ᠲᠥᠷᠥ᠎ᠶ᠋ᠢᠨ ᠪᠣᠳᠣᠯᠭ᠎ᠠ ᠤᠭᠲᠠᠷᠭᠤᠢ ᠵᠢᠨ ᠣᠷᠣᠨ ᠪᠦᠰᠡ ᠠᠵᠤ ᠦᠶ᠋ᠯᠡᠰ ᠵᠡᠷᠭᠡ ᠣᠯᠠᠨ ᠲᠠᠯ᠎ᠠ ᠵᠢᠨ ᠳᠠᠪᠠᠭᠤᠯᠢᠭ ᠲᠸ᠋ ᠲᠦᠰᠢᠭᠯᠡᠨ ᠬᠥᠬᠡᠬᠣᠲᠠ ᠤᠢᠷ᠎ᠠ ᠤᠭᠲᠠᠷᠭᠤᠢ ᠵᠢᠨ ᠠᠵᠤ ᠠᠬᠤᠢ᠎ᠶ᠋ᠢᠨ ᠬᠥᠭ᠌ᠵᠢᠯᠲᠡ᠎ᠶ᠋ᠢᠨ ᠵᠢᠱ᠌ᠢᠢ᠎ᠡ ᠦᠵᠡᠭᠦᠯᠬᠦ᠌ ᠣᠷᠣᠨ᠎ᠢ᠋ ᠬᠦᠴᠦᠯᠡᠨ ᠪᠠᠢᠭᠤᠯᠤᠨ᠎ᠠ
2025-09-25 09:32:26
ᠵᠣᠬᠢᠶᠠᠭ᠍ᠴᠢ᠄
ᠵᠧᠩ ᠱᠢᠤᠸᠠᠢ ᠯᠢᠶᠠᠩ
ᠣᠩᠱᠢᠭ᠍ᠰᠠᠨ ᠣᠳᠠᠭ᠎ᠠ᠄
★★★☆☆

《ᠬᠥᠬᠡᠬᠣᠲᠠ᠎ᠶ᠋ᠢᠨ ᠪᠠᠢᠭᠠᠯᠢ᠎ᠶ᠋ᠢᠨ ᠨᠥᠬᠥᠴᠡᠯ ᠥᠪᠡᠷᠮᠢᠴᠡ᠂ ᠣᠷᠣᠨ ᠪᠠᠢᠷᠢ᠎ᠶ᠋ᠢᠨ ᠳᠠᠪᠠᠭᠤᠯᠢᠭ ᠢᠯᠡᠷᠬᠡᠢ᠂ ᠠᠵᠤ ᠦᠢᠯᠡᠰ᠎ᠦᠨ ᠰᠠᠭᠤᠷᠢ ᠪᠠᠲᠤ᠃ ᠪᠦᠬᠦ᠌ ᠤᠯᠤᠰ᠎ᠤᠨ ᠠᠩᠬᠠᠳᠠᠭ᠍ᠴᠢ ᠪᠦᠯᠦᠭ᠎ᠤᠨ ᠳᠣᠬᠢᠭᠤᠷ ᠲᠤᠯᠤᠭᠠᠨ ᠤᠳᠤ ᠵᠢᠨ ᠬᠡᠪᠴᠢᠶᠡᠵᠢᠭᠰᠡᠨ ᠬᠡᠷᠡᠭ᠌ᠯᠡᠭᠡᠨ᠎ᠦ ᠲᠤᠷᠱᠢᠯᠲᠠ᠎ᠶ᠋ᠢᠨ ᠬᠤᠳᠠ ᠪᠣᠯᠤᠭ᠍ᠰᠠᠨ᠎ᠤ ᠬᠤᠪᠢ᠎ᠳᠤ᠂ ᠬᠥᠬᠡᠬᠣᠲᠠ᠎ᠶ᠋ᠢᠨ ᠤᠭᠲᠠᠷᠭᠤᠢ ᠵᠢᠨ ᠣᠷᠣᠨ᠎ᠪᠦᠰᠡ ᠵᠢᠨ ᠡᠬᠢ ᠪᠠᠶᠠᠯᠢᠭ ᠥᠷᠭᠡᠨ ᠠᠭᠤᠳᠠᠮ᠂ ᠲᠦᠷᠦ᠍᠎ᠶ᠋ᠢᠨ ᠪᠤᠳᠤᠯᠭ᠎ᠠ᠎ᠶ᠋ᠢᠨ ᠣᠷᠴᠢᠨ ᠨᠦᠬᠦᠴᠡᠯ ᠰᠠᠢ᠌ᠨ ᠪᠠᠢᠵᠤ᠂ ᠤᠮᠠᠷᠠᠲᠤ ᠬᠢᠯᠢ᠎ᠶ᠋ᠢᠨ ᠴᠢᠬᠤᠯᠠ ᠤᠢᠷ᠎ᠠ ᠤᠭᠲᠠᠷᠭᠤᠢ ᠵᠢᠨ ᠠᠵᠤ ᠠᠬᠤᠢ᠎ᠶ᠋ᠢᠨ ᠬᠥᠭ᠌ᠵᠢᠯᠲᠡ᠎ᠶ᠋ᠢᠨ ᠵᠢᠱ᠌ᠢᠢ᠎ᠡ ᠦᠵᠡᠭᠦᠯᠬᠦ᠌ ᠣᠷᠣᠨ ᠪᠣᠯᠤᠨ ᠬᠣᠱᠢᠭᠤᠴᠢ ᠣᠷᠣᠨ᠎ᠢ ᠪᠦᠬᠦ᠌ ᠬᠦᠴᠦᠨ᠎ᠢᠶᠡᠷ᠎ᠢᠶᠡᠨ ᠡᠬᠦᠲᠤᠨ ᠪᠠᠢᠭᠤᠯᠵᠤ ᠪᠠᠢᠨ᠎ᠠ᠃ 》 ᠣᠢᠷ᠎ᠠ᠎ᠳᠤ᠂ ᠬᠦᠬᠡᠬᠤᠳᠠ ᠳ᠋ᠤ ᠶᠠᠪᠤᠭᠳᠠᠭᠰᠠᠨ 2025 ᠤᠨ᠎ᠤ  ᠤᠢᠷ᠎ᠠ ᠤᠭᠲᠠᠷᠭᠤᠢ ᠵᠢᠨ ᠠᠵᠤ ᠠᠬᠤᠶ᠎ᠶ᠋ᠢᠨ ᠴᠡᠯᠡᠭᠡᠷ ᠲᠠᠯ᠎ᠠ ᠵᠢᠨ ᠴᠤᠭᠯᠠᠭᠠᠨ ᠳᠡᠭᠡᠷ᠎ᠡ ᠬᠥᠬᠡᠬᠣᠲᠠ᠎ᠶ᠋ᠢᠨ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠳᠠ᠎ᠶ᠋ᠢᠨ ᠲᠣᠪᠴᠢᠶ᠎ᠠ ᠵᠢᠨ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ᠂ ᠲᠣᠪᠴᠢᠶᠠᠨ ᠳᠠᠷᠤᠭ᠎ᠠ ᠯᠢ ᠮᠢᠨ ᠨᠠ ᠡᠢᠨ᠎ᠬᠦ ᠲᠠᠨᠢᠯᠴᠠᠭᠤᠯᠵᠤ ᠪᠠᠢᠯ᠎ᠠ᠃

ᠣᠳᠣᠬᠠᠨ᠎ᠳᠤ᠂ ᠬᠥᠬᠡᠬᠣᠲᠠ ᠶᠠᠭ ᠤᠢᠷ᠎ᠠ ᠤᠭᠲᠠᠷᠭᠤᠢ ᠵᠢᠨ ᠠᠵᠤ ᠠᠬᠤᠶ᠂ ᠠᠭᠠᠷ᠎ᠤᠨ ᠠᠶᠠᠯᠠᠯ ᠰᠠᠨᠰᠠᠷ᠎ᠤᠨ ᠠᠶᠠᠯᠠᠯ᠎ᠢᠶᠠᠷ ᠲᠥᠯᠥᠭᠡᠯᠡᠭᠦᠯᠦᠭ᠌ᠰᠡᠨ ᠣᠲᠣ ᠦᠶ᠎ᠡ ᠎ᠶ᠋ᠢᠨ ᠲᠣᠨᠣᠭ᠍ᠯᠠᠯ ᠦᠶ᠋ᠯᠡᠳᠬᠦ᠌ ᠠᠵᠤ ᠦᠶ᠋ᠯᠡᠰ᠎ᠦᠨ ᠪᠦᠯᠦᠭ᠌ᠵᠢᠯ᠎ᠦᠨ ᠪᠥᠲᠥᠭᠡᠨ ᠪᠠᠢᠭᠤᠯᠤᠯᠲᠠ᠎ᠶ᠋ᠢ ᠪᠥᠬᠥ᠌ ᠬᠦᠴᠦᠨ᠎ᠢᠶᠡᠷ᠎ᠢᠶᠡᠨ ᠠᠬᠢᠭᠤᠯᠵᠤ᠂ ᠲᠥᠷᠥ᠎ᠶ᠋ᠢᠨ ᠪᠣᠳᠣᠯᠭ᠎ᠠ᠂ ᠤᠭᠲᠠᠷᠭᠤᠢ ᠵᠢᠨ ᠣᠷᠣᠨ ᠪᠦᠰᠡ᠂ ᠠᠵᠤ ᠦᠶ᠋ᠯᠡᠰ ᠵᠡᠷᠭᠡ ᠣᠯᠠᠨ ᠲᠠᠯ᠎ᠠ ᠵᠢᠨ ᠳᠠᠪᠠᠭᠤᠯᠢᠭ᠎ᠲᠸ᠋ ᠲᠦᠰᠢᠭᠯᠡᠨ ᠤᠢᠷ᠎ᠠ ᠤᠭᠲᠠᠷᠭᠤᠢ ᠵᠢᠨ ᠠᠵᠤ ᠠᠬᠤᠶ᠎ᠶ᠋ᠢᠨ ᠪᠠᠢᠷᠢᠱᠢᠭᠤᠯᠤᠯᠳᠠ ᠬᠢᠵᠦ ᠪᠤᠢ᠃

ᠲᠥᠷᠥ᠎ᠶ᠋ᠢᠨ ᠪᠣᠳᠣᠯᠭ᠎ᠠ᠎ᠶ᠋ᠢᠨ ᠲᠠᠯ᠎ᠠ᠎ᠪᠠᠷ᠂ ᠥᠪᠡᠷᠲᠡᠭᠡᠨ ᠵᠠᠰᠠᠬᠤ ᠣᠷᠣᠨ᠎ᠠᠴᠠ ᠬᠥᠬᠡᠬᠣᠲᠠ᠎ᠳ᠋ᠤ ᠬᠤᠳᠠᠯᠳᠤᠭᠠᠨ᠎ᠤ ᠰᠠᠨᠰᠠᠷ᠎ᠤᠨ ᠠᠶᠠᠯᠠᠯ᠎ᠤᠨ ᠠᠵᠤ ᠦᠶ᠋ᠯᠡᠰ᠎ᠦᠨ ᠰᠠᠭᠤᠷᠢᠨ᠂ ᠤᠢᠷ᠎ᠠ ᠤᠭᠲᠠᠷᠭᠤᠢ ᠵᠢᠨ ᠠᠵᠤ ᠠᠬᠤᠶ᠎ᠶ᠋ᠢᠨ ᠵᠢᠱ᠌ᠢᠶ᠎ᠡ ᠦᠵᠡᠭᠦᠯᠬᠦ᠌ ᠣᠷᠣᠨ᠎ᠤ ᠪᠠᠢᠷᠢ ᠲᠣᠭ᠍ᠲᠠᠭᠠᠯᠲᠠ ᠣᠯᠭᠣᠵᠤ᠂ ᠬᠥᠬᠡᠬᠣᠲᠠ 《ᠤᠢᠷ᠎ᠠ ᠤᠭᠲᠠᠷᠭᠤᠢ ᠵᠢᠨ ᠠᠵᠤ ᠠᠬᠤᠶ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠲᠤᠬᠠᠶ ᠬᠡᠷᠡᠭ᠌ᠵᠢᠭᠦᠯᠬᠦ᠌ ᠰᠠᠨᠠᠯ》᠂ 《ᠬᠥᠬᠡᠬᠣᠲᠠ᠎ᠶ᠋ᠢᠨ ᠤᠢᠷ᠎ᠠ ᠤᠭᠲᠠᠷᠭᠤᠢ ᠵᠢᠨ ᠠᠵᠤ ᠠᠬᠤᠶ᠎ᠶ᠋ᠢᠨ ᠠᠵᠤ ᠦᠶ᠋ᠯᠡᠰ᠎ᠦᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠭᠤᠷᠪᠠᠨ ᠵᠢᠯ᠎ᠦᠨ ᠠᠵᠢᠯᠯᠠᠭᠠᠨ᠎ᠤ ᠲᠥᠰᠦᠯ (2025 — 2027)》 ᠎ᠢ᠋ ᠨᠡᠢᠲᠡᠯᠡᠵᠠᠢ᠃ 10 ᠳ᠋ᠦᠩᠱᠢᠭᠤᠷ ᠲᠥᠭᠥᠷᠢᠭ᠎ᠦᠨ ᠠᠵᠤ ᠦᠢᠯᠡᠰ᠎ᠦᠨ ᠬᠥᠭ᠌ᠵᠢᠯᠲᠡ᠎ᠶ᠋ᠢᠨ ᠰᠠᠭᠤᠷᠢ ᠮᠥᠩᠭᠥ᠎ᠶ᠋ᠢ ᠪᠠᠢᠭᠤᠯᠵᠤ᠂ ᠤᠢᠷ᠎ᠠ ᠤᠭᠲᠠᠷᠭᠤᠢ ᠵᠢᠨ ᠠᠵᠤ ᠠᠬᠤᠢ᠎ᠳᠤ ᠮᠡᠷᠭᠡᠵᠢᠯ᠎ᠦᠨ ᠲᠤᠯᠭᠠᠭᠤᠷᠢᠯᠠᠯ᠂ ᠪᠡᠯᠡ ᠮᠥᠩᠭᠥ᠎ᠶ᠋ᠢᠨ ᠪᠠᠲᠤᠯᠠᠭ᠎ᠠ ᠬᠠᠩᠭᠠᠵᠤ ᠪᠠᠢᠨ᠎ᠠ᠃

ᠡᠨᠡ ᠵᠢᠯ᠂ ᠬᠥᠬᠡᠬᠣᠲᠠ 70 ᠲᠡᠭ᠌ᠰᠢ ᠳᠥᠷᠪᠡᠯᠵᠢᠨ ᠺᠢᠯᠣᠮᠧᠲ᠋ᠷ᠎ᠦᠨ ᠤᠭᠲᠠᠷᠭᠤᠢ ᠵᠢᠨ ᠣᠷᠣᠨ ᠪᠦᠰᠡ ᠵᠢ ᠭᠤᠶᠤᠴᠢᠯᠠᠨ ᠮᠡᠳᠡᠭᠦᠯᠵᠦ᠍᠂ 《ᠬᠥᠬᠡᠬᠣᠲᠠ᠎ᠶ᠋ᠢᠨ ᠠᠵᠤ ᠠᠬᠤᠶ ᠮᠡᠷᠭᠡᠵᠢᠯ᠎ᠦᠨ ᠨᠡᠭᠡᠭᠡᠯᠲᠡ᠎ᠶ᠋ᠢᠨ ᠲᠣᠭᠣᠷᠢᠭ᠎ᠤᠨ ᠤᠢᠷ᠎ᠠ ᠤᠭᠲᠠᠷᠭᠤᠢ ᠵᠢᠨ ᠠᠵᠤ ᠠᠬᠤᠶ᠎ᠶ᠋ᠢᠨ ᠬᠥᠭ᠌ᠵᠢᠯᠲᠡ᠎ᠶ᠋ᠢᠨ ᠲᠥᠯᠥᠪᠵᠢᠭᠦᠯᠭᠡ ᠵᠢᠴᠢ ᠴᠠᠭᠠᠨ ᠰᠤᠪᠤᠷᠭ᠎ᠠ ᠨᠢᠰᠭᠡᠯ᠎ᠦᠨ ᠪᠠᠭᠤᠳᠠᠯ᠎ᠤᠨ ᠵᠠᠯᠭᠠᠯᠳᠤᠭ᠍ᠰᠠᠨ ᠣᠷᠣᠨ᠎ᠢ ᠱᠢᠨᠡᠳᠭᠡᠨ ᠬᠥᠭ᠌ᠵᠢᠭᠦᠯᠬᠦ᠌ ᠣᠷᠣᠨ ᠵᠠᠶ᠎ᠶ᠋ᠢᠨ ᠲᠥᠯᠥᠪᠵᠢᠭᠦᠯᠭᠡ》 ᠵᠢ ᠨᠠᠢᠷᠠᠭᠤᠯᠤᠨ ᠵᠣᠬᠢᠶᠠᠵᠤ᠂ ᠤᠳᠤ ᠶᠠᠭ 《ᠬᠥᠬᠡᠬᠣᠲᠠ᠎ᠶ᠋ᠢᠨ 〈ᠠᠷᠪᠠᠨ ᠲᠠᠪᠤᠲᠤᠭᠠᠷ ᠲᠠᠪᠤᠨ ᠵᠢᠯ〉 ᠤ᠋ᠨ ᠲᠥᠯᠥᠪᠵᠢᠭᠦᠯᠭᠡ᠎ᠶ᠋ᠢᠨ ᠤᠢᠷ᠎ᠠ ᠤᠭᠲᠠᠷᠭᠤᠢ ᠵᠢᠨ ᠠᠵᠤ ᠠᠬᠤᠶ ᠵᠠᠮ ᠬᠠᠷᠢᠯᠴᠠᠭᠠᠨ᠎ᠤ ᠠᠵᠢᠯ ᠲᠥᠷᠥᠯ᠎ᠦᠨ ᠬᠥᠭ᠌ᠵᠢᠯᠲᠡ᠎ᠶ᠋ᠢᠨ ᠲᠤᠰᠭᠠᠶ ᠰᠡᠳᠦᠪ》᠎ᠢ᠋ ᠨᠠᠢᠷᠠᠭᠤᠯᠤᠨ ᠲᠤᠭᠤᠷᠪᠢᠵᠤ ᠪᠠᠢᠨ᠎ᠠ᠃

ᠬᠥᠬᠡᠬᠣᠲᠠ ᠰᠠᠨᠰᠠᠷ᠎ᠤᠨ ᠠᠶᠠᠯᠠᠯ᠎ᠤᠨ ᠠᠵᠤ ᠠᠬᠤᠶ᠎ᠶ᠋ᠢᠨ ᠨᠡᠭᠡᠭᠡᠯᠲᠡ᠎ᠶ᠋ᠢᠨ ᠣᠷᠣᠨ ᠵᠡᠷᠭᠡ ᠠᠵᠤ ᠦᠶ᠋ᠯᠡᠰ᠎ᠦᠨ ᠬᠣᠱᠢᠭᠤᠴᠢ ᠣᠷᠣᠨ᠎ᠢ ᠪᠠᠢᠭᠤᠯᠵᠤ᠂ ᠪᠥᠬᠥ᠌ ᠣᠷᠣᠨ᠎ᠤ ᠠᠩᠬᠠᠳᠠᠭ᠍ᠴᠢ ᠤᠢᠷ᠎ᠠ ᠤᠭᠲᠠᠷᠭᠤᠢ ᠵᠢᠨ ᠠᠵᠤ ᠠᠬᠤᠶ᠎ᠶ᠋ᠢᠨ ᠠᠵᠤ ᠦᠶ᠋ᠯᠡᠰ᠎ᠦᠨ ᠬᠦᠷᠢᠶᠡᠯᠡᠩ᠎ᠢ ᠪᠥᠲᠥᠭᠡᠨ ᠪᠠᠢᠭᠤᠯᠵᠤ᠂ 37 ᠤᠢᠷ᠎ᠠ ᠤᠭᠲᠠᠷᠭᠤᠢ ᠵᠢᠨ ᠠᠵᠤ ᠠᠬᠤᠶ᠎ᠶ᠋ᠢᠨ ᠠᠵᠤ ᠠᠬᠤᠢᠯᠠᠯ᠎ᠢ ᠣᠷᠣᠭᠤᠯᠤᠨ ᠠᠪᠴᠢᠷᠠᠵᠤ᠂ ᠳᠤᠮᠳᠠ ᠵᠢᠭᠦᠷᠲᠤ ᠤᠢᠷ᠎ᠠ ᠤᠭᠲᠠᠷᠭᠤᠢ᠂ ᠵᠥᠬᠡᠶ᠎ᠶ᠋ᠢᠨ ᠡᠭᠦᠷᠲᠤ ᠰᠠᠨᠰᠠᠷ᠎ᠤᠨ ᠠᠶᠠᠯᠠᠯ᠂ ᠰᠠᠨᠰᠠᠷ᠎ᠤᠨ ᠬᠠᠮᠠᠭᠠᠯᠠᠯᠲᠠ᠎ᠶ᠋ᠢᠨ ᠠᠵᠢᠯ ᠵᠡᠷᠭᠡ 10 ᠨᠢᠰᠦᠭᠦᠷ᠎ᠦᠨ ᠶᠡᠷᠦᠩᠬᠡᠶ ᠤᠭ᠍ᠰᠠᠷᠠᠨ ᠦᠶ᠋ᠯᠡᠳᠬᠦ᠌ ᠲᠥᠷᠥᠯ ᠵᠦᠶ᠋ᠯ᠎ᠢ ᠨᠠᠢᠳᠠᠪᠤᠷᠢᠵᠢᠭᠤᠯᠵᠤ᠂ ᠪᠥᠬᠥ᠌ ᠲᠥᠷᠥᠯ ᠵᠦᠶ᠋ᠯ᠎ᠢ ᠠᠱᠢᠭ᠍ᠯᠠᠯᠲᠠ᠎ᠳᠤ ᠣᠷᠣᠭᠤᠯᠤᠭ᠍ᠰᠠᠨ᠎ᠤ ᠳᠠᠷᠠᠭ᠎ᠠ᠂ ᠵᠢᠯᠣᠭᠣᠴᠢ ᠥᠬᠡᠶ ᠨᠢᠰᠭᠡᠯ᠎ᠦᠨ ᠵᠢᠯ᠎ᠦᠨ ᠦᠶ᠋ᠯᠡᠳᠪᠦᠷᠢᠯᠡᠬᠦ᠌ ᠴᠢᠳᠠᠪᠤᠷᠢ ᠨᠢ 5000 ᠎ᠳ᠋ᠤ ᠬᠥᠷᠬᠥ᠌ ᠪᠣᠯᠤᠨ᠎ᠠ᠃

ᠡᠭᠦᠨ᠎ᠡᠴᠡ ᠭᠠᠳᠠᠨ᠎ᠠ᠂ ᠬᠥᠬᠡᠬᠣᠲᠠ ᠳᠤᠮᠳᠠᠳᠤ ᠤᠯᠤᠰ᠎ᠤᠨ ᠠᠭᠠᠷ᠎ᠤᠨ ᠠᠶᠠᠯᠠᠯ᠎ᠤᠨ ᠱᠢᠨᠵᠢᠯᠡᠬᠦ᠌ ᠤᠬᠠᠭᠠᠨ᠎ᠤ ᠬᠦᠷᠢᠶᠡᠯᠡᠩ᠂ ᠳᠤᠮᠳᠠᠳᠤ ᠤᠯᠤᠰ᠎ᠤᠨ ᠱᠢᠨᠵᠢᠯᠡᠬᠦ᠌ ᠤᠬᠠᠭᠠᠨ᠎ᠤ ᠬᠦᠷᠢᠶᠡᠯᠡᠩ᠎ᠦᠨ ᠭᠠᠵᠠᠷ ᠵᠦᠶ᠎ᠶ᠋ᠢᠨ ᠭᠠᠵᠠᠷ ᠵᠡᠷᠭᠡ᠎ᠲᠡᠶ ᠬᠠᠮᠲᠤᠷᠠᠯᠴᠠᠭ᠎ᠠ ᠥᠷᠨᠢᠭᠦᠯᠵᠦ᠍᠂ 1 ᠲᠥᠪ (ᠥᠪᠥᠷ ᠮᠣᠩᠭᠣᠯ᠎ᠤᠨ ᠤᠢᠷ᠎ᠠ ᠤᠭᠲᠠᠷᠭᠤᠢ ᠵᠢᠨ ᠠᠵᠤ ᠠᠬᠤᠶ᠎ᠶ᠋ᠢᠨ ᠱᠢᠨ᠎ᠡ᠎ᠶ᠋ᠢ ᠡᠭᠦᠳᠬᠦ᠌ ᠲᠥᠪ)᠂ 2 ᠰᠤᠳᠤᠯᠭᠠᠨ᠎ᠤ ᠬᠦᠷᠢᠶᠡᠯᠡᠩ (ᠠᠭᠠᠷ᠎ᠤᠨ ᠠᠶᠠᠯᠠᠯ᠎ᠤᠨ ᠱᠢᠨᠵᠢᠯᠡᠬᠦ᠌ ᠤᠬᠠᠭᠠᠨ᠎ᠤ ᠬᠦᠷᠢᠶᠡᠯᠡᠩ᠎ᠦᠨ ᠥᠪᠥᠷ ᠮᠣᠩᠭᠣᠯ᠎ᠤᠨ ᠤᠢᠷ᠎ᠠ ᠤᠭᠲᠠᠷᠭᠤᠢ ᠵᠢᠨ ᠠᠵᠤ ᠠᠬᠤᠶ᠎ᠶ᠋ᠢᠨ ᠰᠤᠳᠤᠯᠭᠠᠨ᠎ᠤ ᠬᠦᠷᠢᠶᠡᠯᠡᠩ᠂ ᠥᠪᠥᠷ ᠮᠣᠩᠭᠣᠯ᠎ᠤᠨ ᠤᠢᠷ᠎ᠠ ᠤᠭᠲᠠᠷᠭᠤᠢ ᠵᠢᠨ ᠠᠵᠤ ᠠᠬᠤᠶ᠎ᠶ᠋ᠢᠨ ᠰᠤᠳᠤᠯᠭᠠᠨ᠎ᠤ ᠬᠦᠷᠢᠶᠡᠯᠡᠩ) ᠂ 4 ᠲᠤᠷᠱᠢᠯᠲᠠ᠎ᠶ᠋ᠢᠨ ᠲᠠᠰᠤᠭ (ᠥᠪᠥᠷ ᠮᠣᠩᠭᠣᠯ᠎ᠤᠨ ᠤᠢᠷ᠎ᠠ ᠤᠭᠲᠠᠷᠭᠤᠢ ᠵᠢᠨ ᠠᠮᠤᠷ ᠲᠦᠪᠱᠢᠨ᠎ᠦ ᠲᠤᠷᠱᠢᠯᠲᠠ᠎ᠶ᠋ᠢᠨ ᠲᠠᠰᠤᠭ᠂ ᠬᠥᠬᠡᠬᠣᠲᠠ᠎ᠶ᠋ᠢᠨ ᠤᠢᠷ᠎ᠠ ᠤᠭᠲᠠᠷᠭᠤᠢ ᠵᠢᠨ ᠨᠢᠰᠦᠯᠲᠡ᠎ᠶ᠋ᠢ ᠬᠢᠨᠠᠨ ᠬᠡᠮᠵᠢᠵᠦ᠍ ᠡᠵᠡᠮᠳᠡᠬᠦ᠌ ᠠᠮᠤᠷ ᠲᠦᠪᠱᠢᠨ᠎ᠦ ᠮᠡᠷᠭᠡᠵᠢᠯ᠎ᠦᠨ ᠭᠤᠤᠯᠳᠠᠯᠭ᠎ᠠ᠎ᠲᠠᠶ ᠲᠤᠷᠱᠢᠯᠲᠠ᠎ᠶ᠋ᠢᠨ ᠲᠠᠰᠤᠭ᠂ ᠬᠥᠬᠡᠬᠣᠲᠠ᠎ᠶ᠋ᠢᠨ ᠵᠢᠯᠣᠭᠣᠴᠢ ᠥᠬᠡᠶ ᠨᠢᠰᠭᠡᠯ᠎ᠦᠨ ᠭᠡᠳᠡᠷᠭᠦ᠌ ᠲᠣᠭ᠍ᠲᠠᠴᠠ᠎ᠶ᠋ᠢᠨ ᠭᠤᠤᠯᠳᠠᠯᠭ᠎ᠠ᠎ᠲᠠᠶ ᠲᠤᠷᠱᠢᠯᠲᠠ᠎ᠶ᠋ᠢᠨ ᠲᠠᠰᠤᠭ᠂ ᠬᠥᠬᠡᠬᠣᠲᠠ᠎ᠶ᠋ᠢᠨ ᠤᠢᠷ᠎ᠠ ᠤᠭᠲᠠᠷᠭᠤᠢ ᠵᠢᠨ ᠳᠡᠯᠡᠬᠡᠶ᠎ᠶ᠋ᠢᠨ ᠪᠥᠮᠪᠥᠷᠴᠡᠭ᠎ᠦᠨ ᠹᠢᠽᠢᠺ᠎ᠦᠨ ᠭᠤᠤᠯᠳᠠᠯᠭ᠎ᠠ᠎ᠲᠠᠶ ᠲᠤᠷᠱᠢᠯᠲᠠ᠎ᠶ᠋ᠢᠨ ᠲᠠᠰᠤᠭ)᠎ᠢ᠋ ᠪᠠᠢᠭᠤᠯᠵᠤ᠂ ᠤᠢᠷ᠎ᠠ ᠤᠭᠲᠠᠷᠭᠤᠢ ᠵᠢᠨ ᠠᠵᠤ ᠠᠬᠤᠶ᠎ᠶ᠋ᠢᠨ ᠬᠥᠭ᠌ᠵᠢᠯᠲᠡ᠎ᠳᠦ ᠮᠡᠷᠭᠡᠵᠢᠯ᠎ᠦᠨ ᠳᠡᠮᠵᠢᠯᠭᠡ ᠬᠠᠩᠭᠠᠪᠠ᠃

《ᠲᠠᠷᠠᠭᠠᠴᠢ᠎ᠶ᠋ᠢᠨ ᠠᠯᠬᠤᠮ᠎ᠳᠤ᠂ ᠬᠥᠬᠡᠬᠣᠲᠠ ᠥᠪᠥᠷ ᠮᠣᠩᠭᠣᠯ᠎ᠤᠨ ᠤᠢᠷ᠎ᠠ ᠤᠬᠳᠠᠷᠭᠤᠢ ᠵᠢᠨ ᠠᠵᠤ ᠠᠬᠤᠶ᠎ᠶ᠋ᠢᠨ ᠠᠵᠤ ᠦᠶ᠋ᠯᠡᠰ᠎ᠦᠨ ᠬᠦᠷᠢᠶᠡᠯᠡᠩ᠎ᠦᠨ ᠪᠥᠲᠥᠭᠡᠨ ᠪᠠᠢᠭᠤᠯᠤᠯᠲᠠ ᠪᠠᠷ ᠭᠤᠤᠯᠳᠠᠯᠭ᠎ᠠ ᠪᠣᠯᠭᠠᠵᠤ᠂ ᠲᠤᠤᠷ ᠰᠦᠯᠵᠢᠶ᠎ᠡ᠎ᠶ᠋ᠢ ᠬᠦᠴᠦᠯᠡᠨ ᠪᠦᠷᠢᠯᠳᠦᠭᠦᠯᠵᠦ᠍᠂ ᠬᠡᠯᠬᠢᠶ᠎ᠡ᠎ᠶ᠋ᠢ ᠬᠦᠴᠦᠷᠬᠡᠭ᠌ᠵᠢᠭᠦᠯᠵᠦ᠍᠂ ᠠᠬᠤᠶ ᠪᠠᠢᠳᠠᠯ᠎ᠢ ᠥᠷᠭᠡᠳᠭᠡᠨ᠎ᠡ》 ᠬᠡᠵᠤ ᠯᠢ ᠮᠢᠨ ᠨᠠ ᠬᠡᠯᠡᠪᠡ᠃

ᠰᠦᠯᠵᠢᠶ᠎ᠡ ᠵᠢ ᠪᠠᠢᠭᠤᠯᠬᠤ ᠲᠠᠯ᠎ᠠ᠎ᠪᠠᠷ᠂ ᠬᠥᠬᠡᠬᠣᠲᠠ ᠬᠠᠮᠢᠶ᠎ᠠ ᠪᠥᠬᠥᠶ ᠪᠠᠢᠭᠤᠯᠤᠮᠵᠢ᠎ᠶ᠋ᠢᠨ ᠤᠢᠷ᠎ᠠ ᠤᠬᠳᠠᠷᠭᠤᠢ ᠵᠢᠨ ᠠᠵᠤ ᠠᠬᠤᠶ᠎ᠶ᠋ᠢᠨ ᠱᠢᠨ᠎ᠡ᠎ᠶ᠋ᠢ ᠡᠭᠦᠳᠬᠦ᠌ ᠰᠤᠳᠤᠯᠭᠠᠨ᠎ᠤ ᠬᠦᠷᠢᠶᠡᠯᠡᠩ᠂ ᠡᠯᠧᠺᠲ᠋ᠷᠣᠨ ᠳᠠᠪᠲᠠᠮᠵᠢ᠎ᠶ᠋ᠢᠨ ᠵᠢᠭ᠍ᠰᠠᠯ᠎ᠤᠨ ᠰᠤᠳᠤᠯᠭᠠᠨ᠎ᠤ ᠬᠦᠷᠢᠶᠡᠯᠡᠩ᠂ ᠠᠶᠠᠯᠠᠯ᠎ᠳᠤ ᠵᠤᠬᠢᠴᠠᠬᠤ ᠵᠢ ᠬᠢᠨᠠᠨ ᠲᠣᠭ᠍ᠲᠠᠭᠠᠬᠤ ᠲᠥᠪ᠂ ᠪᠠᠢᠴᠠᠭᠠᠨ ᠱᠢᠯᠭᠠᠵᠤ ᠪᠠᠢᠴᠠᠭᠠᠨ ᠬᠡᠮᠵᠢᠬᠦ᠌ ᠲᠥᠪ᠂ ᠨᠢᠰᠦᠯᠲᠡ᠎ᠶ᠋ᠢᠨ ᠦᠶ᠋ᠯᠡᠴᠢᠯᠡᠭᠡᠨ᠎ᠦ ᠲᠥᠪ ᠵᠡᠷᠭᠡ᠎ᠶ᠋ᠢ ᠪᠠᠢᠷᠢᠱᠢᠭᠤᠯᠤᠨ ᠪᠠᠢᠭᠤᠯᠬᠤ᠎ᠶ᠋ᠢ ᠳᠡᠮᠵᠢᠵᠦ᠍᠂ ᠠᠵᠤ ᠦᠶ᠋ᠯᠡᠰ᠎ᠦᠨ ᠬᠥᠭ᠌ᠵᠢᠯᠲᠡ᠎ᠳᠦ ᠪᠡᠶ᠎ᠡ᠎ᠪᠡᠨ ᠳᠠᠭᠠᠭᠠᠭ᠍ᠰᠠᠨ ᠮᠡᠳᠡᠯᠭᠡ᠎ᠶ᠋ᠢᠨ ᠦᠮᠴᠢᠯᠡᠯ᠎ᠤᠨ ᠡᠷᠬᠡ᠎ᠲᠠᠢ ᠤᠤᠭᠠᠯ ᠡᠭᠦᠳᠦᠯᠲᠡ᠎ᠶ᠋ᠢᠨ ᠲᠤᠯᠭᠠᠭᠤᠷᠢᠯᠠᠯ ᠪᠠ ᠠᠵᠢᠯ ᠲᠥᠷᠥᠯ᠎ᠦᠨ ᠪᠠᠷᠢᠮᠵᠢᠶ᠎ᠠ᠎ᠶ᠋ᠢ ᠬᠠᠩᠭᠠᠨ᠎ᠠ᠃ ᠡᠭᠦᠨ᠎ᠦ ᠬᠠᠮᠲᠤ᠂ ᠣᠳᠣ ᠪᠠᠢᠭ᠎ᠠ ᠪᠠ ᠳᠠᠯᠳᠠ ᠪᠦᠬᠦᠢ ᠠᠭᠠᠷ᠎ᠤᠨ ᠲᠡᠭᠡᠭᠡᠪᠦᠷᠢ᠎ᠶ᠋ᠢᠨ ᠺᠣᠮᠫᠠᠨᠢ᠎ᠶ᠋ᠢᠨ ᠲᠣᠭ᠎ᠠ ᠬᠡᠮᠵᠢᠶ᠎ᠡ ᠵᠢᠴᠢ ᠲᠠᠷᠬᠠᠯᠲᠠ᠎ᠶ᠋ᠢᠨ ᠪᠠᠢᠳᠠᠯ᠎ᠤᠨ ᠲᠣᠭᠣᠷᠢᠨ᠎ᠳᠤ ᠬᠥᠬᠡᠬᠣᠲᠠ᠎ᠶ᠋ᠢᠨ ᠤᠢᠷ᠎ᠠ ᠤᠬᠳᠠᠷᠭᠤᠢ ᠵᠢᠨ ᠣᠷᠣᠨ᠎ᠪᠦᠰᠡ ᠵᠢᠨ ᠪᠣᠳᠠᠲᠤ ᠬᠡᠷᠡᠭ᠌ᠴᠡᠭᠡ᠎ᠲᠡᠶ ᠤᠶᠠᠯᠳᠤᠭᠤᠯᠤᠨ᠂ ᠬᠥᠬᠡᠬᠣᠲᠠ᠎ᠶ᠋ᠢᠨ ᠤᠢᠷ᠎ᠠ ᠤᠬᠳᠠᠷᠭᠤᠢ ᠵᠢᠨ ᠠᠵᠤ ᠠᠬᠤᠶ᠎ᠶ᠋ᠢᠨ ᠪᠣᠰᠣᠭ᠎ᠠ ᠴᠣᠭ᠍ᠴᠠᠲᠤ ᠵᠠᠮ ᠬᠠᠷᠢᠯᠴᠠᠭᠠᠨ᠎ᠤ ᠲᠣᠣᠷ᠎ᠢ ᠪᠦᠲᠦᠭᠡᠨ ᠪᠠᠢᠭᠤᠯᠵᠤ᠂ ᠤᠢᠷ᠎ᠠ ᠤᠬᠳᠠᠷᠭᠤᠢ ᠵᠢᠨ ᠲᠣᠬᠢᠷᠠᠮᠵᠢᠲᠠᠶ ᠨᠢᠰᠦᠯᠲᠡ᠎ᠶ᠋ᠢᠨ ᠣᠷᠣᠨ ᠪᠠ ᠤᠢᠷ᠎ᠠ ᠤᠬᠳᠠᠷᠭᠤᠢ ᠵᠢᠨ ᠠᠶᠠᠯᠠᠯ᠎ᠤᠨ ᠱᠤᠭᠤᠮ᠎ᠢ ᠲᠥᠷᠥᠯ ᠬᠤᠪᠢᠶᠠᠨ ᠬᠤᠪᠢᠶᠠᠷᠢᠯᠠᠨ ᠪᠠᠢᠷᠢᠯᠠᠭᠤᠯᠤᠨ᠎ᠠ᠃

ᠬᠡᠯᠬᠢᠶ᠎ᠠ ᠵᠢ ᠬᠦᠴᠦᠷᠬᠡᠭᠵᠢᠬᠦᠯᠬᠦ ᠲᠠᠯ᠎ᠠ᠎ᠪᠠᠷ᠂ ᠨᠢᠰᠦᠭᠦᠷ᠎ᠦᠨ ᠪᠦᠬᠦᠯᠢ ᠮᠠᠱᠢᠨ᠂ ᠲᠦᠭᠦᠬᠡᠶ ᠮᠠᠲ᠋ᠧᠷᠢᠶᠠᠯ ᠬᠢᠭᠡᠳ ᠲᠣᠨᠣᠭ᠍ᠯᠠᠭᠠᠰᠤ ᠵᠡᠷᠭᠡ ᠬᠦᠷᠢᠶ᠎ᠡ ᠴᠠᠷᠠᠭ᠎ᠠ᠎ᠶ᠋ᠢ ᠪᠥᠬᠥ᠌ ᠲᠠᠯ᠎ᠠ᠎ᠪᠠᠷ ᠪᠠᠢᠷᠢᠱᠢᠭᠤᠯᠵᠤ᠂  ᠮᠧᠩ ᠶᠠᠨ᠂ ᠲᠢᠶᠠᠨ ᠴᠢ ᠲᠦᠩ ᠢᠦᠶ ᠵᠡᠷᠭᠡ ᠲᠥᠷᠥᠯ ᠵᠦᠶ᠋ᠯ᠎ᠢ ᠪᠤᠳᠠᠳᠠᠢᠵᠢᠭᠤᠯᠤᠨ ᠪᠥᠲᠥᠭᠡᠨ ᠪᠠᠢᠭᠤᠯᠬᠤ᠎ᠶ᠋ᠢ ᠠᠬᠢᠭᠤᠯᠵᠤ᠂ ᠢ ᠬᠠᠩ ᠤᠶᠤᠨᠲᠤ᠂ ᠱᠢᠶᠤᠤ ᠫᠧᠩ ᠬᠣᠶ ᠲᠢᠶᠠᠨ᠂ ᠸᠠᠨ ᠹᠧᠩ ᠤᠦ ᠸᠧᠶ ᠵᠡᠷᠭᠡ ᠴᠠᠬᠢᠯᠭᠠᠨ ᠬᠥᠳᠡᠯᠭᠡᠭᠦᠷᠲᠦ ᠡᠭ᠌ᠴᠡ᠎ᠪᠡᠷ ᠨᠢᠰᠴᠦ᠍ ᠪᠠᠭᠤᠬᠤ ᠨᠢᠰᠦᠭᠦᠷ (eVTOL) ᠤ᠋ᠨ ᠬᠦᠷᠢᠶᠡᠨ ᠳ᠋ᠡᠬᠢ ᠬᠥᠲᠥᠴᠢ ᠠᠵᠤ ᠠᠬᠤᠢᠯᠠᠯ᠎ᠦᠨ ᠲᠤᠭᠤᠷᠢᠨ ᠳ᠋ᠤ ᠵᠠᠯᠭᠠᠯᠳᠤᠭᠤᠯᠤᠨ ᠣᠷᠣᠭᠤᠯᠤᠨ ᠠᠪᠴᠢᠷᠠᠬᠤ ᠠᠵᠢᠯ᠎ᠢ ᠥᠷᠨᠢᠭᠦᠯᠵᠦ᠍᠂ ᠰᠦᠷᠦᠭ᠌ᠯᠡᠨ ᠲᠦᠪᠯᠡᠷᠡᠬᠦ ᠭᠦᠭᠵᠢᠯᠳᠠ ᠵᠢᠨ ᠬᠠᠨᠳᠤᠰᠢ᠎ᠶ᠋ᠢ ᠪᠡᠶᠡᠯᠡᠭᠦᠯᠦᠨ᠂ ᠤᠢᠷ᠎ᠠ ᠤᠬᠳᠠᠷᠭᠤᠢ ᠵᠢᠨ ᠠᠵᠤ ᠠᠬᠤᠶ᠎ᠶ᠋ᠢᠨ ᠲᠣᠨᠣᠭ ᠲᠥᠬᠥᠭᠡᠷᠦᠮᠵᠢ ᠦᠶ᠋ᠯᠡᠳᠬᠦ᠌ ᠪᠥᠬᠥ᠌ ᠠᠵᠤ ᠦᠶ᠋ᠯᠡᠰ᠎ᠦᠨ ᠬᠡᠯᠬᠢᠶ᠎ᠡ᠎ᠶ᠋ᠢ ᠪᠥᠬᠥ᠌ ᠬᠦᠴᠦᠨ᠎ᠢᠶᠡᠷ᠎ᠢᠶᠡᠨ ᠪᠣᠶ ᠪᠣᠯᠭᠠᠨ᠎ᠠ᠃

ᠠᠬᠤᠶ ᠪᠠᠢᠳᠠᠯ᠎ᠢ ᠥᠷᠭᠡᠳᠭᠡᠬᠦ᠌ ᠲᠠᠯ᠎ᠠ᠎ᠪᠠᠷ᠂ ᠲᠠᠷᠢᠮᠠᠯ ᠤᠷᠭᠤᠮᠠᠯ᠎ᠤᠨ ᠬᠠᠮᠠᠭᠠᠯᠠᠯᠲᠠ᠂ ᠪᠡᠯᠴᠢᠭᠡᠷᠯᠡᠭᠦᠯᠦᠨ ᠮᠠᠯᠵᠢᠬᠤ᠎ᠶ᠋ᠢ ᠴᠠᠭᠠᠵᠠᠯᠠᠬᠤ ᠵᠡᠷᠭᠡ ᠤᠯᠠᠮᠵᠢᠯᠠᠯᠲᠤ ᠬᠡᠷᠡᠭ᠌ᠯᠡᠭᠡᠨ᠎ᠦ ᠵᠢᠱ᠌ᠢᠶ᠎ᠡ ᠦᠵᠡᠭᠦᠯᠬᠦ᠌ ᠠᠵᠢᠯ᠎ᠢ ᠰᠠᠢᠲᠤᠷ ᠬᠢᠭ᠌ᠰᠡᠨ ᠰᠠᠭᠤᠷᠢᠨ ᠳᠡᠭᠡᠷ᠎ᠡ᠂ ᠪᠠᠴᠢᠮ ᠪᠠᠢᠳᠠᠯ᠎ᠢ ᠠᠷᠭᠠᠴᠠᠭᠠᠨ ᠱᠢᠶ᠋ᠳᠪᠦᠷᠢᠯᠡᠬᠦ᠌᠂ ᠤᠢᠷ᠎ᠠ ᠤᠬᠳᠠᠷᠭᠤᠢ ᠵᠢᠨ ᠵᠢᠭᠤᠯᠴᠢᠯᠠᠯ ᠵᠡᠷᠭᠡ ᠱᠢᠨ᠎ᠡ ᠠᠬᠤᠶ ᠪᠠᠢᠳᠠᠯ ᠎ᠢ ᠤᠯᠠᠮ ᠨᠢᠭᠡ ᠠᠯᠬᠤᠮ ᠥᠷᠭᠡᠳᠭᠡᠨ᠎ᠡ᠃ ᠪᠥᠬᠥ᠌ ᠣᠷᠣᠨ ᠵᠠᠶ᠎ᠳᠠᠬᠢ ᠬᠥᠮᠦᠨ ᠥᠯᠥ᠍ ᠬᠡᠷᠡᠭ᠌ᠯᠡᠬᠦ᠌ ᠱᠢᠰᠲ᠋ᠧᠮ᠎ᠦᠨ ᠪᠠᠢᠭᠤᠯᠤᠯᠲᠠ᠎ᠶ᠋ᠢ ᠵᠣᠷᠢᠭ᠍ᠵᠢᠭᠤᠯᠤᠨ ᠠᠬᠢᠭᠤᠯᠵᠤ᠂ ᠠᠭᠠᠷ ᠤᠬᠳᠠᠷᠭᠤᠢ ᠪᠠ ᠭᠠᠵᠠᠷ ᠲᠡᠭᠡᠷᠡᠬᠢ᠎ᠬᠠᠮᠵᠢᠯᠴᠠᠬᠰᠠᠨ ᠵᠠᠮ ᠬᠠᠷᠢᠯᠴᠠᠭᠠᠨ᠎ᠤ ᠱᠢᠨ᠎ᠡ ᠡᠵᠡᠩᠨᠡᠯᠲᠡ᠎ᠶ᠋ᠢᠨ ᠬᠡᠯᠪᠡᠷᠢ ᠪᠠᠢᠳᠠᠯ᠎ᠢ ᠰᠦᠪᠡᠭ᠌ᠴᠢᠯᠡᠨ ᠬᠥᠭ᠌ᠵᠢᠭᠦᠯᠦᠨ᠎ᠡ᠃ 《ᠬᠥᠬᠡᠬᠣᠲᠠ ᠪᠤᠭᠤᠲᠤ ᠣᠷᠳᠣᠰ ᠤᠯᠠᠭᠠᠨᠴᠠᠪ》᠎ᠦ᠋ᠨ ᠭᠤᠤᠯ ᠴᠠᠭᠠᠷᠢᠭ᠎ᠤᠨ ᠤᠢᠷ᠎ᠠ ᠤᠬᠳᠠᠷᠭᠤᠢ ᠵᠢᠨ ᠨᠢᠰᠦᠯᠲᠡ᠎ᠶ᠋ᠢᠨ ᠦᠶ᠋ᠯᠡᠴᠢᠯᠡᠭᠡᠨ᠎ᠦ ᠲᠤᠤᠷ᠎ᠢ ᠰᠦᠪᠡᠭ᠌ᠴᠢᠯᠡᠨ ᠪᠠᠢᠭᠤᠯᠵᠤ᠂ ᠤᠮᠠᠷᠠᠲᠤ ᠬᠢᠯᠢ᠎ᠶ᠋ᠢᠨ ᠭᠠᠵᠠᠷ ᠣᠷᠣᠨ᠎ᠤ ᠴᠢᠬᠤᠯᠠ ᠪᠥᠬᠥᠶ ᠤᠢᠷ᠎ᠠ ᠤᠬᠳᠠᠷᠭᠤᠢ ᠵᠢᠨ ᠠᠵᠤ ᠠᠬᠤᠶ᠎ᠶ᠋ᠢᠨ ᠬᠥᠭ᠌ᠵᠢᠯᠲᠡ᠎ᠶ᠋ᠢᠨ ᠵᠢᠱ᠌ᠢᠶ᠎ᠡ ᠦᠵᠡᠭᠦᠯᠬᠦ᠌ ᠣᠷᠣᠨ ᠪᠠ ᠬᠣᠱᠢᠭᠤᠴᠢ ᠣᠷᠣᠨ᠎ᠢ ᠪᠥᠬᠥ᠌ ᠬᠦᠴᠦᠨ᠎ᠢᠶᠡᠷ᠎ᠢᠶᠡᠨ ᠴᠣᠭ᠍ᠴᠠᠯᠠᠨ ᠪᠠᠢᠭᠤᠯᠵᠤ᠂ 2027 ᠣᠨ ᠪᠣᠯᠬᠤ᠎ᠳᠤ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠢᠷ᠎ᠠ ᠤᠬᠳᠠᠷᠭᠤᠢ ᠵᠢᠨ ᠠᠵᠤ ᠠᠬᠤᠶ᠎ᠶ᠋ᠢᠨ ᠵᠢᠱ᠌ᠢᠶ᠎ᠡ ᠦᠵᠡᠭᠦᠯᠬᠦ᠌ ᠣᠷᠣᠨ》 ᠢ᠋  ᠬᠦᠴᠦᠯᠡᠨ ᠪᠠᠢᠭᠤᠯᠵᠤ᠂ 2030 ᠣᠨ ᠪᠣᠯᠬᠤ᠎ᠳᠤ ᠪᠥᠬᠥ᠌ ᠣᠷᠣᠨ ᠴᠢᠨᠠᠭ᠍ᠰᠢᠯᠠᠪᠠᠯ ᠪᠥᠬᠥ᠌ ᠤᠯᠤᠰ᠎ᠤᠨ ᠤᠢᠷ᠎ᠠ ᠤᠬᠳᠠᠷᠭᠤᠢ ᠵᠢᠨ ᠠᠵᠤ ᠠᠬᠤᠶ᠎ᠶ᠋ᠢᠨ ᠬᠥᠭ᠌ᠵᠢᠯᠲᠡ᠎ᠶ᠋ᠢᠨ ᠱᠢᠨ᠎ᠡ ᠥᠨᠳᠥᠷᠯᠢᠭ᠎ᠢ ᠴᠣᠭ᠍ᠴᠠᠯᠠᠨ ᠪᠠᠢᠭᠤᠯᠤᠨ᠎ᠠ᠃

ᠰᠤᠷᠪᠤᠯᠵᠢᠯᠠᠭ᠍ᠴᠢ᠎ᠶ᠋ᠢᠨ ᠣᠢᠯᠠᠭᠠᠭ᠍ᠰᠠᠨ᠎ᠢᠶᠠᠷ᠂ 2025 ᠤᠨ᠎ᠤ ᠤᠢᠷ᠎ᠠ ᠤᠬᠳᠠᠷᠭᠤᠢ ᠵᠢᠨ ᠠᠵᠤ ᠠᠬᠤᠶ᠎ᠶ᠋ᠢᠨ ᠴᠡᠯᠡᠭᠡᠷ ᠲᠠᠯ᠎ᠠ᠎ᠶ᠋ᠢᠨ ᠴᠤᠭᠯᠠᠭᠠᠨ᠎ᠢ ᠱᠢᠨᠬᠤᠸᠠ ᠰᠦᠯᠵᠢᠶ᠎ᠡ᠂ ᠱᠢᠨᠬᠤᠸᠠ ᠬᠣᠷᠢᠶ᠎ᠠ ᠵᠢᠨ ᠥᠪᠥᠷ ᠮᠣᠩᠭᠣᠯ᠎ᠤᠨ ᠬᠤᠪᠢᠶᠠᠷᠢ ᠬᠣᠷᠢᠶ᠎ᠠ᠂ ᠥᠪᠥᠷ ᠮᠣᠩᠭᠣᠯ᠎ᠤᠨ ᠶᠡᠬᠡ ᠰᠤᠷᠭᠠᠭᠤᠯᠢ᠂ ᠥᠪᠥᠷ ᠮᠣᠩᠭᠣᠯ᠎ᠤᠨ ᠠᠵᠤ ᠦᠶ᠋ᠯᠡᠳᠪᠦᠷᠢ᠎ᠶ᠋ᠢᠨ ᠶᠡᠬᠡ ᠰᠤᠷᠭᠠᠭᠤᠯᠢ᠂ ᠳᠤᠮᠳᠠᠳᠤ ᠤᠯᠤᠰ᠎ᠤᠨ ᠱᠢᠯᠵᠢᠭᠡ ᠮᠡᠳᠡᠭᠡ ᠬᠣᠯᠪᠣᠭᠠᠨ᠎ᠤ ᠪᠦᠯᠦᠭ᠌ᠯᠡᠯ᠎ᠦᠨ ᠥᠪᠥᠷ ᠮᠣᠩᠭᠣᠯ᠎ᠤᠨ ᠬᠢᠵᠠᠭᠠᠷᠲᠤ ᠺᠣᠮᠫᠠᠨᠢ ᠬᠠᠮᠲᠤᠷᠠᠨ ᠡᠷᠭᠢᠯᠡᠪᠡ᠃ ᠬᠤᠷᠠᠯ ᠳᠡᠭᠡᠷ᠎ᠡ᠂ 《ᠤᠮᠠᠷᠠᠲᠤ ᠬᠢᠯᠢ᠎ᠶ᠋ᠢᠨ ᠠᠭᠠᠷ᠎ᠤᠨ ᠠᠶᠠᠯᠠᠯ᠎ᠤᠨ ᠬᠥᠨᠳᠡᠢ᠎ᠶ᠋ᠢᠨ ᠤᠢᠷ᠎ᠠ ᠤᠬᠳᠠᠷᠭᠤᠢ ᠵᠢᠨ ᠠᠵᠤ ᠠᠬᠤᠢ᠎ᠶ᠋ᠢᠨ ᠠᠵᠤ ᠦᠢᠯᠡᠰ᠎ᠦᠨ ᠬᠣᠯᠪᠣᠭ᠎ᠠ》 ᠵᠢᠩᠬᠢᠨᠢ᠎ᠪᠡᠷ ᠪᠠᠢᠭᠤᠯᠤᠭ᠍ᠳᠠᠵᠤ᠂ ᠲᠤᠰ ᠬᠣᠯᠪᠣᠭ᠎ᠠ᠎ᠶ᠋ᠢ ᠳᠤᠮᠳᠠᠳᠤ ᠤᠯᠤᠰ᠎ᠤᠨ ᠱᠢᠯᠵᠢᠭᠡ ᠴᠢᠮᠡᠭᠡ ᠬᠣᠯᠪᠣᠭᠠᠨ᠎ᠤ ᠪᠦᠯᠦᠭ᠌ᠯᠡᠯ᠎ᠦᠨ ᠥᠪᠥᠷ ᠮᠣᠩᠭᠣᠯ᠎ᠤᠨ ᠬᠢᠵᠠᠭᠠᠷᠲᠤ ᠺᠣᠮᠫᠠᠨᠢ᠂ ᠥᠪᠥᠷ ᠮᠣᠩᠭᠣᠯ᠎ᠤᠨ ᠶᠡᠬᠡ ᠰᠤᠷᠭᠠᠭᠤᠯᠢ᠂ ᠥᠪᠥᠷ ᠮᠣᠩᠭᠣᠯ᠎ᠤᠨ ᠠᠵᠤ ᠦᠢᠯᠡᠳᠪᠦᠷᠢ᠎ᠶ᠋ᠢᠨ ᠶᠡᠬᠡ ᠰᠤᠷᠭᠠᠭᠤᠯᠢ ᠵᠡᠷᠭᠡ ᠣᠷᠣᠨ᠎ᠤ ᠳᠣᠲᠣᠨ᠎ᠠ ᠭᠠᠳᠠᠨᠠᠬᠢ 14 ᠳᠠᠭᠠᠭᠤᠯᠤᠭ᠍ᠴᠢ ᠠᠵᠤ ᠠᠬᠤᠢᠯᠠᠯ᠂ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠪᠠᠢᠭᠤᠯᠤᠮᠵᠢ ᠪᠣᠯᠤᠨ ᠶᠡᠬᠡ ᠳᠡᠭᠡᠳᠦ ᠰᠤᠷᠭᠠᠭᠤᠯᠢ ᠬᠠᠮᠲᠤ᠎ᠪᠠᠷ ᠡᠭᠦᠰᠭᠡᠨ ᠪᠠᠢᠭᠤᠯᠵᠤ᠂ ᠳᠠᠪᠠᠭᠤᠯᠢᠭ ᠡᠬᠢ ᠪᠠᠶᠠᠯᠢᠭ᠎ᠢᠶᠠᠨ ᠨᠡᠢᠳᠭᠡᠵᠦ᠍᠂ ᠤᠢᠷ᠎ᠠ ᠤᠬᠳᠠᠷᠭᠤᠢ ᠵᠢᠨ ᠠᠵᠤ ᠠᠬᠤᠢ᠎ᠶ᠋ᠢᠨ ᠪᠦᠬᠦ᠌ ᠠᠵᠤ ᠦᠢᠯᠡᠰ᠎ᠦᠨ ᠬᠡᠯᠬᠢᠶ᠎ᠡ᠎ᠶ᠋ᠢᠨ ᠬᠠᠮᠵᠢᠯᠴᠠᠨ ᠬᠥᠭ᠌ᠵᠢᠬᠦ᠌ ᠱᠢᠨ᠎ᠡ ᠪᠠᠢᠷᠢᠱᠢᠯ᠎ᠢ ᠪᠠᠢᠭᠤᠯᠵᠤ᠂ ᠥᠪᠥᠷ ᠮᠣᠩᠭᠣᠯ᠎ᠤᠨ ᠠᠵᠤ ᠠᠬᠤᠢ᠎ᠶ᠋ᠢᠨ ᠴᠢᠨᠠᠷ ᠰᠠᠢᠲᠠᠢ ᠬᠥᠭ᠌ᠵᠢᠯᠲᠡ᠎ᠳᠦ ᠱᠢᠨ᠎ᠡ ᠬᠥᠳᠡᠯᠭᠡᠬᠦ᠌  ᠬᠦᠴᠦᠨ ᠨᠡᠮᠡᠷᠢᠯᠡᠬᠦ᠌  ᠪᠣᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号