ᠨᠠᠷᠢᠯᠢᠭ᠋ ᠣᠨᠣᠴᠠᠲᠠᠢ ᠤᠰᠤᠯᠠᠬᠤ ᠣᠶᠤᠨᠴᠢ ᠰᠢᠰᠲᠧᠮ ᠎ᠢ ᠬᠡᠷᠡᠭᠯᠡᠭᠡᠳ ᠲᠦᠩᠯᠢᠶᠤᠤ ᠬᠤᠳᠠ ᠳᠠᠷᠢᠶᠠᠯᠠᠩ ᠳ᠋ᠤ ᠬᠡᠷᠡᠭᠯᠡᠬᠦ ᠤᠰᠤᠨ᠎ᠤ ᠬᠡᠮᠵᠢᠶ᠎ᠡ ᠵᠢ 40% ᠪᠡᠷ ᠪᠠᠭᠠᠰᠭᠠᠵᠦ ᠪᠣᠷᠳᠣᠭᠤᠷ᠎ᠤᠨ ᠠᠰᠢᠭ᠍ᠯᠠᠮᠵᠢ᠎ᠶᠢ ᠳᠡᠭᠡᠭᠰᠢᠯᠡᠭᠦᠯᠥᠨ ᠲᠠᠯᠠᠪᠠᠢ ᠨᠢᠭᠡᠴᠢ᠎ᠶᠢᠨ ᠤᠨᠠᠯᠲᠠ᠎ᠶᠢ 100 ᠺᠢᠯᠣᠭ᠌ᠷᠠᠮ᠎ᠠᠴᠠ ᠳᠡᠭᠡᠭᠰᠢ ᠨᠡᠮᠡᠭᠳᠡᠭᠦᠯᠪᠠ
2025-09-28 09:35:52
ᠵᠣᠬᠢᠶᠠᠭ᠍ᠴᠢ᠄
ᠪᠤᠤ ᠴᠢᠩ ᠱᠸᠩ
ᠣᠩᠱᠢᠭ᠍ᠰᠠᠨ ᠣᠳᠠᠭ᠎ᠠ᠄
★★★☆☆

ᠠᠯᠲᠠᠨ ᠨᠠᠮᠤᠷ᠎ᠤᠨ ᠶᠢᠰᠤᠨ ᠰᠠᠷ᠎ᠠ ᠪᠡᠷ᠂ ᠰᠤᠷᠪᠤᠯᠵᠢᠯᠠᠭᠴᠢ ᠲᠦᠩᠯᠢᠶᠣᠣ ᠬᠣᠲᠠ᠎ᠶᠢᠨ ᠬᠣᠷᠴᠢᠨ ᠲᠣᠭᠣᠷᠢᠭ᠋ ᠎ᠤᠨ ᠵᠠᠭᠤᠨ ᠮᠦ᠍ ᠪᠡᠷ ᠮᠢᠩᠭᠠᠨ ᠮᠦ᠍ ᠵᠢ ᠤᠨᠤᠴᠠᠳᠠᠢ ᠡᠵᠡᠮᠳᠡᠬᠥ ᠤᠰᠤ ᠪᠣᠷᠳᠣᠭᠤᠷ ᠎ᠢ ᠠᠦ᠋ᠲ᠋ᠣᠴᠢᠯᠠᠨ ᠬᠠᠮᠢᠶᠠᠷᠬᠤ ᠰᠠᠭᠤᠷᠢᠨ ᠪᠤᠯᠬᠤ ᠴᠢᠶᠠᠨ ᠵᠢᠶᠠ ᠳ᠋ᠢᠶᠠᠨ ᠪᠠᠯᠭᠠᠰᠤᠨ ᠎ᠤ ᠰᠢᠶᠠᠩ ᠵᠢᠶᠠ ᠸᠸ ᠫᠦ᠋ ᠲᠣᠰᠬᠣᠨ᠎ᠤ ᠨᠡᠢᠭᠡᠮᠴᠢᠯᠡᠭᠰᠡᠨ ᠦᠢᠯᠡᠴᠢᠯᠡᠭᠡᠨ᠎ᠦ MAP ᠵᠢᠱ᠌ᠢᠶ᠎ᠡ ᠦᠵᠡᠭᠦᠯᠬᠦ ᠲᠠᠷᠢᠶᠠᠯᠠᠩ᠎ᠤᠨ ᠲᠠᠯᠠᠪᠠᠶ᠎ᠳᠤ ᠬᠦᠷᠬᠦ ᠎ᠳᠦ᠂ ᠡᠷᠳᠡᠨᠢ ᠰᠢᠰᠢ ᠨᠢ ᠰᠢᠷᠠᠯᠠᠵᠤ ᠪᠣᠯᠪᠠᠰᠤᠷᠠᠬᠤ ᠴᠠᠭ ᠪᠤᠯᠵᠤ᠂ ᠠᠮᠤ ᠳᠤᠰᠤᠨ ᠎ᠦ ᠰᠠᠢᠬᠠᠨ ᠦᠨᠦᠷ ᠬᠠᠩᠬᠤᠯᠵᠤ᠂ ᠲᠠᠷᠢᠶᠠᠯᠠᠩ᠎ᠤᠨ ᠲᠠᠯᠠᠪᠠᠢ᠎ᠶᠢᠨ ᠬᠦᠷᠢᠶᠡᠨ᠎ᠳᠦ 2 ᠢᠵᠢ ᠭᠦᠳᠡᠯᠦᠩᠭᠦᠢ ᠨᠠᠷᠢᠯᠢᠭ᠋ ᠣᠨᠣᠴᠠᠲᠠᠢ ᠤᠰᠤᠯᠠᠬᠤ ᠣᠶᠤᠨᠴᠢ ᠰᠢᠰᠲᠧᠮ ᠎ᠤᠨ ᠴᠢᠩᠬᠡᠯᠢᠭ ᠣᠨᠴᠠᠭᠠᠢ ᠢᠯᠡ ᠬᠠᠷᠠᠭᠳᠠᠨ᠎ᠠ᠃

《 ᠮᠠᠨ᠎ᠤ ᠨᠠᠷᠢᠯᠢᠭ᠋ ᠣᠨᠣᠴᠠᠲᠠᠢ ᠤᠰᠤᠯᠠᠬᠤ ᠤᠶᠤᠨᠴᠢ ᠰᠢᠰᠲᠧᠮ ᠬᠥᠷᠥᠰᠥ ᠰᠢᠷᠣᠢ᠎ᠶᠢᠨ ᠳᠤᠯᠠᠭᠠᠨ ᠴᠢᠭᠢᠭ᠌᠎ᠦᠨ ᠰᠡᠷᠡᠯ ᠳᠠᠮᠵᠢᠭᠤᠯᠤᠭ᠍ᠴᠢ᠎ᠶᠢᠨ ᠣᠯᠣᠭᠰᠠᠨ ᠮᠡᠳᠡᠭᠡ ᠵᠠᠩᠭᠢ ᠪᠣᠯᠣᠨ ᠨᠠᠪᠴᠢᠨ᠎ᠤ ᠪᠠᠷᠢᠭᠤᠯ᠎ᠤᠨ ᠬᠢᠨᠠᠨ ᠬᠡᠮᠵᠢᠯᠲᠡ᠎ᠶᠢᠨ ᠳ᠋ᠦᠩ ᠎ᠢ ᠦᠨᠳᠦᠰᠦᠯᠡᠨ᠂ ᠡᠷᠳᠡᠨᠢ ᠰᠢᠰᠢ ᠵᠢᠨ ᠲᠠᠷᠢᠶᠠᠨ᠎ᠳᠦ ᠲᠣᠭᠲᠠᠭᠰᠠᠨ ᠴᠠᠭ᠎ᠲᠦ ᠲᠣᠭᠲᠠᠭᠰᠠᠨ ᠬᠡᠮᠵᠢᠶ᠎ᠡ ᠪᠡᠷ ᠨᠠᠷᠢᠯᠢᠭ᠋ ᠣᠨᠣᠴᠠᠲᠠᠢ ᠤᠰᠤ ᠪᠣᠷᠳᠣᠭᠤᠷ ᠤᠷᠤᠭᠤᠯᠤᠨ᠂ ᠲᠠᠷᠢᠶᠠᠯᠠᠩ ᠦᠢᠯᠡᠳᠪᠦᠷᠢᠯᠡᠯ᠎ᠦᠨ ᠦᠷ᠎ᠡ ᠪᠦᠲᠦᠮᠵᠢ ᠪᠣᠯᠣᠨ ᠠᠷᠠᠴᠢᠯᠠᠬᠤ ᠲᠦᠪᠰᠢᠨ᠎ᠢ ᠶᠡᠬᠡ ᠎ᠪᠡᠷ ᠳᠡᠭᠡᠭᠰᠢᠯᠡᠭᠦᠯᠵᠡᠢ᠂ ᠡᠨᠡ ᠬᠦ᠌ ᠰᠢᠰᠲᠧᠮ᠎ᠢ ᠬᠡᠷᠡᠭᠯᠡᠭᠰᠡᠨ ᠡᠴᠡ ᠤᠨᠠᠯᠲᠠ ᠪᠠ ᠣᠷᠣᠯᠭ᠎ᠠ ᠎ᠶᠢ ᠨᠡᠮᠡᠭᠳᠡᠭᠦᠯᠬᠦ ᠎ᠳᠦ ᠨᠡᠩ ᠪᠠᠲᠤᠯᠠᠭ᠎ᠠ᠎ᠲᠠᠢ ᠪᠣᠯᠤᠯ᠎ᠠ》 ᠭᠡᠵᠦ ᠲᠤᠰ ᠲᠠᠷᠢᠶᠠᠯᠠᠩ ᠎ᠤᠨ ᠲᠠᠯᠠᠪᠠᠢ᠎ᠶᠢᠨ ᠳᠠᠭᠠᠭᠠᠮᠠᠯ ᠯᠢ ᠢᠦᠢ ᠬᠠᠩ ᠲᠠᠨᠢᠯᠴᠠᠭᠤᠯᠪᠠ᠃

2024 ᠣᠨ᠎ᠳᠤ᠂ ᠲᠤᠰ ᠲᠠᠷᠢᠶᠠᠯᠠᠩ᠎ᠤᠨ ᠲᠠᠯᠠᠪᠠᠶ ᠵᠥᠩ ᠬᠤᠧᠠ ᠣᠳᠣ᠌ ᠦᠶ᠎ᠡ᠎ᠶᠢᠨ ᠲᠠᠷᠢᠶᠠᠯᠠᠩ (ᠥᠪᠥᠷ ᠮᠣᠩᠭᠣᠯ)ᠤ᠋ᠨ ᠬᠢᠵᠠᠭᠠᠷᠲᠤ ᠺᠣᠮᠫᠠᠨᠢ᠂ ᠲᠦᠩᠯᠢᠶᠣᠣ ᠬᠣᠲᠠ᠎ᠶᠢᠨ ᠬᠣᠷᠴᠢᠨ ᠲᠣᠭᠣᠷᠢᠭ᠋᠎ᠤᠨ ᠬᠣᠩ ᠭᠠᠩ ᠲᠠᠷᠢᠶᠠᠯᠠᠩ᠎ᠤᠨ ᠮᠠᠰᠢᠨ ᠎ᠤ ᠲᠠᠷᠢᠮᠠᠯ᠎ᠤᠨ ᠲᠤᠰᠬᠠᠢ ᠬᠣᠷᠰᠢᠶ᠎ᠠ᠎ᠳᠤ ᠲᠦᠰᠢᠭᠯᠡᠨ᠂ 2500 ᠮᠦ᠍ ᠳᠠᠷᠢᠶᠠᠨ ᠭᠠᠵᠠᠷ ᠲᠠᠭᠠᠨ ᠤᠰᠤ ᠪᠣᠷᠳᠣᠭᠤᠷ᠎ᠤᠨ ᠣᠶᠤᠨᠴᠢ ᠡᠵᠡᠮᠰᠢᠯ᠎ᠦᠨ ᠰᠢᠰᠲᠧᠮ᠎ᠢ ᠬᠡᠷᠡᠭᠯᠡᠪᠡ᠂ ᠲᠤᠬᠠᠢᠯᠠᠪᠠᠯ ᠣᠶᠤᠨᠴᠢ ᠲᠣᠨᠣᠭ᠂ ᠪᠤᠳᠠᠰ᠎ᠤᠨ ᠬᠤᠯᠪᠤᠭᠠᠨ᠎ᠤ ᠰᠦᠯᠵᠢᠶ᠎ᠡ᠎ᠶᠢᠨ ᠲᠥᠬᠦᠭᠡᠷᠦᠮᠵᠢ᠎ᠪᠡᠷ ᠡᠷᠳᠡᠨᠢ ᠰᠢᠰᠢ᠎ᠶᠢᠨ ᠲᠠᠷᠢᠶᠠᠨ᠎ᠤ ᠪᠣᠷᠳᠣᠭᠤᠷ ᠳᠤᠲᠠᠬᠳᠠᠬᠤ ᠤᠰᠤ ᠳᠤᠲᠠᠭᠳᠠᠬᠤ᠎ᠶᠢ ᠠᠦ᠋ᠲ᠋ᠣ᠋ ᠪᠡᠷ ᠰᠡᠷᠡᠮᠵᠢᠯᠡᠭᠦᠯᠬᠦ᠎ᠶᠢᠨ ᠬᠠᠮᠲᠤ᠂ ᠠᠦ᠋ᠲ᠋ᠣ᠋ ᠪᠡᠷ ᠪᠣᠷᠳᠣᠭᠤᠷ ᠨᠡᠮᠡᠬᠦ᠂ ᠪᠠᠭ᠎ᠠ ᠤᠷᠤᠰᠬᠠᠯ ᠵᠢᠡᠷ ᠳᠤᠰᠤᠯᠠᠭᠠᠨ ᠤᠰᠤᠯᠠᠬᠤ ᠵᠠᠭᠪᠤᠷ ᠵᠡᠷᠭᠡ ᠎ᠶᠢ ᠬᠡᠷᠡᠭᠯᠡᠨ᠂ ᠤᠰᠤᠯᠠᠬᠤ ᠬᠡᠷᠡᠭᠴᠡᠭᠡ ᠵᠢ ᠥᠨᠳᠥᠰᠥᠯᠡᠨ ᠬᠠᠩᠭᠠᠬᠤ᠂ ᠰᠢᠮ᠎ᠡ ᠲᠡᠵᠢᠭᠡᠯ ᠎ᠢ ᠤᠨᠤᠴᠠᠳᠠᠢ ᠬᠦᠷᠭᠡᠬᠦ ᠶ᠋ᠢ ᠦᠨᠡᠨ ᠬᠦ᠌ ᠪᠡᠶᠡᠯᠡᠭᠦᠯᠵᠡᠢ᠃

ᠡᠨᠡ ᠬᠦ᠌ ᠰᠢᠰᠲᠧᠮ᠎ᠢ ᠬᠡᠷᠡᠭᠯᠡᠭᠰᠡᠨ ᠎ᠦ ᠳᠠᠷᠠᠭ᠎ᠠ᠂ ᠲᠤᠰ ᠲᠠᠷᠢᠶᠠᠯᠠᠩ᠎ᠤᠨ ᠲᠠᠯᠠᠪᠠᠢ ᠨᠢ 324 ᠤᠰᠤ ᠭᠠᠷᠬᠤ ᠨᠡᠭᠡᠯᠡᠭᠡᠢ᠎ᠶᠢ 31 ᠴᠠᠬᠢᠯᠭᠠᠨ ᠰᠣᠷᠢᠨᠵᠢᠨ ᠨᠡᠭᠡᠯᠡᠭᠡᠢ ᠪᠣᠯᠭᠠᠨ ᠦᠭᠡᠷᠡᠴᠢᠯᠡᠵᠦ᠂ ᠮᠠᠰᠢᠨ ᠬᠤᠳᠳᠤᠭ᠎ᠢ 18 ᠪᠠᠢᠭᠰᠠᠨ᠎ᠠᠴᠠ 8 ᠪᠣᠯᠭᠠᠨ ᠪᠠᠭᠠᠰᠬᠠᠵᠤ᠂ ᠭᠠᠵᠠᠷ ᠳᠣᠣᠷᠠᠬᠢ ᠤᠰᠤᠨ ᠭᠤᠤᠷᠰᠦ ᠪᠠ ᠭᠠᠵᠠᠷ ᠳᠡᠭᠡᠷᠡᠬᠢ ᠤᠰᠤᠨ ᠭᠤᠤᠷᠰᠦ᠎ᠶᠢ ᠴᠥᠮ ᠪᠠᠭᠠᠰᠬᠠᠨ᠂ ᠨᠢᠭᠡ ᠤᠳᠠᠭ᠎ᠠ ᠤᠰᠤᠯᠠᠬᠤ᠎ᠳᠤ ᠮᠸ᠋ ᠪᠥᠷᠢ ᠳ᠋ᠤ 13 ᠪᠤᠰᠤᠭ᠎ᠠ ᠲᠥᠷᠪᠡᠯᠵᠢᠨ ᠮᠧᠲᠷ ᠤᠰᠤ ᠬᠡᠷᠡᠭᠯᠡᠬᠦ ᠪᠤᠯᠵᠤ᠂ ᠤᠯᠠᠮᠵᠢᠯᠠᠯᠳᠥ ᠲᠤᠰᠤᠯᠠᠭᠠᠨ ᠤᠰᠤᠯᠠᠬᠤ᠎ᠲᠠᠢ ᠬᠠᠷᠢᠴᠠᠭᠤᠯᠪᠠᠯ ᠬᠡᠷᠡᠭᠯᠡᠬᠦ ᠤᠰᠤᠨ᠎ᠤ ᠬᠡᠮᠵᠢᠶ᠎ᠡ ᠵᠢ 40% ᠪᠡᠷ ᠪᠠᠭᠠᠰᠭᠠᠪᠠ᠃ ᠨᠢᠭ᠍ᠲᠠ ᠳᠠᠷᠢᠵᠤ ᠡᠯᠪᠡᠭ ᠬᠤᠷᠢᠶᠠᠬᠤ ᠮᠡᠷᠭᠡᠵᠢᠯ᠎ᠢ ᠬᠡᠷᠡᠭᠯᠡᠨ᠂ ᠳᠠᠷᠢᠬᠤ ᠨᠢᠭ᠍ᠲᠠᠴᠠ ᠵᠢ ᠮᠸ᠋ ᠪᠥᠷᠢ᠎ᠳᠤ 4000 ᠰᠠᠭᠤᠷᠢ ᠪᠠᠢᠬᠰᠠᠨ᠎ᠢ 6700 ᠰᠠᠭᠤᠷᠢ ᠪᠤᠯᠭᠠᠵᠤ᠂ 50%᠎ᠠᠴᠠ ᠳᠡᠭᠡᠭᠰᠢ ᠨᠡᠮᠡᠭᠳᠡᠭᠥᠯᠵᠠᠢ᠃ ᠤᠰᠤ ᠪᠣᠷᠳᠣᠭᠤᠷ᠎ᠢ ᠨᠢᠭᠡ ᠴᠣᠭᠴᠠᠵᠢᠭᠤᠯᠬᠤ ᠪᠡᠷ ᠳᠠᠮᠵᠢᠭᠤᠯᠤᠨ᠂ ᠰᠢᠩᠭᠡᠨ ᠪᠣᠷᠳᠣᠭᠤᠷ᠎ᠢ ᠨᠠᠷᠢᠯᠢᠭ᠋ ᠣᠨᠣᠴᠠᠲᠠᠢ᠎ᠲᠣᠬᠢᠷᠠᠭᠤᠯᠤᠨ ᠬᠡᠷᠡᠭᠯᠡᠵᠤ᠂ ᠪᠠᠭ᠎ᠠ ᠬᠡᠮᠵᠢᠶ᠎ᠡ ᠎ᠪᠡᠷ ᠤᠯᠠᠨ ᠤᠳᠠᠭ᠎ᠠ ᠪᠣᠷᠳᠣᠭᠤᠷ ᠣᠷᠣᠭᠤᠯᠬᠤ ᠠᠷᠭ᠎ᠠ ᠬᠡᠯᠪᠡᠷᠢ ᠪᠡᠷ ᠪᠣᠷᠳᠣᠭᠤᠷ ᠎ᠤᠨ ᠠᠰᠢᠭ᠍ᠯᠠᠮᠵᠢ᠎ᠶᠢ ᠳᠡᠭᠡᠭᠰᠢᠯᠡᠭᠦᠯᠥᠨ᠂ ᠪᠤᠷᠳᠤᠭᠤᠷ᠎ᠢ ᠪᠠᠭᠠᠰᠬᠠᠨ ᠦᠷ᠎ᠡ ᠠᠰᠢᠭ᠋᠎ᠢ ᠨᠡᠮᠡᠭᠳᠡᠭᠦᠯᠵᠤ᠂ ᠲᠠᠯᠠᠪᠠᠢ ᠨᠢᠭᠡᠴᠢ᠎ᠶᠢᠨ ᠤᠨᠠᠯᠲᠠ᠎ᠶᠢ 100 ᠺᠢᠯᠣᠭ᠌ᠷᠠᠮ᠎ᠠᠴᠠ ᠳᠡᠭᠡᠭᠰᠢ ᠨᠡᠮᠡᠭᠳᠡᠭᠦᠯᠬᠦ᠎ᠶᠢ ᠪᠠᠲᠤᠯᠠᠪᠠ᠃ ᠪᠥᠬᠥ ᠠᠦ᠋ᠲ᠋ᠣᠴᠢᠯᠠᠭᠰᠠᠨ ᠤᠰᠤᠯᠠᠬᠤ ᠰᠢᠰᠲᠧᠮ ᠬᠢᠭᠡᠳ ᠬᠣᠷᠴᠢᠨ ᠲᠣᠭᠣᠷᠢᠭ᠋ ᠎ᠤᠨ ᠲᠣᠭᠠᠴᠢᠯᠠᠭᠰᠠᠨ ᠲᠠᠷᠢᠶᠠᠯᠠᠩ᠎ᠤᠨ ᠲᠠᠪᠴᠠᠩ᠎ᠲᠠᠢ ᠤᠶᠠᠯᠳᠤᠭᠤᠯᠤᠨ᠂ ᠬᠥᠮᠥᠨ᠎ᠦ ᠬᠦᠴᠦᠨ ᠎ᠦ ᠥᠪᠡᠷ᠎ᠦᠨ ᠥᠷᠲᠡᠭ᠎ᠢ 70%᠎ᠡᠴᠡ ᠳᠡᠭᠡᠭᠰᠢ ᠪᠠᠭᠤᠷᠠᠭᠤᠯᠵᠤ᠂ ᠣᠳᠣᠬᠠᠨ᠎ᠳᠤ ᠲᠤᠰ ᠲᠠᠷᠢᠶᠠᠯᠠᠩ᠎ᠤᠨ ᠲᠠᠯᠠᠪᠠᠢ ᠳ᠋ᠤ 3 ᠮᠡᠷᠭᠡᠵᠢᠯᠲᠡᠨ ᠡᠳᠦᠷ ᠲᠤᠲᠤᠮ᠎ᠤᠨ ᠲᠣᠭᠣᠷᠢᠨ ᠦᠵᠡᠬᠦ ᠪᠠ ᠠᠷᠠᠴᠢᠯᠠᠵᠤ ᠲᠤᠳᠤᠮᠳᠠᠬᠤ ᠠᠵᠢᠯ᠎ᠢ ᠬᠢᠵᠦ ᠳᠡᠢᠯᠬᠦ ᠪᠤᠯᠵᠠᠢ᠃

2025 ᠣᠨ᠎ᠳᠤ᠂ ᠲᠥᠩᠯᠢᠶᠤᠤ ᠬᠤᠲᠠ ᠵᠠᠭᠤᠨ ᠮᠦ᠍ ᠪᠡᠷ ᠮᠢᠩᠭᠠᠨ ᠮᠦ᠍ ᠵᠢ ᠤᠨᠤᠴᠠᠳᠠᠢ ᠡᠵᠡᠮᠳᠡᠬᠥ ᠤᠰᠤ ᠪᠣᠷᠳᠣᠭᠤᠷ ᠎ᠢ ᠠᠦ᠋ᠲ᠋ᠣᠴᠢᠯᠠᠨ ᠬᠠᠮᠢᠶᠠᠷᠬᠤ ᠪᠡᠷ ᠵᠢᠱ᠌ᠢᠶ᠎ᠡ ᠦᠵᠡᠭᠦᠯᠦᠨ ᠬᠥᠲᠥᠯᠥᠨ ᠳᠠᠭᠠᠭᠤᠯᠵᠤ᠂ ᠤᠰᠤ ᠬᠠᠳᠠᠭᠠᠯᠠᠬᠤ ᠡᠳ᠋ ᠎ᠤ᠋ᠨ ᠲᠤᠷᠰᠢᠯᠲᠠ᠎ᠶᠢᠨ ᠣᠷᠣᠨ᠂ ᠡᠭᠥᠯᠳᠡᠷ ᠰᠣᠩᠭᠣᠬᠤ ᠲᠤᠷᠰᠢᠯᠲᠠ ᠎ᠶᠢᠨ ᠣᠷᠣᠨ᠂ ᠤᠰᠤ ᠪᠣᠷᠳᠣᠭᠤᠷ ᠎ᠤᠨ ᠥᠯᠢᠭᠡᠷ ᠬᠡᠪ᠎ᠤᠨ ᠲᠤᠷᠰᠢᠯᠲᠠ᠎ᠶᠢᠨ ᠣᠷᠣᠨ ᠵᠢᠴᠢ ᠪᠤᠰᠤᠳ ᠡᠩ ᠎ᠦᠨ ᠲᠤᠷᠰᠢᠯᠲᠠ᠎ᠶᠢᠨ ᠣᠷᠣᠨ᠎ᠢ ᠪᠠᠢᠭᠤᠯᠥᠨ᠂ ᠲᠠᠷᠢᠮᠠᠯ᠎ᠤᠨ ᠤᠨᠠᠯᠲᠠ᠂ ᠶᠠᠰᠤ ᠴᠢᠨᠠᠷ᠂ ᠦᠷ᠎ᠡ ᠠᠰᠢᠭ᠋᠎ᠢ ᠳᠡᠭᠡᠭᠰᠢᠯᠡᠬᠥᠯᠬᠥ ᠵᠢᠴᠢ ᠤᠰᠤ ᠠᠷᠪᠢᠯᠠᠬᠤ ᠪᠠ ᠪᠣᠷᠳᠣᠭᠤᠷ ᠎ᠢ ᠡᠵᠡᠮᠳᠡᠵᠤ ᠪᠣᠷᠳᠣᠭᠤᠷ ᠣᠷᠣᠭᠤᠯᠬᠤ ᠵᠠᠭᠪᠤᠷ᠎ᠢ ᠢᠳᠡᠪᠬᠢᠲᠡᠢ ᠰᠦᠪᠡᠭᠴᠢᠯᠡᠵᠦ᠂ ᠪᠥᠬᠥ ᠬᠤᠲᠠ ᠵᠢᠨ ᠲᠠᠷᠢᠶᠠᠯᠠᠩ ᠎ᠤᠨ ᠪᠣᠬᠢᠷᠲᠤᠯ ᠦᠭᠡᠢ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ ᠳ᠋ᠤ ᠬᠥᠴᠥᠨ ᠨᠡᠮᠡᠷᠢᠯᠡᠪᠡ᠃

《ᠣᠳᠣᠬᠠᠨ᠎ᠤ ᠤᠷᠭᠤᠴᠠ᠎ᠶᠢᠨ ᠪᠠᠢᠳᠠᠯ᠎ᠠᠴᠠ ᠦᠵᠡᠪᠡᠯ᠂ ᠡᠨᠡ ᠵᠢᠯ ᠮᠥᠨ ᠡᠯᠪᠡᠭ ᠬᠤᠷᠢᠶᠠᠯᠲᠠ ᠤᠯᠤᠨ᠎ᠠ᠂ ᠨᠢᠳᠤᠨᠤᠨ ᠲᠠᠷᠢᠶᠠᠯᠠᠩ ᠎ᠤᠨ ᠲᠠᠯᠠᠪᠠᠶ ᠎ᠶᠢᠨ ᠡᠷᠳᠡᠨᠢ ᠰᠢᠰᠢ᠎ᠶᠢᠨ ᠮᠦ᠍ ᠨᠢᠭᠡᠴᠢ᠎ᠶᠢᠨ ᠤᠨᠠᠯᠲᠠ 1050 ᠺᠢᠯᠣᠭ᠌ᠷᠠᠮ᠎ᠳᠤ ᠬᠦᠷᠴᠠᠢ᠂ ᠡᠨᠡ ᠵᠢᠯ ᠲᠡᠮᠳᠡᠭᠯᠡᠯ ᠎ᠢ ᠰᠢᠨᠡᠳᠭᠡᠬᠦ ᠪᠣᠯᠣᠮᠵᠢ ᠶᠡᠬᠡ ᠪᠤᠢ》 ᠭᠡᠵᠤ ᠵᠥᠩ ᠬᠤᠧᠠ ᠤᠳᠤ ᠦᠶ᠎ᠡ ᠎ᠶᠢᠨ ᠲᠠᠷᠢᠶᠠᠯᠠᠩ (ᠥᠪᠥᠷ ᠮᠣᠩᠭᠣᠯ )᠎ᠤᠨ ᠬᠢᠵᠠᠭᠠᠷᠲᠤ  ᠺᠤᠮᠫᠠᠨᠢ ᠵᠢᠨ ᠢᠨᠵᠧᠨᠧᠷ ᠱᠢ ᠨᠢᠩ ᠲᠤᠤ ᠢᠲᠡᠭᠡᠯ ᠳᠡᠭᠥᠯᠳᠡᠷ ᠶᠠᠷᠢᠵᠤ ᠪᠠᠢᠯ᠎ᠠ᠃ 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号