《ᠬᠦᠬᠡ ᠳᠠᠷᠤᠰᠢ ᠶ᠋ᠢᠨ ᠡᠷᠳᠡᠨᠢ ᠰᠢᠰᠢ ᠪᠠ ᠰᠢᠷ᠎ᠡ ᠪᠤᠷᠴᠠᠭ》 ᠢ᠋ ᠠᠯᠠᠭᠯᠠᠨ ᠲᠠᠷᠢᠵᠤ ᠲᠦᠡᠭᠯᠢᠶᠤᠤ ᠬᠤᠲᠠ ᠮᠠᠯ ᠠᠵᠤ ᠠᠬᠤᠢ ᠲᠠᠷᠢᠶᠠᠯᠠᠡᠭ ᠤ᠋ᠨ ᠦᠪᠡᠷ ᠤ᠋ᠨ ᠦᠷᠳᠡᠭ ᠢ᠋ ᠪᠠᠭᠤᠷᠠᠭᠤᠯᠵᠤ ᠦᠷ᠎ᠡ ᠠᠰᠢᠭ ᠢ᠋ ᠨᠡᠮᠡᠭᠳᠡᠭᠦᠯᠬᠦ ᠰᠢᠨ᠎ᠡ ᠵᠠᠭᠪᠤᠷ ᠢ᠋ ᠰᠦᠪᠡᠭᠴᠢᠯᠡᠨ᠎ᠡ
2025-09-29 10:39:26
ᠵᠣᠬᠢᠶᠠᠭ᠍ᠴᠢ᠄
ᠾᠦᠸᠸ ᠱᠢᠶᠤᠤ ᠴᠢᠩ
ᠣᠩᠱᠢᠭ᠍ᠰᠠᠨ ᠣᠳᠠᠭ᠎ᠠ᠄
★★★☆☆

《ᠬᠦᠭᠡ ᠳᠠᠷᠤᠰᠢ ᠶ᠋ᠢᠨ ᠡᠷᠳᠡᠨᠢ ᠱᠢᠰᠢ ᠶ᠋ᠢᠨ ᠮᠦ᠍ ᠨᠢᠭᠡᠴᠢ ᠶ᠋ᠢᠨ ᠤᠨᠠᠯᠲᠠ 9012.66 ᠺᠢᠯᠣᠭ᠌ᠷᠠᠮ᠂ ᠬᠦᠭᠡ ᠳᠠᠷᠤᠰᠢ ᠶ᠋ᠢᠨ ᠰᠢᠷ᠎ᠡ ᠪᠤᠷᠴᠠᠭ ᠤ᠋ᠨ ᠮᠦ᠍ ᠨᠢᠭᠡᠴᠢ ᠶ᠋ᠢᠨ ᠤᠨᠠᠯᠲᠠ 3147.43 ᠺᠢᠯᠣᠭ᠌ᠷᠠᠮ᠂ ᠮᠦ᠍ ᠨᠢᠭᠡᠴᠢ ᠶ᠋ᠢᠨ ᠳᠤᠮᠳᠠᠴᠢ ᠤᠨᠠᠯᠲᠠ 6080.05 ᠺᠢᠯᠣᠭ᠌ᠷᠠᠮ!》 ᠲᠦᠷᠦᠭᠦᠬᠡᠨ ᠲᠠᠷᠢᠶᠠᠯᠠᠩ ᠤ᠋ᠨ ᠲᠤᠰᠭᠠᠶ ᠮᠡᠷᠭᠡᠵᠢᠯᠲᠡᠨ ᠤ᠋ ᠲᠤᠬᠠᠶ ᠶ᠋ᠢᠨ ᠲᠠᠯᠠᠪᠠᠶ ᠳ᠋ᠤ ᠨᠡᠢᠲᠡᠯᠡᠭ᠌ᠰᠡᠨ ᠬᠠᠮᠤᠭ ᠤ᠋ᠨ ᠱᠢᠨ᠎ᠡ ᠤᠨᠠᠯᠲᠠ ᠵᠢᠨ ᠲᠣᠭ᠎ᠠ ᠪᠠᠷᠢᠮᠲᠠ ᠨᠢ ᠲᠦᠩᠯᠢᠶᠣᠤ ᠬᠣᠲᠠ ᠶ᠋ᠢᠨ ᠬᠣᠷᠴᠢᠨ ᠵᠡᠭᠦᠨ ᠭᠠᠷᠤᠨ ᠬᠣᠢᠲᠤ ᠬᠣᠱᠢᠭᠤᠨ ᠤ᠋ 《ᠬᠦᠭᠡ ᠳᠠᠷᠤᠰᠢ ᠶ᠋ᠢᠨ ᠡᠷᠳᠡᠨᠢ ᠱᠢᠰᠢ ᠪᠠ ᠱᠢᠷ᠎ᠠ ᠪᠤᠷᠴᠠᠭ》 ᠢ᠋ ᠠᠯᠠᠭᠯᠠᠨ ᠲᠠᠷᠢᠬᠤ ᠵᠠᠭ᠍ᠪᠤᠷ ᠠᠮᠵᠢᠯᠲᠠ ᠣᠯᠤᠭ᠍ᠰᠠᠨ ᠢ᠋ ᠬᠠᠷᠠᠭᠤᠯᠤᠯ᠎ᠠ᠃

ᠤᠨᠠᠯᠲᠠ ᠵᠢ ᠬᠡᠮᠵᠢᠬᠦ᠌ ᠲᠤᠬᠠᠶ ᠶ᠋ᠢᠨ ᠲᠠᠯᠠᠪᠠᠶ ᠳ᠋ᠤ 6 ᠵᠤᠷᠬ᠎ᠠ ᠡᠷᠳᠡᠨᠢ ᠱᠢᠰᠢ᠂ 4 ᠵᠤᠷᠬ᠎ᠠ ᠱᠢᠷ᠎ᠠ ᠪᠤᠷᠴᠠᠭ ᠢ᠋ ᠠᠯᠠᠭᠯᠠᠨ ᠲᠠᠷᠢᠭᠰᠠᠨ ᠲᠠᠷᠢᠶ᠎ᠠ ᠪᠡᠷ ᠬᠦᠭᠡ ᠳᠠᠷᠤᠰᠢ ᠳᠠᠷᠤᠰᠢᠭᠤᠯᠬᠤ ᠲᠣᠮᠣ ᠬᠡᠯᠪᠡᠷᠢ ᠶ᠋ᠢᠨ ᠮᠠᠱᠢᠨ ᠬᠠᠳᠤᠵᠤ ᠬᠤᠷᠢᠶᠠᠬᠤ ᠶ᠋ᠢᠨ ᠵᠡᠷᠬᠡ ᠪᠡᠷ ᠬᠡᠷᠴᠢᠵᠦ ᠬᠡᠮᠬᠡᠯᠦᠨ᠎ᠡ᠃ ᠬᠠᠳᠤᠵᠤ ᠬᠤᠷᠢᠶᠠᠵᠤ ᠲᠠᠷᠤᠰᠢᠭᠤᠯᠤᠭᠰᠠᠨ ᠡᠳᠡᠭᠡᠷ ᠬᠦᠭᠡ ᠳᠠᠷᠤᠰᠢ ᠨᠢ ᠤᠳᠠᠯ ᠦᠭᠡᠢ ᠮᠤᠳᠤᠲᠤ ᠰᠤᠮᠤ ᠶ᠋ᠢᠨ ᠬᠦᠡᠭ ᠤ᠋ᠨ ᠬᠤᠷᠤᠭ᠎ᠠ ᠭᠠᠴᠠᠭᠠᠨ ᠤ᠋ ᠲᠠᠷᠢᠶᠠᠴᠢᠨ ᠸᠸᠨ ᠮᠢᠡᠭ ᠤ᠋ᠨ 100 ᠭᠠᠷᠤᠢ ᠦᠭᠡᠷ ᠤ᠋ᠨ ᠰᠦᠯ ᠰᠠᠢᠲᠠᠢ ᠲᠡᠵᠢᠭᠡᠯ ᠪᠤᠷᠳᠤᠭ᠎ᠠ ᠪᠤᠯᠵᠤ ᠨᠦᠬᠡᠴᠡᠯᠡᠭᠳᠡᠬᠦ ᠪᠤᠯᠤᠨ᠎ᠠ᠃ 《ᠨᠢᠳᠤᠨᠤᠨ ᠡᠨᠡ ᠬᠡᠰᠡᠭ ᠭᠠᠵᠠᠷ ᠲᠦ᠍ ᠵᠥᠪᠬᠡᠨ ᠬᠦᠭᠡ ᠳᠠᠷᠤᠰᠢ ᠶ᠋ᠢᠨ ᠡᠷᠳᠡᠨᠢ ᠱᠢᠰᠢ ᠳᠠᠷᠢᠵᠤ᠂ ᠮᠥ᠍ ᠨᠢᠭᠡᠴᠢ ᠶ᠋ᠢᠨ ᠤᠨᠠᠯᠲᠠ ᠨᠢ 7400 ᠭᠠᠷᠤᠶ ᠺᠢᠯᠣᠭ᠌ᠷᠠᠮ ᠳ᠋ᠦ ᠬᠦᠷᠴᠠᠢ᠂ ᠡᠨᠡ ᠵᠢᠯ 55 ᠮᠥ᠍ ᠭᠠᠵᠠᠷ ᠭᠠᠷᠭᠠᠵᠤ ᠠᠯᠠᠭᠯᠠᠨ ᠲᠠᠷᠢᠬᠤ ᠲᠤᠷᠱᠢᠯᠲᠠ ᠶ᠋ᠢᠨ ᠲᠠᠷᠢᠶ᠎ᠠ ᠪᠤᠯᠭᠠᠭᠰᠠᠨ ᠶ᠋ᠢᠡᠷ ᠬᠦᠭᠡ ᠳᠠᠷᠤᠰᠢ ᠶ᠋ᠢᠨ ᠡᠷᠳᠡᠨᠢ ᠱᠢᠰᠢ ᠶ᠋ᠢᠨ ᠮᠥ᠍ ᠨᠢᠭᠡᠴᠢ ᠶ᠋ᠢᠨ ᠤᠨᠠᠯᠲᠠ ᠨᠢ 1600 ᠭᠠᠷᠤᠶ ᠺᠢᠯᠣᠭ᠌ᠷᠠᠮ ᠨᠡᠮᠡᠭ᠌ᠳᠡᠵᠦ᠍᠂ ᠪᠠᠰᠠ ᠱᠢᠮ᠎ᠡ ᠲᠡᠵᠢᠭᠡᠯ  ᠵᠢᠡᠷ  ᠡᠯᠪᠡᠭ ᠱᠢᠷ᠎ᠠ ᠪᠤᠷᠴᠠᠭ ᠢ᠋ ᠨᠡᠮᠡᠵᠦ ᠳᠠᠷᠢᠭᠰᠠᠨ ᠶᠤᠮ》 ᠭᠡᠵᠦ ᠸᠸᠨ ᠮᠢᠡᠭ ᠬᠡᠯᠡᠵᠦ ᠪᠠᠢᠯ᠎ᠠ᠃

《ᠤᠯᠠᠭᠠᠨ ᠦᠬᠡᠷ ᠤ᠋ᠨ ᠨᠤᠲᠤᠭ》 ᠪᠣᠯᠤᠭ᠍ᠰᠠᠨ ᠤ᠋ ᠬᠤᠪᠢ ᠳ᠋ᠤ᠂ 2024 ᠤᠨ ᠳ᠋ᠦ ᠬᠣᠷᠴᠢᠨ ᠵᠡᠭᠦᠨ ᠭᠠᠷᠤᠨ ᠬᠣᠢᠲᠤ ᠬᠣᠱᠢᠭᠤᠨ ᠤ᠋ ᠮᠢᠬᠠᠨ ᠤ᠋ ᠦᠬᠡᠷ 95.19 ᠲᠦᠮᠡ ᠳ᠋ᠦ ᠬᠦᠷᠴᠦ᠍᠂ ᠥᠪᠡᠷᠲᠡᠭᠡᠨ ᠵᠠᠰᠠᠬᠤ ᠣᠷᠣᠨ ᠤ᠋ 1/8 ᠵᠢ ᠡᠵᠡᠯᠡᠪᠡ᠃ ᠤᠢᠷ᠎ᠡ ᠶ᠋ᠢᠨ ᠬᠣᠶᠠᠷ ᠵᠢᠯ ᠳ᠋ᠦ ᠮᠢᠬᠠᠨ ᠤ᠋ ᠦᠬᠡᠷ ᠤ᠋ᠨ ᠦᠨ᠎ᠡ ᠲᠣᠭ᠍ᠲᠠᠪᠤᠷᠢ ᠦᠭᠡᠢ ᠡᠴᠡ ᠪᠤᠯᠵᠤ ᠦᠬᠡᠷ ᠲᠡᠵᠢᠭᠡᠬᠦ᠌ ᠡᠷᠦᠬᠡ ᠳ᠋ᠦ ᠨᠡᠯᠢᠶᠡᠳ ᠶᠡᠬᠡ ᠳᠠᠭᠠᠷᠢᠯᠲᠠ ᠤᠴᠠᠷᠠᠭᠤᠯᠪᠠ᠃ ᠦᠬᠡᠷ ᠲᠡᠵᠢᠭᠡᠬᠦ᠌ ᠡᠷᠦᠬᠡ ᠶ᠋ᠢᠨ ᠠᠱᠢᠭ ᠲᠤᠰᠠ ᠵᠢ ᠪᠠᠲᠤᠯᠠᠬᠤ ᠶ᠋ᠢᠨ ᠲᠥᠯᠥᠭᠡ᠂ ᠲᠤᠬᠠᠶ ᠶ᠋ᠢᠨ ᠭᠠᠵᠠᠷ ᠤ᠋ᠨ ᠬᠢᠨ 《ᠲᠡᠵᠢᠭᠡᠬᠦ᠌ ᠶ᠋ᠢᠨ ᠲᠥᠯᠥᠭᠡ ᠳᠠᠷᠢᠬᠤ》 ᠭᠤᠤᠯ ᠰᠡᠳᠭᠢᠴᠡ ᠪᠡᠷ ᠮᠠᠯ ᠠᠵᠤ ᠠᠬᠤᠢ ᠲᠠᠷᠢᠶᠠᠯᠠᠡᠭ ᠤ᠋ᠨ ᠥᠪᠡᠷ ᠤ᠋ᠨ ᠥᠷᠲᠡᠭ ᠢ᠋ ᠪᠠᠭᠤᠷᠠᠭᠤᠯᠤᠨ ᠦᠷ᠎ᠡ ᠠᠱᠢᠭ ᠢ᠋ ᠨᠡᠮᠡᠭ᠌ᠳᠡᠭᠦᠯᠬᠦ᠌ ᠱᠢᠨ᠎ᠡ ᠵᠠᠮ ᠢ᠋ ᠴᠢᠷᠮᠠᠢᠨ ᠰᠦᠪᠡᠭ᠌ᠴᠢᠯᠡᠭᠰᠠᠨ ᠶᠤᠮ᠃

《ᠬᠦᠭᠡ ᠳᠠᠷᠤᠰᠢ ᠶ᠋ᠢᠨ ᠡᠷᠳᠡᠨᠢ ᠱᠢᠰᠢ ᠳ᠋ᠦ ᠴᠠᠷᠳᠠᠭᠤᠯ ᠵᠡᠷᠭᠡ ᠨᠡᠭᠦᠷᠡᠰᠦ ᠤᠰᠤᠨ ᠤ᠋ ᠨᠢᠭᠡᠳᠪᠦᠷᠢ ᠡᠯᠪᠡᠭ ᠠᠭᠤᠯᠤᠭ᠍ᠳᠠᠵᠤ᠂ ᠦᠬᠡᠷ ᠤ᠋ᠨ ᠪᠤᠢᠵᠢᠯᠲᠠ ᠪᠠ ᠰᠦ ᠱᠢᠭᠦᠷᠡᠭᠦᠯᠬᠦ᠌ ᠳ᠋ᠦ ᠳᠤᠲᠠᠭ᠍ᠳᠠᠵᠤ ᠪᠣᠯᠤᠰᠢ ᠥᠬᠡᠶ ᠡᠯᠧᠮᠧᠨ᠋ᠲ ᠪᠣᠯᠤᠨ᠎ᠠ᠃ ᠬᠦᠭᠡ ᠳᠠᠷᠤᠰᠢ ᠶ᠋ᠢᠨ ᠱᠢᠷ᠎ᠠ ᠪᠤᠷᠴᠠᠭ ᠨᠢ  ᠤᠷᠭᠤᠮᠠᠯ ᠤ᠋ᠨ ᠤᠭᠤᠷᠠᠭ ᠤ᠋ᠨ ᠸᠠᠩ ᠬᠡᠮᠡᠭᠳᠡᠵᠦ᠂ ᠠᠭᠤᠯᠤᠭ᠍ᠳᠠᠴᠠ ᠨᠢ ᠡᠩ ᠤ᠋ᠨ ᠲᠡᠵᠢᠭᠡᠯ ᠪᠣᠷᠳᠣᠭ᠎ᠠ ᠡᠴᠡ ᠢᠯᠡᠳᠲᠡ ᠥᠨᠳᠥᠷ ᠪᠠᠢᠳᠠᠭ᠃ ᠡᠨᠡ ᠬᠣᠶᠠᠷ ᠵᠦᠶ᠋ᠯ ᠤ᠋ᠨ ᠲᠠᠷᠢᠮᠠᠯ ᠢ᠋ ᠬᠠᠮᠲᠤ ᠲᠠᠷᠢᠵᠤ ᠬᠠᠮᠳᠤ ᠬᠤᠷᠢᠶᠠᠨ ᠱᠢᠨᠵᠢᠯᠡᠬᠦ᠌ ᠤᠬᠠᠭᠠᠨᠴᠢ ᠪᠠᠷ ᠬᠣᠯᠢᠵᠤ ᠬᠠᠳᠠᠭᠠᠯᠠᠪᠠᠯ ᠮᠢᠬᠠᠨ ᠤ᠋ ᠦᠬᠡᠷ ᠤ᠋ᠨ ᠬᠡᠷᠡᠭ᠌ᠰᠡᠬᠦ᠌ ᠱᠢᠮ᠎ᠡ ᠲᠡᠵᠢᠭᠡᠯ ᠢ᠋ ᠬᠠᠩᠭᠠᠵᠤ᠂ ᠲᠡᠵᠢᠭᠡᠪᠤᠷᠢ ᠵᠢᠨ ᠡᠷᠦᠬᠡ ᠨᠠᠷᠢᠯᠢᠭ ᠲᠡᠵᠢᠭᠡᠯ ᠪᠣᠷᠳᠣᠭ᠎ᠠ ᠬᠤᠳᠠᠯᠳᠤᠨ ᠠᠪᠬᠤ ᠴᠢᠬᠤᠯᠠ ᠥᠬᠡᠶ ᠪᠣᠯᠵᠣ᠂ ᠶᠡᠬᠡ ᠬᠡᠮᠵᠢᠶᠡᠨ ᠤ᠋ ᠵᠠᠷᠤᠳᠠᠯ ᠢ᠋ ᠠᠷᠪᠢᠯᠠᠵᠤ ᠪᠣᠯᠬᠤ ᠪᠥᠭᠡᠳ ᠦᠬᠡᠷ ᠤ᠋ᠨ ᠪᠤᠢᠵᠢᠯᠲᠠ ᠵᠢ ᠲᠦᠷᠭᠡᠳᠭᠡᠨ ᠦᠬᠡᠷ ᠤ᠋ᠨ ᠮᠢᠬ᠎ᠠ᠂ ᠦᠨᠢᠶᠡᠨ ᠰᠦ ᠶ᠋ᠢᠨ ᠶᠠᠰᠤ ᠴᠢᠨᠠᠷ ᠢ᠋ ᠴᠤ᠌ ᠳᠡᠭᠡᠭ᠌ᠰᠢᠯᠡᠭᠦᠯᠬᠦ᠌ ᠪᠣᠯᠤᠨ᠎ᠠ》 ᠭᠡᠵᠦ 2024 ᠣᠨ ᠤ᠋ ᠮᠤᠳᠤᠲᠤ ᠰᠤᠮᠤ ᠶ᠋ᠢᠨ ᠮᠢᠬᠠᠨ ᠤ᠋ ᠦᠬᠡᠷ ᠤ᠋ᠨ ᠥᠪᠡᠷ ᠤ᠋ᠨ ᠥᠷᠲᠡᠭ ᠢ᠋ ᠪᠠᠭᠤᠷᠠᠭᠤᠯᠵᠤ ᠦᠷ᠎ᠡ ᠠᠱᠢᠭ ᠢ᠋ ᠨᠡᠮᠡᠭ᠌ᠳᠡᠭᠦᠯᠬᠦ᠌  ᠶᠠᠷᠢᠯᠴᠠᠬᠤ ᠬᠤᠷᠠᠯ ᠳᠡᠭᠡᠷ᠎ᠡ᠂ ᠬᠣᠷᠴᠢᠨ ᠵᠡᠭᠦᠨ ᠭᠠᠷᠤᠨ ᠬᠣᠢᠲᠤ ᠬᠣᠱᠢᠭᠤᠨ ᠤ᠋ ᠠᠷᠠᠳ ᠤ᠋ᠨ ᠲᠥᠯᠥᠭᠡᠯᠡᠭ᠌ᠴᠢᠳ ᠤ᠋ᠨ ᠶᠡᠬᠡ ᠬᠤᠷᠠᠯ ᠤ᠋ᠨ ᠪᠠᠢᠩᠭᠤ ᠶ᠋ᠢᠨ ᠬᠤᠷᠢᠶ᠎ᠠ ᠵᠢᠨ ᠤᠤᠯ ᠤ᠋ᠨ ᠪᠠᠢᠴᠠᠭᠠᠨ ᠰᠤᠳᠤᠯᠤᠭ᠍ᠴᠢ ᠲᠤᠯᠭᠠᠭᠤᠷᠢ ᠠᠩᠬ᠎ᠠ ᠤᠳᠠᠭ᠎ᠠ 《ᠬᠦᠭᠡ ᠳᠠᠷᠤᠰᠢ ᠶ᠋ᠢᠨ ᠡᠷᠳᠡᠨᠢ ᠱᠢᠰᠢ ᠪᠠ ᠱᠢᠷ᠎ᠠ ᠪᠤᠷᠴᠠᠭ》 ᠢ᠋ ᠠᠯᠠᠭᠯᠠᠨ ᠲᠠᠷᠢᠬᠤ ᠵᠠᠭ᠍ᠪᠤᠷ ᠢ᠋ ᠳᠤᠷᠠᠳᠴᠠᠢ᠃

ᠲᠤᠯᠭᠠᠭᠤᠷᠢ ᠶ᠋ᠢᠨ ᠰᠠᠨᠠᠯ ᠨᠢ ᠮᠠᠰᠢ ᠲᠦᠷᠭᠡᠨ ᠵᠢᠡᠷ ᠲᠦᠩᠯᠢᠶᠣᠤ ᠬᠣᠲᠠ ᠶ᠋ᠢᠨ ᠲᠠᠷᠢᠶᠠᠯᠠᠡᠭ ᠮᠠᠯ ᠠᠵᠤ ᠠᠬᠤᠢ ᠶ᠋ᠢᠨ ᠮᠡᠷᠭᠡᠵᠢᠯᠲᠡᠳ ᠤ᠋ᠨ ᠨᠤᠲᠠᠯᠠᠯᠲᠠ ᠵᠢ ᠤᠯᠤᠯ᠎ᠠ᠄ ᠡᠷᠳᠡᠨᠢ ᠱᠢᠰᠢ ᠨᠢ ᠥᠨᠳᠥᠷ᠂ ᠱᠢᠷ᠎ᠠ ᠪᠤᠷᠴᠠᠭ ᠨᠢ ᠪᠣᠭᠣᠨᠢ᠂ ᠠᠯᠠᠭᠯᠠᠨ ᠲᠠᠷᠢᠪᠠᠯ ᠰᠠᠯᠬᠢ ᠨᠡᠪᠲᠡᠷᠡᠬᠦ ᠳ᠋ᠦ ᠰᠠᠢᠨ᠂ ᠭᠡᠷᠡᠯ ᠤ᠋ᠨ ᠲᠤᠰᠤᠯᠲᠠ ᠳ᠋ᠦ ᠰᠠᠢᠨ᠂ ᠤᠷᠭᠤᠯᠲᠠ ᠳ᠋ᠤ ᠨᠡᠩ ᠠᠱᠢᠭ᠍ᠲᠠᠢ᠃ ᠡᠭᠦᠨ ᠤ᠋ ᠬᠠᠮᠲᠤ ᠱᠢᠷ᠎ᠠ ᠪᠤᠷᠴᠠᠭ ᠨᠢ ᠬᠥᠷᠥᠰᠥᠨ ᠤ᠋ ᠥᠩ ᠱᠢᠮ᠎ᠡ ᠵᠢ ᠳᠡᠭᠡᠭ᠌ᠰᠢᠯᠡᠭᠦᠯᠵᠦ᠍᠂ ᠰᠡᠯᠬᠦᠨ ᠳᠠᠷᠢᠬᠤ ᠳ᠋ᠦ ᠪᠠᠰᠠ ᠡᠪᠡᠳᠴᠢᠨ ᠬᠣᠷᠣᠬᠠᠶ ᠶ᠋ᠢᠨ ᠬᠥᠨᠥᠭᠡᠯ ᠢ᠋ ᠰᠡᠷᠭᠡᠢᠯᠡᠬᠦ᠌ ᠳ᠋ᠦ ᠠᠱᠢᠭ᠍ᠲᠠᠶ ᠪᠠᠢᠳᠠᠭ᠃

2025 ᠣᠨ ᠤ᠋ 4 ᠰᠠᠷ᠎ᠠ ᠳ᠋ᠤ᠂ ᠭᠦᠶ᠋ᠴᠡᠳ ᠨᠤᠲᠠᠯᠠᠯᠲᠠ ᠪᠡᠷ ᠳᠡᠮᠵᠢᠨ ᠬᠣᠷᠴᠢᠨ ᠵᠡᠭᠦᠨ ᠭᠠᠷᠤᠨ ᠬᠣᠢᠲᠤ ᠬᠣᠱᠢᠭᠤ ᠡᠴᠡ ᠳᠠᠷᠢᠵᠤ ᠲᠡᠵᠢᠭᠡᠬᠦ᠌ ᠲᠣᠮᠣ ᠡᠷᠦᠬᠡ᠎ᠸᠸᠨ ᠮᠢᠡᠭ ᠤ᠋ᠨ 55 ᠮᠥ᠍ ᠲᠠᠷᠢᠶᠠᠨ ᠳ᠋ᠦ 《ᠬᠦᠭᠡ ᠳᠠᠷᠤᠰᠢ ᠶ᠋ᠢᠨ ᠡᠷᠳᠡᠨᠢ ᠱᠢᠰᠢ ᠪᠠ ᠱᠢᠷ᠎ᠠ ᠪᠤᠷᠴᠠᠭ》 ᠢ᠋ ᠲᠤᠷᠰᠢᠨ ᠳᠠᠷᠢᠬᠤ ᠶ᠋ᠢᠨ ᠬᠠᠮᠲᠤ ᠲᠠᠷᠢᠶᠠᠯᠠᠩ ᠤ᠋ᠨ ᠮᠡᠷᠭᠡᠵᠢᠯ ᠤ᠋ᠨ ᠲᠤᠰᠭᠠᠶ ᠮᠡᠷᠭᠡᠵᠢᠯᠲᠡᠨ ᠡᠴᠡ ᠪᠥᠬᠥ᠌ ᠶᠠᠪᠤᠴᠠ ᠵᠢᠨ ᠵᠢᠭᠠᠨ ᠵᠢᠯᠤᠭᠤᠳᠤᠯᠭ᠎ᠠ ᠦᠷᠨᠢᠭᠦᠯᠪᠡ᠃

ᠲᠤᠷᠱᠢᠯᠲᠠ ᠶ᠋ᠢᠨ ᠲᠠᠷᠢᠶᠠᠨ ᠤ᠋ ᠬᠦᠭᠡ ᠳᠠᠷᠤᠰᠢ ᠶ᠋ᠢᠨ ᠡᠷᠳᠡᠨᠢ ᠱᠢᠰᠢ ᠳ᠋ᠦ 《ᠲᠠᠷᠢᠶᠠᠨ ᠵᠤᠷᠬ᠎ᠠ ᠶ᠋ᠢᠨ ᠵᠠᠢ ᠵᠢ ᠪᠠᠭᠠᠰᠬᠠᠨ ᠲᠠᠷᠢᠶᠠᠨ ᠴᠢᠬᠢ ᠶ᠋ᠢᠨ ᠨᠢᠭ᠍ᠲᠠᠴᠠ ᠵᠢ ᠨᠡᠮᠡᠭ᠌ᠳᠡᠭᠦᠯᠬᠦ᠌》 ᠮᠡᠷᠭᠡᠵᠢᠯ ᠢ᠋ ᠬᠡᠷᠡᠭ᠌ᠯᠡᠵᠦ᠍᠂ ᠲᠤᠮᠳᠠᠴᠢ ᠪᠡᠷ ᠮᠦ᠍ ᠪᠦᠷᠢ ᠳ᠋ᠦ ᠦᠩᠬᠡᠷᠡᠭᠰᠡᠨ ᠤ᠋ 4000 ᠭᠠᠷᠤᠢ ᠰᠠᠭᠤᠷᠢ ᠡᠷᠳᠡᠨᠢ ᠰᠢᠰᠢ ᠵᠢᠨ ᠴᠢᠬᠢ ᠦᠯᠡᠳᠡᠬᠡᠵᠤ ᠪᠠᠢᠭᠰᠠᠨ ᠡᠴᠡ ᠪᠠᠨ 8000 ᠭᠠᠷᠤᠢ ᠰᠠᠭᠤᠷᠢ ᠪᠤᠯᠭᠠᠨ ᠨᠡᠮᠡᠭᠳᠡᠭᠦᠯᠪᠡ᠃ ᠡᠭᠦᠨ ᠤ᠋ ᠬᠠᠮᠲᠤ ᠭᠦᠶᠦᠬᠡᠨ ᠪᠤᠯᠠᠵᠤ ᠳᠤᠰᠤᠯᠭᠠᠨ ᠤᠰᠤᠯᠠᠵᠤ ᠤᠰᠤ ᠪᠣᠷᠳᠣᠭᠤᠷ ᠢ᠋ ᠨᠢᠭᠡ ᠴᠣᠭ᠍ᠴᠠᠵᠢᠭᠤᠯᠬᠤ ᠮᠡᠷᠭᠡᠵᠢᠯ ᠵᠢᠡᠷ ᠶᠡᠬᠡ ᠤᠰᠤ ᠪᠠᠷ ᠨᠡᠯᠤᠢᠲᠡᠯ᠎ᠡ ᠤᠰᠤᠯᠠᠬᠤ ᠵᠢ ᠣᠷᠣᠯᠠᠭᠤᠯᠵᠤ᠂ ᠨᠠᠷᠢᠯᠢᠭ ᠤᠨᠤᠴᠠᠲᠠᠢ ᠤᠰᠤᠯᠠᠨ ᠪᠣᠷᠳᠣᠭᠤᠷ ᠣᠷᠣᠭᠤᠯᠬᠤ ᠵᠢ ᠪᠡᠶᠡᠯᠡᠭᠦᠯᠵᠦ᠍᠂ ᠤᠰᠤᠨ ᠤ᠋ ᠡᠬᠢ ᠪᠠᠶᠠᠯᠢᠭ ᠪᠣᠯᠤᠨ ᠬᠢᠮᠢ ᠶ᠋ᠢᠨ ᠪᠣᠷᠳᠣᠭᠤᠷ ᠤ᠋ᠨ ᠥᠪᠡᠷ ᠤ᠋ᠨ ᠥᠷᠲᠡᠭ ᠢ᠋ ᠠᠷᠪᠢᠯᠠᠬᠤ ᠶ᠋ᠢᠨ ᠬᠠᠮᠲᠤ ᠲᠠᠷᠢᠶᠠᠯᠠᠩ ᠤ᠋ᠨ ᠣᠯᠠᠨ ᠡᠬᠢᠲᠦ ᠪᠣᠬᠢᠷᠲᠤᠯ ᠢ᠋ ᠴᠦ᠍ ᠪᠠᠭᠠᠰᠬᠠᠪᠠ᠃ 《ᠵᠢᠱ᠌ᠢᠯᠲᠡ ᠪᠡᠷ᠂ ᠮᠥ᠍ ᠪᠦᠷᠢ ᠶ᠋ᠢᠨ ᠤᠰᠤ ᠠᠷᠪᠢᠯᠠᠬᠤ ᠬᠡᠮᠵᠢᠶ᠎ᠡ 30% ᠪᠡᠷ ᠨᠡᠮᠡᠭᠳᠡᠨ᠂ ᠪᠣᠷᠲᠣᠭᠣᠷ ᠤ᠋ᠨ ᠠᠱᠢᠭ᠍ᠯᠠᠯᠲᠠ ᠶ᠋ᠢᠨ ᠨᠣᠷᠮ᠎ᠠ 20% ᠭᠠᠷᠤᠢ ᠪᠡᠷ ᠳᠡᠭᠡᠭᠰᠢᠯᠡᠪᠡ》 ᠭᠡᠵᠦ ᠳᠡᠭᠡᠳᠦ ᠵᠡᠷᠭᠡ ᠶ᠋ᠢᠨ ᠲᠠᠷᠢᠶᠠᠯᠠᠩ ᠤ᠋ᠨ ᠤᠷ᠎ᠠ ᠮᠡᠷᠭᠡᠵᠢᠯᠲᠡᠨ ᠲᠤᠤ ᠵᠢᠶᠧ ᠲᠠᠨᠢᠯᠴᠠᠭᠤᠯᠤᠨ᠎ᠠ᠃

《ᠠᠷᠪᠢᠯᠠᠵᠤ ᠭᠠᠷᠭᠠᠭᠰᠠᠨ ᠨᠢ ᠳᠠᠷᠤᠢ ᠤᠷᠤᠯᠭ᠎ᠠ ᠪᠤᠯᠬᠤ ᠶᠤᠮ》 ᠭᠡᠵᠦ ᠸᠸᠨ ᠮᠢᠡᠭ ᠠᠵᠤ ᠠᠬᠤᠢ ᠶ᠋ᠢᠨ ᠳᠠᠡᠭᠰᠠ ᠪᠤᠳᠤᠵᠤ ᠡᠬᠢᠯᠡᠯ᠎ᠡ᠃ 《ᠤᠳᠤᠬᠠᠨ ᠳ᠋ᠦ ᠦᠬᠡᠷ ᠨᠢᠭᠡᠪᠦᠷᠢ ᠳ᠋ᠦ ᠡᠳᠦᠷ ᠤ᠋ᠨ 20 ᠵᠢᠡᠭ ᠬᠦᠭᠡ ᠳᠠᠷᠤᠰᠢ ᠶ᠋ᠢᠨ ᠲᠡᠵᠢᠭᠡᠯ ᠪᠤᠷᠳᠤᠭ᠎ᠠ᠂ 10 ᠵᠢᠡᠭ ᠡᠷᠳᠡᠨᠢ ᠰᠢᠰᠢ ᠶ᠋ᠢᠨ ᠬᠠᠭᠤᠷᠠᠢ ᠡᠰᠢ ᠰᠦᠷᠡᠯ᠂ 2.5 ᠵᠢᠡᠭ ᠠᠭᠰᠢᠭᠠᠮᠠᠯ ᠲᠡᠵᠢᠭᠡᠯ ᠪᠤᠷᠳᠤᠭ᠎ᠠ ᠦᠭᠴᠦ᠂ ᠪᠦᠬᠦ ᠦᠪᠡᠷ ᠤ᠋ᠨ ᠦᠷᠳᠡᠭ ᠨᠢ 8.5 ᠲᠦᠭᠦᠷᠢᠭ ᠲᠦ᠍ ᠬᠦᠷᠴᠦ ᠪᠠᠢᠨ᠎ᠠ᠃ ᠬᠡᠳᠦᠨ ᠡᠳᠦᠷ ᠤ᠋ᠨ ᠳᠠᠷᠠᠭ᠎ᠠ ᠦᠬᠡᠷ ᠪᠦᠷᠢ ᠳ᠋ᠦ ᠡᠳᠦᠷ ᠤ᠋ᠨ 20 ᠵᠢᠡᠭ ᠬᠦᠭᠡ ᠳᠠᠷᠤᠰᠢ ᠶ᠋ᠢᠨ ᠡᠷᠳᠡᠨᠢ ᠰᠢᠰᠢ ᠪᠠ ᠰᠢᠷ᠎ᠡ ᠪᠤᠷᠴᠠᠭ᠂ 10 ᠵᠢᠡᠭ ᠡᠷᠳᠡᠨᠢ ᠰᠢᠰᠢ ᠶ᠋ᠢᠨ ᠬᠠᠭᠤᠷᠠᠢ ᠡᠰᠢ ᠰᠦᠷᠡᠯ ᠦᠭᠪᠡᠯ ᠪᠤᠯᠴᠢᠬᠠᠨ᠎ᠠ᠂ ᠢᠡᠭᠬᠢᠬᠦ ᠳ᠋ᠦ ᠬᠦᠷᠪᠡᠯ ᠦᠪᠡᠷ ᠤ᠋ᠨ ᠦᠷᠳᠡᠭ ᠨᠢ ᠵᠦᠪᠬᠡᠨ 5 ᠲᠦᠭᠦᠷᠢᠭ ᠤᠷᠴᠢᠮ ᠪᠠᠢᠵᠤ᠂ 100 ᠦᠬᠡᠷ ᠡᠴᠡ ᠡᠳᠦᠷ ᠤ᠋ᠨ 350 ᠲᠦᠭᠦᠷᠢᠭ ᠠᠷᠪᠢᠯᠠᠵᠤ᠂ ᠰᠠᠷ᠎ᠠ ᠳ᠋ᠤ 1 ᠲᠦᠮᠡᠨ ᠲᠦᠭᠦᠷᠢᠭ ᠠᠷᠪᠢᠯᠠᠴᠢᠬᠠᠨ᠎ᠠ》 ᠭᠡᠵᠦ  ᠲᠡᠷᠡ ᠶᠠᠷᠢᠨ᠎ᠠ᠃

ᠬᠦᠭᠡ ᠳᠠᠷᠤᠰᠢ ᠶ᠋ᠢᠨ ᠡᠷᠳᠡᠨᠢ ᠱᠢᠰᠢ ᠪᠠ ᠱᠢᠷ᠎ᠠ ᠪᠤᠷᠴᠠᠭ ᠢ᠋ ᠠᠯᠠᠭᠯᠠᠨ ᠳᠠᠷᠢᠬᠤ ᠪᠣᠯ ᠵᠥᠪᠬᠡᠨ ᠨᠢᠭᠡᠳᠦᠭᠡᠷ ᠠᠯᠬᠤᠮ ᠶᠤᠮ᠃ 9 ᠰᠠᠷ᠎ᠠ ᠶ᠋ᠢᠨ 20 ᠤ᠋ ᠡᠳᠦᠷ ᠤ᠋ᠨ ᠨᠠᠭᠠᠭᠤᠷ ᠴᠠᠭᠠᠭᠤᠷ ᠡᠳᠡᠭᠡᠷ ᠶ᠋ᠢᠡᠨ ᠬᠠᠳᠤᠵᠤ ᠬᠤᠷᠢᠶᠠᠵᠤ ᠪᠠᠷᠠᠭᠰᠠᠨ ᠤ᠋ ᠰᠡᠭᠦᠯᠡᠷ ᠸᠸᠨ ᠮᠢᠡᠭ ᠤ᠋ᠨ 55 ᠮᠥ᠍ ᠲᠤᠷᠱᠢᠯᠲᠠ ᠶ᠋ᠢᠨ ᠲᠠᠷᠢᠶᠠᠨ ᠳ᠋ᠤ ᠡᠪᠦᠯ ᠤ᠋ᠨ ᠬᠠᠷ᠎ᠠ ᠪᠣᠭᠣᠳᠠᠶ ᠲᠠᠷᠢᠬᠤ ᠪᠤᠯᠤᠨ᠎ᠠ᠃ ᠡᠪᠦᠯ ᠤ᠋ᠨ ᠬᠠᠷ᠎ᠠ ᠪᠤᠭᠤᠳᠠᠢ ᠪᠣᠯ ᠰᠦᠯ ᠰᠠᠢᠲᠠᠢ ᠲᠡᠵᠢᠭᠡᠯ ᠡᠪᠡᠰᠦ ᠪᠠᠢᠵᠤ᠂ ᠲᠦᠩᠯᠢᠶᠣᠤ ᠬᠤᠳᠠ ᠳ᠋ᠤ ᠠᠮᠤᠷ ᠲᠦᠪᠱᠢᠨ ᠵᠢᠡᠷ ᠡᠪᠦᠯ ᠢ᠋ ᠦᠡᠭᠭᠡᠷᠡᠭᠦᠯᠵᠦ ᠳᠡᠢᠯᠬᠦ ᠪᠦᠭᠡᠳ ᠶᠠᠰᠤ ᠴᠢᠨᠠᠷ ᠨᠢ ᠰᠠᠢ᠌ᠨ᠂ ᠤᠨᠠᠯᠲᠠ ᠥᠨᠳᠥᠷ᠂ ᠪᠠᠰᠠ ᠮᠠᠰᠢ ᠶᠡᠬᠡ ᠠᠮᠢ ᠠᠬᠤᠢ ᠶ᠋ᠢᠨ ᠦᠷ᠎ᠡ ᠠᠱᠢᠭ ᠲᠠᠶ ᠠᠵᠢ᠃ 《ᠬᠣᠷᠴᠢᠨ ᠵᠡᠭᠦᠨ ᠭᠠᠷᠤᠨ ᠬᠣᠢᠲᠤ ᠬᠣᠱᠢᠭᠤ ᠬᠣᠷᠴᠢᠨ ᠤ᠋ ᠡᠯᠡᠰᠦᠷᠬᠡᠭ ᠭᠠᠵᠠᠷ ᠤ᠋ᠨ ᠵᠡᠭᠦᠨ ᠡᠮᠦᠨᠡᠲᠦ ᠬᠡᠰᠡᠭ ᠲᠦ᠍ ᠪᠠᠢᠷᠢᠯᠠᠵᠤ᠂ ᠵᠢᠯ ᠪᠦᠷᠢ ᠶ᠋ᠢᠨ ᠬᠠᠪᠤᠷ ᠨᠠᠮᠤᠷ ᠤ᠋ᠨ ᠤᠯᠠᠷᠢᠯ ᠳ᠋ᠤ ᠰᠠᠯᠬᠢ ᠱᠢᠭᠤᠷᠭ᠎ᠠ ᠳᠡᠭ᠌ᠳᠡᠨ᠂ ᠲᠠᠷᠢᠶᠠᠨ ᠭᠠᠵᠠᠷ ᠤ᠋ᠨ ᠥᠩᠭᠡᠨ ᠲᠠᠯ᠎ᠠ ᠶ᠋ᠢᠨ ᠣᠷᠭᠠᠨᠢᠭ ᠪᠣᠳᠠᠰ ᠢ᠋ ᠬᠡᠢᠰᠭᠡᠵᠤ᠂ ᠬᠦᠷᠦᠰᠦ ᠱᠢᠷᠣᠶ ᠵᠢ ᠠᠮᠠᠷᠬᠠᠨ ᠡᠯᠡᠰᠦᠷᠬᠡᠭ᠌ᠵᠢᠭᠦᠯᠳᠡᠭ᠃ ᠡᠪᠦᠯ ᠤ᠋ᠨ ᠬᠠᠷ᠎ᠠ ᠪᠣᠭᠣᠳᠠᠶ ᠵᠢ 9 ᠰᠠᠷ᠎ᠠ ᠳ᠋ᠤ ᠳᠠᠷᠢᠵᠤ᠂ ᠢᠷᠡᠬᠦ᠌ ᠵᠢᠯ ᠤ᠋ᠨ 5 ᠰᠠᠷ᠎ᠠ ᠳ᠋ᠤ ᠬᠠᠳᠤᠵᠤ ᠬᠤᠷᠢᠶᠠᠳᠠᠭ ᠶ᠋ᠢᠡᠷ ᠶ᠋ᠢᠡᠨ ᠬᠦᠷᠦᠰᠦ ᠰᠢᠷᠤᠢ ᠶ᠋ᠢᠨ ᠰᠠᠯᠬᠢᠨ ᠳ᠋ᠤ ᠢᠳᠡᠭ᠌ᠳᠡᠬᠦ᠌ ᠬᠡᠮᠵᠢᠶ᠎ᠡ ᠵᠢ ᠢᠯᠡᠳᠲᠡ ᠪᠠᠭᠠᠰᠭᠠᠵᠤ᠂ ᠬᠥᠷᠥᠰᠥᠨ ᠤ᠋ ᠱᠢᠮ᠎ᠡ ᠲᠡᠵᠢᠭᠡᠯ ᠤ᠋ᠨ ᠠᠯᠳᠠᠭᠳᠠᠯ ᠢ᠋ ᠪᠠᠭᠠᠰᠬᠠᠵᠤ ᠳᠡᠢᠯᠦᠨ᠎ᠡ᠃ ᠲᠡᠭᠦᠨ ᠤ᠋ ᠡᠰᠢ ᠰᠦᠷᠡᠯ ᠪᠠ ᠦᠨᠳᠦᠰᠦ ᠳ᠋ᠦ ᠣᠷᠭᠠᠨᠢᠭ ᠪᠣᠳᠠᠰ ᠡᠯᠪᠡᠭ ᠠᠭᠤᠯᠤᠭ᠍ᠳᠠᠵᠤ᠂ ᠲᠠᠷᠢᠶᠠᠨ ᠳ᠋ᠤ ᠪᠤᠴᠠᠭᠠᠭ᠍ᠰᠠᠨ ᠤ᠋ ᠳᠠᠷᠠᠭ᠎ᠠ ᠪᠠᠰᠠ ᠬᠥᠷᠥᠰᠥᠨ ᠤ᠋ ᠥᠩ ᠱᠢᠮ᠎ᠡ ᠵᠢ ᠨᠡᠮᠡᠭ᠌ᠳᠡᠭᠦᠯᠵᠦ᠍᠂ ᠲᠠᠷᠢᠶ᠎ᠠ ᠳᠠᠷᠢᠵᠤ ᠬᠦᠷᠦᠰᠦ ᠰᠢᠷᠤᠢ ᠪᠠᠨ ᠰᠢᠮᠡᠵᠢᠭᠦᠯᠬᠦ ᠳ᠋ᠦ ᠪᠦᠷ ᠠᠱᠢᠭ ᠲᠠᠢ ᠶᠤᠮ》 ᠭᠡᠵᠦ᠍ ᠬᠣᠷᠴᠢᠨ ᠵᠡᠭᠦᠨ ᠭᠠᠷᠤᠨ ᠬᠣᠢᠲᠤ ᠬᠣᠱᠢᠭᠤᠨ ᠤ᠋ ᠠᠮᠢ ᠠᠬᠤᠢ ᠶ᠋ᠢᠨ ᠪᠣᠯᠪᠠᠰᠤᠨ ᠢ᠋ ᠠᠬᠢᠭᠤᠯᠬᠤ ᠨᠡᠢᠬᠡᠮᠯᠢᠭ ᠤ᠋ᠨ ᠳᠠᠷᠤᠭ᠎ᠠ ᠬᠠᠨ ᠲᠤᠤ ᠶᠠᠷᠢᠨ᠎ᠠ᠃

ᠢᠷᠡᠬᠦ᠌ ᠵᠢᠯ ᠤ᠋ᠨ 5 ᠰᠠᠷ᠎ᠠ ᠳ᠋ᠤ ᠬᠠᠷ᠎ᠠ ᠪᠣᠭᠣᠳᠠᠶ ᠪᠠᠨ ᠬᠠᠳᠤᠵᠤ ᠬᠤᠷᠢᠶᠠᠭ᠍ᠰᠠᠨ ᠤ᠋ ᠳᠠᠷᠠᠭ᠎ᠠ᠂ ᠡᠨᠡ ᠬᠡᠰᠡᠭ ᠲᠠᠷᠢᠶᠠᠨ ᠭᠠᠵᠠᠷ ᠲᠦ᠍ ᠦᠷᠬᠦᠯᠵᠢᠯᠡᠨ ᠬᠦᠭᠡ ᠳᠠᠷᠤᠰᠢ ᠶ᠋ᠢᠨ ᠡᠷᠳᠡᠨᠢ ᠰᠢᠰᠢ ᠪᠠ ᠰᠢᠷ᠎ᠡ ᠪᠤᠷᠴᠠᠭ ᠢ᠋ ᠠᠯᠠᠭᠯᠠᠨ ᠲᠠᠷᠢᠵᠤ᠂ 2 ᠵᠢᠯ ᠳ᠋ᠦ 3 ᠤᠳᠠᠭ᠎ᠠ ᠬᠤᠷᠢᠶᠠᠯᠳᠠ ᠠᠪᠬᠤ ᠵᠢ ᠪᠡᠶᠡᠯᠡᠭᠦᠯᠬᠦ ᠪᠤᠯᠤᠨ᠎ᠠ᠃ 《ᠲᠦᠩᠯᠢᠶᠣᠤ ᠬᠤᠲᠠ ᠶ᠋ᠢᠨ ᠬᠡᠪᠴᠢᠶᠡᠨ ᠳ᠋ᠦ ᠠᠩᠬ᠎ᠠ ᠡᠭᠦᠳᠦᠭ᠌ᠰᠡᠨ 〈ᠬᠦᠭᠡ ᠳᠠᠷᠤᠰᠢ ᠶ᠋ᠢᠨ ᠡᠷᠳᠡᠨᠢ ᠱᠢᠰᠢ ᠪᠠ ᠱᠢᠷ᠎ᠠ ᠪᠤᠷᠴᠠᠭ〉 + 〈ᠡᠪᠦᠯ ᠤ᠋ᠨ ᠬᠠᠷ᠎ᠠ ᠪᠣᠭᠣᠳᠠᠶ〉 ᠶ᠋ᠢ ᠰᠡᠯᠬᠦᠨ ᠳᠠᠷᠢᠬᠤ ᠵᠠᠭ᠍ᠪᠤᠷ ᠨᠢ ᠠᠵᠤ ᠠᠬᠤᠶ ᠶ᠋ᠢᠨ ᠦᠷ᠎ᠡ ᠠᠱᠢᠭ᠂ ᠠᠮᠢ ᠠᠬᠤᠶ ᠶ᠋ᠢᠨ ᠦᠷ᠎ᠡ ᠠᠱᠢᠭ ᠬᠢᠭᠡᠳ ᠨᠡᠢᠭᠡᠮ ᠤ᠋ᠨ ᠦᠷ᠎ᠡ ᠠᠱᠢᠭ ᠢ᠋ ᠭᠦᠨᠵᠡᠭᠡᠶ ᠬᠠᠮᠵᠢᠯᠴᠠᠭᠤᠯᠤᠨ ᠳᠡᠭᠡᠭᠰᠢᠯᠡᠭᠦᠯᠬᠦ ᠪᠤᠯᠤᠮᠵᠢ ᠪᠡᠷ ᠮᠠᠰᠢ ᠶᠡᠬᠡ ᠪᠠᠢᠨ᠎ᠠ᠃ ᠲᠤᠷᠰᠢᠨ ᠲᠠᠷᠢᠬᠤ ᠪᠡᠷ ᠪᠠᠢᠭ᠎ᠠ ᠡᠪᠦᠯ ᠤ᠋ᠨ ᠬᠠᠷ᠎ᠠ ᠪᠣᠭᠣᠳᠠᠶ ᠢᠷᠡᠬᠦ᠌ ᠵᠢᠯ ᠳ᠋ᠤ ᠡᠯᠪᠡᠭ ᠬᠤᠷᠢᠶᠠᠯᠳᠠ ᠤᠯᠪᠠᠯ᠂ ᠡᠨᠡ ᠬᠦ᠌ ᠰᠡᠯᠬᠦᠨ ᠳᠠᠷᠢᠬᠤ ᠵᠠᠭ᠍ᠪᠤᠷ ᠢ᠋ ᠪᠥᠬᠥ᠌ ᠣᠷᠣᠨ ᠤ᠋ ᠭᠠᠩ ᠬᠠᠭᠤᠷᠠᠶ ᠪᠠ ᠬᠠᠭᠠᠰ ᠭᠠᠩ ᠬᠠᠭᠤᠷᠠᠶ ᠮᠠᠯ ᠠᠵᠤ ᠠᠬᠤᠢ ᠲᠠᠷᠢᠶᠠᠯᠠᠡᠭ ᠰᠣᠯᠪᠢᠴᠠᠭ᠍ᠰᠠᠨ ᠣᠷᠣᠨ ᠳ᠋ᠤ ᠥᠷᠭᠡᠨ ᠵᠢᠡᠷ ᠳᠡᠯᠭᠡᠷᠡᠭᠦᠯᠵᠦ᠍ ᠪᠣᠯᠤᠨ᠎ᠠ》 ᠭᠡᠵᠦ᠍ ᠲᠦᠩᠯᠢᠶᠣᠤ ᠬᠣᠲᠠ ᠶ᠋ᠢᠨ ᠲᠠᠷᠢᠶᠠᠯᠠᠩ ᠮᠠᠯ ᠠᠵᠤ ᠠᠬᠤᠶ ᠶ᠋ᠢᠨ ᠱᠢᠨᠵᠢᠯᠡᠬᠦ᠌ ᠤᠬᠠᠭᠠᠨ ᠤ᠋ ᠬᠦᠷᠢᠶᠡᠯᠡᠩ ᠤ᠋ᠨ ᠳᠡᠳ᠋ ᠳᠠᠷᠤᠭ᠎ᠠ ᠸᠠᠩ ᠵᠧᠨ ᠭᠦᠸᠧ ᠰᠤᠷᠪᠤᠯᠵᠢᠯᠠᠭᠴᠢ ᠳ᠋ᠤ ᠶᠡᠷᠢᠯ᠎ᠠ᠃ 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号