢᠯᠡᠳᠪᠦᠷᠢᠯᠡᠯ ᠠᠮᠢᠳᠤᠷᠠᠯ᠎ᠤᠨ ᠠᠷᠭ᠎ᠠ ᠬᠡᠯᠪᠡᠷᠢ ᠨᠢ ᠷᠠᠰᠢᠶᠠᠨ ᠬᠤᠲᠠ ᠵᠢᠨ ᠥᠪᠡᠷᠮᠢᠴᠡ ᠣᠨᠴᠠᠯᠢᠭ᠋᠎ᠲᠠᠢ ᠤᠢ᠎ᠶᠢᠨ ᠵᠠᠩ ᠦᠢᠯᠡ᠎ᠶᠢᠨ ᠰᠣᠶᠣᠯ᠎ᠢ ᠪᠦᠷᠢᠯᠳᠦᠭᠦᠯᠪᠡ᠃ ᠡᠭᠦᠨ᠎ᠤ ᠨᠢᠭᠡ ᠨᠢ ᠳᠠᠷᠤᠢ ᠦᠪᠡᠷᠲᠡᠭᠡᠨ ᠵᠠᠰᠠᠬᠤ ᠤᠷᠤᠨ᠎ᠤ ᠳᠡᠰ᠎ᠤᠨ ᠪᠤᠳᠠᠰ᠎ᠤᠨ ᠪᠤᠰᠤ ᠰᠤᠶᠤᠯ᠎ᠤᠨ ᠦᠪ ᠪᠤᠯᠬᠤ ᠪᠠᠯᠢᠩ ᠪᠠᠯᠭᠠᠰᠤ ᠵᠢᠨ ᠤᠢᠰᠤᠨ ᠵᠢᠷᠤᠭ ᠪᠤᠯᠤᠨ᠎ᠠ᠃ ᠪᠠᠯᠢᠩ ᠪᠠᠯᠭᠠᠰᠤ ᠵᠢᠨ ᠤᠢᠰᠤᠨ ᠵᠢᠷᠤᠭ ᠨᠢ ᠰᠠᠯᠬᠢᠨ᠎ᠳᠤ ᠦᠬᠢᠷᠡᠭᠰᠡᠨ ᠮᠤᠳᠤ᠂ ᠬᠡᠭᠡᠷ᠎ᠡ ᠵᠢᠨ ᠮᠤᠳᠤ᠂ ᠢᠯᠵᠢᠷᠡᠭᠰᠡᠨ ᠮᠤᠳᠤ ᠵᠡᠷᠭᠡ ᠬᠠᠶᠠᠭᠳᠠᠮᠠᠯ ᠬᠤᠰᠤ ᠮᠤᠳᠤᠨ᠎ᠤ ᠬᠠᠯᠢᠰᠤ ᠪᠡᠷ ᠲᠦᠬᠦᠬᠡᠢ ᠮᠠᠲᠧᠷᠢᠶᠠᠯ ᠪᠤᠯᠭᠠᠵᠤ᠂ ᠵᠤᠷᠭᠤᠬᠤ᠂ ᠬᠤᠰᠤᠬᠤ᠂ ᠰᠢᠲᠠᠭᠠᠬᠤ᠂ ᠬᠠᠭᠠᠷᠢᠬᠤ ᠵᠡᠷᠭᠡ ᠤᠷ᠎ᠠ ᠮᠡᠷᠭᠡᠵᠢᠯ ᠵᠢᠡᠷ ᠡᠯᠳᠡᠪ ᠵᠦᠢᠯ᠎ᠤᠨ ᠭᠡ ᠤᠭᠠᠯᠵᠠ ᠪᠠ ᠵᠢᠷᠤᠭ ᠳᠦᠷᠰᠦ ᠵᠢ ᠬᠤᠰᠤ ᠮᠤᠳᠤᠨ᠎ᠳᠤ  ᠰᠡᠢᠯᠵᠦ ᠤᠷᠠᠯᠠᠳᠠᠬ᠃

2014 ᠣᠨ᠎ᠤ 11 ᠰᠠᠷ᠎ᠠ᠎ᠳᠤ ᠪᠠᠢᠭᠤᠯᠤᠭᠳᠠᠭᠰᠠᠨ ᠷᠠᠰᠢᠶᠠᠨ ᠬᠣᠲᠠ᠎ᠶᠢᠨ ᠣᠶ ᠰᠢᠭᠤᠢ᠎ᠶᠢᠨ ᠰᠣᠶᠣᠯ᠎ᠤᠨ ᠠᠵᠤ ᠦᠢᠯᠡᠰ᠎ᠦᠨ ᠬᠥᠭᠵᠢᠯᠲᠡ᠎ᠶᠢᠨ ᠬᠢᠵᠠᠭᠠᠷᠲᠤ ᠺᠣᠮᠫᠠᠨᠢ ᠪᠤᠯ ᠷᠠᠰᠢᠶᠠᠨ ᠬᠤᠲᠠ ᠵᠢᠨ ᠠᠩᠬᠠᠳᠠᠭ᠍ᠴᠢ ᠣᠶ ᠰᠢᠭᠤᠢ᠎ᠶᠢᠨ ᠰᠣᠶᠣᠯ᠎ᠤᠨ ᠥᠪ᠎ᠢ ᠤᠯᠠᠮᠵᠢᠯᠠᠨ ᠪᠠᠳᠠᠷᠠᠭᠤᠯᠬᠤ ᠪᠡᠷ ᠭᠤᠤᠯ ᠪᠤᠯᠭᠠᠭᠰᠠᠨ ᠠᠵᠤ ᠠᠬᠤᠢᠯᠠᠯ ᠪᠣᠯᠣᠨ᠎ᠠ᠃ ᠺᠣᠮᠫᠠᠨᠢ ᠨᠢ ᠤᠢᠰᠤᠨ ᠤᠷᠠᠯᠠᠯ᠎ᠤᠨ ᠪᠦᠲᠦᠭᠡᠭᠳᠡᠭᠦᠨ᠎ᠢ ᠦᠢᠯᠡᠳᠴᠦ ᠪᠣᠷᠣᠯᠠᠭᠤᠯᠬᠤ᠎ᠪᠠᠷ ᠭᠣᠣᠯ ᠠᠵᠢᠯ᠎ᠢᠶᠠᠨ ᠪᠣᠯᠭᠠᠵᠤ᠂ ᠦᠨᠳᠦᠰᠦᠨ ᠰᠡᠢᠯᠦᠮᠡᠯ ᠪᠠ ᠭᠦᠳᠦᠭᠦᠷ ᠰᠡᠢᠯᠦᠮᠡᠯ᠎ᠦᠨ ᠪᠦᠲᠦᠭᠡᠯ᠎ᠢ ᠦᠢᠯᠡᠳᠤᠨ ᠪᠣᠷᠣᠯᠠᠭᠤᠯᠵᠦ ᠪᠠᠢᠨ᠎ᠠ᠃ ᠰᠤᠷᠪᠤᠯᠵᠢᠯᠠᠬᠴᠢ ᠵᠢ ᠬᠦᠷᠭᠦ᠎ᠳᠤ᠂ ᠠᠵᠢᠯᠴᠢᠳ᠎ᠤᠨ ᠰᠡᠢᠯᠦᠭᠰᠡᠨ ᠤᠢᠰᠤᠨ ᠵᠢᠷᠤᠬ᠎ᠤᠳ ᠺᠤᠮᠫᠠᠨᠢ ᠵᠢᠨ ᠭᠠᠵᠠᠷ ᠪᠤᠯᠭᠠᠨ᠎ᠳᠤ ᠲᠡᠯᠭᠡᠭᠳᠡᠵᠦ᠂ ᠭᠡᠲᠦᠨ ᠮᠢᠡᠭᠭ᠎ᠠ ᠡᠴᠡ ᠭᠡᠲᠦᠨ ᠲᠦᠮᠡᠨ ᠲᠦᠭᠦᠷᠢᠭ᠎ᠤᠨ ᠦᠷᠳᠡᠭ ᠪᠦᠭᠦᠢ ᠤᠢᠰᠤᠨ ᠵᠢᠷᠤᠬ᠎ᠤᠨ ᠪᠦᠲᠦᠭᠡᠯ᠎ᠤᠳ ᠠᠡᠭᠬᠠᠷᠤᠯ ᠎ᠢ ᠡᠷᠭᠡ ᠦᠭᠡᠢ ᠲᠠᠳᠠᠨ᠎ᠠ᠃ ᠺᠤᠮᠫᠠᠨᠢ ᠵᠢᠨ ᠵᠠᠬᠢᠷᠤᠯ ᠪᠢᠳᠡᠨ᠎ᠳᠤ ᠤᠢᠰᠤᠨ ᠵᠢᠷᠤᠬ ᠬᠢᠭᠦ ᠭᠠᠷ ᠤᠷᠠᠯᠠᠯ᠎ᠤᠨ ᠰᠤᠶᠤᠯ ᠲᠡᠤᠭᠡ᠂  ᠤᠷ᠎ᠠ ᠮᠡᠷᠭᠡᠵᠢᠯ᠂ ᠵᠠᠬ᠎ᠠ ᠲᠡᠯᠭᠡᠭᠦᠷ᠎ᠭᠡᠬᠦᠴᠢᠯᠡᠨ ᠡᠷᠳᠡᠨ ᠡᠳᠦᠭᠡᠭᠢ ᠪᠠᠢᠳᠠᠯ ᠡᠴᠡ ᠨᠠᠷᠢᠯᠢᠭ ᠲᠠᠨᠢᠯᠴᠠᠭᠤᠯᠵᠦ᠂ ᠦᠨ᠎ᠠ ᠦᠷᠳᠡᠭ᠎ᠢ ᠨᠢ ᠶᠠᠷᠢᠵᠦ ᠦᠭᠭᠦᠯ᠎ᠠ᠃

ᠠᠵᠤ ᠠᠬᠤᠢᠯᠠᠯ᠎ᠨᠢ ᠪᠣᠳᠠᠰ᠎ᠤᠨ ᠪᠤᠰᠤ ᠰᠣᠶᠣᠯ᠎ᠤᠨ ᠥᠪ ᠪᠤᠯᠬᠤ ᠤᠢᠰᠤᠨ ᠵᠢᠷᠤᠭ᠎ᠢᠶᠠᠷ ᠠᠴᠢᠶᠠᠯᠠᠪᠤᠷᠢ ᠪᠣᠯᠭᠠᠵᠤ᠂ ᠴᠢᠳᠠᠪᠤᠷᠢᠲᠠᠨ ᠬᠥᠮᠥᠵᠢᠭᠦᠯᠬᠦ ᠲᠠᠢ ᠤᠶᠠᠯᠳᠤᠭᠤᠯᠤᠨ᠂ ᠰᠣᠶᠣᠯ᠎ᠤᠨ ᠤᠯᠠᠮᠵᠢᠯᠠᠯ ᠎ᠢ ᠠᠬᠢᠭᠤᠯᠵᠤ᠂ ᠲᠤᠬᠠᠢ ᠵᠢᠨ ᠭᠠᠵᠠᠷ᠎ᠤᠨ ᠣᠯᠠᠨ ᠲᠦᠮᠡᠨ ᠳ᠋ᠤ ᠮᠡᠷᠭᠡᠵᠢᠯ᠎ᠤᠨ ᠵᠢᠯᠤᠭᠤᠳᠤᠯᠭ᠎ᠠ ᠬᠠᠩᠭᠠᠨ᠂ ᠤᠷᠤᠯᠭ᠎ᠠ ᠪᠠᠨ ᠨᠡᠮᠡᠭᠳᠡᠭᠦᠯᠦᠨ ᠪᠠᠶᠠᠵᠢᠨ ᠴᠢᠨᠡᠭᠡᠯᠢᠭᠵᠢᠬᠦ ᠵᠢ ᠠᠬᠢᠭᠤᠯᠵᠦ᠂ ᠣᠯᠠᠨ ᠲᠦᠮᠡᠨ᠎ᠢ ᠬᠥᠲᠥᠯᠥᠨ ᠵᠢᠯᠤᠭᠣᠳᠴᠤ ᠪᠠᠢᠭᠠᠳ ᠴᠡᠴᠡᠭᠯᠡᠨ ᠬᠥᠭᠵᠢᠬᠦ ᠵᠠᠮ᠎ᠢᠶᠠᠷ ᠵᠠᠮᠨᠠᠵᠤ ᠪᠠᠢᠨ᠎ᠠ᠃ 2017 ᠣᠨ᠎ᠳᠤ 《ᠪᠠᠯᠢᠩ ᠪᠠᠯᠭᠠᠰᠤᠨ᠎ᠤ ᠶᠠᠳᠠᠭᠤ᠎ᠠᠴᠠ ᠠᠩᠭᠢᠵᠢᠷᠠᠭᠤᠯᠬᠤ ᠣᠶᠤᠨ᠎ᠢ ᠲᠡᠳᠬᠦᠬᠦ ᠠᠵᠢᠯ ᠣᠯᠭᠣᠯᠲᠠ᠎ᠶᠢᠨ ᠰᠠᠭᠤᠷᠢᠨ》 ᠎ᠢ᠋ ᠪᠠᠢᠭᠤᠯᠤᠭᠰᠠᠨ᠎ᠠᠴᠠ ᠨᠠᠭᠠᠰᠢ᠂ ᠠᠵᠤ ᠠᠬᠤᠢᠯᠠᠯ ᠨᠢ ᠤᠯᠠᠭᠠᠨᠬᠣᠲᠠ᠂ ᠬᠥᠬᠡᠬᠣᠲᠠ ᠵᠢᠴᠢ ᠪᠡᠭᠡᠵᠢᠩ ᠬᠣᠲᠠ᠎ᠳᠤ ᠣᠯᠠᠨ ᠤᠳᠠᠭ᠎ᠠ ᠪᠣᠯᠪᠠᠰᠤᠷᠠᠯ ᠡᠷᠭᠢᠯᠡᠵᠦ᠂ 1000 ᠭᠠᠷᠤᠢ ᠬᠦᠮᠦᠨ᠎ᠳᠤ ᠪᠤᠯᠪᠠᠰᠤᠷᠠᠯ ᠬᠦᠷᠲᠡᠭᠡᠵᠡᠢ᠃ ᠡᠭᠦᠨ᠎ᠳᠦ ᠰᠤᠷᠤᠯᠭ᠎ᠠ ᠲᠡᠭᠦᠰᠦᠭᠰᠡᠨ 100 ᠭᠠᠷᠤᠢ ᠰᠣᠷᠣᠭ᠍ᠴᠢ  ᠲᠤᠰ ᠺᠣᠮᠫᠠᠨᠢ᠎ᠲᠠᠢ ᠣᠷᠳᠣ᠌ ᠬᠤᠭᠤᠴᠠᠭᠠᠳᠤ ᠪᠤᠷᠤᠯᠠᠭᠤᠯᠭ᠎ᠠ ᠵᠢᠨ ᠭᠡᠷ᠎ᠡ ᠲᠣᠭᠲᠠᠵᠤ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠬᠦᠴᠦᠨ ᠨᠡᠮᠡᠷᠢᠯᠡᠵᠦ ᠪᠠᠢᠨ᠎ᠠ᠃

ᠤᠢᠰᠤᠨ ᠵᠢᠷᠤᠭ᠎ᠤᠨ ᠬᠤᠳᠠ ᠵᠢᠨ ᠳᠡᠰ᠎ᠤᠨ ᠪᠣᠳᠠᠰ ᠎ᠤᠨ ᠪᠤᠰᠤ ᠰᠣᠶᠣᠯ ᠎ᠤᠨ ᠥᠪ ᠎ᠦᠨ ᠤᠯᠠᠮᠵᠢᠯᠠᠭ᠍ᠴᠢ ᠶᠠᠩ ᠮᠧᠩ ᠎ᠤᠨ ᠲᠠᠨᠢᠯᠴᠠᠭᠤᠯᠤᠭᠰᠠᠨ᠎ᠢᠶᠠᠷ᠂ ᠤᠢᠰᠤᠨ ᠵᠢᠷᠤᠭ 2018 ᠣᠨ᠎ᠤ ᠡᠴᠦᠰ᠎ᠲᠦ ᠥᠪᠡᠷᠲᠡᠭᠡᠨ ᠵᠠᠰᠠᠬᠤ ᠣᠷᠣᠨ᠎ᠤ ᠪᠣᠳᠠᠰ᠎ᠤᠨ ᠪᠤᠰᠤ ᠰᠣᠶᠣᠯ᠎ᠤᠨ ᠥᠪ᠎ᠦᠨ ᠰᠢᠯᠭᠠᠷᠠᠭᠤᠯᠤᠯᠲᠠ᠎ᠳᠤ ᠪᠠᠲᠤᠯᠠᠭᠳᠠᠵᠤ᠂ 2019 ᠣᠨ᠎ᠳᠤ᠂ ᠪᠡᠭᠡᠵᠢᠩ᠎ᠤᠨ ᠬᠠᠭᠠᠨ᠎ᠤ ᠣᠷᠳᠣᠨ ᠳ᠋ᠤ ᠪᠤᠯᠤᠭᠰᠠᠨ ᠨᠡᠶ᠋ᠢᠲᠡ᠎ᠶᠢᠨ ᠠᠰᠠᠷᠠᠮᠵᠢ᠎ᠶᠢᠨ ᠦᠨ᠎ᠡ ᠬᠠᠶᠠᠵᠤ ᠬᠤᠳᠠᠯᠳᠤᠬᠤ ᠬᠤᠷᠠᠯ᠂ ᠰᠢᠨ᠎ᠠ ᠲᠤᠮᠳᠠᠳᠤ ᠤᠯᠤᠰ ᠪᠠᠢᠭᠤᠯᠤᠭᠳᠠᠭᠰᠠᠨ 70 ᠵᠢᠯ᠎ᠦᠨ ᠣᠶ᠎ᠶᠢ ᠪᠡᠯᠭᠡᠯᠡᠬᠦ ᠰᠣᠨᠢᠨ ᠮᠡᠳᠡᠭᠡ ᠨᠡᠢᠲᠡᠯᠡᠬᠦ ᠬᠤᠷᠠᠯ᠎ᠤᠨ ᠥᠪᠥᠷ ᠮᠣᠩᠭᠣᠯ᠎ᠤᠨ ᠲᠤᠰᠬᠠᠢ ᠲᠠᠯᠠᠪᠠᠶ ᠬᠤᠷᠠᠯ᠎ᠳᠤ ᠤᠷᠢᠯᠭ᠎ᠠ ᠪᠡᠷ ᠣᠷᠣᠯᠴᠠᠭᠰᠠᠨ ᠪᠥᠭᠡᠳ ᠠᠯᠤᠰ ᠬᠣᠯᠠ ᠵᠢᠨ ᠲᠠᠨᠽᠠᠨᠢᠶ᠎ᠠ ᠤᠯᠤᠰ᠎ᠲᠤ ᠬᠦᠷᠴᠦ ᠳᠤᠮᠳᠠᠳᠤ ᠠᠹᠷᠢᠺᠠ᠎ᠶᠢᠨ ᠰᠣᠶᠣᠯ᠎ᠤᠨ ᠰᠣᠯᠢᠯᠴᠠᠭ᠎ᠠ᠎ᠳᠤ ᠤᠷᠤᠯᠴᠠᠪᠠ᠃ 2020 ᠣᠨ᠎ᠠᠴᠠ ᠤᠳᠤ ᠪᠣᠯᠲᠠᠯ᠎ᠠ᠂ ᠳᠤᠮᠳᠠᠳᠤ ᠤᠯᠤᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠦᠨ ᠦᠵᠡᠰᠬᠦᠯᠡᠩ᠂ ᠳᠤᠮᠳᠠᠳᠤ ᠤᠯᠤᠰ᠎ᠤᠨ ᠤᠯᠠᠨ ᠤᠯᠤᠰ᠎ᠤᠨ ᠰᠣᠶᠣᠯ᠎ᠤᠨ ᠠᠵᠤ ᠦᠢᠯᠡᠰ᠎ᠦᠨ ᠦᠵᠡᠰᠬᠦᠯᠡᠩ᠎ᠦᠨ ᠠᠷᠠᠯᠵᠢᠶᠠᠨ᠎ᠤ ᠴᠤᠭᠯᠠᠭᠠᠨ᠎ᠳᠤ 20 ᠭᠠᠷᠤᠢ ᠤᠳᠠᠭ᠎ᠠ ᠣᠷᠣᠯᠴᠠᠭᠰᠠᠨ ᠪᠠᠢᠨ᠎ᠠ᠃ ᠠᠵᠤ ᠠᠬᠤᠢᠯᠠᠯ ᠨᠢ ᠰᠣᠶᠣᠯ᠎ᠤᠨ ᠠᠭᠤᠰᠤᠯᠴᠠᠯ ᠪᠣᠯᠣᠨ ᠰᠢᠨ᠎ᠡ᠎ᠶᠢ ᠡᠭᠦᠳᠦᠨ ᠬᠦᠭᠵᠢᠭᠦᠯᠬᠦ ᠵᠢ ᠢᠮᠠᠭᠲᠠ ᠪᠠᠷᠢᠮᠲᠠᠯᠠᠵᠤ᠂ ᠤᠯᠠᠮᠵᠢᠯᠠᠯᠲᠤ ᠤᠷ᠎ᠠ ᠮᠡᠷᠭᠡᠵᠢᠯ᠎ᠢ ᠰᠣᠶᠣᠯ ᠪᠣᠯᠣᠨ ᠤᠳᠤ ᠦᠶ᠎ᠡ᠎ᠶᠢᠨ ᠠᠮᠢᠳᠤᠷᠠᠯ᠎ᠯᠤᠭ᠎ᠠ ᠤᠶᠠᠯᠳᠤᠭᠤᠯᠤᠨ᠂ ᠪᠣᠳᠠᠰ᠎ᠤᠨ ᠪᠤᠰᠤ ᠰᠣᠶᠣᠯ᠎ᠤᠨ ᠥᠪ᠎ᠦᠨ ᠪᠦᠲᠦᠭᠡᠭᠳᠡᠬᠦᠨ ᠳ᠋ᠤ ᠴᠠᠭ ᠦᠶ᠎ᠡ ᠵᠢᠨ ᠡᠯᠧᠮᠧᠨ᠋ᠲ᠎ᠢ ᠠᠭᠤᠰᠬᠠᠨ᠂ ᠨᠡᠩ ᠤᠯᠠᠨ ᠬᠥᠮᠥᠨ᠎ᠳᠦ ᠤᠢ ᠰᠢᠭᠤᠢ᠎ᠶᠢᠨ ᠵᠠᠩ ᠦᠢᠯᠡ ᠵᠢ ᠤᠢᠯᠠᠭᠠᠭᠤᠯᠵᠤ᠂ ᠤᠯᠠᠮᠵᠢᠯᠠᠯᠲᠤ ᠤᠷ᠎ᠠ ᠮᠡᠷᠭᠡᠵᠢᠯ᠎ᠤᠨ ᠷᠢᠳᠢ ᠰᠢᠳᠢ ᠵᠢ ᠰᠤᠨᠢᠷᠬᠠᠭᠤᠯᠵᠤ ᠪᠠᠢᠨ᠎ᠠ᠃

ᠷᠠᠰᠢᠶᠠᠨ ᠬᠤᠳᠠ ᠨᠢ ᠪᠠᠢᠭᠠᠯᠢ᠎ᠶᠢᠨ ᠨᠦᠬᠦᠴᠡᠯ᠎ᠤᠨ ᠳᠠᠪᠠᠭᠤᠯᠢᠭ᠋ ᠪᠠ ᠥᠪᠡᠷᠮᠢᠴᠡ ᠣᠨᠴᠠᠯᠢᠭ᠋᠎ᠲᠠᠢ ᠬᠤᠳᠠ᠎ᠶᠢᠨ ᠪᠠᠷᠢᠯᠭ᠎ᠠ᠎ᠪᠠᠷ ᠲᠦᠰᠢᠭ ᠪᠣᠯᠭᠠᠵᠤ᠂ ᠰᠣᠶᠣᠯ ᠵᠢᠭᠤᠯᠴᠢᠯᠠᠯ᠎ᠤᠨ ᠣᠢᠯᠠᠭᠠᠯᠲᠠ ᠵᠢ ᠦᠷᠭᠦᠯᠵᠢᠯᠡᠨ ᠲᠡᠰ ᠳᠡᠪᠰᠢᠭᠦᠯᠵᠦ᠂ ᠵᠢᠭᠤᠯᠴᠢᠯᠠᠭᠰᠠᠳ᠎ᠤᠨ ᠬᠦᠰᠡᠨ ᠮᠥᠷᠥᠭᠡᠳᠴᠦ ᠪᠠᠢᠭ᠎ᠠ 《ᠲᠤᠮᠤᠭ᠎ᠤᠨ ᠰᠢᠳᠢᠳᠦ ᠶᠢᠷᠲᠢᠨᠴᠦ》 ᠶ᠋ᠢ ᠬᠦᠴᠦᠯᠡᠨ ᠴᠣᠭᠴᠠᠯᠠᠨᠠᠮ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号