ᠵᠣᠨ᠎ᠤ ᠠᠮᠠᠷᠠᠯᠲᠠ᠎ᠶᠢᠨ ᠵᠥᠭᠡᠭᠡᠪᠦᠷᠢ᠎ᠶᠢᠨ ᠬᠤᠭᠤᠴᠠᠭᠠᠨ᠎ᠳᠤ᠂ ᠥᠪᠥᠷ ᠮᠣᠩᠭᠣᠯ᠎ᠤᠨ ᠨᠢᠰᠬᠡᠯ᠎ᠦᠨ ᠪᠠᠭᠤᠳᠠᠯ᠎ᠤᠨ ᠪᠦᠯᠦᠭᠯᠡᠯ ᠨᠡᠶ᠋ᠢᠲᠡ 5.2 ᠲᠦᠮᠡᠨ ᠨᠢᠰᠬᠡᠯ ᠤᠨ ᠤᠳᠠᠭ᠎ᠠ᠎ᠶᠢᠨ ᠵᠦᠭᠡᠭᠡᠪᠦᠷᠢ᠎ᠶᠢ ᠪᠡᠶᠡᠯᠡᠭᠦᠯᠵᠦ᠂ 617 ᠲᠦᠮᠡᠨ ᠬᠥᠮᠥᠨ ᠤᠳᠠᠭ᠎ᠠ ᠵᠢᠨ ᠠᠶᠠᠨᠴᠢᠨ᠎ᠢ ᠵᠦᠭᠡᠭᠡᠪᠦᠷᠢᠯᠡᠵᠤ᠂ ᠪᠠᠷᠠᠭ᠎ᠠ ᠰᠢᠤᠳᠠᠨ᠎ᠤ ᠵᠦᠢᠯ᠎ᠢ 1.3 ᠲᠦᠮᠡᠨ ᠲᠣᠨ ᠵᠦᠭᠡᠭᠡᠪᠦᠷᠢᠯᠡᠭᠰᠡᠨ ᠪᠠᠢᠨ᠎ᠠ᠃ ᠡᠭᠦᠨ᠎ᠳᠦ᠂ ᠬᠥᠬᠡᠬᠣᠲᠠ᠎ᠶᠢᠨ ᠨᠢᠰᠬᠡᠯ᠎ᠦᠨ ᠪᠠᠭᠤᠳᠠᠯ 2.4 ᠲᠦᠮᠡᠨ ᠨᠢᠰᠬᠡᠯ᠎ᠤᠨ ᠤᠳᠠᠭ᠎ᠠ᠎ᠶᠢᠨ ᠵᠦᠭᠡᠭᠡᠪᠦᠷᠢ ᠵᠢᠨ ᠡᠭᠦᠷᠭᠡ᠎ᠶᠢ ᠪᠡᠶᠡᠯᠡᠭᠦᠯᠵᠦ᠂ 302.4 ᠲᠦᠮᠡᠨ ᠬᠥᠮᠥᠨ ᠤᠳᠠᠭ᠎ᠠ ᠵᠢᠨᠠᠶᠠᠨᠴᠢᠨᠢ ᠵᠦᠭᠡᠭᠡᠪᠦᠷᠢᠯᠡᠪᠡ; ᠡᠯ᠎ᠡ ᠰᠠᠯᠪᠤᠷᠢ ᠱᠤᠭᠤᠮ᠎ᠤᠨ ᠨᠢᠰᠬᠡᠯ᠎ᠦᠨ ᠪᠠᠭᠤᠳᠠᠯ᠎ᠤᠨ ᠠᠶᠠᠨᠴᠢᠳ᠎ᠢ ᠵᠦᠭᠡᠭᠡᠪᠦᠷᠢᠯᠡᠭᠰᠡᠨ ᠬᠡᠮᠵᠢᠶ᠎ᠡ ᠨᠡᠶ᠋ᠢᠲᠡ 314.6 ᠲᠦᠮᠡᠨ ᠬᠥᠮᠥᠨ ᠤᠳᠠᠭ᠎ᠠ ᠳ᠋ᠤ ᠬᠦᠷᠪᠡ᠃
ᠠᠶᠠᠨᠴᠢᠳ᠎ᠤᠨ ᠵᠦᠭᠡᠭᠡᠪᠦᠷᠢ ᠵᠢᠨ ᠴᠢᠭᠯᠡᠯ᠎ᠡᠴᠡ ᠦᠵᠡᠪᠡᠯ᠂ ᠣᠷᠣᠨ᠎ᠤ ᠳᠣᠲᠣᠷᠠᠬᠢ ᠠᠶᠠᠯᠠᠯ ᠨᠢ ᠭᠣᠣᠯᠳᠠᠭᠤ ᠬᠥᠯᠥᠨ ᠪᠣᠶ᠋ᠢᠷ᠂ ᠤᠯᠠᠭᠠᠨᠬᠠᠳᠠ᠂ ᠲᠦᠩᠯᠢᠶᠣᠣ᠂ ᠰᠢᠯᠢᠩᠬᠣᠲᠠ᠂ ᠤᠯᠠᠭᠠᠨᠬᠣᠲᠠ ᠵᠡᠷᠭᠡ ᠬᠣᠲᠠ᠎ᠳᠤ ᠲᠥᠪᠯᠡᠷᠡᠵᠦ᠂ ᠣᠷᠣᠨ᠎ᠤ ᠭᠠᠳᠠᠨᠠᠬᠢ ᠠᠶᠠᠯᠠᠯ ᠨᠢ ᠭᠣᠣᠯᠳᠠᠭᠤ ᠨᠠᠨᠵᠢᠩ᠂ ᠵᠧᠩᠵᠧᠦ᠂ ᠴᠢᠩᠳᠣᠣ᠂ ᠭᠤᠸᠠᠩᠵᠧᠦ᠂ ᠴᠧᠩᠳᠦ᠋᠂ ᠬᠠᠩᠵᠧᠦ ᠵᠡᠷᠭᠡ ᠬᠣᠲᠠ᠎ᠳᠤ ᠲᠥᠪᠯᠡᠷᠡᠵᠦ ᠪᠠᠢᠨ᠎ᠠ᠃
ᠵᠤᠨ᠎ᠤ ᠠᠮᠠᠷᠠᠯᠲᠠ᠎ᠶᠢᠨ ᠵᠥᠭᠡᠭᠡᠪᠦᠷᠢ᠎ᠶᠢᠨ ᠬᠤᠭᠤᠴᠠᠭᠠᠨ᠎ᠳᠤ᠂ ᠲᠤᠰ ᠪᠦᠯᠦᠭᠯᠡᠯ᠎ᠦᠨ ᠬᠢᠨ ᠠᠶᠠᠯᠠᠯ ᠤᠨ ᠱᠤᠭᠤᠮ᠎ᠤᠨ ᠪᠠᠢᠷᠢᠰᠢᠭᠤᠯᠤᠯᠲᠠ᠎ᠪᠠᠨ ᠦᠷᠭᠦᠯᠵᠢᠯᠡᠨ ᠰᠢᠯᠢᠳᠡᠭᠵᠢᠭᠦᠯᠵᠦ᠂ ᠬᠥᠬᠡᠬᠣᠲᠠ᠎ᠠᠴᠠ ᠣᠷᠣᠨ᠎ᠤ ᠳᠣᠲᠣᠷᠠᠬᠢ ᠤᠯᠠᠨ ᠬᠤᠳᠠ᠎ᠳᠤ ᠬᠦᠷᠬᠦ ᠡᠭᠡᠯᠵᠢ᠎ᠶᠢᠨ ᠨᠢᠰᠬᠡᠯ᠎ᠢ ᠨᠡᠮᠡᠪᠠ᠂ ᠡᠭᠦᠨ᠎ᠳᠦ ᠬᠥᠬᠡᠬᠣᠲᠠ ᠠ᠋ᠴᠠ ᠬᠥᠯᠥᠨ ᠪᠣᠶ᠋ᠢᠷ ᠬᠦᠷᠬᠦ ᠨᠢᠰᠬᠡᠯ᠎ᠢ ᠡᠳᠦᠷ ᠳᠤᠮᠳᠠᠴᠢ᠎ᠪᠠᠷ ᠪᠠᠷᠤᠭ 11 ᠡᠭᠡᠯᠵᠢ᠂ ᠤᠯᠠᠭᠠᠨᠬᠠᠳᠠ ᠬᠦᠷᠬᠦ ᠨᠢᠰᠬᠡᠯ᠎ᠢ ᠡᠳᠦᠷ ᠳᠤᠮᠳᠠᠴᠢ᠎ᠪᠠᠷ ᠪᠠᠷᠤᠭ 10 ᠡᠭᠡᠯᠵᠢ᠂ ᠰᠢᠯᠢᠩᠬᠣᠲᠠ ᠪᠣᠯᠣᠨ ᠲᠦᠩᠯᠢᠶᠣᠣ ᠬᠦᠷᠬᠦ ᠨᠢᠰᠬᠡᠯ᠎ᠢ ᠡᠳᠦᠷ ᠳᠤᠮᠳᠠᠴᠢ᠎ᠪᠠᠷ ᠪᠠᠷᠤᠭ 9 ᠡᠭᠡᠯᠵᠢ᠂ ᠤᠯᠠᠭᠠᠨᠬᠣᠲᠠ ᠬᠦᠷᠬᠦ ᠨᠢᠰᠬᠡᠯ᠎ᠢ ᠡᠳᠦᠷ ᠳᠤᠮᠳᠠᠴᠢ᠎ᠪᠠᠷ ᠪᠠᠷᠤᠭ 8 ᠡᠭᠡᠯᠵᠢ ᠨᠢᠰᠬᠡᠪᠡ᠃ ᠬᠥᠬᠡᠬᠣᠲᠠ ᠡᠴᠡ ᠰᠢᠭᠤᠳ ᠨᠢᠰᠦᠭᠰᠡᠨ ᠠᠭᠠᠷ᠎ᠤᠨ ᠠᠶᠠᠯᠠᠯ᠎ᠤᠨ ᠱᠤᠭᠤᠮ᠎ᠤᠨ ᠠᠶᠠᠨᠴᠢᠳ᠎ᠤᠨ ᠲᠣᠭ᠎ᠠ ᠨᠡᠶ᠋ᠢᠲᠡ 67.9 ᠲᠦᠮᠡᠨ ᠬᠥᠮᠥᠨ ᠤᠳᠠᠭ᠎ᠠ᠎ᠳᠤ ᠬᠦᠷᠴᠦ᠂ ᠬᠥᠬᠡᠬᠣᠲᠠ᠎ᠪᠠᠷ ᠳᠡᠮᠵᠢᠨ ᠨᠢᠰᠦᠭᠰᠡᠨ ᠠᠶᠠᠨᠴᠢᠳ᠎ᠤᠨ ᠲᠣᠭ᠎ᠠ 32.6 ᠲᠦᠮᠡᠨ ᠬᠥᠮᠥᠨ ᠤᠳᠠᠭ᠎ᠠ᠎ᠳᠤ ᠬᠦᠷᠴᠡᠢ᠃ ᠡᠭᠦᠨ᠎ᠦ ᠵᠡᠷᠭᠡ᠎ᠳᠦ ᠪᠠᠰᠠ ᠬᠥᠬᠡᠬᠣᠲᠠ ᠠ᠋ᠴᠠ ᠭᠦᠢᠯᠢᠨ᠂ ᠨᠠᠨᠵᠢᠩ᠂ ᠴᠠᠩᠱᠠ᠂ ᠴᠦᠩᠴᠢᠩ᠂ ᠴᠧᠩᠳᠦ᠋ ᠬᠦᠷᠬᠦ ᠵᠢᠭᠤᠯᠴᠢᠯᠠᠯ᠎ᠤᠨ ᠠᠭᠠᠷ᠎ᠤᠨ ᠠᠶᠠᠯᠠᠯ᠎ᠤᠨ ᠱᠤᠭᠤᠮ ᠢ᠋ ᠨᠡᠮᠡᠭᠰᠡᠨ ᠪᠥᠭᠡᠳ ᠦᠷᠦᠮᠴᠢ᠂ ᠨᠠᠨᠵᠢᠩ᠂ ᠺᠦᠨᠮᠢᠩ᠂ ᠭᠤᠸᠠᠩᠵᠧᠦ᠂ ᠬᠠᠩᠵᠧᠦ᠂ ᠴᠧᠩᠳᠦ᠋ ᠵᠡᠷᠭᠡ ᠭᠣᠣᠯᠳᠠᠯᠭᠠᠲᠤ ᠠᠭᠠᠷ᠎ᠤᠨ ᠠᠶᠠᠯᠠᠯ᠎ᠤᠨ ᠱᠤᠭᠤᠮ᠎ᠳᠤ ᠥᠷᠭᠡᠨ ᠪᠡᠶᠡᠲᠦ ᠨᠢᠰᠬᠡᠯ ᠢ᠋ ᠬᠡᠷᠡᠭᠯᠡᠨ ᠨᠢᠰᠬᠡᠵᠦ᠂ ᠠᠭᠠᠷ᠎ᠤᠨ ᠠᠶᠠᠯᠠᠯ᠎ᠤᠨ ᠱᠤᠭᠤᠮ᠎ᠤᠨ ᠵᠦᠭᠡᠭᠡᠪᠦᠷᠢ ᠶ᠋ᠢᠨ ᠦᠷ᠎ᠡ ᠪᠦᠲᠦᠮᠵᠢ ᠪᠣᠯᠣᠨ ᠠᠶᠠᠨᠴᠢᠳ᠎ᠤᠨ ᠶᠠᠪᠤᠵᠤ ᠰᠠᠭᠤᠬᠤ ᠦᠢᠯᠡᠴᠢᠯᠡᠭᠡ ᠵᠢ ᠪᠦᠲᠦᠮᠵᠢᠲᠡᠶ ᠳᠡᠭᠡᠭᠰᠢᠯᠡᠭᠦᠯᠦᠭᠰᠡᠨ ᠪᠠᠢᠨ᠎ᠠ᠃
ᠡᠭᠦᠨ᠎ᠡᠴᠡ ᠭᠠᠳᠠᠨ᠎ᠠ᠂ ᠳᠤᠰ ᠪᠦᠯᠦᠭᠯᠡᠯ᠎ᠦᠨ 《ᠰᠢᠭᠤᠳ ᠨᠡᠪᠲᠡᠷᠡᠬᠦ》 ᠠᠶᠠᠯᠠᠯ᠎ᠤᠨ ᠱᠤᠭᠤᠮ᠎ᠤᠨ ᠳᠤᠤᠷ᠎ᠢ ᠦᠷᠭᠦᠯᠵᠢᠯᠡᠨ ᠲᠡᠭᠦᠯᠳᠡᠷᠵᠢᠭᠦᠯᠵᠦ᠂ 10 ᠵᠤᠷᠪᠤᠰ 《ᠰᠢᠭᠤᠳ ᠨᠡᠪᠲᠡᠷᠡᠬᠦ》 ᠠᠶᠠᠯᠠᠯ᠎ᠤᠨ ᠱᠤᠭᠤᠮ᠎ᠢ ᠰᠢᠨ᠎ᠡ᠎ᠪᠡᠷ ᠨᠡᠮᠡᠵᠦ᠂ ᠣᠷᠣᠨ᠎ᠤ ᠳᠣᠲᠣᠷᠠᠬᠢ ᠠᠶᠠᠨᠴᠢᠳ᠎ᠤᠨ ᠶᠠᠪᠤᠵᠤ ᠰᠠᠭᠤᠬᠤ᠎ᠳᠤ ᠤᠯᠠᠮ ᠲᠦᠬᠦᠮ ᠦᠵᠡᠭᠦᠯᠬᠦ᠎ᠶᠢᠨ ᠬᠠᠮᠲᠤ 《ᠰᠢᠭᠤᠳ ᠨᠡᠪᠲᠡᠷᠡᠬᠦ + ᠵᠢᠭᠤᠯᠴᠢᠯᠠᠯ》᠎ᠢ ᠠᠭᠤᠰᠤᠯᠴᠠᠭᠤᠯᠤᠨ ᠬᠥᠭᠵᠢᠭᠦᠯᠬᠦ ᠵᠠᠭᠪᠤᠷ ᠢ ᠰᠢᠨ᠎ᠡ᠎ᠪᠡᠷ ᠡᠭᠦᠳᠴᠦ᠂ ᠣᠷᠣᠨ ᠪᠦᠰᠡ᠎ᠶᠢᠨ ᠬᠠᠮᠵᠢᠯᠴᠠᠨ ᠬᠥᠭᠵᠢᠬᠦ᠎ᠳᠦ ᠬᠦᠴᠦᠨ ᠨᠡᠮᠡᠷᠢᠯᠡᠪᠡ᠃ ᠵᠤᠨ᠎ᠤ ᠠᠮᠠᠷᠠᠯᠲᠠ ᠶ᠋ᠢᠨ ᠵᠥᠭᠡᠭᠡᠪᠦᠷᠢ ᠶ᠋ᠢᠨ ᠬᠤᠭᠤᠴᠠᠭᠠᠨ᠎ᠳᠤ 《ᠰᠢᠭᠤᠳ ᠨᠡᠪᠳᠡᠷᠡᠬᠦ》 ᠠᠭᠠᠷ᠎ᠤᠨ ᠠᠶᠠᠯᠠᠯ᠎ᠤᠨ ᠱᠤᠭᠤᠮ ᠨᠢ ᠨᠡᠶ᠋ᠢᠲᠡ 1 ᠲᠦᠮᠡᠨ ᠡᠭᠡᠯᠵᠢ ᠶ᠋ᠢᠨ ᠨᠢᠰᠬᠡᠯ᠎ᠤᠨ ᠠᠶᠠᠯᠠᠯ ᠢ᠋ ᠭᠦᠢᠴᠡᠳᠬᠡᠵᠦ᠂ ᠠᠶᠠᠨᠴᠢᠳ᠎ᠢ ᠵᠦᠭᠡᠭᠡᠪᠦᠷᠢᠯᠡᠭᠰᠡᠨ ᠬᠡᠮᠵᠢᠶ᠎ᠡ 76.8 ᠲᠦᠮᠡᠨ ᠬᠥᠮᠥᠨ ᠤᠳᠠᠭ᠎ᠠ᠎ᠳᠤ ᠬᠦᠷᠪᠡ᠂ ᠡᠨᠡ ᠨᠢ ᠳᠤᠰ ᠪᠦᠯᠦᠭᠯᠡᠯ᠎ᠦᠨ ᠶᠡᠷᠦᠩᠬᠡᠢ ᠬᠡᠮᠵᠢᠶᠡᠨ᠎ᠤ 12.4% ᠶ᠋ᠢ ᠡᠵᠡᠯᠡᠭᠰᠡᠨ ᠪᠠᠢᠨ᠎ᠠ᠃
ᠢᠷᠡᠯᠲᠡ᠄ ᠳᠠᠯ᠎ᠠ ᠨᠤᠳᠤᠭ᠎ᠤᠨ ᠡᠬᠦᠯᠡ ᠰᠢᠯᠵᠢᠶ᠎ᠡ