ᠪᠦᠬᠦ᠌ ᠣᠷᠣᠨ᠎ᠤ ᠡᠯ᠎ᠡ ᠭᠠᠵᠠᠷ ᠡᠯ᠎ᠡ ᠰᠠᠯᠠᠭ᠎ᠠ ᠮᠥᠴᠢᠷ᠎ᠦᠨ ᠬᠢᠨ ᠴᠡᠷᠢᠭ ​ᠠᠩᠬᠢ ᠵᠢ ᠰᠢᠯᠭᠠᠨ ᠦᠵᠡᠬᠦ᠌ ᠦᠪᠡᠳᠡᠭ᠌ᠰᠢ ᠪᠠᠢᠳᠠᠯ᠎ᠢ ᠬᠦᠯᠢᠶᠡᠨ ᠠᠪᠴᠤ᠌ ᠦᠵᠡᠪᠡ
2025-09-04 10:46:14
ᠵᠣᠬᠢᠶᠠᠭ᠍ᠴᠢ᠄
ᠵᠧᠩ ᠱᠢᠤᠸᠠᠢ ᠯᠢᠶᠠᠩ ᠰᠦᠩ ᠠ ᠨᠠᠨ ᠯᠢ ᠱᠢᠨ ᠵᠢᠶᠦ᠋ᠨ ᠭᠤᠤ ᠮᠢᠨ ᠨᠠ ᠬᠤᠸᠠᠩ ᠹᠦ ᠮᠧᠢ ᠱᠢᠶᠠᠨ ᠴᠧᠨ ᠴᠦᠨ ᠶᠠᠨ
ᠣᠩᠱᠢᠭ᠍ᠰᠠᠨ ᠣᠳᠠᠭ᠎ᠠ᠄
★★★☆☆

ᠲᠡᠦᠬᠡ᠎ᠪᠡᠨ ᠪᠠᠲᠤ ᠴᠡᠭᠡᠵᠢᠯᠡᠵᠦ᠍᠂ ᠦᠷᠡᠭ᠌ᠳᠡᠭ᠌ᠰᠡᠨ ᠪᠠᠭᠠᠲᠤᠷᠴᠤᠳ᠎ᠢᠶᠠᠨ ᠳᠤᠷᠠᠰᠤᠨ ᠰᠠᠨᠠᠭᠠᠯᠵᠠᠵᠤ᠂ ᠡᠩᠬᠡ ᠲᠠᠢᠪᠤᠩ᠎ᠢ ᠨᠠᠨᠳᠢᠩᠨᠠᠵᠤ᠂ ᠢᠷᠡᠭᠡᠳᠦᠢ᠎ᠪᠡᠨ ᠡᠬᠦᠳᠦᠨ ᠨᠡᠭᠡᠭᠡᠨ᠎ᠡ᠃ 9 ᠰᠠᠷ᠎ᠠ᠎ᠶ᠋ᠢᠨ 3 ᠎ᠤ᠋ ᠡᠳᠦᠷ᠂ ᠳᠤᠮᠳᠠᠳᠤ ᠤᠯᠤᠰ᠎ᠤᠨ ᠠᠷᠠᠳ ᠲᠦᠮᠡᠨ᠎ᠦ ᠶᠠᠫᠣᠨ᠎ᠢ ᠡᠰᠡᠷᠭᠦᠴᠡᠬᠦ ᠳᠠᠢᠨ ᠵᠢᠴᠢ ᠳᠡᠯᠡᠬᠡᠶ᠎ᠶ᠋ᠢᠨ ᠹᠠᠱ᠌ᠢᠰ᠎ᠢ ᠡᠰᠡᠷᠭᠦᠴᠡᠬᠦ ᠳᠠᠢᠨ ᠢᠯᠠᠯᠲᠠ ᠣᠯᠤᠭ᠍ᠰᠠᠨ 80 ᠵᠢᠯ᠎ᠦᠨ ᠣᠶ᠎ᠶ᠋ᠢ ᠳᠤᠷᠠᠰᠭᠠᠬᠤ ᠶᠡᠬᠡ ᠬᠤᠷᠠᠯ ᠪᠡᠭᠡᠵᠢᠩ᠎ᠳᠦ ᠬᠤᠷᠠᠯᠳᠤᠪᠠ᠃ ᠪᠦᠬᠦ᠌ ᠣᠷᠣᠨ᠎ᠤ ᠡᠯ᠎ᠡ ᠭᠠᠵᠠᠷ ᠡᠯ᠎ᠡ ᠰᠠᠯᠠᠭ᠎ᠠ ᠮᠥᠴᠢᠷ᠎ᠦᠨ ᠬᠢᠨ ᠨᠠᠷᠢᠨ ᠨᠢᠮᠪᠠᠢ ᠵᠣᠬᠢᠶᠠᠨ ᠪᠠᠢᠭᠤᠯᠵᠤ᠂ ᠥᠷᠭᠡᠨ ᠤᠯᠠᠨ ᠨᠠᠮ᠎ᠤᠨ ᠭᠡᠱᠢᠭᠦᠨ ᠺᠠᠳ᠋ᠷ ᠤᠯᠠᠨ ᠲᠦᠮᠡᠨ᠂ ᠰᠤᠷᠭᠠᠭᠤᠯᠢ᠎ᠶ᠋ᠢᠨ ᠪᠠᠭ᠍ᠰᠢ ᠰᠤᠷᠤᠭ᠍ᠴᠢᠳ᠂ ᠬᠢᠯᠢ᠎ᠶ᠋ᠢᠨ ᠬᠠᠮᠠᠭᠠᠯᠠᠯᠲᠠ᠎ᠶ᠋ᠢᠨ ᠺᠠᠳ᠋ᠷ ᠴᠠᠭ᠍ᠳᠠᠭ᠎ᠠ᠎ᠨᠠᠷ ᠤᠯᠠᠨ ᠵᠦᠢᠯ᠎ᠦᠨ ᠠᠷᠭ᠎ᠠ ᠵᠠᠮ᠎ᠢᠶᠠᠷ ᠴᠡᠷᠢᠭ ᠠᠩᠬᠢ  ᠵᠢ ᠱᠢᠯᠭᠠᠨ ᠦᠵᠡᠬᠦ᠌ ᠶᠤᠰᠤᠯᠠᠯ ᠎ᠢ ᠬᠦᠯᠢᠶᠡᠨ ᠠᠪᠴᠤ ᠦᠵᠡᠵᠦ᠍᠂ ᠦᠷᠡᠭ᠌ᠳᠡᠭ᠌ᠰᠡᠨ ᠪᠠᠭᠠᠲᠤᠷᠴᠤᠳ ᠎ᠢᠶᠠᠨ ᠳᠤᠷᠠᠰᠤᠨ ᠰᠠᠨᠠᠭᠠᠯᠵᠠᠵᠤ᠂ ᠶᠠᠫᠣᠨ᠎ᠢ ᠡᠰᠡᠷᠭᠦᠴᠡᠬᠦ᠌ ᠲᠠᠢ᠌ᠨ᠎ᠦ ᠵᠣᠷᠢᠭ ᠰᠠᠨᠠᠭ᠎ᠠ᠎ᠶ᠋ᠢ ᠪᠠᠳᠠᠷᠠᠭᠤᠯᠵᠤ᠂ ᠡᠷᠡᠯᠬᠡᠭ᠌ᠯᠡᠨ ᠤᠷᠤᠭ᠍ᠰᠢᠯᠠᠬᠤ ᠬᠦᠴᠦᠨ᠎ᠢ ᠨᠢᠭ᠍ᠲᠠᠷᠠᠭᠤᠯᠪᠠ᠃

ᠤᠯᠤᠰ ᠎ᠢᠶᠠᠨ ᠬᠦᠴᠦᠷᠬᠡᠭ᠌ᠵᠢᠭᠦᠯᠬᠦ᠌᠎ᠳᠦ ᠪᠢ ᠪᠤᠢ᠂ ᠳᠤᠮᠳᠠᠳᠤ ᠤᠯᠤᠰ᠎ᠢᠶᠠᠨ ᠪᠢ ᠬᠠᠢᠷᠠᠯᠠᠨ᠎ᠠ᠃ ᠥᠪᠥᠷ ᠮᠣᠩᠭᠣᠯ᠎ᠤᠨ ᠠᠵᠤ ᠦᠶ᠋ᠯᠡᠳᠪᠦᠷᠢ᠎ᠶ᠋ᠢᠨ ᠶᠡᠬᠡ ᠰᠤᠷᠭᠠᠭᠤᠯᠢ᠎ᠵᠢᠨ ᠬᠢᠨ ᠪᠠᠭ᠍ᠰᠢ ᠰᠤᠷᠤᠭ᠍ᠴᠢᠳ᠎ᠢ ᠵᠣᠬᠢᠶᠠᠨ ᠪᠠᠢᠭᠤᠯᠵᠤ ᠱᠢᠭᠤᠳ ᠨᠡᠪᠲᠡᠷᠡᠭᠦᠯᠭᠡ᠎ᠶ᠋ᠢ ᠬᠠᠮᠲᠤ᠎ᠪᠠᠷ ᠭᠥᠯᠢᠶᠡᠨ ᠠᠪᠴᠤ᠌ ᠦᠵᠡᠪᠡ᠃ ᠠᠭᠠᠷ ᠎ᠤᠨ ᠠᠶᠠᠯᠠᠯ᠎ᠤᠨ ᠳᠡᠭᠡᠳᠦ ᠰᠤᠷᠭᠠᠭᠤᠯᠢ᠎ᠶ᠋ᠢᠨ ᠰᠣᠷᠣᠭ᠍ᠴᠢ ᠱᠠᠩ ᠫᠸᠩ ᠴᠡᠷᠢᠭ ᠠᠩᠬᠢ  ᠵᠢ ᠱᠢᠯᠭᠠᠨ ᠦᠵᠡᠬᠦ᠌ ᠶᠣᠰᠣᠯᠠᠯ᠎ᠢ ᠦᠵᠡᠭ᠌ᠰᠡᠨ ᠎ᠦ ᠳᠠᠷᠠᠭ᠎ᠠ᠂ ᠱᠢᠨ᠎ᠡ ᠮᠠᠶᠢᠭ᠎ᠤᠨ ᠠᠭᠠᠷ᠎ᠤᠨ ᠠᠶᠠᠯᠠᠯ᠎ᠤᠨ ᠪᠠᠭᠠᠵᠢ᠎ᠨᠢ ᠤᠯᠤᠰ᠎ᠤᠨ ᠪᠣᠳᠠᠲᠤ ᠬᠦᠴᠦᠨ᠎ᠢ ᠢᠯᠡᠷᠡᠭᠦᠯᠵᠦ᠍᠂ ᠪᠢᠳᠡᠨ ᠎ᠤ  ᠲᠤᠰᠭᠠᠶ ᠮᠡᠷᠭᠡᠵᠢᠯ᠎ᠦᠨ ᠮᠡᠳᠡᠯᠭᠡ᠎ᠶ᠋ᠢ ᠰᠤᠳᠤᠯᠵᠤ᠂ ᠡᠬᠡ ᠤᠯᠤᠰ ᠎ᠤᠨ ᠠᠭᠠᠷ᠎ᠤᠨ ᠠᠶᠠᠯᠠᠯ ᠰᠠᠨᠰᠠᠷ ᠎ᠤᠨ ᠠᠶᠠᠯᠠᠯ᠎ᠤᠨ ᠦᠶ᠋ᠯᠡᠰ᠎ᠲᠦ ᠡᠷᠲᠡᠬᠡᠨ ᠬᠦᠴᠦᠨ ᠴᠢᠳᠠᠯ᠎ᠢᠶᠠᠨ ᠡᠷᠭᠦᠬᠦ᠌᠎ᠶ᠋ᠢ ᠵᠣᠷᠢᠭ᠍ᠵᠢᠭᠤᠯᠵᠠᠢ ᠭᠡᠵᠦ ᠰᠡᠳᠭᠢᠯ ᠳᠣᠭ᠍ᠳᠣᠯᠤᠨ ᠬᠡᠯᠡᠪᠡ᠃

ᠴᠡᠷᠢᠭ ᠠᠩᠬᠢ ᠵᠢ ᠱᠢᠯᠭᠠᠨ ᠦᠵᠡᠬᠦ᠌ ᠦᠪᠡᠳᠡᠭ᠌ᠰᠢ ᠪᠠᠢᠳᠠᠯ ᠎ᠢ ᠦᠵᠡᠭ᠌ᠰᠡᠨ᠎ᠦ ᠳᠠᠷᠠᠭ᠎ᠠ᠂ ᠬᠥᠬᠡᠬᠣᠲᠠ᠎ᠶ᠋ᠢᠨ ᠢᠦᠢᠴᠢᠤᠸᠠᠨ ᠲᠣᠭᠣᠷᠢᠭ᠎ᠤᠨ ᠡᠮᠦᠨ᠎ᠡ ᠬᠣᠶᠠᠳᠤᠭᠠᠷ ᠲᠣᠭᠣᠷᠢᠯ ᠵᠠᠮ᠎ᠤᠨ ᠭᠠᠯ ᠰᠡᠷᠭᠡᠢᠯᠡᠵᠦ᠍ ᠭᠠᠯ ᠤᠨᠲᠠᠷᠠᠭᠠᠬᠤ ᠠᠪᠤᠷᠠᠨ ᠲᠤᠰᠠᠯᠠᠬᠤ ᠥᠷᠲᠡᠭᠡ᠎ᠶ᠋ᠢᠨ ᠳᠠᠷᠤᠭ᠎ᠠ ᠪᠠᠢᠯᠳᠤᠭ᠍ᠴᠢᠳ᠂ ᠪᠠᠴᠢᠮ ᠪᠠᠢᠳᠠᠯ ᠎ᠢ ᠠᠷᠭᠠᠴᠡᠭᠠᠵᠤ ᠠᠪᠤᠷᠠᠨ ᠲᠤᠰᠠᠯᠠᠬᠤ ᠭᠤᠤᠯ ᠬᠦᠴᠦᠨ ᠴᠡᠷᠢᠭ ᠪᠣᠯᠤᠭ᠍ᠰᠠᠨ᠎ᠤ ᠬᠤᠪᠢ᠎ᠳᠤ᠂ 《ᠨᠠᠮ ᠎ᠳᠠᠭᠠᠨ ᠦᠨᠡᠨᠴᠢ ᠱᠢᠳᠤᠷᠭᠤ᠂ ᠰᠠᠬᠢᠯᠭ᠎ᠠ ᠪᠠᠲᠤ ᠴᠢᠩᠭ᠎ᠠ᠂ ᠠᠶᠤᠯ ᠭᠠᠮᠰᠢᠬ᠎ᠡᠴᠡ ᠠᠶᠤᠬᠤ ᠥᠬᠡᠶ᠂ ᠠᠷᠠᠳ ᠲᠦᠮᠡᠨ᠎ᠦ ᠲᠥᠯᠥᠭᠡ ᠴᠢᠩ ᠦᠨᠡᠨᠴᠢ᠎ᠪᠡᠷ ᠵᠢᠳᠬᠦᠬᠦ᠌ 》 ᠪᠠᠲᠤ ᠴᠢᠩᠭ᠎ᠠ ᠲᠠᠩᠭᠠᠷᠢᠭ ᠎ᠢ  ᠦᠶ᠋ᠯᠡᠳᠦᠯᠭᠡᠵᠢᠭᠦᠯᠵᠦ᠍᠂ ᠠᠷᠠᠳ ᠲᠦᠮᠡᠨ ᠬᠡᠷᠡᠭ᠌ᠴᠡᠭᠡ᠎ᠲᠡᠶ ᠦᠶ᠎ᠡ᠎ᠳᠦ ᠡᠮᠦᠨ᠎ᠡ᠎ᠨᠢ ᠬᠣᠱᠢᠭᠤᠷᠠᠵᠤ᠂ ᠠᠷᠠᠳ ᠣᠯᠠᠨ᠎ᠤ ᠠᠮᠢ ᠨᠠᠰᠤ ᠡᠳ᠋ ᠬᠥᠷᠥᠩᠭᠡ᠎ᠶ᠋ᠢᠨ ᠠᠮᠤᠷ ᠲᠦᠪᠱᠢᠨ ᠎ᠢ ᠦᠨᠡᠨ ᠬᠦ᠌ ᠬᠠᠮᠠᠭᠠᠯᠠᠵᠤ᠂ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢᠨ ᠲᠥᠯᠥᠭᠡ ᠬᠤᠪᠢ ᠨᠡᠮᠡᠷᠢ ᠦᠵᠡᠭᠦᠯᠬᠦ᠌ ᠬᠡᠷᠡᠭ᠌ᠲᠡᠶ ᠭᠡᠵᠦ᠍ ᠰᠠᠨᠠᠯ ᠨᠢᠭᠡᠲᠡᠶ ᠦᠵᠡᠵᠡᠭᠡᠪᠡ᠃

8 ᠲᠦᠮᠡᠨ ᠡᠩᠬᠡ ᠲᠠᠢᠪᠤᠩ ᠎ᠤᠨ ᠲᠠᠭ᠍ᠲᠠᠭ᠎ᠠ ᠳᠡᠭᠦᠯᠢᠨ ᠨᠢᠰᠴᠦ᠍ ᠂ 8 ᠲᠦᠮᠡᠨ ᠬᠡᠢ ᠪᠥᠮᠪᠥᠭᠡ ᠠᠭᠠᠷ᠎ᠲᠤ ᠳᠡᠭ᠌ᠳᠡᠬᠦ᠌ ᠎ᠳᠦ᠂ ᠪᠤᠭᠤᠲᠤ ᠬᠣᠲᠠ᠎ᠶ᠋ᠢᠨ ᠬᠥᠨᠳᠡᠯᠡᠨ ᠲᠣᠭᠣᠷᠢᠭ᠎ᠤᠨ ᠱᠤᠤ ᠱᠢᠶᠠᠨ ᠵᠠᠮ ᠎ᠤᠨ ᠠᠷᠪᠠᠨ ᠨᠢᠭᠡᠳᠦᠭᠡᠷ ᠪᠠᠭ᠎ᠠ ᠰᠤᠷᠭᠠᠭᠤᠯᠢ᠎ᠶ᠋ᠢᠨ ᠶᠡᠬᠡ ᠬᠤᠷᠠᠯ᠎ᠤᠨ ᠬᠡᠷ᠎ᠲᠦ᠂ ᠪᠠᠭ᠍ᠰᠢ ᠰᠤᠷᠤᠭ᠍ᠴᠢᠳ ᠪᠣᠯᠵᠣᠭ᠍ᠰᠠᠨ ᠶᠤᠮ ᠱᠢᠭ᠋ ᠤᠷᠠᠢᠯᠠᠨ ᠬᠠᠰᠭᠢᠷᠤᠨ᠎ᠠ᠃ ᠬᠡᠦᠬᠡᠳ᠎ᠦᠳ᠎ᠦᠨ ᠳᠤᠮᠳᠠ ᠰᠠᠭᠤᠵᠤ ᠪᠠᠢᠭ᠍ᠰᠠᠨ ᠰᠤᠷᠭᠠᠭᠤᠯᠢ᠎ᠶ᠋ᠢᠨ ᠵᠠᠬᠢᠷᠤᠯ ᠮᠠ ᠯᠢ ᠹᠠᠩ ᠄ 《 ᠡᠨᠡ ᠬᠦ᠌ ᠵᠢᠷᠤᠭ ᠳᠦᠷᠰᠦ ᠦᠨᠡᠬᠡᠷ ᠰᠡᠳᠬᠢᠯ ᠲᠤᠬᠳᠤᠯᠤᠮ᠎ᠠ ᠪᠠᠢᠨ᠎ᠠ᠂ ᠤᠯᠤᠰ᠎ᠤᠨ ᠪᠠᠲᠤᠯᠠᠨ ᠬᠠᠮᠠᠭᠠᠯᠠᠯᠲᠠ᠎ᠶ᠋ᠢᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠵᠡᠭᠦᠳᠦ 〉 ᠲᠠᠢ ᠬᠡᠦᠬᠡᠳ᠎ᠦᠳ ᠵᠤᠨ᠎ᠤ ᠠᠮᠠᠷᠠᠯᠲᠠ ᠲᠤᠵᠢ ᠬᠦᠰᠡᠨ ᠬᠦᠯᠢᠶᠡᠪᠠ 》 ᠭᠡᠵᠦ ᠨᠢᠳᠦᠨ ᠳ᠋ᠡᠭᠡᠨ ᠵᠠᠢᠷ ᠲᠠᠢ ᠬᠡᠯᠡᠪᠡ᠃ 2025 ᠣᠨ᠎ᠳᠤ ᠲᠣᠰ ᠰᠤᠷᠭᠠᠭᠤᠯᠢ᠎ᠶ᠋ᠢ ᠪᠤᠭᠤᠲᠤ ᠬᠣᠲᠠ᠎ᠶ᠋ᠢᠨ ᠪᠠᠭᠠᠴᠤᠳ᠎ᠤᠨ ᠴᠡᠷᠢᠭ᠎ᠦᠨ ᠰᠤᠷᠭᠠᠭᠤᠯᠢ ᠭᠡᠵᠦ᠍ ᠵᠢᠩᠬᠢᠨᠢ᠎ᠪᠡᠷ ᠨᠡᠷᠡᠢᠳᠪᠡ᠃ 《ᠮᠠᠨ ᠎ᠤ ᠪᠠᠭᠠᠴᠤᠳ᠎ᠤᠨ ᠴᠡᠷᠢᠭ᠎ᠦᠨ ᠰᠤᠷᠭᠠᠭᠤᠯᠢ᠎ᠳᠤ ᠠᠪᠴᠤ᠌ ᠬᠡᠯᠡᠪᠡᠯ᠂ ᠡᠨᠡ ᠪᠣᠯ ᠨᠢᠭᠡᠨ ᠠᠮᠢᠳᠤ ᠰᠣᠷᠭᠣᠭ ᠤᠯᠤᠰ᠎ᠤᠨ ᠪᠠᠲᠤᠯᠠᠨ ᠬᠠᠮᠠᠭᠠᠯᠠᠯᠲᠠ᠎ᠶ᠋ᠢᠨ ᠬᠢᠴᠢᠶᠡᠯ ᠪᠣᠯᠤᠨ᠎ᠠ᠃ ᠪᠠᠭᠠᠴᠤᠳ᠎ᠤᠨ ᠴᠡᠷᠢᠭ᠎ᠦᠨ ᠰᠤᠷᠭᠠᠭᠤᠯᠢ᠎ᠳ᠋ᠤ ᠬᠦᠮᠦᠵᠢᠨ ᠪᠣᠢᠵᠢᠭ᠍ᠰᠠᠨ ᠬᠥᠮᠦᠨ ᠨᠢᠭᠡ ᠪᠦᠷᠢ᠂ ᠥᠨᠥᠳᠦᠷ᠎ᠦᠨ ᠴᠡᠷᠢᠭ ᠠᠩᠬᠢ  ᠵᠢ ᠱᠢᠯᠭᠠᠨ ᠦᠵᠡᠬᠦ᠌ ᠥᠤᠷ᠎ᠦᠨ ᠲᠤᠶᠠᠭ᠎ᠠ᠎ᠶ᠋ᠢ ᠡᠭᠦᠷᠢᠳᠡ ᠴᠡᠭᠡᠵᠢᠯᠡᠵᠦ᠍᠂ ᠡᠨᠡ ᠬᠦ᠌ ᠴᠢᠩ ᠦᠨᠡᠨᠴᠢ ᠰᠡᠳᠭᠢᠯ᠎ᠢᠶᠡᠷ᠎ᠵᠢᠡᠨ ᠡᠬᠡ ᠤᠯᠤᠰ᠎ᠲᠠᠭᠠᠨ ᠬᠦᠴᠦ᠍᠎ᠪᠡᠨ ᠡᠷᠭᠦᠬᠦ᠌᠎ᠶ᠋ᠢ ᠬᠦᠰᠡᠵᠦ᠍ ᠪᠠᠢᠨ᠎ᠠ》 ᠭᠡᠵᠦ᠍ ᠮᠠ ᠯᠢ ᠹᠠᠩ ᠬᠡᠯᠡᠪᠡ᠃

《ᠤᠮᠠᠷᠠᠲᠤ ᠣᠷᠣᠨ᠎ᠤ ᠠᠩᠬᠠᠳᠠᠭ᠍ᠴᠢ ᠲᠤᠮᠢᠯᠠᠭᠰᠠᠨ ᠰᠠᠯᠪᠤᠷᠢ 》 ᠬᠡᠮᠡᠭ᠌ᠳᠡᠭ᠌ᠰᠡᠨ ᠡᠩᠬᠡᠬᠠᠳᠠ ᠬᠢᠯᠢ᠎ᠶ᠋ᠢᠨ ᠲᠣᠮᠢᠯᠠᠭ᠍ᠰᠠᠨ ᠰᠠᠯᠪᠤᠷᠢ᠎ᠳᠤ᠂ ᠠᠷᠠᠳ ᠎ᠤᠨ ᠴᠠᠭ᠍ᠳᠠᠭ᠎ᠠ᠎ᠨᠠᠷ ᠥᠷᠯᠥᠭᠡ ᠡᠷᠲᠡ ᠲᠣᠭᠣᠷᠢᠨ ᠴᠠᠭ᠍ᠳᠠᠬᠤ ᠡᠭᠦᠷᠭᠡ᠎ᠪᠡᠨ ᠪᠡᠶᠡᠯᠡᠭᠦᠯᠦᠭ᠌ᠰᠡᠨ ᠎ᠦ ᠳᠠᠷᠠᠭ᠎ᠠ᠂ ᠬᠤᠷᠠᠯ᠎ᠤᠨ ᠬᠡᠷ᠎ᠲᠦ ᠦᠳᠲᠡᠷ ᠲᠦᠷᠭᠡᠨ ᠴᠤᠭ᠍ᠯᠠᠷᠠᠵᠤ᠂ ᠲᠧᠯᠸᠢᠰ ᠤ᠋ᠨ ᠱᠢᠭᠤᠳ ᠨᠡᠪᠲᠡᠷᠡᠭᠦᠯᠭᠡ ᠪᠡᠷ ᠴᠡᠷᠢᠭ᠎ᠠᠨᠭᠭᠢ ᠵᠢ ᠱᠢᠯᠭᠠᠨ ᠦᠵᠡᠬᠦ᠌ ᠶᠣᠰᠣᠯᠠᠯ ᠎ᠢ ᠭᠥᠯᠢᠶᠡᠨ ᠠᠪᠴᠤ᠌ ᠦᠵᠡᠪᠡ᠃ ᠶᠠᠪᠠᠭᠠᠨ ᠵᠢᠭᠰᠠᠭᠠᠯ ᠎ᠤᠨ ᠡᠭᠨᠡᠭᠡ ᠢᠳᠡᠷᠡᠭᠦᠨ ᠠᠯᠬᠤᠭ᠎ᠠ᠎ᠪᠠᠷ ᠲᠢᠶᠠᠨ ᠠᠨ ᠮᠸᠨ ᠠᠭᠤᠳᠠᠮ ᠲᠠᠯᠠᠪᠠᠢ᠎ᠪᠠᠷ ᠥᠩᠭᠡᠷᠡᠬᠦ᠌᠎ᠳᠦ᠂ ᠵᠡᠪᠰᠡᠭ ᠲᠣᠨᠣᠭ᠍ᠯᠠᠯ᠎ᠤᠨ ᠵᠢᠭᠰᠠᠭᠠᠯ ᠲᠤᠮᠤ ᠤᠯᠤᠰ᠎ᠤᠨ ᠴᠢᠬᠤᠯᠠ ᠵᠡᠪᠰᠡᠭ ᠲᠣᠨᠣᠭ᠍ᠯᠠᠯ᠎ᠤᠨ ᠰᠦᠷ ᠬᠦᠴᠦᠨ᠎ᠢ ᠭᠦᠢᠴᠡᠳ ᠢᠯᠡᠷᠡᠭᠦᠯᠬᠦ᠎ᠳᠦ᠂ ᠠᠷᠠᠳ ᠎ᠤᠨ ᠴᠠᠭ᠍ᠳᠠᠭ᠎ᠠ ᠎ᠨᠠᠷ ᠠᠩᠬᠠᠷᠤᠯ᠎ᠢᠶᠠᠨ ᠲᠥᠪᠯᠡᠷᠡᠭᠦᠯᠦᠨ ᠬᠠᠷᠠᠨ᠎ᠠ᠃ ᠳᠡᠯᠭᠡᠴᠡᠨ ᠳᠡᠭᠡᠷ᠎ᠡ ᠶᠠᠫᠣᠨ᠎ᠢ ᠡᠰᠡᠷᠭᠦᠴᠡᠬᠦ᠌ ᠳᠠᠢᠨ᠎ᠤ ᠠᠬᠠᠮᠠᠳ ᠴᠡᠷᠢᠭ ᠢ᠋ ᠰᠡᠭᠦᠳᠡᠷᠯᠡᠨ ᠬᠠᠷᠠᠭᠤᠯᠬᠤ ᠳ᠋ᠤ᠂ ᠬᠡᠳᠦᠨ ᠵᠠᠯᠠᠭᠤ ᠴᠠᠭ᠍ᠳᠠᠭ᠎ᠠ ᠥᠪᠡᠷ᠎ᠵᠢᠡᠨ ᠪᠤᠰᠴᠤ ᠵᠤᠭᠰᠤᠨ ᠶᠣᠰᠣᠯᠠᠵᠤ᠂ ᠪᠢᠱᠢᠷᠡᠨ ᠬᠦᠨᠳᠦᠳᠭᠡᠵᠦ᠍ ᠪᠠᠢᠭ᠎ᠠ ᠰᠡᠳᠭᠢᠯᠭᠡ ᠨᠢ ᠢᠯᠡᠭᠡᠨ ᠪᠠᠢᠯ᠎ᠠ᠃ ᠠᠷᠠᠳ᠎ᠤᠨ ᠴᠠᠭ᠍ᠳᠠᠭ᠎ᠠ ᠮᠤ᠌ ᠳ᠋ᠦᠩ᠎ᠶ᠌ᠢᠨ᠄ 《ᠠᠬᠠᠮᠠᠳ ᠴᠡᠷᠢᠭ ᠬᠠᠯᠠᠭᠤᠨ ᠴᠢᠰᠤ᠎ᠪᠠᠷ᠎ᠢᠶᠠᠨ ᠤᠯᠤᠰ ᠣᠷᠣᠨ᠎ᠢᠶᠠᠨ ᠰᠠᠬᠢᠨ ᠬᠠᠮᠠᠭᠠᠯᠠᠪᠠ᠂ ᠪᠢᠳᠡ ᠪᠠᠲᠤ ᠰᠠᠬᠢᠯᠳᠠ᠎ᠪᠠᠷ ᠬᠢᠯᠢ ᠬᠢᠵᠠᠭᠠᠷ᠎ᠢᠶᠠᠨ ᠪᠠᠳᠤᠯᠠᠨ ᠬᠠᠮᠠᠭᠠᠯᠠᠨ᠎ᠠ᠂ ᠡᠨᠡ ᠪᠣᠯ ᠦᠶ᠎ᠡ᠎ᠶ᠋ᠢᠨ ᠦᠶ᠎ᠡ᠎ᠳᠡᠭᠡᠨ ᠤᠯᠠᠮᠵᠢᠯᠠᠬᠤ ᠬᠠᠷᠢᠭᠤᠴᠠᠯᠭ᠎ᠠ ᠮᠥᠨ》 ᠭᠡᠪᠡ᠃

ᠱᠢᠭᠤᠳ ᠨᠡᠪᠲᠡᠷᠡᠭᠦᠯᠭᠡ ᠳᠠᠭᠤᠰᠤᠭ᠍ᠰᠠᠨ᠎ᠤ ᠳᠠᠷᠠᠭ᠎ᠠ᠂ ᠠᠷᠠᠳ᠎ᠤᠨ ᠴᠠᠭ᠍ᠳᠠᠭ᠎ᠠ᠎ᠨᠠᠷ ᠵᠡᠪᠰᠡᠭ ᠲᠣᠨᠣᠭ᠍ᠯᠠᠯ᠎ᠢᠶᠠᠨ ᠦᠳᠲᠡᠷ ᠲᠦᠷᠭᠡᠨ ᠡᠮᠬᠢᠯᠡᠵᠦ᠍᠂ ᠨᠠᠮᠤᠷ᠎ᠤᠨ ᠰᠠᠯᠬᠢ᠎ᠶ᠋ᠢ ᠤᠭ᠍ᠲᠤᠨ᠂ ᠬᠢᠯᠢ᠎ᠶ᠋ᠢᠨ ᠴᠠᠭ᠍ᠳᠠᠨ ᠪᠠᠢᠴᠠᠭᠠᠬᠤ ᠵᠠᠮ᠎ᠢᠶᠡᠨ ᠳᠠᠬᠢᠨ ᠡᠯᠬᠦᠵᠦ᠂ ᠪᠣᠳᠠᠲᠤ ᠠᠵᠢᠯᠯᠠᠭ᠎ᠠ᠎ᠪᠠᠷ᠎ᠢᠶᠠᠨ ᠬᠢᠯᠢ ᠬᠢᠵᠠᠭᠠᠷ᠎ᠢ ᠪᠠᠳᠤᠯᠠᠨ ᠬᠠᠮᠠᠭᠠᠯᠠᠬᠤ ᠤᠭ ᠰᠠᠨᠠᠭ᠎ᠠ᠎ᠪᠠᠨ ᠦᠢᠯᠡᠳᠦᠯᠭᠡᠵᠢᠭᠦᠯᠪᠡ᠃

ᠬᠢᠩᠭᠠᠨ ᠠᠢᠮᠠᠭ᠎ᠤᠨ ᠪᠦᠳᠦᠨ ᠪᠤᠯᠠᠭ ᠪᠠᠯᠭᠠᠰᠤᠨ᠎ᠤ ᠱᠢᠨ ᠱᠧᠩ ᠲᠣᠰᠭᠣᠨ᠎ᠳᠤ᠂ ᠨᠠᠮ᠎ᠤᠨ ᠭᠡᠱᠢᠭᠦᠨ ᠤᠯᠠᠨ ᠲᠦᠮᠡᠨ ᠨᠢᠭᠡ ᠲᠠᠩᠬᠢᠮ᠎ᠳᠤ ᠴᠤᠭ᠍ᠯᠠᠷᠠᠵᠤ᠂ ᠴᠡᠷᠢᠭ ᠠᠩᠬᠢ ᠵᠢ ᠱᠢᠯᠭᠠᠨ ᠦᠵᠡᠬᠦ᠌ ᠰᠦᠷ ᠵᠢᠪᠬᠤᠯᠠᠩᠲᠤ ᠶᠣᠰᠣᠯᠠᠯ᠎ᠢ ᠬᠠᠮᠲᠤ᠎ᠪᠠᠷ ᠰᠣᠨᠢᠷᠬᠠᠪᠠ᠃ ᠡᠨᠡ ᠵᠢᠯ 74 ᠨᠠᠰᠤᠲᠠᠢ᠂ ᠸᠢᠶ᠍ᠸᠲ᠋ᠨᠠᠮ᠎ᠤᠨ ᠥᠪᠡᠷ᠎ᠢ᠎ᠪᠡᠨ ᠬᠠᠮᠠᠭᠠᠯᠠᠵᠤ ᠭᠡᠳᠡᠷᠬᠦ᠌ ᠴᠣᠬᠢᠬᠤ ᠳᠠᠢᠯᠠᠯᠳᠤᠭᠠᠨ᠎ᠳᠤ ᠣᠷᠣᠯᠴᠠᠵᠤ ᠥᠩᠭᠡᠷᠡᠭ᠌ᠰᠡᠨ ᠠᠬᠠᠮᠠᠳ ᠴᠡᠷᠢᠭ ᠺᠠᠨ ᠯᠢ ᠼᠠᠢ ᠰᠠᠨᠳᠠᠯᠢ ᠳᠡᠭᠡᠷ᠎ᠡ ᠰᠠᠭᠤᠵᠤ᠂ ᠲᠧᠯᠸᠢᠰ᠎ᠢ ᠱᠢᠷᠲᠡᠵᠦ᠍᠂ ᠠᠯᠢ ᠦᠵᠡᠭᠳᠡᠯ ᠎ᠢ ᠨᠢ᠎ᠴᠤ ᠠᠯᠳᠠᠯ ᠦᠭᠡᠢ ᠨᠢᠮᠪᠠᠢ ᠰᠤᠨᠢᠷᠬᠠᠵᠤ ᠪᠠᠢᠯ᠎ᠠ᠃ 《ᠮᠠᠨ᠎ᠤ ᠴᠡᠷᠢᠭ ᠠᠩᠭᠢ ᠦᠨᠡᠬᠡᠷ ᠣᠳᠣᠬᠢᠴᠢᠯᠠᠭ᠍ᠰᠠᠨ ᠪᠠᠢᠨ᠎ᠠ᠂ ᠵᠡᠪᠰᠡᠭ ᠲᠣᠨᠣᠭ᠍ᠯᠠᠯ ᠡᠢᠮᠦ᠍ ᠲᠡᠷᠢᠭᠦᠨ᠎ᠦ ᠪᠤᠯᠵᠤ᠂ ᠡᠩᠨᠡᠭᠡ ᠡᠢᠮᠦ᠍ ᠲᠡᠭ᠌ᠰᠢ ᠪᠠᠢᠨ᠎ᠠ!》 ᠭᠡᠵᠦ ᠴᠡᠷᠢᠭ ᠠᠩᠬᠢ ᠵᠢ ᠱᠢᠯᠭᠠᠨ ᠦᠵᠡᠬᠦ ᠶᠠᠪᠤᠴᠠ ᠵᠢ ᠬᠠᠷᠠᠭᠠᠳ ᠺᠠᠨ ᠯᠢ ᠼᠠᠢ ᠳᠣᠭ᠍ᠳᠣᠯᠤᠭ᠍ᠰᠠᠨ ᠰᠡᠳᠭᠢᠯᠭᠡ᠎ᠪᠡᠨ ᠳᠠᠷᠤᠵᠤ ᠶᠠᠳᠠᠨ ᠶᠠᠷᠢᠪᠠ᠃ ᠡᠮᠦᠨ᠎ᠡ ᠹᠷᠣᠨᠲ᠎ᠲᠤ ᠲᠡᠷᠢ᠎ᠶ᠋ᠢᠨ ᠤᠳᠤᠭ᠎ᠠ ᠰᠤᠮᠤᠨ ᠮᠥᠨᠳᠥᠷ᠎ᠢ ᠲᠤᠭᠤᠯᠵᠤ ᠥᠩᠭᠡᠷᠡᠭ᠌ᠰᠡᠨ ᠠᠬᠠᠮᠠᠳ ᠪᠠᠢᠯᠳᠤᠭ᠍ᠴᠢ ᠮᠠᠨᠢ ᠥᠨᠥᠳᠦᠷ᠎ᠦᠨ ᠳᠤᠮᠳᠠᠳᠤ ᠤᠯᠤᠰ᠎ᠤᠨ ᠴᠡᠷᠢᠭ ᠠᠩᠬᠢ᠎ᠶ᠋ᠢᠨ ᠬᠥᠭ᠌ᠵᠢᠯᠲᠡ ᠬᠤᠪᠢᠷᠠᠯᠲᠠ ᠵᠢ ᠦᠵᠡᠭᠡᠳ᠄ 《ᠲᠤᠬᠠᠢ᠎ᠶ᠋ᠢᠨ ᠵᠢᠯ᠎ᠲᠡᠶ ᠬᠠᠷᠢᠴᠠᠭᠤᠯᠪᠠᠯ ᠦᠨᠡᠬᠡᠷ ᠲᠩᠷᠢ ᠭᠠᠵᠠᠷ᠎ᠤᠨ ᠵᠦᠷᠢᠶ᠎ᠡ᠎ᠲᠡᠶ ᠪᠤᠯᠵᠠᠢ᠂ ᠬᠦᠴᠦᠷᠬᠡᠭ ᠶᠡᠬᠡ ᠤᠯᠤᠰ᠎ᠤᠨ ᠪᠠᠲᠤᠯᠠᠨ ᠬᠠᠮᠠᠭᠠᠯᠠᠯᠲᠠ᠎ᠲᠠᠶ ᠪᠣᠯᠴᠢᠬᠠᠪᠠᠯ ᠪᠢᠳᠠ ᠥᠩᠭᠡᠷᠡᠭ᠌ᠰᠡᠨ᠎ᠦ ᠬᠦᠴᠢᠷ ᠵᠣᠪᠠᠯᠠᠩ ᠳᠠᠬᠢᠨ ᠳᠠᠪᠳᠠᠨ᠎ᠡ ᠭᠡᠵᠦ ᠰᠠᠨᠠᠭ᠎ᠠ ᠵᠣᠪᠠᠬᠤ ᠬᠡᠷᠡᠭ ᠤᠢ᠍ᠭᠡᠢ ᠪᠣᠯᠵᠠᠢ》 ᠰᠡᠳᠬᠢᠯ ᠬᠦᠳᠡᠯᠦᠨ ᠶᠠᠷᠢᠯ᠎ᠠ᠃

ᠬᠥᠬᠡᠬᠣᠲᠠ᠎ᠶ᠋ᠢᠨ ᠴᠠᠬᠢᠯᠭᠠᠨ ᠎ᠤ ᠠᠵᠢᠯ᠎ᠢ ᠡᠷᠬᠢᠯᠡᠬᠦ ᠬᠡᠰᠡᠭ ᠎ᠤᠨ  ᠹᠧᠩᠵᠧᠨ ᠦᠶ᠋ᠯᠡᠳᠪᠦᠷᠢ᠎ᠶ᠋ᠢᠨ ᠲᠠᠰᠤᠭ ᠠᠵᠢᠯᠲᠠᠨ ᠠᠵᠢᠯᠴᠢᠨ᠎ᠵᠢᠡᠨ ᠵᠣᠬᠢᠶᠠᠨ ᠪᠠᠢᠭᠤᠯᠵᠤ᠂ ᠳᠣᠬᠢᠶᠠᠨ᠎ᠤ ᠠᠵᠢᠯ᠎ᠤᠨ ᠲᠣᠭᠣᠷᠢᠭ ᠎ᠤᠨ ᠵᠢᠵᠢᠭᠦᠷ ᠎ᠦᠨ ᠲᠠᠰᠤᠭ᠂ ᠡᠭᠡᠯᠵᠢ ᠳᠤᠭᠤᠢᠯᠠᠩ᠎ᠤᠨ ᠬᠤᠷᠠᠯ᠎ᠤᠨ ᠬᠡᠷ᠎ᠲᠦ  ᠱᠢᠭᠤᠳ ᠨᠡᠪᠲᠡᠷᠡᠭᠦᠯᠭᠡ᠎ᠶ᠋ᠢ ᠲᠥᠪᠯᠡᠷᠡᠭᠦᠯᠦᠨ ᠭᠥᠯᠢᠶᠡᠨ ᠠᠪᠴᠤ᠌ ᠦᠵᠡᠪᠡ᠃ ᠴᠡᠷᠢᠭ ᠠᠩᠬᠢ ᠵᠢ ᠱᠢᠯᠭᠠᠨ ᠦᠵᠡᠬᠦ᠌ ᠦᠪᠡᠳᠡᠭ᠌ᠰᠢ ᠶᠡᠬᠡ ᠶᠣᠰᠣᠯᠠᠯ᠎ᠨᠢ ᠤᠯᠤᠰ ᠎ᠤᠨ ᠰᠦᠷ ᠬᠦᠴᠦᠨ᠎ᠢ ᠭᠦᠢᠴᠡᠳ ᠢᠯᠡᠷᠡᠭᠦᠯᠵᠦ᠍᠂ ᠴᠥᠭᠡᠨ ᠪᠤᠰᠤ ᠬᠥᠮᠦᠰ᠎ᠦᠨ ᠨᠢᠳᠦᠨ᠎ᠳᠦ ᠨᠢᠯᠪᠤᠰᠤ ᠮᠡᠯᠲᠡᠭᠡᠨᠡᠵᠦ᠍᠂ ᠰᠡᠳᠭᠢᠯ ᠳᠣᠭ᠍ᠳᠣᠯᠤᠨ᠂ ᠦᠨᠳᠦᠰᠦᠲᠡᠨ ᠎ᠦ ᠤᠮᠤᠬ᠍ᠰᠢᠯᠳᠤ ᠰᠡᠳᠭᠢᠯᠭᠡ ᠠᠶᠠᠨᠳᠠᠭᠠᠨ ᠳᠦᠷᠦᠭᠳᠡᠪᠡ᠃ 《ᠲᠡᠮᠦᠷ ᠵᠠᠮ  ᠪᠣᠯ ᠤᠯᠤᠰ ᠎ᠤᠨ ᠬᠥᠭ᠌ᠵᠢᠯᠲᠡ᠎ᠶ᠋ᠢᠨ 〈ᠭᠣᠣᠯ ᠰᠤᠳᠠᠰᠤ〉 ᠮᠥᠨ᠂ ᠴᠡᠷᠢᠭ ᠬᠥᠮᠦᠨ ᠦᠨᠡᠨᠴᠢ ᠱᠢᠳᠤᠷᠭᠤ᠎ᠪᠠᠷ ᠤᠯᠤᠰ ᠣᠷᠣᠨ᠎ᠢᠶᠠᠨ ᠰᠠᠬᠢᠨ ᠬᠠᠮᠠᠭᠠᠯᠠᠵᠤ᠂ ᠲᠡᠮᠦᠷ ᠵᠠᠮ᠎ᠤᠨ ᠬᠥᠮᠦᠰ ᠪᠠᠲᠤ ᠰᠠᠬᠢᠯᠳᠠ᠎ᠪᠠᠷ ᠰᠠᠭᠠᠳ ᠦᠭᠡᠢ ᠨᠡᠪᠲᠡᠷᠡᠬᠦ᠌᠎ᠶ᠋ᠢ ᠪᠠᠲᠤᠯᠠᠬᠤ ᠬᠡᠷᠡᠭ᠌ᠲᠡᠢ᠂ ᠪᠢᠳᠡ ᠱᠢᠯᠭᠠᠨ ᠦᠵᠡᠬᠦ᠌᠎ᠶ᠋ᠢ ᠬᠦᠯᠢᠶᠡᠬᠰᠡᠨ ᠴᠡᠷᠢᠭ ᠬᠥᠮᠦᠨ᠎ᠢᠶᠡᠷ ᠳᠠᠭᠤᠷᠢᠶᠠᠯ ᠪᠣᠯᠭᠠᠵᠤ᠂ ᠲᠥᠪ ᠴᠢᠩᠭ᠎ᠠ ᠰᠤᠷᠲᠠᠯ᠎ᠢ ᠲᠡᠮᠦᠷ ᠵᠠᠮ ᠎ᠤᠨ ᠥᠷᠲᠡᠭᠡ ᠲᠠᠯᠠᠪᠤᠷ᠎ᠢ ᠲᠣᠭᠣᠷᠢᠨ ᠪᠠᠢᠴᠠᠭᠠᠬᠤ ᠪᠦᠷᠢ᠂ ᠳᠣᠬᠢᠶᠠᠨ ᠲᠥᠬᠥᠭᠡᠷᠦᠮᠵᠢ ᠎ᠶ᠋ᠢ ᠪᠠᠢᠴᠠᠭᠠᠨ ᠵᠠᠰᠠᠬᠤ ᠪᠦᠷᠢ᠂ ᠭᠤᠤᠯᠳᠠᠯᠭ᠎ᠠ᠎ᠲᠠᠶ ᠪᠠᠷᠢᠯᠭ᠎ᠠ᠎ᠶᠢᠨ ᠠᠵᠢᠯ᠎ᠢ ᠴᠢᠩᠭ᠎ᠠ ᠡᠵᠡᠮᠳᠡᠬᠦ ᠪᠦᠷᠢ ᠎ᠳᠦ ᠠᠭᠤᠰᠬᠠᠵᠤ᠂ ᠴᠢᠨᠠᠷ ᠰᠠᠢᠲᠠᠶ ᠥᠨᠳᠥᠷ ᠪᠦᠲᠦᠮᠵᠢᠲᠡᠶ ᠠᠵᠢᠯᠯᠠᠬᠤ ᠲᠦᠪᠱᠢᠨ᠎ᠢᠶᠡᠷ ᠲᠡᠮᠦᠷ ᠵᠠᠮ ᠎ᠤᠨ ᠳᠦᠬᠦᠭᠡᠷᠦᠮᠵᠢ ᠎ᠶ᠋ᠢᠨ ᠠᠮᠤᠷ ᠲᠦᠪᠱᠢᠨ ᠨᠠᠢᠳᠠᠪᠤᠷᠢᠲᠠᠶ ᠪᠠᠢᠬᠤ᠎ᠶ᠋ᠢ ᠦᠨᠡᠨ ᠬᠦ᠌ ᠪᠠᠲᠤᠯᠠᠵᠤ᠂ ᠠᠶᠠᠨᠴᠢᠳ ᠪᠠ ᠪᠠᠷᠠᠭᠠᠨ᠎ᠤ ᠭᠠᠯᠲᠤ ᠲᠡᠷᠭᠡ᠎ᠶ᠋ᠢᠨ ᠠᠶᠠᠯᠠᠯ᠎ᠳᠤ ᠥᠴᠦᠬᠡᠨ ᠴᠦ᠍ ᠠᠯᠳᠠᠰᠢ ᠭᠠᠷᠭᠠᠬᠤ ᠥᠬᠡᠶ ᠪᠠᠢᠬᠤ ᠵᠢ ᠪᠠᠳᠤᠯᠠᠨ᠎ᠠ》 ᠭᠡᠵᠦ ᠦᠶ᠋ᠯᠡᠳᠪᠦᠷᠢ᠎ᠶ᠋ᠢᠨ ᠲᠠᠰᠤᠭ᠎ᠤᠨ ᠡᠷᠬᠢᠯᠡᠭ᠌ᠴᠢ ᠯᠢ ᠲᠢᠶᠠᠨ ᡂᠢ ᠢᠳᠡᠷᠡᠬᠦᠨ ᠵᠢᠪᠬᠤᠭ᠎ᠠ ᠲᠠᠢ ᠶᠠᠷᠢᠪᠠ᠃

( ᠲᠤᠰ ᠰᠣᠨᠢᠨ᠎ᠤ ᠰᠤᠷᠪᠤᠯᠵᠢᠯᠠᠭ᠍ᠴᠢ ᠵᠧᠩ ᠱᠢᠤᠸᠠᠢ ᠯᠢᠶᠠᠩ  ᠰᠦᠩ ᠠ ᠨᠠᠨ   ᠯᠢ ᠱᠢᠨ ᠵᠢᠶᠦ᠋ᠨ   ᠭᠤᠤ ᠮᠢᠨ ᠨᠠ   ᠬᠤᠸᠠᠩ ᠹᠦ ᠮᠧᠢ ᠱᠢᠶᠠᠨ   ᠴᠧᠨ ᠴᠦᠨ ᠶᠠᠨ ᠶᠡᠷᠦᠩᠬᠡᠢᠯᠡᠨ ᠮᠡᠳᠡᠭᠡᠯᠡᠪᠡ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号