ᠳᠤᠮᠳᠠᠳᠤ ᠤᠯᠤᠰ ᠤᠨ ᠠᠷᠠᠳ ᠲᠦᠮᠡᠨ ᠦ ᠶᠠᠫᠣᠨ ᠢ ᠡᠰᠡᠷᠭᠦᠴᠡᠬᠦ᠌ ᠲᠠᠢ᠌ᠨ ᠵᠢᠴᠢ ᠳᠡᠯᠡᠬᠡᠢ᠎ᠶ᠋ᠢᠨ ᠹᠠᠱ᠌ᠢᠰ᠎ᠢ ᠡᠰᠡᠷᠭᠦᠴᠡᠬᠦ᠌ ᠲᠠᠢ᠌ᠨ ᠢᠯᠠᠯᠲᠠ ᠣᠯᠤᠭ᠍ᠰᠠᠨ 80 ᠵᠢᠯ᠎ᠦᠨ ᠤᠢ᠎ᠶ᠋ᠢ ᠳᠤᠷᠠᠰᠭᠠᠬᠤ᠎ᠶ᠋ᠢᠨ ᠲᠥᠯᠥᠭᠡ 9 ᠰᠠᠷ᠎ᠠ᠎ᠶ᠋ᠢᠨ 3 ᠤ᠋ ᠡᠳᠦᠷ ᠥᠪᠥᠷ ᠮᠣᠩᠭᠣᠯ᠎ᠤᠨ ᠮᠦᠽᠧᠶ᠎ᠶ᠋ᠢᠨ ᠬᠦᠷᠢᠶᠡᠯᠡᠩ ᠬᠤᠪᠢᠰᠬᠠᠯ᠎ᠤᠨ ᠵᠣᠭᠣᠰᠣᠨ᠎ᠤ ᠦᠵᠡᠰᠭᠦᠯᠡᠩ ᠡᠷᠬᠢᠯᠡᠪᠡ᠃ ᠦᠵᠡᠰᠭᠦᠯᠡᠩ᠎ᠨᠢ ᠭᠠᠵᠠᠷ ᠱᠢᠷᠣᠶ ᠶ᠋ᠢᠨ ᠬᠤᠪᠢᠰᠭᠠᠯᠲᠤ ᠲᠡᠢᠨ᠂ ᠪᠥᠬᠥ᠌ ᠦᠨᠳᠦᠰᠦᠲᠡᠨ ᠦ ᠶᠠᠫᠣᠨ᠎ᠢ ᠡᠰᠡᠷᠭᠦᠴᠡᠬᠦ᠌ ᠲᠡᠢᠨ᠂ ᠴᠢᠯᠥᠭᠡᠯᠡᠬᠦ᠌ ᠲᠡᠢᠨ ᠦ ᠭᠤᠷᠪᠠᠨ ᠲᠡᠦᠬᠡᠨ ᠴᠠᠭ ᠦᠶ᠎ᠡ᠎ᠳᠡᠬᠢ ᠬᠤᠪᠢᠰᠬᠠᠯ᠎ᠤᠨ ᠵᠣᠭᠣᠰᠣᠨ᠎ᠤ ᠬᠥᠭ᠌ᠵᠢᠯᠲᠡ᠎ᠵᠢ ᠬᠠᠷᠠᠭᠤᠯᠤᠭᠰᠠᠨ 199 ᠵᠦᠶ᠋ᠯ / ᠢᠵᠢ ᠬᠣᠪᠣᠷ ᠨᠠᠨᠳᠢᠨ ᠵᠣᠭᠣᠰᠢ᠋ ᠳᠡᠯᠭᠡᠨ ᠦᠵᠡᠭᠦᠯᠵᠦ᠍᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠠᠵᠤ ᠠᠬᠤᠶ᠎ᠶ᠋ᠢᠨ ᠹᠷᠣᠨᠲ᠎ᠲᠠᠬᠢ ᠶᠡᠷᠦ᠍ ᠪᠤᠰᠤ᠎ᠶ᠋ᠢᠨ ᠪᠦᠲᠦᠭᠡᠯᠴᠢ ᠬᠦᠴᠦᠨ ᠪᠠ ᠬᠤᠪᠢᠰᠭᠠᠯ ᠤᠨ ᠵᠣᠷᠢᠭ ᠰᠠᠨᠠᠭ᠎ᠠ᠎ᠶ᠋ᠢ ᠢᠯᠡᠷᠡᠭᠦᠯᠪᠡ᠃
ᠬᠤᠪᠢᠰᠬᠠᠯ᠎ᠤᠨ ᠵᠤᠭᠤᠰ ᠭᠡᠳᠡᠭ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ ᠳᠣᠣᠷᠠᠬᠢ ᠬᠤᠪᠢᠰᠭᠠᠯ᠎ᠤᠨ ᠰᠠᠭᠤᠷᠢᠨ ᠭᠠᠵᠠᠷ᠂ ᠴᠢᠯᠥᠭᠡᠯᠡᠭ᠌ᠳᠡᠭ᠌ᠰᠡᠨ ᠣᠷᠣᠨ ᠬᠢᠭᠡᠳ ᠰᠤᠪᠢᠶᠠᠳ ᠵᠠᠰᠠᠭ᠎ᠤᠨ ᠲᠠᠷᠬᠠᠭᠠᠭ᠍ᠰᠠᠨ ᠵᠣᠭᠣᠰ ᠤᠨ ᠶᠡᠷᠦᠩᠬᠡᠢ ᠨᠡᠷᠡᠢᠳᠦᠯ ᠮᠥᠨ᠃ ᠲᠡᠳᠡᠭᠡᠷ ᠪᠤᠯ ᠣᠨᠴᠠᠭᠠᠢ ᠲᠡᠦᠬᠡᠨ ᠴᠠᠭ ᠦᠶ᠎ᠡ᠎ᠶ᠋ᠢᠨ ᠪᠦᠲᠦᠭᠡᠭ᠌ᠳᠡᠬᠦᠨ ᠪᠠᠢᠵᠤ᠂ ᠳᠤᠮᠳᠠᠳᠤ ᠤᠯᠤᠰ ᠤᠨ ᠬᠤᠪᠢᠰᠭᠠᠯᠲᠤ ᠮᠥᠩᠭᠥᠨ ᠭᠦᠢᠯᠭᠡᠭᠡᠨ᠎ᠦ ᠦᠢᠯᠡᠰ᠎ᠦᠨ ᠦᠭᠡᠢ ᠪᠠᠢᠭ᠍ᠰᠠᠨ᠎ᠠᠴᠠ᠎ᠪᠠᠨ ᠪᠠᠢᠬᠤ ᠪᠤᠯᠵᠤ᠂ ᠪᠠᠭᠤᠷᠠᠢ ᠪᠠᠢᠭ᠍ᠰᠠᠨ᠎ᠠᠴᠠ᠎ᠪᠠᠨ ᠬᠦᠴᠦᠷᠬᠡᠭ᠌ᠵᠢᠭ᠌ᠰᠡᠨ ᠲᠡᠦᠬᠡ᠎ᠶ᠋ᠢᠨ ᠭᠡᠷᠡᠴᠢ ᠮᠥᠨ᠃ ᠵᠢᠨᠭ ᠭᠠᠨᠭ᠌ ᠱᠠᠨ᠎ᠤ ᠬᠤᠪᠢᠰᠭᠠᠯ᠎ᠤᠨ ᠰᠠᠭᠤᠷᠢᠨ ᠭᠠᠵᠠᠷ᠎ᠤᠨ 《ᠠᠵᠢᠯᠴᠢᠨ 》 ᠦᠰᠦᠭ ᠲᠠᠢ ᠵᠤᠭᠤᠰ᠎ᠠᠴᠠ ᠳᠤᠮᠳᠠᠳᠤ ᠤᠯᠤᠰ᠎ᠤᠨ ᠠᠷᠠᠳ᠎ᠤᠨ ᠪᠠᠩᠬᠢ᠎ᠶ᠋ᠢᠨ ᠠᠷᠠᠳ᠎ᠤᠨ ᠵᠣᠭᠣᠰ ᠬᠦᠷᠲᠡᠯ᠎ᠡ᠂ ᠵᠣᠭᠣᠰ ᠨᠢᠭᠡᠪᠦᠷᠢ ᠨᠢ ᠴᠥᠮ ᠳᠤᠮᠳᠠᠳᠤ ᠤᠯᠤᠰ᠎ᠤᠨ ᠡᠪ ᠬᠠᠮᠲᠤ ᠨᠠᠮ ᠪᠣᠯᠤᠨ ᠥᠷᠭᠡᠨ ᠤᠯᠠᠨ ᠴᠡᠷᠢᠭ ᠠᠷᠠᠳ᠎ᠤᠨ ᠤᠶᠤᠨ ᠤᠬᠠᠭᠠᠨ ᠪᠣᠯᠤᠨ ᠪᠠᠲᠤ ᠢᠳᠡᠭᠡᠯ᠎ᠢ ᠠᠴᠢᠶᠠᠯᠠᠵᠤ ᠪᠠᠢᠳᠠᠭ᠃ ᠲᠡᠳᠡᠭᠡᠷ ᠨᠢ ᠭᠦᠢᠯᠭᠡᠭᠡᠨ᠎ᠦ ᠪᠠᠭᠠᠵᠢ ᠪᠣᠯᠬᠤ᠎ᠪᠠᠷ ᠪᠠᠷᠠᠬᠤ ᠦᠭᠡᠢ᠂ ᠨᠡᠩ ᠴᠤ᠌ ᠬᠤᠪᠢᠰᠬᠠᠯᠳᠦ ᠵᠠᠰᠠᠭ᠎ᠢ ᠪᠡᠬᠢᠵᠢᠭᠦᠯᠬᠦ᠌ ᠴᠢᠬᠤᠯᠠ ᠪᠠᠭᠠᠵᠢ ᠮᠥᠨ᠃ ᠲᠡᠢᠨ ᠦ ᠭᠠᠯᠳᠤ ᠳᠠᠪᠲᠠᠭ᠍ᠳᠠᠭ᠍ᠰᠠᠨ ᠡᠲᠡᠭᠡᠷ ᠬᠤᠪᠢᠰᠬᠠᠯ᠎ᠤᠨ ᠵᠣᠭᠣᠰ᠎ᠨᠢ ᠳᠤᠮᠳᠠᠳᠤ ᠤᠯᠤᠰ ᠤᠨ ᠡᠪ ᠬᠠᠮᠲᠤ ᠨᠠᠮ᠎ᠤᠨ ᠠᠵᠤ ᠠᠬᠤᠶ᠎ᠶ᠋ᠢᠨ ᠰᠠᠭᠤᠷᠢ ᠪᠠᠭᠤᠷᠠᠶ᠂ ᠪᠣᠳᠠᠰ᠎ᠤᠨ ᠨᠥᠬᠥᠴᠡᠯ ᠳᠤᠲᠠᠮᠠᠭ ᠣᠷᠴᠢᠨ ᠨᠥᠬᠥᠴᠡᠯ᠎ᠳᠦ ᠬᠡᠷᠬᠢᠨ ᠠᠷᠠᠳ ᠲᠦᠮᠡᠨ᠎ᠳᠦ ᠲᠦᠱᠢᠭ᠌ᠯᠡᠬᠦ᠌᠂ ᠠᠷᠠᠳ ᠲᠦᠮᠡᠨ᠎ᠳᠦ ᠦᠶ᠋ᠯᠡᠴᠢᠯᠡᠬᠦ᠌ ᠮᠥᠩᠭᠥᠨ ᠭᠦᠶ᠋ᠯᠭᠡᠭᠡᠨ᠎ᠦ ᠬᠥᠭ᠌ᠵᠢᠯᠲᠡ᠎ᠶ᠋ᠢᠨ ᠵᠠᠮ᠎ᠢᠶᠠᠷ ᠵᠠᠮᠨᠠᠭ᠍ᠰᠠᠨᠢ ᠭᠡᠷᠡᠴᠢᠯᠡᠪᠡ᠃ ᠳᠤᠮᠳᠠᠳᠤ ᠤᠯᠤᠰ᠎ᠤᠨ ᠠᠷᠠᠳ᠎ᠤᠨ ᠪᠠᠩᠬᠢ᠎ᠶ᠋ᠢᠨ ᠪᠠᠢᠭᠤᠯᠤᠭ᠍ᠳᠠᠭ᠍ᠰᠠᠨ ᠪᠠ ᠠᠷᠠᠳ᠎ᠤᠨ ᠵᠣᠭᠣᠰ᠎ᠤᠨ ᠲᠠᠷᠬᠠᠭᠠᠯᠲᠠ ᠪᠣᠯ ᠬᠤᠪᠢᠰᠬᠠᠯ ᠤ᠋ᠨ ᠵᠣᠭᠣᠰᠣᠨ᠎ᠤ ᠠᠵᠤ ᠠᠬᠤᠶ᠎ᠶ᠋ᠢᠨ ᠠᠭᠤᠤ ᠶᠡᠬᠡ ᠪᠡᠯᠭᠡ ᠲᠡᠮᠳᠡᠭ ᠪᠠᠢᠵᠤ᠂ ᠱᠢᠨ᠎ᠡ ᠳᠤᠮᠳᠠᠳᠤ ᠤᠯᠤᠰ᠎ᠤᠨ ᠪᠠᠢᠭᠤᠯᠤᠭ᠍ᠳᠠᠬᠤ ᠪᠠ ᠪᠦᠳᠦᠭᠡᠨ ᠪᠠᠢᠭᠤᠯᠤᠯᠲᠠ᠎ᠳᠤ ᠯᠤᠲᠤ ᠶᠡᠬᠡ ᠬᠤᠪᠢ ᠨᠡᠮᠡᠷᠢ ᠦᠵᠡᠭᠦᠯᠪᠡ᠃
9 ᠰᠠᠷ᠎ᠠ᠎ᠶ᠋ᠢᠨ 3 ᠤ᠋ ᠡᠳᠦᠷ᠂ ᠬᠤᠪᠢᠰᠭᠠᠯ ᠤ᠋ᠨ ᠵᠣᠭᠣᠰᠣᠨ᠎ᠤ ᠦᠵᠡᠰᠭᠦᠯᠡᠩ ᠨᠢ ᠮᠠᠰᠢ ᠣᠯᠠᠨ ᠦᠵᠡᠭ᠌ᠴᠢᠳ᠎ᠦᠨ ᠠᠩᠬᠠᠷᠤᠯ᠎ᠢ ᠲᠠᠲᠠᠪᠠ᠃ ᠥᠪᠥᠷ ᠮᠣᠩᠭᠣᠯ᠎ᠤᠨ ᠮᠦᠽᠧᠶ᠎ᠶ᠋ᠢᠨ ᠳᠡᠳ᠋ ᠳᠠᠷᠤᠭ᠎ᠠ ᠵᠧᠩ ᠴᠧᠩ ᠶᠠᠨ ᠢᠯᠡᠷᠬᠡᠢᠯᠡᠬᠦ᠌᠎ᠳᠡᠭᠡᠨ᠂ ᠥᠪᠥᠷ ᠮᠣᠩᠭᠣᠯ᠎ᠤᠨ ᠮᠦᠽᠧᠶ ᠵᠢᠨ ᠬᠦᠷᠢᠶᠡᠯᠡᠩ ᠬᠤᠪᠢᠰᠬᠠᠯ᠎ᠤᠨ ᠵᠣᠭᠣᠰᠣᠨ᠎ᠤ ᠦᠵᠡᠰᠭᠦᠯᠡᠩ ᠡᠷᠬᠢᠯᠡᠭᠰᠡᠨ ᠨᠢ ᠮᠥᠩᠭᠥᠨ ᠭᠦᠶ᠋ᠯᠭᠡᠭᠡᠨ᠎ᠦ ᠠᠮᠤᠷ ᠲᠦᠪᠱᠢᠨ ᠨᠢ ᠤᠯᠤᠰ᠎ᠤᠨ ᠠᠮᠢᠨ ᠰᠤᠳᠠᠰᠤ᠎ᠲᠠᠶ ᠬᠣᠯᠪᠣᠭ᠍ᠳᠠᠵᠤ᠂ ᠵᠣᠭᠣᠰᠣᠨ᠎ᠤ ᠡᠷᠬᠡ ᠮᠡᠳᠡᠯ ᠨᠢ ᠪᠡᠶ᠎ᠡ᠎ᠪᠡᠨ ᠳᠠᠭᠠᠭᠠᠵᠤ ᠡᠵᠡᠨ ᠮᠡᠳᠡᠬᠦ᠌᠎ᠶ᠋ᠢ ᠢᠯᠡᠷᠡᠭᠦᠯᠦᠭ᠌ᠰᠡᠨᠢ ᠬᠥᠮᠦᠰ᠎ᠲᠦ ᠰᠡᠩᠬᠡᠷᠡᠭᠦᠯᠬᠦ᠌᠎ᠶ᠋ᠢᠨ ᠲᠥᠯᠥᠭᠡ ᠶᠤᠮ ᠭᠡᠵᠡᠶ᠃ ᠬᠥᠮᠦᠰ ᠡᠲᠡᠭᠡᠷ ᠵᠣᠭᠣᠰ᠎ᠢ ᠬᠠᠷᠠᠬᠤ ᠪᠤᠯᠭᠠᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ 《ᠠᠷᠠᠳ ᠲᠦᠮᠡᠨ᠎ᠳᠦ ᠵᠣᠯ ᠵᠢᠷᠭᠠᠯ ᠣᠯᠭᠣᠬᠤ》 ᠴᠢᠩ ᠦᠨᠡᠨᠴᠢ ᠣᠭ ᠰᠠᠨᠠᠭ᠎ᠠ᠎ᠶ᠋ᠢ ᠨᠠᠩ ᠭᠦᠨᠵᠡᠭᠡᠶ ᠤᠢᠯᠠᠭᠠᠬᠤ ᠶᠤᠮ᠃ ᠦᠵᠡᠰᠭᠦᠯᠡᠩ ᠨᠢ 12 ᠰᠠᠷ᠎ᠠ᠎ᠶ᠋ᠢᠨ 3 ᠤ᠋ ᠡᠳᠦᠷ ᠪᠣᠯᠲᠠᠯ᠎ᠠ ᠶᠠᠪᠤᠭᠳᠠᠨ᠎ᠠ᠃