ᠸᠠᠩ ᠵᠧᠨ ᠭᠦᠸᠧ᠄ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ 《ᠣᠴᠢ》᠎ᠪᠡᠷ ᠲᠦᠭ ᠲᠦᠮᠡᠨ ᠡᠷᠦᠬᠡ ᠵᠢ ᠭᠡᠢᠭᠦᠯᠦᠨ᠎ᠡ
2025-09-28 09:30:28
ᠵᠣᠬᠢᠶᠠᠭ᠍ᠴᠢ᠄
ᠱᠢᠤᠸᠠᠢ ᠢ ᠴᠢᠶᠦ᠋ᠨ ᠵᠢᠶᠠ ᠱᠢᠤᠸᠠᠢ
ᠣᠩᠱᠢᠭ᠍ᠰᠠᠨ ᠣᠳᠠᠭ᠎ᠠ᠄
★★★☆☆

ᠰᠤᠷᠪᠤᠯᠵᠢᠯᠠᠭ᠍ᠴᠢ ᠲᠤᠷᠱᠢᠯᠲᠠ᠎ᠶ᠋ᠢᠨ ᠲᠠᠷᠢᠶᠠᠨ᠎ᠳᠤ ᠸᠠᠩ ᠵᠧᠨ ᠭᠦᠸᠧ᠎ᠲᠡᠶ ᠠᠭᠤᠯᠵᠠᠬᠤ ᠦᠶ᠎ᠡ᠎ᠳᠦ᠂ ᠲᠡᠷᠡ ᠶᠠᠭ ᠪᠦᠯᠬᠦᠮ᠎ᠲᠡᠶ᠎ᠪᠡᠨ 《ᠡᠪᠦᠯ᠎ᠦᠨ ᠬᠠᠷ᠎ᠠ ᠪᠤᠭᠤᠳᠠᠢ +》 ᠵᠠᠭ᠍ᠪᠤᠷ᠎ᠢ ᠶᠡᠬᠡ ᠬᠡᠪᠴᠢᠶ᠎ᠡ᠎ᠪᠡᠷ ᠳᠡᠯᠭᠡᠷᠡᠭᠦᠯᠬᠦ᠌ ᠲᠥᠰᠦᠯ᠎ᠢ ᠶᠠᠷᠢᠯᠴᠠᠵᠤ ᠪᠠᠢᠪᠠ᠃ ᠲᠤᠷᠱᠢᠯᠲᠠ᠎ᠶ᠋ᠢᠨ ᠲᠠᠰᠤᠭ᠎ᠨᠢ ᠲᠠᠷᠢᠶᠠᠨ ᠭᠠᠵᠠᠷ᠎ᠲᠤ᠂ ᠠᠯᠪᠠᠨ ᠬᠡᠷ᠎ᠨᠢ ᠲᠠᠷᠢᠶᠠᠨ ᠵᠠᠬ᠎ᠠ᠎ᠳᠤ ᠪᠠᠢᠵᠤ᠂ ᠠᠵᠢᠯ᠎ᠳᠤ ᠣᠷᠣᠯᠴᠠᠭ᠍ᠰᠠᠨ 20 ᠭᠠᠷᠤᠶ ᠵᠢᠯ᠎ᠦᠨ ᠲᠤᠷᠰᠢ᠂ ᠲᠦᠩᠯᠢᠶᠣᠤ ᠬᠣᠲᠠ᠎ᠶ᠋ᠢᠨ ᠮᠠᠯ ᠠᠵᠤ ᠠᠬᠤᠶ᠎ᠲᠠᠷᠢᠶᠠᠯᠠᠩ᠎ᠤᠨ ᠱᠢᠨᠵᠢᠯᠡᠬᠦ᠌ ᠤᠬᠠᠭᠠᠨ᠎ᠤ ᠬᠦᠷᠢᠶᠡᠯᠡᠩ᠎ᠦᠨ ᠳᠡᠳ᠋ ᠳᠠᠷᠤᠭ᠎ᠠ ᠸᠠᠩ ᠵᠧᠨ ᠭᠦᠸᠧ ᠠᠯᠢ ᠣᠯᠠᠨ ᠤᠷᠤᠢᠯᠠᠬᠰᠠᠨ ᠮᠡᠷᠭᠡᠵᠢᠯ ᠪᠠ ᠣᠷᠭᠢᠯᠤᠮ᠎ᠠ ᠬᠠᠯᠠᠭᠤᠨ ᠣᠭ ᠰᠠᠨᠠᠭ᠎ᠠ᠎ᠪᠠᠷ᠎ᠵᠢᠡᠨ ᠲᠦᠩᠯᠢᠶᠣᠤ ᠬᠣᠲᠠ᠎ᠶ᠋ᠢᠨ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ ᠵᠠᠮ᠎ᠢ ᠭᠡᠷᠡᠯᠲᠦᠭᠦᠯᠪᠡ᠃

《ᠲᠠᠴᠢᠷ ᠭᠠᠵᠠᠷ》 ᠡᠴᠡ 《ᠠᠯᠲᠠᠨ ᠦᠷ᠎ᠡ》 ᠰᠤᠶᠤᠭᠠᠯᠠᠪᠠ

ᠴᠢᠳᠠᠪᠤᠷᠢᠲᠠᠨ ᠪᠣᠯ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢᠨ ᠴᠢᠬᠤᠯᠠ ᠬᠥᠳᠡᠯᠭᠡᠬᠦ᠌ ᠬᠦᠴᠦᠨ ᠮᠥᠨ᠂ ᠸᠠᠩ ᠵᠧᠨ ᠭᠦᠸᠧ ᠠᠵᠢᠯ᠎ᠳᠤ ᠣᠷᠣᠯᠴᠠᠭ᠍ᠰᠠᠨ᠎ᠡᠴᠡ ᠨᠠᠭᠠᠰᠢ᠂ ᠲᠤᠰ ᠪᠡᠶ᠎ᠡ᠎ᠶ᠋ᠢᠨ ᠳᠠᠪᠠᠭᠤᠯᠢᠭ᠎ᠢᠶᠠᠨ ᠪᠠᠳᠠᠷᠠᠭᠤᠯᠵᠤ᠂ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠦᠷ᠎ᠡ᠎ᠶ᠋ᠢ ᠤᠨᠴᠠᠯᠢᠬ᠍ᠳᠤ ᠲᠠᠷᠢᠮᠠᠯ᠎ᠤᠨ ᠰᠤᠳᠤᠯᠭᠠᠨ᠎ᠤ ᠥᠷᠭᠡᠨ ᠬᠦᠷᠢᠶᠡᠨ᠎ᠳᠦ ᠰᠠᠴᠤᠵᠤ᠂ ᠬᠠᠷᠠᠴᠠ᠎ᠪᠠᠨ ᠪᠤᠰᠤᠳ᠎ᠤᠨ ᠨᠢᠳᠦᠨ᠎ᠳᠡᠬᠢ 《ᠲᠠᠴᠢᠷ ᠭᠠᠵᠠᠷ》 — ᠬᠤᠵᠢᠷᠯᠢᠭ ᠰᠠᠢᠷᠭᠠᠯ ᠪᠠ ᠵᠠᠬ᠎ᠠ᠎ᠵᠢᠨ ᠭᠠᠵᠠᠷ ᠱᠢᠷᠣᠢ ᠳᠡᠭᠡᠷ᠎ᠡ ᠲᠠᠯᠪᠢᠪᠠ᠃

ᠤᠯᠤᠰ᠎ᠤᠨ ᠨᠠᠷᠢᠮᠤ ᠱᠢᠰᠢ᠎ᠶ᠋ᠢᠨ ᠠᠵᠤ ᠦᠶ᠋ᠯᠡᠰ᠎ᠦᠨ ᠮᠡᠷᠭᠡᠵᠢᠯ᠎ᠦᠨ ᠱᠢᠰᠲ᠋ᠧᠮ᠎ᠦᠨ ᠲᠦᠩᠯᠢᠶᠣᠤ᠎ᠶ᠋ᠢᠨ ᠶᠡᠷᠦᠩᠬᠡᠢᠯᠡᠭ᠌ᠰᠡᠨ ᠲᠤᠷᠱᠢᠯᠲᠠ᠎ᠶ᠋ᠢᠨ ᠥᠷᠲᠡᠭᠡᠨ᠎ᠦ ᠳᠠᠷᠤᠭ᠎ᠠ᠂ ᠥᠪᠥᠷ ᠮᠣᠩᠭᠣᠯ᠎ᠤᠨ ᠣᠲᠣ ᠦᠶ᠎ᠡ᠎ᠶ᠋ᠢᠨ ᠮᠠᠯ ᠠᠵᠤ ᠠᠬᠤᠶ ᠲᠠᠷᠢᠶᠠᠯᠠᠩ ᠤ᠋ᠨ ᠠᠵᠤ ᠦᠶ᠋ᠯᠡᠰ᠎ᠦᠨ ᠮᠡᠷᠭᠡᠵᠢᠯ᠎ᠦᠨ ᠱᠢᠰᠲ᠋ᠧᠮ᠎ᠦᠨ ᠠᠵᠢᠯ᠎ᠤᠨ ᠪᠠᠢᠷᠢ᠎ᠶ᠋ᠢᠨ ᠱᠢᠨᠵᠢᠯᠡᠬᠦ᠌ ᠤᠬᠠᠭᠠᠨᠲᠠᠨ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 《ᠰᠣᠳᠣᠨ ᠴᠢᠳᠠᠪᠤᠷᠢᠲᠠᠨ᠎ᠵᠢᠡᠷ ᠥᠪᠥᠷ ᠮᠣᠩᠭᠣᠯ᠎ᠢᠶᠠᠨ ᠮᠠᠨᠳᠤᠭᠤᠯᠬᠤ》 ᠢᠨᠵᠧᠨᠧᠷᠢᠩ᠎ᠦᠨ ᠱᠢᠨ᠎ᠡ᠎ᠶ᠋ᠢ ᠡᠭᠦᠳᠬᠦ᠌ ᠴᠢᠳᠠᠪᠤᠷᠢᠲᠠᠨ᠎ᠤ ᠪᠦᠯᠬᠦᠮ᠎ᠦᠨ ᠳᠠᠭᠠᠭᠤᠯᠤᠭ᠍ᠴᠢ ᠪᠣᠯᠤᠭ᠍ᠰᠠᠨ᠎ᠤ ᠬᠤᠪᠢ᠎ᠳᠤ᠂ ᠲᠡᠷᠡ ᠪᠦᠯᠬᠦᠮ ᠵᠢᠡᠨ ᠳᠠᠭᠠᠭᠤᠯᠤᠨ ᠲᠠᠷᠢᠶᠠᠨ ᠭᠠᠵᠠᠷ᠎ᠲᠤ ᠦᠨᠳᠦᠰᠦᠯᠡᠵᠦ᠂ 《ᠬᠦᠴᠢᠷ ᠠᠰᠠᠭᠤᠳᠠᠯ》᠎ᠢ᠋ ᠲᠤᠰᠭᠠᠢᠯᠠᠨ ᠱᠢᠶ᠋ᠳᠪᠦᠷᠢᠯᠡᠪᠡ᠃ ᠠᠷᠪᠠᠨ ᠬᠡᠳᠦᠨ ᠵᠢᠯ᠎ᠦᠨ ᠪᠣᠭᠣᠮᠲᠠ ᠱᠢᠪᠲᠤᠯᠤᠯᠲᠠ᠎ᠪᠠᠷ ᠳᠠᠮᠵᠢᠨ᠂ 14 ᠰᠥᠷᠭᠡᠦ᠍᠎ᠶ᠋ᠢ ᠳᠠᠭᠠᠭᠠᠬᠤ ᠴᠢᠨᠠᠷ ᠰᠠᠢᠲᠠᠢ ᠱᠢᠰᠢ᠂ ᠨᠠᠷᠢᠮᠤ᠂ ᠰᠠᠭᠠᠭ ᠵᠡᠷᠭᠡ ᠤᠨᠴᠠᠯᠢᠬ᠍ᠳᠤ ᠲᠠᠷᠢᠮᠠᠯ᠎ᠤᠨ ᠱᠢᠨ᠎ᠡ ᠡᠭᠦᠯᠳᠡᠷ᠎ᠢ ᠪᠤᠢᠵᠢᠭᠤᠯᠵᠤ᠂ ᠡᠭᠦᠨ᠎ᠳᠦ ᠬᠣᠶᠠᠷ ᠵᠦᠢᠯ ᠨᠢ ᠥᠪᠡᠷᠲᠡᠭᠡᠨ ᠵᠠᠰᠠᠬᠤ ᠣᠷᠣᠨ᠎ᠤ ᠬᠣᠭᠣᠰᠣᠨ᠎ᠢ ᠨᠥᠬᠥᠪᠥᠷᠢᠯᠡᠪᠡ᠃ ᠡᠲᠡᠭᠡᠷ 《ᠠᠯᠲᠠᠨ ᠦᠷ᠎ᠡ》 ᠪᠠ ᠲᠡᠭᠦᠨ᠎ᠦ ᠪᠦᠯᠬᠦᠮ᠎ᠤᠨ ᠪᠣᠬᠢᠷᠲᠤᠯ ᠥᠬᠡᠶ ᠬᠠᠭᠤᠷᠠᠶ ᠲᠠᠷᠢᠮᠠᠯ᠎ᠤᠨ ᠥᠨᠳᠥᠷ ᠪᠦᠲᠦᠮᠵᠢᠲᠡᠶ ᠦᠶ᠋ᠯᠡᠳᠪᠦᠷᠢᠯᠡᠯ᠎ᠦᠨ ᠮᠡᠷᠭᠡᠵᠢᠯ᠎ᠨᠢ ᠥᠩᠭᠡᠷᠡᠭ᠌ᠰᠡᠨ᠎ᠦ 《ᠦᠭᠡᠳᠡᠰᠦ》ᠭᠠᠵᠠᠷ ᠱᠢᠷᠣᠶ᠎ᠶ᠋ᠢ ᠠᠮᠢᠵᠢᠷᠠᠯ᠎ᠤᠨ ᠬᠦᠴᠦᠨ᠎ᠲᠡᠶ ᠪᠣᠯᠭᠠᠵᠤ᠂ ᠬᠤᠵᠢᠷᠯᠢᠭ ᠭᠠᠵᠠᠷ᠎ᠢ ᠰᠠᠢᠵᠢᠷᠠᠭᠤᠯᠵᠤ᠂ ᠲᠠᠯᠠᠪᠠᠶ ᠨᠢᠭᠡᠴᠢ᠎ᠶ᠋ᠢᠨ ᠤᠨᠠᠯᠲᠠ᠎ᠶ᠋ᠢ ᠳᠡᠭᠡᠭ᠌ᠰᠢᠯᠡᠭᠦᠯᠬᠦ᠌᠎ᠨᠢ ᠵᠡᠭᠦᠳᠦ ᠪᠢᠰᠢ ᠪᠣᠯᠵᠠᠶ᠃

50 ᠭᠠᠷᠤᠢ ᠥᠭᠦᠯᠡᠯ᠂ 7 ᠲᠤᠰᠭᠠᠢ ᠪᠦᠲᠦᠭᠡᠯ᠂ 2 ᠵᠦᠢᠯ᠎ᠦᠨ ᠤᠯᠠᠨ ᠤᠯᠤᠰ᠎ᠤᠨ ᠲᠤᠰᠭᠠᠢ ᠠᠱᠢᠭ ᠪᠠ 5 ᠵᠦᠢᠯ᠎ᠦᠨ ᠮᠤᠵᠢ ᠶᠠᠮᠤᠨ᠎ᠤ ᠲᠡᠰ᠎ᠤᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠠᠩᠨᠠᠯ ᠪᠣᠯ ᠲᠡᠭᠦᠨ᠎ᠦ ᠡᠮᠦᠨ᠎ᠡ ᠹᠷᠣᠨᠲ᠎ᠲᠤ ᠦᠨᠳᠦᠰᠦᠯᠡᠭ᠌ᠰᠡᠨ ᠪᠠᠲᠤ ᠪᠡᠬᠢ ᠤᠯᠠ ᠮᠥᠷ ᠪᠣᠯᠤᠨ᠎ᠠ; ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠡᠷᠢᠭᠦᠨ᠎ᠦ ᠠᠵᠢᠯᠳᠠᠨ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠱᠢᠯᠢᠳᠡᠭ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠠᠵᠢᠯᠳᠠᠨ᠂ ᠲᠦᠩᠯᠢᠶᠣᠤ ᠬᠤᠳᠠ᠎ᠶ᠋ᠢᠨ ᠲᠡᠰ᠎ᠤᠨ ᠱᠢᠯᠢᠳᠡᠭ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠣᠨᠴᠠ ᠲᠣᠮᠢᠯᠠᠭ᠍ᠴᠢ᠂ ᠲᠦᠩᠯᠢᠶᠣᠤ ᠬᠤᠳᠠ᠎ᠶ᠋ᠢᠨ ᠱᠢᠨ᠎ᠡ᠎ᠶ᠋ᠢ ᠡᠭᠦᠳᠦᠭ᠌ᠰᠡᠨ ᠲᠡᠷᠢᠭᠦᠨ᠎ᠦ ᠬᠤᠪᠢ ᠬᠥᠮᠦᠨ ᠁ ᠤᠯᠠᠨ ᠲᠦᠮᠡᠨ ᠪᠣᠯᠤᠨ ᠲᠤᠰᠭᠠᠢ ᠮᠡᠷᠭᠡᠵᠢᠯᠲᠡᠨ᠎ᠦ ᠵᠥᠪᠱᠢᠶᠡᠷᠡᠯ ᠪᠣᠯ ᠲᠡᠭᠦᠨ᠎ᠦ ᠦᠷᠭᠦᠯᠵᠢᠯᠡᠨ ᠡᠷᠡᠯᠬᠡᠭ᠌ᠯᠡᠨ ᠤᠷᠤᠭ᠍ᠰᠢᠯᠠᠬᠤ᠎ᠶ᠋ᠢᠨ ᠪᠠᠷᠠᠭ᠍ᠳᠠᠰᠢ ᠦᠭᠡᠢ ᠬᠥᠳᠡᠯᠭᠡᠬᠦ᠌ ᠬᠦᠴᠦᠨ ᠪᠣᠯᠤᠨ᠎ᠠ᠃

ᠠᠭᠤᠯᠠᠨ ᠭᠤᠤ᠎ᠳᠤ 《ᠡᠪᠦᠯ᠎ᠤᠨ ᠨᠤᠮᠢᠨ ᠨᠤᠭᠤᠭᠠᠨ》 ᠢ᠋ ᠵᠢᠷᠤᠭᠯᠠᠪᠠ

2022 ᠣᠨ᠎ᠳᠤ᠂ ᠸᠠᠩ ᠵᠧᠨ ᠭᠦᠸᠧ ᠤᠯᠤᠰ᠎ᠤᠨ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ ᠭᠣᠣᠯᠳᠠᠯᠭ᠎ᠠ᠎ᠲᠠᠶ ᠬᠠᠪᠰᠤᠷᠤᠨ ᠲᠡᠳᠬᠦᠬᠦ᠌ ᠱᠢᠶᠠᠨ ᠪᠤᠯᠬᠤ ᠬᠦᠷᠢᠶ᠎ᠡ ᠬᠣᠱᠢᠭᠤᠨ᠎ᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠣᠨᠴᠠ ᠲᠣᠮᠢᠯᠠᠭ᠍ᠰᠠᠨ ᠪᠦᠯᠬᠦᠮ᠎ᠦᠨ ᠳᠠᠷᠤᠭ᠎ᠠ᠎ᠶ᠋ᠢᠨ ᠲᠤᠱᠢᠶᠠᠯ᠎ᠢ ᠬᠠᠷᠢᠭᠤᠴᠠᠪᠠ᠃ ᠬᠦᠷᠢᠶ᠎ᠡ ᠬᠣᠱᠢᠭᠤᠨ᠎ᠤ ᠡᠪᠦᠯ᠎ᠦᠨ ᠤᠯᠠᠷᠢᠯ᠎ᠳᠤ ᠡᠪᠡᠰᠦ ᠪᠣᠷᠳᠣᠭ᠎ᠠ ᠳᠤᠲᠠᠭ᠍ᠳᠠᠨ᠂ ᠰᠠᠯᠬᠢ ᠱᠢᠭᠤᠷᠭ᠎ᠠ ᠳᠡᠭ᠌ᠳᠡᠵᠦ᠍᠂ ᠮᠠᠯᠵᠢᠬᠤ ᠦᠢᠯᠡᠳᠪᠦᠷᠢᠯᠡᠯ᠎ᠢ ᠭᠠᠴᠢᠭ᠍ᠳᠠᠭᠤᠯᠳᠠᠭ᠃ ᠲᠡᠷᠡ ᠪᠦᠬᠦ᠌ ᠤᠯᠤᠰ᠎ᠤᠨ ᠡᠯ᠎ᠡ ᠭᠠᠵᠠᠷ᠎ᠠᠴᠠ ᠢᠷᠡᠭ᠌ᠰᠡᠨ 19 ᠲᠤᠰᠭᠠᠶ ᠮᠡᠷᠭᠡᠵᠢᠯᠲᠡᠨ᠎ᠲᠡᠶ ᠬᠠᠮᠲᠤ ᠥᠮᠥᠳᠥᠨ ᠱᠢᠷᠬᠤᠨᠠᠭ᠎ᠢᠶᠠᠨ ᠰᠢᠭᠤᠵᠦ ᠂ ᠨᠢᠭᠡ ᠰᠡᠳᠬᠢᠯ᠎ᠵᠢᠡᠷ ᠬᠣᠱᠢᠭᠤᠨ᠎ᠤ ᠡᠨᠭᠬᠦᠯ ᠳᠤᠨᠭᠬᠤᠯ ᠭᠤᠤ ᠰᠤᠪᠠᠭ᠎ᠲᠤ ᠭᠦᠨᠵᠡᠭᠡᠢᠷᠡᠪᠡ᠃

ᠤᠳᠠᠯ ᠥᠬᠡᠶ᠂ 《ᠡᠪᠦᠯ᠎ᠦᠨ ᠬᠠᠷ᠎ᠠ ᠪᠣᠭᠣᠳᠠᠶ +》 ᠳᠠᠷᠢᠬᠤ ᠵᠠᠭ᠍ᠪᠤᠷ ᠬᠦᠷᠢᠶ᠎ᠠ ᠬᠤᠰᠢᠭᠤᠨ᠎ᠤ ᠡᠬᠡ ᠭᠠᠵᠠᠷ᠎ᠲᠤ ᠳᠡᠯᠭᠡᠭ᠌ᠳᠡᠪᠡ᠃ ᠡᠪᠦᠯ᠎ᠦᠨ ᠰᠤᠯᠠ ᠲᠠᠷᠢᠶᠠᠨ᠎ᠳᠠᠭᠠᠨ ᠬᠠᠷ᠎ᠠ ᠪᠣᠭᠣᠳᠠᠶ ᠳᠠᠷᠢᠵᠤ᠂ ᠴᠡᠯ ᠨᠣᠭᠣᠭᠠᠨ ᠪᠣᠭᠣᠳᠠᠶ᠎ᠶ᠋ᠢᠨ ᠴᠢᠬᠢ᠎ᠨᠢ ᠶᠠᠭ ᠬᠡᠪᠢᠰ ᠱᠢᠭ ᠡᠬᠡ ᠭᠠᠵᠠᠷ᠎ᠢ ᠬᠤᠴᠢᠳᠠᠭ᠂ ᠲᠠᠪᠤᠨ ᠰᠠᠷ᠎ᠠ᠎ᠳᠤ ᠡᠪᠡᠰᠦ ᠪᠣᠷᠳᠣᠭ᠎ᠠ ᠬᠤᠷᠢᠶᠠᠬᠤ᠎ᠨᠢ ᠦᠬᠡᠷ ᠬᠣᠨᠢᠨ᠎ᠤ 《ᠬᠦᠨᠡᠰᠦᠨ ᠠᠮᠤ᠎ᠶ᠋ᠢᠨ ᠭᠠᠴᠢᠭ》 ᠢ᠋ ᠱᠢᠶ᠋ᠳᠪᠦᠷᠢᠯᠡᠭ᠌ᠰᠡᠨ᠎ᠢᠶᠡᠷ ᠪᠠᠷᠠᠬᠤ ᠥᠬᠡᠶ᠂ ᠪᠠᠰᠠ ᠬᠥᠷᠥᠰᠥ᠍ ᠱᠢᠷᠣᠶ᠎ᠶ᠋ᠢᠨ ᠰᠠᠯᠬᠢᠨ᠎ᠳᠤ ᠢᠳᠡᠭ᠌ᠳᠡᠬᠦ᠌᠎ᠶ᠋ᠢ ᠱᠢᠶ᠋ᠳᠪᠦᠷᠢᠯᠡᠵᠦ᠍᠂ ᠳᠠᠷᠠᠭ᠎ᠠ ᠠᠯᠬᠤᠮ᠎ᠳᠤ ᠰᠠᠭᠠᠭ᠂ ᠡᠷᠳᠡᠨᠢ ᠱᠢᠰᠢ᠂ ᠡᠷᠲᠡ ᠪᠣᠯᠪᠠᠰᠤᠷᠠᠬᠤ ᠱᠢᠰᠢ ᠨᠠᠷᠢᠮᠤ᠂ ᠳᠠᠷᠤᠱᠢᠭᠤᠯᠬᠤ ᠡᠷᠳᠡᠨᠢ ᠱᠢᠰᠢ ᠵᠡᠷᠭᠡ ᠲᠠᠷᠢᠮᠠᠯ᠎ᠢ ᠳᠠᠷᠢᠳᠠᠭ᠃ ᠡᠨᠡ ᠨᠢ ᠮᠠᠯ ᠠᠵᠤ ᠠᠬᠤᠶ ᠲᠠᠷᠢᠶᠠᠯᠠᠩ᠎ᠤᠨ ᠰᠣᠯᠪᠢᠴᠠᠭ᠍ᠰᠠᠨ ᠬᠦᠢᠲᠡᠨ ᠰᠡᠷᠢᠭᠦᠨ ᠣᠷᠣᠨ᠎ᠤ ᠶᠡᠬᠡ ᠲᠠᠷᠢᠶ᠎ᠠ᠎ᠳᠤ ᠴᠤ᠌  《ᠨᠢᠭᠡ ᠵᠢᠯ᠎ᠳᠦ ᠬᠣᠶᠠᠷ ᠤᠳᠠᠭ᠎ᠠ ᠬᠤᠷᠢᠶᠠᠬᠤ》᠂ 《ᠬᠣᠶᠠᠷ ᠵᠢᠯ᠎ᠳᠦ ᠭᠤᠷᠪᠠ ᠤᠳᠠᠭ᠎ᠠ ᠪᠣᠯᠪᠠᠰᠤᠷᠠᠬᠤ》 ᠶ᠋ᠢ ᠪᠡᠶᠡᠯᠡᠭᠦᠯᠵᠦ᠍᠂ ᠠᠮᠤ ᠪᠤᠳᠠᠭ᠎ᠠ᠂ ᠠᠵᠤ ᠠᠬᠤᠶ᠂ ᠲᠡᠵᠢᠭᠡᠯ ᠪᠣᠷᠳᠣᠭ᠎ᠠ᠎ᠶ᠋ᠢᠨ ᠵᠣᠬᠢᠴᠠᠩᠭᠤᠶ ᠬᠥᠭ᠌ᠵᠢᠯᠲᠡ ᠱᠢᠨ᠎ᠡ ᠵᠠᠮ᠎ᠲᠠᠶ ᠪᠣᠯᠵᠠᠶ᠃

3 ᠵᠢᠯ᠎ᠦᠨ ᠬᠤᠭᠤᠴᠠᠭᠠᠨ᠎ᠳᠤ᠂ ᠲᠡᠭᠦᠨ᠎ᠦ ᠤᠯᠠ ᠮᠥᠷ ᠬᠦᠷᠢᠶ᠎ᠡ ᠬᠣᠱᠢᠭᠤᠨ᠎ᠤ 8 ᠱᠢᠶᠠᠩ ᠪᠠᠯᠭᠠᠰᠤ᠂ 186 ᠲᠣᠰᠭᠣᠨ᠎ᠳᠤ ᠲᠦᠭᠡᠵᠡᠢ᠃ 13 ᠵᠢᠱ᠌ᠢᠶ᠎ᠡ ᠦᠵᠡᠭᠦᠯᠬᠦ᠌ ᠰᠠᠭᠤᠷᠢᠨ᠂ 7500 ᠮᠦ᠍ ᠵᠢᠱ᠌ᠢᠶ᠎ᠡ ᠦᠵᠡᠭᠦᠯᠬᠦ᠌ ᠦᠯᠢᠭᠡᠷ ᠳᠠᠭᠤᠷᠢᠶᠠᠯ ᠲᠠᠷᠢᠶ᠎ᠠ ᠨᠢ ᠨᠢᠳᠦᠨ᠎ᠳᠦ ᠦᠵᠡᠭ᠌ᠳᠡᠵᠦ᠍ ᠭᠠᠷ᠎ᠲᠤ ᠪᠠᠷᠢᠭ᠍ᠳᠠᠮ᠎ᠠ  《ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠬᠢᠴᠢᠶᠡᠯ᠎ᠦᠨ ᠲᠠᠩᠬᠢᠮ》 ᠪᠣᠯᠪᠠ᠃ 183 ᠱᠢᠨ᠎ᠡ ᠡᠭᠦᠯᠳᠡᠷ᠂ 13 ᠱᠢᠨ᠎ᠡ ᠮᠡᠷᠭᠡᠵᠢᠯ ᠡᠨᠳᠡ ᠦᠨᠳᠦᠰᠦ ᠬᠠᠳᠭᠤᠵᠤ᠂ 3.54 ᠲᠦᠮᠡᠨ ᠮᠥ᠍ ᠲᠠᠷᠢᠮᠠᠯ ᠳᠠᠷᠢᠬᠤ᠂ 2.72 ᠲᠦᠮᠡᠨ ᠲᠣᠯᠣᠭᠠᠶ ᠮᠠᠯ ᠮᠠᠯᠵᠢᠬᠤ᠎ᠶ᠋ᠢ ᠵᠢᠯᠣᠭᠣᠳᠴᠤ᠌᠂ ᠮᠠᠯᠴᠢᠨ ᠲᠠᠷᠢᠶᠠᠴᠢᠨ᠎ᠢ ᠬᠠᠪᠰᠤᠷᠤᠨ 1.5 ᠲᠦᠮᠡᠨ ᠲᠣᠨ ᠲᠠᠷᠢᠶᠠᠯᠠᠩ᠎ᠤᠨ ᠪᠦᠲᠦᠭᠡᠭ᠌ᠳᠡᠬᠦᠨ᠎ᠢ ᠬᠤᠳᠠᠯᠳᠤᠨ ᠭᠠᠷᠭᠠᠵᠤ᠂ ᠣᠷᠣᠯᠭ᠎ᠠ᠎ᠶ᠋ᠢ ᠨᠢ 9200 ᠲᠦᠮᠡᠨ ᠲᠥᠭᠥᠷᠢᠭ ᠨᠡᠮᠡᠭ᠌ᠳᠡᠭᠦᠯᠪᠡ᠃ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠨᠢ ᠠᠵᠤ ᠦᠢᠯᠡᠰ᠎ᠢ ᠬᠥᠭ᠌ᠵᠢᠭᠦᠯᠦᠨ ᠮᠠᠨᠳᠤᠭᠤᠯᠬᠤ 《ᠴᠠᠭ᠎ᠤᠨ ᠬᠤᠷ᠎ᠠ》 ᠪᠣᠯᠤᠯ᠎ᠠ᠃

ᠲᠡᠷᠡ ᠪᠠᠰᠠ ᠨᠤᠲᠤᠭ᠎ᠤᠨ ᠲᠠᠷᠢᠶᠠᠯᠠᠩ᠎ᠤᠨ ᠮᠡᠷᠭᠡᠵᠢᠯᠲᠡᠨ᠂ ᠬᠤᠷᠱᠢᠶ᠎ᠠ᠎ᠶ᠋ᠢᠨ ᠲᠠᠭᠠᠭᠤᠯᠤᠬ᠍ᠴᠢ ᠪᠣᠯᠤᠨ ᠪᠠᠶᠠᠵᠢᠯ᠎ᠤᠨ ᠴᠢᠳᠠᠪᠤᠷᠢᠲᠠᠨ᠎ᠢ ᠣᠨᠢᠯᠠᠨ ᠪᠡᠶᠡᠴᠢᠯᠡᠨ ᠵᠢᠭᠠᠨ ᠰᠤᠷᠭᠠᠪᠠ᠃ ᠣᠬᠣᠷᠬᠠᠨ ᠬᠡᠳᠦᠨ ᠵᠢᠯ᠎ᠳᠦ᠂ 50 ᠭᠠᠷᠤᠶ 《ᠨᠤᠲᠤᠭ᠎ᠤᠨ ᠲᠤᠰᠭᠠᠶ ᠮᠡᠷᠭᠡᠵᠢᠯᠲᠡᠨ》 《ᠲᠠᠷᠢᠶᠠᠨ ᠤᠶᠤᠲᠠᠨ》 ᠢ᠋ ᠬᠦᠮᠦᠵᠢᠭᠦᠯᠦᠨ ᠭᠠᠷᠭᠠᠵᠠᠢ᠃ 2500 ᠭᠠᠷᠤᠢ ᠬᠥᠮᠦᠨ ᠤᠳᠠᠭ᠎ᠠ᠎ᠶ᠋ᠢᠨ ᠪᠣᠯᠪᠠᠰᠤᠷᠠᠯ᠂ 120 ᠭᠠᠷᠤᠢ ᠤᠳᠠᠭ᠎ᠠ᠎ᠶ᠋ᠢᠨ ᠲᠠᠷᠢᠶᠠᠨ ᠭᠠᠵᠠᠷ᠎ᠲᠤ ᠮᠠᠳᠠᠭ᠎ᠢ ᠲᠠᠢᠯᠬᠤ᠂ 620 ᠭᠠᠷᠤᠢ ᠤᠳᠠᠭ᠎ᠠ᠎ᠶ᠋ᠢᠨ ᠲᠤᠰᠭᠠᠢ ᠮᠡᠷᠭᠡᠵᠢᠯᠲᠡᠨ ᠴᠢᠳᠠᠪᠤᠷᠢᠲᠠᠨ᠎ᠤ ᠦᠢᠯᠡᠴᠢᠯᠡᠭᠡ ᠁ ᠲᠡᠷᠡ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ 《ᠤᠴᠢ》 ᠪᠡᠷ ᠲᠦᠭ ᠲᠦᠮᠡᠨ ᠡᠷᠦᠬᠡ᠎ᠵᠢ ᠭᠡᠢᠬᠦᠯᠵᠦ᠂ ᠨᠤᠲᠤᠭ᠎ᠤᠨ ᠠᠬ᠎ᠠ ᠳᠡᠭᠦᠦ᠍᠎ᠨᠡᠷ᠎ᠦᠨ ᠣᠷᠣᠯᠭ᠎ᠠ᠎ᠪᠠᠨ ᠨᠡᠮᠡᠭ᠌ᠳᠡᠭᠦᠯᠬᠦ᠌ ᠬᠦᠰᠡᠯ ᠡᠷᠡᠮᠡᠯᠵᠡᠯ᠎ᠢ ᠪᠡᠶᠡᠯᠡᠬᠦᠯᠪᠡ᠃

ᠡᠯᠳᠡᠪ ᠠᠮᠤ᠎ᠶ᠋ᠢᠨ 《ᠬᠡᠯᠬᠢᠶ᠎ᠡ》 ᠡᠴᠡ ᠲᠣᠮᠣ ᠲᠦᠷᠦᠯ ᠲᠡᠮᠳᠡᠭ ᠭᠠᠷᠪᠠ

ᠬᠡᠷᠬᠢᠨ ᠡᠯᠳᠡᠪ ᠠᠮᠤ ᠪᠤᠳᠠᠭ᠎ᠠ᠎ᠶ᠋ᠢ ᠶᠡᠬᠡ ᠦᠨ᠎ᠡ᠎ᠪᠡᠷ ᠬᠤᠳᠠᠯᠳᠤᠬᠤ ᠪᠤᠢ? ᠸᠠᠩ ᠵᠧᠨ ᠭᠦᠸᠧ ᠬᠠᠷᠠᠴᠠ᠎ᠪᠠᠨ ᠠᠵᠤ ᠦᠢᠯᠡᠰ᠎ᠦᠨ ᠬᠡᠯᠬᠢᠶ᠎ᠡ᠎ᠳᠦ ᠲᠠᠯᠪᠢᠪᠠ᠃ ᠲᠡᠷᠡ ᠥᠪᠥᠷ ᠮᠣᠩᠭᠣᠯ᠎ᠤᠨ ᠠᠩᠬᠠᠳᠠᠭ᠍ᠴᠢ 《ᠱᠢᠰᠢ᠎ᠶ᠋ᠢᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠵᠢᠵᠢᠭ ᠬᠦᠷᠢᠶᠡᠯᠡᠩ》 ᠪᠠᠢᠭᠤᠯᠬᠤ᠎ᠶ᠋ᠢ ᠠᠬᠢᠭᠤᠯᠵᠤ᠂ ᠱᠢᠨᠵᠢᠯᠡᠬᠦ᠌ ᠤᠬᠠᠭᠠᠨ᠎ᠤ ᠰᠤᠳᠤᠯᠭᠠᠨ᠂ ᠳᠡᠯᠭᠡᠷᠡᠭᠦᠯᠦᠯᠲᠡ ᠪᠠ ᠡᠵᠡᠩᠨᠡᠯᠲᠡ᠎ᠶ᠋ᠢᠨ ᠭᠣᠣᠯ ᠴᠣᠭ᠍ᠴᠠ᠎ᠶ᠋ᠢ ᠨᠢᠭ᠍ᠲᠠ ᠵᠣᠯᠭᠠᠭᠤᠯᠪᠠ᠃

《ᠬᠦᠷᠢᠶ᠎ᠠ ᠬᠤᠰᠢᠭᠤᠨ᠎ᠤ ᠰᠠᠭᠠᠭ》 ᠪᠣᠯ ᠬᠠᠭᠤᠴᠢᠨ ᠲᠦᠷᠦᠯ ᠲᠡᠮᠳᠡᠭ᠌ᠲᠦ ᠶᠤᠮ᠂ ᠭᠡᠪᠡᠴᠦ᠍ ᠦᠷ᠎ᠡ ᠠᠱᠢᠭ᠎ᠢ ᠨᠢ ᠳᠡᠭᠡᠭ᠌ᠰᠢᠯᠡᠭᠦᠯᠬᠦ᠌ ᠴᠢᠬᠤᠯᠠᠲᠠᠶ ᠪᠠᠢᠨ᠎ᠠ᠃ ᠲᠡᠷᠡ ᠦᠨ᠎ᠡ ᠲᠥᠯᠥᠪᠦᠷᠢ ᠦᠭᠡᠢ᠎ᠪᠡᠷ 《ᠲᠥᠩ ᠺᠦ ᠴᠢᠶᠤᠤ 2 ᠨᠤᠮᠸᠷ》 ᠴᠢᠨᠠᠷ ᠰᠠᠢᠲᠠᠢ ᠡᠭᠦᠯᠳᠡᠷ᠎ᠢ ᠱᠢᠯᠵᠢᠭᠦᠯᠦᠨ ᠥᠭ᠌ᠴᠦ᠂ ᠲᠤᠬᠠᠢ᠎ᠶ᠋ᠢᠨ ᠭᠠᠵᠠᠷ᠎ᠤᠨ ᠠᠵᠤ ᠠᠬᠤᠢᠯᠠᠯ᠎ᠤᠨ ᠦᠢᠯᠡᠳᠬᠦᠨ᠎ᠦ ᠶᠠᠰᠤ ᠴᠢᠨᠠᠷ᠎ᠢ ᠳᠡᠭᠡᠭ᠌ᠰᠢᠯᠡᠭᠦᠯᠬᠦ᠌᠎ᠶ᠋ᠢ ᠲᠡᠮᠵᠢᠵᠤ᠂ ᠲᠠᠩ ᠭᠠᠭ᠍ᠴᠠ ᠦᠢᠯᠡᠳᠬᠦᠨ᠎ᠦ ᠪᠣᠷᠣᠯᠠᠭᠤᠯᠭ᠎ᠠ ᠭᠤᠷᠪᠠᠨ ᠵᠢᠯ᠎ᠳᠦ ᠲᠦᠷᠪᠡ ᠲᠠᠬᠢᠨ ᠨᠡᠮᠡᠭ᠌ᠳᠡᠪᠡ᠃ ᠰᠧᠯᠧᠨ ᠡᠯᠪᠡᠭ ᠰᠠᠭᠠᠭ᠂ ᠰᠧᠯᠧᠨ ᠡᠯᠪᠡᠭ ᠦᠬᠡᠷ᠎ᠦᠨ ᠮᠢᠬ᠎ᠠ᠂ ᠰᠠᠭᠠᠭ᠎ᠤᠨ ᠬᠤᠸᠠᠷ᠎ᠲᠠᠶ ᠴᠠᠢ ᠁ ᠲᠡᠭᠦᠨ᠎ᠦ ᠳᠡᠮᠵᠢᠯᠭᠡ ᠳᠣᠣᠷ᠎ᠠ ᠤᠯᠠᠨ ᠠᠷᠪᠢᠨ ᠱᠢᠨ᠎ᠡ ᠪᠦᠲᠦᠭᠡᠭ᠌ᠳᠡᠬᠦᠨ ᠭᠠᠷᠴᠤ᠌ ᠢᠷᠡᠭᠡᠳ 《ᠬᠦᠷᠢᠶ᠎ᠠ ᠬᠤᠰᠢᠭᠤᠨ᠎ᠤ ᠰᠠᠭᠠᠭ》 ᠵᠡᠷᠭᠡ ᠠᠯᠳᠠᠨ ᠱᠤᠰᠢᠭ᠎ᠠ᠎ᠶ᠋ᠢ ᠭᠡᠷᠡᠯᠳᠦᠭᠦᠯᠪᠡ᠃ ᠲᠡᠭᠦᠨ᠎ᠦ ᠵᠢᠯᠤᠭᠤᠳᠤᠨ ᠠᠬᠢᠭᠤᠯᠤᠭ᠍ᠰᠠᠨ ᠱᠢᠰᠢ᠎ᠵᠢᠨ ᠡᠭᠦᠯᠳᠡᠷ᠎ᠤᠨ ᠱᠢᠨᠡᠴᠢᠯᠡᠯᠲᠡ ᠨᠢ᠂ ᠲᠦᠩᠯᠢᠶᠣᠤ᠎ᠵᠢᠨ ᠱᠢᠰᠢ᠎ᠶ᠋ᠢ ᠮᠠᠱᠢᠨᠴᠢᠯᠠᠬᠤ᠂ ᠲᠤᠰᠭᠠᠢᠴᠢᠯᠠᠬᠤ ᠲᠡᠢᠰᠢ ᠭᠦᠭᠵᠢᠭᠦᠯᠵᠡᠢ᠃ ᠲᠡᠭᠦᠨ᠎ᠤ ᠳᠡᠯᠭᠡᠷᠡᠭᠦᠯᠦᠭ᠌ᠰᠡᠨ 10 ᠭᠠᠷᠤᠶ ᠵᠦᠶ᠋ᠯ᠎ᠦᠨ ᠱᠢᠨ᠎ᠡ ᠡᠭᠦᠯᠳᠡᠷ ᠱᠢᠨ᠎ᠡ ᠮᠡᠷᠭᠡᠵᠢᠯ᠎ᠢ ᠨᠡᠢᠲᠡ 1000 ᠲᠦᠮᠡᠨ ᠮᠥ᠍᠎ᠳᠤ ᠬᠡᠷᠡᠭ᠌ᠯᠡᠵᠦ᠍᠂ ᠥᠪᠡᠷ᠎ᠦᠨ ᠥᠷᠲᠡᠭ᠎ᠢ ᠠᠷᠪᠢᠯᠠᠨ ᠣᠷᠣᠯᠭ᠎ᠠ᠎ᠶ᠋ᠢ ᠨᠡᠮᠡᠭ᠌ᠳᠡᠭᠦᠯᠦᠭ᠌ᠰᠡᠨ ᠨᠢ 5 ᠳ᠋ᠦᠩᠱᠢᠭᠤᠷ ᠲᠥᠭᠥᠷᠢᠭ᠎ᠢ ᠳᠠᠪᠠᠵᠤ᠂ ᠣᠨᠴᠠᠯᠢᠭ᠍ᠲᠤ ᠲᠠᠷᠢᠶᠠᠯᠠᠩ᠎ᠢ ᠦᠨᠡᠨ ᠬᠦ᠌ ᠬᠦᠴᠦᠷᠬᠡᠭ᠌ᠵᠢᠭᠦᠯᠪᠡ᠃

ᠲᠤᠷᠱᠢᠯᠲᠠ᠎ᠶ᠋ᠢᠨ ᠲᠠᠰᠤᠭ᠎ᠤᠨ ᠨᠠᠷᠢᠯᠢᠭ ᠬᠡᠮᠵᠢᠭᠦᠷᠯᠢᠭ᠎ᠡᠴᠡ ᠠᠪᠤᠭᠠᠳ ᠲᠠᠷᠢᠶᠠᠨ ᠭᠠᠵᠠᠷ᠎ᠲᠤ ᠰᠠᠯᠬᠢ ᠦᠯᠢᠶᠡᠨ ᠨᠡᠷᠡᠨ᠎ᠳᠦ ᠰᠢᠷᠠᠭᠳᠠᠬᠤ ᠬᠦᠷᠲᠡᠯ᠎ᠡ᠂ ᠨᠢᠭᠡ ᠮᠥᠬᠥᠯᠢᠭ ᠦᠷ᠎ᠡ ᠰᠤᠶᠤᠭᠠᠯᠠᠬᠤ᠎ᠠᠴᠠ ᠠᠪᠤᠭᠠᠳ ᠨᠢᠭᠡ ᠲᠠᠯ᠎ᠠ᠎ᠶ᠋ᠢᠨ ᠠᠵᠤ ᠦᠢᠯᠡᠰ᠎ᠢ ᠬᠥᠭ᠌ᠵᠢᠭᠦᠯᠦᠨ ᠮᠠᠨᠳᠤᠭᠤᠯᠬᠤ ᠬᠦᠷᠲᠡᠯ᠎ᠡ᠂ ᠸᠠᠩ ᠵᠧᠨ ᠭᠦᠸᠧ᠎ᠶ᠋ᠢᠨ ᠪᠠᠷ᠎ᠠ ᠨᠢ ᠢᠮᠠᠭ᠍ᠲᠠ ᠲᠦᠩᠯᠢᠶᠣᠤ᠎ᠶ᠋ᠢᠨ ᠡᠬᠡ ᠭᠠᠵᠠᠷ᠎ᠲᠠᠶ ᠨᠢᠭ᠍ᠲᠠ ᠬᠣᠯᠪᠣᠯᠳᠤᠵᠤ ᠪᠠᠢᠯ᠎ᠠ᠃ ᠲᠡᠷᠡ ᠪᠠᠲᠤ ᠪᠠᠷᠢᠮᠳᠠᠯᠠᠯ᠎ᠵᠢᠡᠷ ᠵᠢᠡᠨ 《ᠤᠭ ᠰᠠᠨᠠᠭ᠎ᠠ᠎ᠪᠠᠨ ᠦᠯᠦ᠍ ᠮᠠᠷᠲᠠᠵᠤ ᠬᠦᠳᠡᠭᠡ ᠠᠵᠤ ᠠᠬᠤᠢ ᠬᠥᠳᠡᠭᠡ ᠲᠣᠰᠭᠣᠨ ᠲᠠᠷᠢᠶᠠᠴᠢᠨ᠎ᠤ ᠲᠥᠯᠥᠭᠡ ᠵᠢᠳᠬᠦᠵᠦ᠍᠂ ᠡᠷᠡᠮᠡᠬᠡᠢᠯᠡᠨ ᠤᠷᠤᠭ᠍ᠰᠢᠯᠠᠵᠤ ᠬᠥᠭ᠌ᠵᠢᠯ ᠮᠠᠨᠳᠤᠯ᠎ᠢ ᠠᠬᠢᠭᠤᠯᠬᠤ》ᠬᠠᠷᠢᠭᠤᠴᠠᠯᠭ᠎ᠠ ᠪᠣᠯᠤᠨ ᠡᠭᠦᠷᠭᠡᠯᠡᠯ᠎ᠵᠢᠡᠨ ᠬᠣᠷᠴᠢᠨ᠎ᠤ ᠲᠠᠯ᠎ᠠ ᠨᠤᠲᠤᠭ᠎ᠤᠨ  ᠰᠡᠳᠭᠢᠯ ᠬᠥᠳᠡᠯᠭᠡᠮ᠎ᠡ ᠡᠯᠪᠡᠭ ᠬᠤᠷᠢᠶᠠᠯᠲᠠ᠎ᠶ᠋ᠢᠨ ᠵᠢᠷᠤᠭ ᠲᠥᠰᠦᠪ ᠪᠣᠯᠭᠠᠪᠠ᠃

ᠵᠤᠨ᠎ᠤ ᠳᠤᠮᠳᠠ ᠰᠠᠷ᠎ᠠ᠎ᠳᠤ᠂ ᠡᠪᠦᠯ᠎ᠦᠨ ᠬᠠᠷ᠎ᠠ ᠪᠤᠭᠤᠳᠠᠢ ᠳᠠᠪᠠᠯᠭᠠᠯᠠᠬᠰᠠᠨ ᠭᠠᠵᠠᠷ᠎ᠲᠤ᠂ ᠡᠨᠡ ᠬᠦ᠌ ᠪᠤᠭᠤᠳᠠᠢ᠎ᠶ᠋ᠢᠨ ᠲᠠᠷᠢᠶᠠᠨ᠎ᠳᠠᠬᠢ 《ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠰᠠᠬᠢᠨ ᠪᠠᠷᠠᠯᠠᠭ᠍ᠴᠢ》 ᠶᠠᠪᠤᠬᠤ᠎ᠶ᠋ᠢᠨ ᠳᠠᠭᠠᠤ ᠦᠵᠡᠵᠦ᠍᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠢᠶᠡᠷ ᠲᠠᠷᠢᠶᠠᠯᠠᠩ᠎ᠢ ᠬᠥᠭ᠌ᠵᠢᠭᠦᠯᠬᠦ᠌ ᠨᠡᠩ ᠦᠵᠡᠰᠭᠦᠯᠡᠩᠲᠦ ᠰᠠᠢᠬᠠᠨ ᠢᠷᠡᠭᠡᠳᠦᠢ᠎ᠶ᠋ᠢ ᠴᠣᠭ᠍ᠴᠠᠯᠠᠵᠤ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号