9 ᠰᠠᠷ᠎ᠠ᠎ᠶ᠋ᠢᠨ 21᠎ᠤ᠋ ᠡᠳᠦᠷ᠂ ᠤᠯᠠᠭᠠᠨᠬᠠᠳᠠ ᠬᠤᠲᠠ ᠵᠢᠨ ᠰᠦᠩᠱᠠᠨ ᠲᠣᠭᠤᠷᠢᠭ᠎ᠤᠨ ᠯᠢᠨᠳᠦ᠋ᠩ ᠵᠠᠮ᠎ᠤᠨ ᠠᠮᠢ ᠠᠬᠤᠶ᠎ᠶ᠋ᠢᠨ ᠣᠢᠲᠤ ᠭᠠᠵᠠᠷ᠎ᠲᠤ᠌ ᠣᠷᠴᠢᠨ ᠲᠣᠭᠤᠷᠢᠨ ᠤ ᠠᠷᠢᠭᠤᠨ ᠴᠡᠪᠡᠷ᠎ᠤᠨ ᠠᠵᠢᠯᠴᠢᠳ ᠡᠯ᠎ᠡ ᠵᠦᠢᠯ᠎ᠤᠨ ᠡᠪᠡᠰᠦ ᠠᠷᠢᠯᠭᠠᠬᠤ ᠪᠠᠭᠠᠵᠢ ᠪᠠᠷᠢᠭᠠᠳ᠂ ᠨᠣᠭᠤᠭᠠᠷᠠᠭᠤᠯᠤᠯᠲᠠ᠎ᠶ᠋ᠢᠨ ᠪᠦᠰᠡᠨ ᠳᠣᠲᠣᠷᠠᠬᠢ ᠱᠢᠷᠠᠯᠵᠢ ᠡᠪᠡᠰᠦ᠎ᠶ᠋ᠢ ᠴᠡᠪᠡᠷᠯᠡᠵᠦ ᠭᠠᠷᠭᠠᠭᠠᠳ ᠲᠥᠪᠯᠡᠷᠡᠭᠦᠯᠦᠨ ᠲᠡᠭᠡᠭᠡᠪᠦᠷᠢᠯᠡᠵᠦ ᠪᠠᠢᠯ᠎ᠠ᠃
ᠣᠳᠣᠬᠠᠨ᠎ᠳᠤ᠂ ᠱᠢᠷᠠᠯᠵᠢᠶ᠋ᠢᠨ ᠲᠥᠷᠥᠯ᠎ᠤᠨ ᠡᠪᠡᠰᠤ ᠤᠷᠭᠤᠮᠠᠯ ᠴᠡᠴᠡᠭ ᠲᠣᠭᠤᠰᠣ ᠳᠠᠮᠵᠢᠭᠤᠯᠬᠤ ᠣᠷᠭᠢᠯ᠎ᠤᠨ ᠬᠤᠭᠤᠴᠠᠭᠠᠨ᠎ᠳᠤ ᠣᠷᠣᠵᠤ᠂ ᠠᠮᠠᠷᠬᠠᠨ ᠬᠠᠷᠰᠢᠳᠠᠭ ᠬᠥᠮᠦᠰ᠎ᠤᠨ ᠡᠳᠦᠷ ᠲᠤᠲᠤᠮ᠎ᠤᠨ ᠶᠠᠪᠤᠵᠤ ᠰᠠᠭᠤᠬᠤ ᠳ᠋ᠤ ᠳᠦᠭᠦᠮ ᠦᠭᠡᠢ ᠪᠤᠯᠵᠠᠢ᠃ ᠣᠯᠠᠨ ᠲᠦᠮᠡᠨ᠎ᠤ ᠪᠡᠶ᠎ᠡ ᠮᠠᠬᠠᠪᠣᠳ᠎ᠤᠨ ᠡᠷᠡᠭᠦᠯ ᠴᠢᠭᠢᠷᠠᠭ᠎ᠢ ᠪᠠᠲᠤᠯᠠᠬᠤ᠎ᠶ᠋ᠢᠨ ᠲᠥᠯᠥᠭᠡ᠂ ᠤᠯᠠᠭᠠᠨᠬᠠᠳᠠ ᠬᠤᠲᠠ᠎ᠶ᠋ᠢᠨ ᠰᠦᠩᠱᠠᠨ ᠲᠣᠭᠤᠷᠢᠭ᠎ᠤᠨ ᠬᠤᠲᠠ᠎ᠶ᠋ᠢᠨ ᠬᠠᠮᠢᠶᠠᠷᠤᠯᠲᠠ᠎ᠶ᠋ᠢᠨ ᠶᠡᠷᠦᠩᠬᠡᠢᠯᠡᠭ᠌ᠰᠡᠨ ᠵᠠᠰᠠᠭ ᠵᠠᠬᠢᠷᠭᠠᠨ᠎ᠤ ᠬᠠᠤᠯᠢ ᠬᠡᠷᠡᠭ᠌ᠵᠢᠭᠦᠯᠬᠦ᠌ ᠲᠣᠪᠴᠢᠶ᠎ᠠ ᠬᠠᠷᠢᠶ᠎ᠠ ᠣᠷᠣᠨ᠎ᠤ ᠪᠠᠨ ᠨᠣᠭᠤᠭᠠᠷᠠᠭᠤᠯᠵᠤ ᠠᠷᠠᠴᠢᠯᠠᠨ ᠬᠠᠮᠠᠭᠠᠯᠠᠬᠤ ᠠᠵᠤ ᠠᠬᠤᠢᠯᠠᠯ᠎ᠲᠠᠢ ᠬᠠᠮᠲᠤᠷᠠᠨ᠂ ᠬᠠᠷᠱᠢᠮᠠᠲᠠᠭᠠᠶ ᠤᠷᠭᠤᠮᠠᠯ᠎ᠢ ᠲᠤᠰᠭᠠᠶ ᠴᠡᠪᠡᠷᠯᠡᠨ ᠠᠷᠢᠯᠭᠠᠬᠤ ᠠᠵᠢᠯᠯᠠᠭ᠎ᠠ᠎ᠶ᠋ᠢ ᠦᠷᠭᠦᠯᠵᠢᠯᠡᠨ ᠥᠷᠨᠢᠭᠦᠯᠵᠦ᠍᠂ ᠬᠤᠲᠠ᠎ᠶ᠋ᠢᠨ ᠠᠷᠠᠳ᠎ᠤᠨ ᠬᠠᠷᠱᠢᠬᠤ ᠨᠤᠷᠮ᠎ᠠ᠎ᠶ᠋ᠢ ᠠᠯᠢ ᠴᠢᠳᠠᠬᠤ ᠪᠡᠷ ᠪᠠᠭᠠᠰᠬᠠᠭᠰᠠᠨ ᠪᠠᠢᠨ᠎ᠠ᠃
《ᠱᠢᠷᠠᠯᠵᠢ ᠡᠪᠡᠰᠦ᠎ᠶ᠋ᠢ ᠴᠡᠪᠡᠷᠯᠡᠬᠦ᠌ ᠠᠵᠢᠯᠯᠠᠭ᠎ᠠ ᠦᠨᠡᠬᠡᠷ ᠰᠠᠢᠨ ᠪᠣᠯᠵᠠᠢ᠂ ᠤᠤᠯ᠎ᠨᠢ ᠡᠨᠡ ᠤᠯᠠᠷᠢᠯ ᠪᠣᠯᠤᠮᠠᠭ᠍ᠴᠠ ᠪᠢᠳᠡ ᠭᠠᠳᠠᠭ᠍ᠰᠢ ᠭᠠᠷᠬᠤ᠎ᠳᠠᠭᠠᠨ ᠪᠦᠷ 〈ᠵᠡᠪᠰᠡᠭ᠌ᠯᠡᠵᠦ᠍〉᠂ ᠠᠮᠠᠪᠴᠢ᠂ ᠨᠢᠳᠦᠨ ᠱᠢᠯ ᠵᠡᠭᠦᠳᠡᠭ᠂ ᠪᠠᠰᠠ ᠪᠠᠢᠨ ᠳᠠᠬᠢᠨ ᠨᠠᠢᠲᠠᠭᠠᠵᠤ ᠨᠢᠳᠦ ᠵᠠᠭᠠᠲᠤᠨᠠᠳᠠᠭ᠃ ᠣᠳᠣ ᠵᠡᠭᠡᠯᠢ᠂ ᠴᠡᠴᠡᠷᠯᠢᠭ᠌ ᠵᠢᠡᠷ ᠶᠠᠪᠤᠬᠤ ᠳ᠋ᠤ ᠱᠢᠷᠠᠯᠵᠢ ᠡᠪᠡᠰᠦ ᠮᠡᠳᠡᠭᠳᠡᠮ᠎ᠡ ᠴᠦᠬᠡᠷᠡᠵᠡᠢ》 ᠭᠡᠵᠦ ᠬᠣᠲᠠ᠎ᠶᠢᠨ ᠠᠷᠠᠳ ᠴᠢ ᠵᠢᠶᠠᠨ ᠱᠢᠷᠠᠯᠵᠢ ᠡᠪᠡᠰᠦ᠎ᠶᠢ ᠠᠷᠢᠯᠭᠠᠬᠤ ᠠᠵᠢᠯᠯᠠᠭ᠎ᠠ ᠵᠢ ᠮᠠᠭᠲᠠᠵᠤ ᠭᠠᠷᠤᠯ᠎ᠠ᠃
ᠬᠤᠲᠠ᠎ᠶ᠋ᠢᠨ ᠴᠢᠳᠠᠮᠵᠢ᠎ᠶ᠋ᠢ ᠳᠡᠰ ᠳᠡᠪᠱᠢᠭᠦᠯᠬᠦ᠌ ᠪᠣᠯ ᠠᠷᠠᠳ᠎ᠤᠨ ᠠᠮᠢᠳᠤᠷᠠᠯ᠎ᠤᠨ ᠬᠦᠰᠡᠯ ᠱᠠᠭᠠᠷᠳᠠᠯᠭ᠎ᠠ ᠳ᠋ᠤ ᠬᠠᠷᠢᠭᠤ ᠥᠭ᠌ᠴᠦ᠂ ᠭᠤᠣᠯᠯᠠᠬᠤ ᠥᠷᠢᠰᠦᠯᠳᠦᠬᠦ᠌ ᠬᠦᠴᠦᠨ᠎ᠢ ᠳᠡᠭᠡᠭ᠌ᠰᠢᠯᠡᠭᠦᠯᠬᠦ᠌ ᠵᠠᠩᠭᠢᠯᠠᠭ᠎ᠠ᠎ᠶ᠋ᠢᠨ ᠠᠷᠭ᠎ᠠ ᠪᠤᠯᠬᠤ ᠶᠤᠮ᠃ ᠡᠨᠡ ᠵᠢᠯ ᠤᠯᠠᠭᠠᠨᠬᠠᠳᠠ ᠬᠤᠲᠠ ᠬᠤᠲᠠ᠎ᠶ᠋ᠢᠨ ᠴᠢᠳᠠᠮᠵᠢ᠎ᠶ᠋ᠢ ᠲᠠᠰ ᠳᠡᠪᠱᠢᠭᠦᠯᠬᠦ᠌ ᠠᠵᠢᠯᠯᠠᠭ᠎ᠠ ᠵᠢ ᠡᠬᠢᠯᠡᠭᠦᠯᠵᠦ᠍᠂ ᠶᠠᠰᠤ ᠴᠢᠨᠠᠷ᠎ᠢ ᠳᠡᠭᠡᠭ᠌ᠰᠢᠯᠡᠭᠦᠯᠦᠨ ᠣᠷᠣᠱᠢᠨ ᠰᠠᠭᠤᠬᠤ᠎ᠳᠤ ᠲᠣᠬᠢᠷᠠᠬᠤ ᠬᠤᠲᠠ ᠵᠢ ᠪᠦᠲᠦᠭᠡᠨ ᠪᠠᠢᠭᠤᠯᠬᠤ ᠳ᠋ᠤ ᠠᠩᠬᠠᠷᠤᠯ᠎ᠢᠶᠠᠨ ᠲᠥᠪᠯᠡᠷᠡᠭᠦᠯᠵᠦ᠍᠂ ᠬᠡᠷ ᠪᠠᠢᠱᠢᠩ ᠭᠠᠵᠠᠷ ᠬᠥᠷᠥᠩᠭᠡ᠎ᠶ᠋ᠢᠨ ᠡᠷᠡᠭᠦᠯ᠎ᠢᠶᠠᠷ ᠬᠥᠭ᠌ᠵᠢᠬᠦ᠌ ᠱᠢᠰᠲ᠋ᠧᠮ᠎ᠢ ᠲᠡᠭᠦᠯᠳᠡᠷᠵᠢᠭᠦᠯᠬᠦ᠂ ᠬᠤᠲᠠ ᠶ᠋ᠢᠨ ᠰᠠᠭᠤᠷᠢ ᠲᠥᠬᠦᠭᠡᠷᠦᠮᠵᠢ᠎ᠶ᠋ᠢᠨ ᠳᠤᠲᠠᠭᠤᠳᠠᠯ᠎ᠢ ᠨᠥᠬᠦᠪᠥᠷᠢᠯᠡᠬᠦ᠂ ᠬᠤᠲᠠ᠎ᠶ᠋ᠢᠨ ᠬᠠᠮᠢᠶᠠᠷᠤᠯᠲᠠ᠎ᠶ᠋ᠢᠨ ᠲᠦᠪᠱᠢᠨ᠎ᠢ ᠳᠡᠭᠡᠭ᠌ᠰᠢᠯᠡᠭᠦᠯᠬᠦ᠂ ᠠᠷᠠᠳ᠎ᠲᠤ ᠲᠥᠬᠦᠮ ᠦᠵᠡᠭᠦᠯᠬᠦ᠌ ᠦᠢᠯᠡᠴᠢᠯᠡᠭᠡ ᠶ᠋ᠢ ᠱᠢᠯᠢᠳᠡᠭ᠌ᠵᠢᠭᠦᠯᠬᠦ᠌᠎ᠪᠠᠷ ᠳᠠᠮᠵᠢᠭᠤᠯᠤᠨ᠂ ᠬᠤᠲᠠ᠎ᠶ᠋ᠢᠨ ᠴᠢᠳᠠᠮᠵᠢ᠎ᠶ᠋ᠢᠨ ᠶᠠᠰᠤ ᠴᠢᠨᠠᠷ ᠢ ᠳᠡᠭᠡᠭ᠌ᠰᠢᠯᠡᠭᠦᠯᠬᠦ᠌᠎ᠶ᠋ᠢ ᠠᠬᠢᠭᠤᠯᠪᠠ᠃
ᠳᠤᠰ ᠬᠤᠳᠠ ᠵᠢᠨ ᠬᠢᠨ ᠮᠦᠨ ᠠᠷᠭ᠎ᠠ ᠪᠣᠳᠣᠯᠭ᠎ᠠ ᠵᠢ ᠨᠠᠷᠢᠯᠢᠭ ᠣᠨᠣᠪᠴᠢᠲᠠᠶ ᠬᠡᠷᠡᠭ᠌ᠵᠢᠭᠦᠯᠵᠦ᠍᠂ ᠣᠷᠣᠨ ᠰᠠᠭᠤᠴᠠ᠎ᠶ᠋ᠢᠨ ᠲᠥᠯᠥᠪᠵᠢᠭᠦᠯᠭᠡ᠎ᠶ᠋ᠢᠨ ᠬᠢᠵᠠᠭᠠᠷᠯᠠᠯ᠎ᠢ ᠵᠦᠢ ᠵᠣᠬᠢᠰᠲᠠᠶ ᠰᠤᠯᠠᠷᠠᠭᠤᠯᠵᠤ᠂ ᠲᠠᠸᠠᠷ᠎ᠤᠨ ᠣᠷᠣᠨ ᠰᠠᠭᠤᠴᠠ᠎ᠳᠤ ᠬᠡᠷᠡᠭ᠌ᠯᠡᠬᠦ᠌ ᠭᠠᠵᠠᠷ᠎ᠤᠨ ᠬᠠᠩᠭᠠᠯᠭ᠎ᠠ᠎ᠶ᠋ᠢᠨ ᠠᠢᠵᠠᠮ᠎ᠢ ᠴᠢᠩᠭ᠎ᠠ ᠡᠵᠡᠮᠳᠡᠵᠦ᠍᠂ ᠮᠥᠩᠭᠦᠨ ᠭᠦᠢᠯᠭᠡᠭᠡ ᠵᠢᠨ ᠢᠲᠡᠭᠡᠮᠵᠢᠲᠦ ᠵᠢᠭᠡᠯᠡᠯᠭᠡ᠎ᠶ᠋ᠢᠨ ᠳᠡᠮᠵᠢᠯᠭᠡ᠎ᠶ᠋ᠢ ᠨᠡᠮᠡᠭ᠌ᠳᠡᠭᠦᠯᠵᠦ᠍᠂ ᠪᠠᠲᠤᠯᠠᠭ᠎ᠠ ᠵᠢᠨ ᠤᠷᠤᠨ ᠰᠠᠭᠤᠴᠠ ᠪᠠ ᠵᠠᠰᠠᠨ ᠰᠢᠨᠡᠳᠭᠡᠬᠦ ᠣᠷᠣᠨ ᠰᠠᠭᠤᠴᠠ᠎ᠶ᠋ᠢᠨ ᠬᠡᠷᠡᠭ᠌ᠴᠡᠭᠡ ᠱᠠᠭᠠᠷᠳᠠᠯᠭ᠎ᠠ᠎ᠶ᠋ᠢ ᠪᠠᠲᠤᠯᠠᠨ᠂ ᠲᠠᠸᠠᠷ᠎ᠤᠨ ᠤᠷᠤᠨ ᠰᠠᠭᠤᠴᠠ ᠵᠢᠨ ᠰᠦᠯᠵᠢᠶᠡᠨ ᠳᠡᠭᠡᠷᠡᠬᠢ ᠠᠷᠠᠯᠵᠢᠶᠠᠨ᠎ᠤ ᠴᠤᠭ᠍ᠯᠠᠭᠠᠨ᠎ᠢ ᠡᠷᠬᠢᠯᠡᠵᠦ᠍᠂ ᠬᠡᠷᠡᠭ᠌ᠯᠡᠭᠡ᠎ᠶ᠋ᠢ ᠳᠠᠢᠴᠢᠯᠠᠵᠦ᠂ ᠬᠠᠭᠤᠴᠢᠨ ᠰᠠᠭᠤᠭᠠᠯᠢ ᠠᠷᠠᠳ᠎ᠤᠨ ᠲᠣᠭᠤᠷᠢᠭ ᠪᠠ ᠬᠤᠲᠠ᠎ᠶ᠋ᠢᠨ ᠨᠤᠷᠠᠬᠤ ᠠᠶᠤᠯᠲᠠᠶ ᠭᠡᠷ ᠪᠠᠢᠱᠢᠩ᠎ᠢ ᠵᠠᠰᠠᠨ ᠱᠢᠨᠡᠳᠭᠡᠬᠦ᠌ ᠠᠵᠢᠯ᠎ᠢ ᠨᠢᠭᠡᠳᠦᠯᠲᠡᠶ ᠲᠥᠯᠥᠪᠯᠡᠨ ᠠᠬᠢᠭᠤᠯᠪᠠ; ᠡᠬᠦᠨ ᠦ ᠬᠠᠮᠳᠤ᠂ ᠵᠠᠮ᠎ᠤᠨ ᠲᠣᠣᠷᠵᠢᠯ᠎ᠤᠨ ᠪᠦᠲᠦᠭᠡᠨ ᠪᠠᠢᠭᠤᠯᠤᠯᠲᠠ᠎ᠶ᠋ᠢ ᠲᠦᠷᠭᠡᠳᠭᠡᠨ ᠠᠬᠢᠭᠤᠯᠵᠤ᠂ ᠤᠰᠤ ᠬᠠᠩᠭᠠᠬᠤ ᠴᠢᠳᠠᠪᠤᠷᠢ᠎ᠶ᠋ᠢ ᠳᠡᠭᠡᠭ᠌ᠰᠢᠯᠡᠭᠦᠯᠦᠨ᠂《ᠳᠤᠯᠠᠭᠠᠯᠠᠭ᠎ᠠ᠎ᠶ᠋ᠢᠨ ᠢᠨᠵᠧᠨᠧᠷᠢᠩ》 ᠢ᠋ ᠦᠷᠭᠦᠯᠵᠢᠯᠡᠨ ᠬᠡᠷᠡᠭ᠌ᠵᠢᠭᠦᠯᠵᠦ᠍᠂ ᠴᠢᠮᠡᠭᠡ ᠬᠤᠯᠪᠣᠭᠠᠨ᠎ᠤ ᠴᠢᠳᠠᠪᠤᠷᠢ᠎ᠶ᠋ᠢ ᠳᠡᠭᠡᠭ᠌ᠰᠢᠯᠡᠭᠦᠯᠦᠨ᠂ ᠬᠤᠳᠠ᠎ᠶ᠋ᠢᠨ ᠰᠠᠭᠤᠷᠢ ᠲᠥᠬᠦᠭᠡᠷᠦᠮᠵᠢ᠎ᠶ᠋ᠢᠨ ᠳᠤᠲᠠᠭᠤᠳᠠᠯ ᠢ ᠨᠥᠬᠦᠪᠥᠷᠢᠯᠡᠪᠡ; ᠪᠠᠷᠢᠯᠭ᠎ᠠ᠎ᠶ᠋ᠢᠨ ᠬᠤᠭ ᠨᠣᠪᠰᠢ᠂ ᠨᠣᠭᠤᠭᠠᠷᠠᠭᠤᠯᠤᠯᠲᠠ᠂ ᠶᠠᠪᠠᠭᠠᠨ ᠵᠠᠮ ᠢ ᠲᠤᠰᠭᠠᠢ ᠴᠡᠭ᠌ᠴᠡᠯᠡᠨ ᠵᠠᠰᠠᠵᠤ᠂ 《ᠤᠯᠠᠭᠠᠨᠬᠠᠳᠠ ᠬᠤᠲᠠ ᠶ᠋ᠢᠨ ᠭᠤᠣᠯ ᠬᠤᠲᠠ᠎ᠳᠤ ᠲᠡᠷᠭᠡ ᠵᠣᠭ᠍ᠰᠣᠭᠠᠬᠤ ᠲᠤᠰᠭᠠᠢ ᠲᠥᠯᠦᠪᠵᠢᠭᠦᠯᠭᠡ》 ᠵᠢ ᠨᠡᠢᠲᠡᠯᠡᠵᠦ᠍᠂ ᠲᠡᠷᠭᠡ ᠵᠣᠭ᠍ᠰᠣᠭᠠᠬᠤ ᠬᠠᠮᠢᠶᠠᠷᠤᠯᠲᠠ᠎ᠶ᠋ᠢ ᠴᠢᠩᠭᠠᠳᠭᠠᠨ᠂ ᠵᠢᠵᠢᠭ ᠰᠠᠭᠤᠭᠠᠯᠢ ᠠᠷᠠᠳ᠎ᠤᠨ ᠲᠣᠭᠤᠷᠢᠭ᠎ᠤᠨ ᠠᠳᠠᠯ ᠠᠬᠤᠢ᠎ᠶ᠋ᠢᠨ ᠬᠠᠮᠢᠶᠠᠷᠤᠯᠲᠠ᠎ᠶ᠋ᠢ ᠪᠦᠬᠦᠨ᠎ᠢ ᠪᠦᠷᠬᠦᠭᠦᠯᠬᠦ᠌᠎ᠶ᠋ᠢ ᠠᠬᠢᠭᠤᠯᠪᠠ;《ᠬᠤᠳᠠ᠎ᠶ᠋ᠢᠨ ᠠᠷᠠᠳ᠎ᠲᠤ ᠲᠦᠬᠦᠮ ᠦᠵᠡᠭᠦᠯᠬᠦ᠌ ᠨᠢᠭᠡ ᠮᠥᠴᠡ᠎ᠶ᠋ᠢᠨ ᠠᠮᠢᠳᠤᠷᠠᠯ᠎ᠤᠨ ᠬᠦᠷᠢᠶ᠎ᠡ》 ᠵᠢᠨ ᠪᠦᠳᠦᠭᠡᠨ ᠪᠠᠢᠭᠤᠯᠤᠯᠲᠠ᠎ᠶ᠋ᠢ ᠠᠬᠢᠭᠤᠯᠵᠤ᠂ ᠦᠨᠳᠦᠰᠦᠨ ᠱᠠᠲᠤᠨ ᠤ 《ᠵᠢᠵᠢᠭ ᠵᠠᠰᠠᠯᠲᠠ》 ᠵᠢᠨ ᠱᠢᠰᠲ᠋ᠧᠮ᠎ᠢ ᠪᠠᠢᠭᠤᠯᠬᠤ᠎ᠶ᠋ᠢ ᠠᠬᠢᠭᠤᠯᠵᠤ᠂ ᠵᠣᠯ ᠵᠢᠷᠭᠠᠯᠲᠤ ᠠᠮᠢᠳᠤᠷᠠᠯ᠎ᠤᠨ ᠰᠠᠭᠤᠷᠢ᠎ᠶ᠋ᠢ ᠪᠠᠬᠢᠵᠢᠭᠦᠯᠵᠡᠢ᠃
ᠠᠷᠭ᠎ᠠ ᠬᠡᠮᠵᠢᠶ᠎ᠡ᠎ᠶ᠋ᠢ ᠪᠦᠲᠦᠮᠵᠢᠲᠡᠶ ᠬᠡᠷᠡᠭᠵᠢᠭᠦᠯᠦᠭᠰᠡᠨ ᠵᠢᠠᠷ᠂ ᠳᠤᠰ ᠬᠤᠳᠠ ᠵᠢᠨ ᠰᠦᠩᠱᠠᠨ ᠲᠣᠭᠤᠷᠢᠭ᠎ᠤᠨ ᠤᠯᠢᠶᠠᠰᠤ ᠵᠡᠭᠡᠯᠢ (ᠱᠧᠩ ᠠᠨ ᠵᠠᠮ - ᠰᠦᠩᠵᠧᠦ ᠵᠠᠮ᠎ᠤᠨ ᠬᠡᠰᠡᠭ) ᠳ᠋ᠤ ᠲᠡᠷᠭᠡ ᠨᠡᠪᠲᠡᠷᠡᠵᠦ᠂ ᠡᠷᠬᠢᠨ ᠲᠣᠭᠤᠷᠢᠨ ᠤ ᠲᠦᠮᠡ ᠱᠢᠬᠠᠮ ᠰᠠᠭᠤᠭᠠᠯᠢ ᠠᠷᠠᠳ᠎ᠲᠤ ᠠᠱᠢᠭ ᠬᠦᠷᠲᠡᠭᠡᠪᠡ᠃ 155 ᠬᠠᠭᠤᠴᠢᠨ ᠰᠠᠭᠤᠭᠠᠯᠢ ᠠᠷᠠᠳ᠎ᠤᠨ ᠲᠣᠭᠤᠷᠢᠭ᠎ᠢ ᠵᠠᠰᠠᠨ ᠰᠢᠨᠡᠳᠭᠡᠬᠦ ᠪᠠ ᠬᠤᠲᠠ᠎ᠶ᠋ᠢᠨ 5 ᠨᠤᠷᠠᠬᠤ ᠠᠶᠤᠯᠲᠠᠶ ᠤᠷᠤᠨ ᠰᠠᠭᠤᠴᠠ ᠵᠢ ᠵᠠᠰᠠᠨ ᠰᠢᠨᠡᠳᠭᠡᠬᠦ ᠲᠥᠷᠥᠯ ᠵᠦᠢᠯ ᠢ ᠠᠵᠢᠯ ᠡᠬᠢᠯᠡᠭᠦᠯᠵᠡᠢ᠃ ᠬᠤᠲᠠ ᠵᠢᠨ ᠭᠤᠣᠯ ᠲᠣᠭᠤᠷᠢᠭ᠎ᠲᠤ 15.4 ᠲᠦᠮᠡᠨ ᠲᠡᠭ᠌ᠰᠢ ᠳᠥᠷᠪᠡᠯᠵᠢᠨ ᠮᠧᠲᠷ᠎ᠤᠨ ᠲᠡᠷᠭᠡᠨ ᠵᠠᠮ᠂ 9.66 ᠲᠦᠮᠡᠨ ᠲᠡᠭ᠌ᠰᠢ ᠳᠥᠷᠪᠡᠯᠵᠢᠨ ᠮᠧᠲᠷ᠎ᠤᠨ ᠶᠠᠪᠠᠭᠠᠨ ᠵᠠᠮ᠎ᠢ ᠵᠠᠰᠠᠵᠦ ᠰᠢᠨᠡᠳᠬᠡᠪᠡ᠃
8 ᠰᠠᠷ᠎ᠠ᠎ᠶ᠋ᠢᠨ ᠰᠡᠭᠦᠯᠴᠢ ᠪᠣᠯᠲᠠᠯ᠎ᠠ᠂ ᠪᠥᠬᠦ᠌ ᠬᠤᠲᠠ᠎ᠳᠤ ᠨᠡᠢᠲᠡ 17770 ᠲᠠᠸᠠᠷ᠎ᠤᠨ ᠤᠷᠤᠨ ᠰᠠᠭᠤᠴᠠ ᠵᠢ ᠪᠣᠷᠣᠯᠠᠭᠤᠯᠵᠤ᠂ ᠪᠣᠷᠣᠯᠠᠭᠤᠯᠤᠭ᠍ᠰᠠᠨ ᠲᠠᠯᠠᠪᠠᠶ ᠨᠢ 182.84 ᠲᠦᠮᠡᠨ ᠲᠡᠭᠰᠢ ᠳᠦᠷᠪᠡᠯᠵᠢᠨ ᠮᠸᠲᠷ᠎ᠲᠤ ᠬᠦᠷᠴᠦ᠍᠂ ᠠᠳᠠᠯᠢ ᠬᠤᠭᠤᠴᠠᠭᠠᠨ ᠤᠬᠢ᠎ᠠᠴᠠ 19.08% ᠪᠡᠷ ᠨᠡᠮᠡᠭ᠌ᠳᠡᠪᠡ᠃ 18 《ᠮᠤᠬᠤᠷ ᠵᠠᠮ》 ᠤ᠋ᠨ 16 ᠵᠢ ᠨᠢ ᠠᠵᠢᠯ ᠡᠬᠢᠯᠡᠭᠦᠯᠵᠦ᠍᠂ 4 ᠵᠢ ᠨᠢ ᠵᠠᠰᠠᠵᠤ ᠳᠠᠭᠤᠰᠭᠠᠪᠠ᠃ 13.9 ᠺᠢᠯᠣᠮᠧᠲᠷ᠎ᠤᠨ ᠤᠰᠤ ᠬᠠᠩᠭᠠᠬᠤ ᠬᠤᠭᠤᠯᠠᠶ᠎ᠶ᠋ᠢᠨ ᠲᠣᠤᠷ᠎ᠢ ᠵᠠᠰᠠᠨ ᠰᠠᠢᠵᠢᠷᠠᠭᠤᠯᠵᠤ᠂ ᠤᠰᠤ ᠭᠠᠳᠠᠭ᠍ᠰᠢᠯᠠᠭᠤᠯᠬᠤ ᠬᠤᠭᠤᠯᠠᠶ᠎ᠶ᠋ᠢᠨ ᠲᠣᠤᠷ᠎ᠢ 28.3 ᠺᠢᠯᠣᠮᠧᠲᠷ ᠵᠠᠰᠠᠵᠤ ᠰᠢᠨᠡᠳᠭᠡᠨ᠂ 5G ᠶ᠋ᠢᠨ ᠰᠠᠭᠤᠷᠢ ᠥᠷᠲᠡᠭᠡ᠎ᠶ᠋ᠢ 340 ᠪᠠᠢᠭᠤᠯᠪᠠ᠃ ᠲᠤᠰᠭᠠᠢᠵᠢᠭ᠍ᠰᠠᠨ ᠠᠳᠠᠯ ᠠᠬᠤᠢ ᠶ᠋ᠢᠨ ᠬᠠᠮᠢᠶᠠᠷᠤᠯᠲᠠ᠎ᠶ᠋ᠢᠨ ᠪᠦᠷᠬᠦᠴᠡ ᠶ᠋ᠢᠨ ᠨᠤᠷᠮ᠎ᠠ ᠵᠢ 92% ᠲᠦ᠍ ᠬᠦᠷᠭᠡᠵᠦ᠂ 43 ᠲᠤᠷᠱᠢᠯᠲᠠ᠎ᠶ᠋ᠢᠨ ᠬᠦᠷᠢᠶᠡᠨ ᠳᠤ 135 ᠨᠡᠢᠭᠡᠮ ᠲᠣᠭᠤᠷᠢᠭ᠎ᠢ ᠬᠠᠮᠤᠷᠴᠤ᠌᠂ ᠬᠤᠳᠠ᠎ᠶ᠋ᠢᠨ ᠴᠢᠳᠠᠮᠵᠢ᠎ᠶ᠋ᠢ ᠢᠯᠡᠳᠲᠡ ᠳᠡᠭᠡᠭ᠌ᠰᠢᠯᠡᠭᠦᠯᠪᠡ᠃