28 ᠪᠧᠢ ᠪᠧᠨ ᠬᠦᠨᠳᠦ ᠠᠴᠢᠶᠠᠨ᠎ᠤ ᠮᠠᠱᠢᠨ ᠲᠡᠷᠭᠡ ᠮᠡᠳᠡᠭᠡ ᠵᠠᠩᠭᠢᠴᠢᠯᠠᠬᠰᠠᠨ ᠪᠠᠢᠯᠳᠤᠭᠠᠨ᠎ᠤ ᠲᠣᠨᠣᠭ᠍ᠯᠠᠯ᠎ᠢ ᠠᠴᠢᠶᠠᠯᠠᠵᠤ ᠱᠢᠯᠭᠠᠨ ᠦᠵᠡᠬᠦ᠌᠎ᠶ᠋ᠢ ᠬᠦᠯᠢᠶᠡᠪᠡ
2025-09-04 11:03:40
ᠵᠣᠬᠢᠶᠠᠭ᠍ᠴᠢ᠄
ᠸ ·ᠭᠡᠷᠡᠯᠲᠦ ᠰᠸ᠋ ᠬᠤᠸᠠᠨ
ᠣᠩᠱᠢᠭ᠍ᠰᠠᠨ ᠣᠳᠠᠭ᠎ᠠ᠄
★★★☆☆

9 ᠰᠠᠷ᠎ᠠ᠎ᠶ᠋ᠢᠨ 3 ᠎ᠤ᠋ ᠡᠳᠦᠷ᠂ 28  ᠪᠧᠢ ᠪᠧᠨ ᠬᠦᠨᠳᠦ ᠠᠴᠢᠶᠠᠨ᠎ᠤ ᠮᠠᠱᠢᠨ ᠲᠡᠷᠭᠡ ᠷᠠᠳᠠᠷ᠂ ᠳᠠᠭᠠᠭᠤᠯᠢ ᠣᠳᠣᠨ᠎ᠤ ᠬᠠᠷᠱᠢᠯᠠᠯ ᠵᠡᠷᠭᠡ ᠮᠡᠳᠡᠭᠡ ᠵᠠᠩᠭᠢᠴᠢᠯᠠᠭ᠍ᠰᠠᠨ ᠪᠠᠢᠯᠳᠤᠭᠠᠨ᠎ᠤ ᠵᠡᠪᠰᠡᠭ ᠲᠤᠨᠤᠭᠯᠠᠯ᠎ᠢ ᠠᠴᠢᠶᠠᠯᠠᠵᠤ᠂ 3 ᠵᠢᠬᠰᠠᠭᠠᠯ ᠎ᠤᠨ ᠡᠩᠨᠡᠭᠡ᠎ᠳᠦ ᠬᠤᠪᠢᠶᠠᠭᠳᠠᠨ ᠤᠷᠤᠵᠤ᠂ 7 ᠡᠩᠨᠡᠭᠡ ᠪᠡᠷ ᠵᠢᠭᠰᠠᠨ᠂ ᠰᠦᠷ ᠵᠢᠪᠬᠤᠯᠠᠩ ᠲᠠᠢ ᠪᠡᠷ ᠲᠢᠶᠠᠨ ᠠᠨ ᠮᠸᠨ ᠠᠭᠤᠳᠠᠮ ᠲᠠᠯᠠᠪᠠᠶ᠎ᠪᠠᠷ ᠥᠩᠭᠡᠷᠡᠵᠦ᠍᠂ ᠡᠬᠡ ᠤᠯᠤᠰ ᠪᠠ ᠠᠷᠠᠳ ᠲᠦᠮᠡᠨ ᠎ᠦ ᠪᠠᠨ ᠱᠢᠯᠭᠠᠨ ᠦᠵᠡᠬᠦ᠌᠎ᠶ᠋ᠢ ᠲᠥᠪ ᠴᠢᠩᠭ᠎ᠠ᠎ᠪᠠᠷ ᠬᠦᠯᠢᠶᠡᠵᠦ᠍᠂ ᠮᠠᠨ᠎ᠤ ᠴᠡᠷᠢᠭ᠎ᠦᠨ ᠣᠲᠣ ᠦᠶ᠎ᠡ᠎ᠶ᠋ᠢᠨ ᠲᠡᠢᠨ᠎ᠳᠦ ᠢᠯᠠᠯᠲᠠ ᠤᠯᠬᠤ ᠬᠦᠴᠦᠷᠬᠡᠭ ᠶᠡᠬᠡ ᠴᠢᠳᠠᠪᠤᠷᠢ᠎ᠶ᠋ᠢ ᠭᠦᠶ᠋ᠴᠡᠳ ᠬᠠᠷᠠᠭᠤᠯᠤᠭ᠍ᠰᠠᠨ ᠪᠠᠢᠨ᠎ᠠ᠃

ᠲᠣᠰ ᠤᠳᠠᠭᠠᠨ ᠎ᠤ ᠴᠡᠷᠢᠭ ᠠᠩᠬᠢ  ᠵᠢ ᠱᠢᠯᠭᠠᠨ ᠦᠵᠡᠬᠦ᠌ ᠠᠵᠢᠯᠯᠠᠭ᠎ᠠ ᠳ᠋ᠤ ᠤᠷᠤᠯᠴᠠᠭᠰᠠᠨ ᠤᠷᠢᠳᠴᠢᠯᠠᠨ ᠰᠡᠷᠡᠮᠵᠢᠯᠡᠭᠦᠯᠬᠦ᠌ ᠬᠠᠢᠨ ᠬᠡᠮᠵᠢᠯᠲᠡ᠂ ᠰᠦᠯᠵᠢᠶᠡᠨ᠎ᠦ ᠣᠷᠣᠨ ᠵᠠᠶ᠂ ᠡᠯᠧᠺᠲ᠋ᠷᠣᠨ ᠡᠰᠡᠷᠭᠦᠴᠡᠯᠳᠦᠯ ᠵᠡᠷᠭᠡ ᠵᠢᠬᠰᠠᠭᠠᠯ ᠎ᠤᠨ ᠡᠨᠭᠨᠡᠭᠡ᠎ᠶ᠋ᠢᠨ 28 ᠪᠧᠢ ᠪᠧᠨ ᠬᠦᠨᠳᠦ ᠠᠴᠢᠶᠠᠨ ᠎ᠤ ᠮᠠᠱᠢᠨ ᠲᠡᠷᠭᠡ ᠎ᠨᠢ ᠭᠠᠷᠮᠠᠭᠠᠶ ᠬᠡᠭᠡᠷᠡᠯᠡᠬᠦ᠌ ᠴᠢᠳᠠᠪᠤᠷᠢ᠂ ᠠᠴᠢᠶᠠᠯᠠᠬᠤ ᠴᠢᠳᠠᠪᠤᠷᠢ ᠪᠠ ᠨᠠᠢᠳᠠᠪᠤᠷᠢᠲᠤ ᠴᠢᠨᠠᠷ᠎ᠢᠶᠠᠷ᠎ᠢᠶᠡᠨ ᠠᠯᠳᠠᠷᠱᠢᠵᠤ᠂ ᠬᠡᠰᠡᠭ᠌ᠴᠢᠯᠡᠭ᠌ᠰᠡᠨ ᠵᠢᠷᠤᠭ ᠲᠥᠯᠥᠪᠯᠡᠭᠡ᠎ᠶ᠋ᠢ ᠬᠡᠷᠡᠭ᠌ᠯᠡᠨ᠂ ᠴᠢᠳᠠᠮᠵᠢᠳᠤ ᠴᠢᠨᠠᠷᠳᠠᠢ ᠪᠡᠷ ᠰᠣᠩᠭᠣᠨ ᠲᠣᠬᠢᠷᠠᠭᠤᠯᠬᠤ ᠪᠡᠷ ᠲᠠᠮᠵᠢᠨ ᠰᠠᠭᠤᠷᠢ ᠲᠠᠪᠠᠭ᠎ᠦᠨ ᠠᠴᠢᠶᠠᠯᠠᠬᠤ ᠵᠠᠯᠭᠠᠭᠠᠰᠤ ᠵᠢᠨ ᠠᠳᠠᠯᠢ ᠪᠤᠰᠤ ᠱᠠᠭᠠᠷᠳᠠᠯᠭ᠎ᠠ ᠎ᠶ᠋ᠢ ᠬᠠᠨᠭᠭᠠᠵᠤ᠂ ᠡᠯ᠎ᠡ ᠴᠡᠷᠢᠭ᠎ᠦᠨ ᠲᠥᠷᠥᠯ᠎ᠳᠦ ᠶᠡᠬᠡ ᠬᠡᠮᠵᠢᠶ᠎ᠡ᠎ᠪᠡᠷ ᠲᠣᠨᠣᠭ᠍ᠯᠠᠭᠳᠠᠵᠤ᠂ ᠮᠠᠨ ᠎ᠤ ᠴᠡᠷᠢᠭ᠎ᠦᠨ ᠬᠦᠨᠳᠦ ᠬᠡᠯᠪᠡᠷᠢ᠎ᠶ᠋ᠢᠨ ᠳᠡᠭᠡᠳᠦ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠵᠡᠪᠰᠡᠭ ᠲᠣᠨᠣᠭ᠍ᠯᠠᠯ ᠲᠡᠭᠡᠭᠡᠪᠦᠷᠢᠯᠡᠬᠦ᠌ ᠪᠠ ᠣᠨᠴᠠ ᠲᠥᠷᠥᠯ᠎ᠦᠨ ᠲᠡᠷᠭᠡ ᠬᠥᠰᠭᠡ᠎ᠶ᠋ᠢ ᠥᠭᠡᠷᠡᠴᠢᠯᠡᠨ ᠲᠤᠨᠤᠭᠯᠠᠬᠤ ᠴᠢᠬᠤᠯᠠ ᠲᠠᠪᠴᠠᠩ ᠪᠣᠯᠤᠭ᠍ᠰᠠᠨ ᠪᠠᠢᠨ᠎ᠠ᠃  ᠬᠦᠨᠳᠦ ᠠᠴᠢᠶᠠᠨ ᠎ᠤ ᠮᠠᠱᠢᠨ ᠲᠡᠷᠭᠡ ᠵᠢᠨ ᠠᠴᠢᠶᠠᠯᠠᠭᠰᠠᠨ ᠷᠠᠳᠠᠷ ᠪᠣᠯᠤᠨ ᠳᠠᠭᠠᠭᠤᠯᠢ ᠤᠳᠤᠨ᠎ᠤ ᠬᠠᠷᠱᠢᠯᠠᠯ ᠎ᠤᠨ ᠲᠣᠨᠣᠭ᠍ᠯᠠᠯ᠎ᠢ ᠰᠢᠯᠭᠠᠨ ᠦᠵᠡᠭᠰᠡᠨ ᠶᠠᠪᠤᠳᠠᠯ ᠨᠢ ᠮᠠᠨ᠎ᠤ ᠴᠡᠷᠢᠭ᠎ᠦᠨ ᠮᠡᠳᠡᠭᠡ ᠵᠠᠩᠭᠢᠵᠢᠯᠲᠠ᠎ᠶ᠋ᠢᠨ ᠪᠠᠢᠯᠳᠤᠭᠠᠨ᠎ᠤ ᠲᠦᠪᠱᠢᠨ ᠱᠢᠨ᠎ᠡ ᠳᠡᠭ᠌ᠲᠡᠷ᠎ᠲᠦ ᠭᠠᠷᠴᠤ᠌᠂ ᠤᠯᠤᠰ᠎ᠤᠨ ᠡᠷᠬᠡ ᠮᠡᠳᠡᠯ ᠪᠣᠯᠤᠨ ᠤᠯᠤᠰ᠎ᠤᠨ ᠠᠮᠤᠷ ᠲᠦᠪᠱᠢᠨ᠎ᠢ ᠬᠠᠮᠠᠭᠠᠯᠠᠬᠤ ᠡᠭᠦᠷᠭᠡ ᠎ᠪᠡᠨ ᠨᠡᠩ ᠰᠠᠢᠲᠤᠷ ᠭᠦᠢᠴᠡᠳᠭᠡᠭ᠌ᠰᠡᠨ ᠎ᠢ ᠬᠠᠷᠠᠭᠤᠯᠵᠤ ᠪᠠᠢᠨ᠎ᠠ᠃

《ᠡᠨᠡ ᠪᠣᠯ ᠮᠢᠨᠦ᠍ ᠳᠥᠷᠪᠡᠳᠡᠬᠢ ᠤᠳᠠᠭ᠎ᠠ ᠴᠡᠷᠢᠭ ᠠᠨᠭᠭᠢ ᠵᠢ ᠱᠢᠯᠭᠠᠨ ᠦᠵᠡᠬᠦ᠌ ᠶᠣᠰᠣᠯᠠᠯ᠎ᠳᠤ ᠣᠷᠣᠯᠴᠠᠵᠤ ᠪᠠᠢᠭ᠎ᠠ ᠪᠠᠲᠤᠯᠠᠭ᠎ᠠ᠎ᠶ᠋ᠢᠨ ᠡᠭᠦᠷᠭᠡ ᠪᠣᠯᠤᠨ᠎ᠠ᠂ ᠡᠨᠡ ᠤᠳᠠᠭ᠎ᠠ᠎ᠶ᠋ᠢᠨ ᠡᠭᠦᠷᠭᠡ᠎ᠳᠦ ᠺᠣᠮᠫᠠᠨᠢ᠎ᠶ᠋ᠢᠨ ᠲᠤᠬᠠᠢ᠎ᠶ᠋ᠢᠨ ᠲᠠᠯᠠᠪᠠᠢ᠎ᠶ᠋ᠢᠨ ᠪᠠᠲᠤᠯᠠᠭ᠎ᠠ᠎ᠶ᠋ᠢᠨ ᠠᠩᠬᠢ᠎ᠶ᠋ᠢᠨ ᠳᠠᠷᠤᠭ᠎ᠠ ᠪᠣᠯᠤᠭ᠍ᠰᠠᠨ᠎ᠤ ᠬᠤᠪᠢ ᠎ᠳᠤ ᠴᠡᠷᠢᠭ ᠠᠨᠭᠭᠢ ᠵᠢ ᠱᠢᠯᠭᠠᠨ ᠦᠵᠡᠬᠦ᠌ ᠎ᠶ᠋ᠢ ᠬᠦᠯᠢᠶᠡᠬᠦ᠌ ᠡᠭᠦᠷᠭᠡ᠎ᠪᠡᠨ ᠲᠡᠭᠦᠰ ᠠᠮᠵᠢᠯᠲᠠ᠎ᠲᠠᠶ ᠪᠡᠶᠡᠯᠡᠭᠦᠯᠦᠭ᠌ᠰᠡᠨ ᠲᠡᠷᠡ ᠬᠦ᠌ ᠮᠥᠴᠡ ᠳ᠋ᠤ ᠪᠢ ᠲᠤᠢᠯ᠎ᠢᠶᠠᠷ ᠰᠡᠳᠭᠢᠯ ᠳᠣᠭ᠍ᠳᠣᠯᠦᠯ᠎ᠠ᠂ ᠲᠤᠬᠠᠢ᠎ᠶ᠋ᠢᠨ ᠲᠠᠯᠠᠪᠠᠢ᠎ᠶ᠋ᠢᠨ 14 ᠪᠠᠲᠤᠯᠠᠭ᠎ᠠ᠎ᠶ᠋ᠢᠨ ᠠᠵᠢᠯᠲᠠᠨ ᠡᠳᠦᠷ ᠰᠥᠨᠢ ᠭᠡᠵᠦ᠍ ᠢᠯᠭᠠᠯ ᠦᠭᠡᠢ᠂ ᠴᠠᠭ ᠮᠦᠴᠡ ᠲᠠᠢ ᠤᠷᠤᠯᠳᠤᠨ ᠬᠠᠳᠠᠭᠤ ᠴᠢᠨᠭᠭ᠎ᠠ ᠰᠢᠯᠭᠠᠯᠳᠠ ᠳ᠋ᠤ ᠤᠷᠤᠯᠴᠠᠯ᠎ᠠ᠂ ᠰᠢᠷᠭᠠᠭᠤ ᠴᠢᠷᠮᠠᠢᠯᠭ᠎ᠠ ᠡᠨᠡ ᠬᠦ᠌ ᠮᠥᠴᠡ᠎ᠳᠦ ᠭᠠᠨᠵᠤᠭ᠎ᠠ ᠲᠦᠬᠦᠷᠡᠩ ᠠᠮᠵᠢᠯᠳᠠ ᠤᠯᠤᠬᠰᠠᠨ ᠎ᠢ ᠬᠠᠷᠠᠭᠠᠳ ᠤᠯᠤᠰ ᠎ᠤᠨ ᠪᠠᠲᠤᠯᠠᠨ ᠬᠠᠮᠠᠭᠠᠯᠠᠯᠲᠠ ᠎ᠶ᠋ᠢᠨ ᠪᠦᠲᠦᠭᠡᠨ ᠪᠠᠢᠭᠤᠯᠤᠯᠲᠠ᠎ᠳᠤ ᠣᠷᠣᠯᠴᠠᠬᠤ ᠡᠷᠡᠰ ᠵᠣᠷᠢᠭ ᠨᠡᠩ ᠪᠠᠲᠤᠵᠢᠪᠠ》 ᠭᠡᠵᠦ᠍ ᠪᠧᠢ ᠪᠧᠨ ᠬᠦᠨᠳᠦ ᠬᠡᠯᠪᠡᠷᠢ᠎ᠶ᠋ᠢᠨ ᠮᠠᠱᠢᠨ ᠲᠡᠷᠭᠡᠨ᠎ᠤ ᠺᠤᠮᠫᠠᠨᠢ ᠵᠢᠨ ᠦᠶ᠋ᠯᠡᠴᠢᠯᠡᠭᠡᠨ᠎ᠦ ᠪᠠᠲᠤᠯᠠᠭ᠎ᠠ᠎ᠶ᠋ᠢᠨ ᠬᠡᠯᠲᠡᠰ᠎ᠦᠨ ᠳᠠᠷᠤᠭ᠎ᠠ ᠸᠠᠩ ᠣᠷᠳᠣ ᠬᠡᠯᠡᠨ᠎ᠠ᠃

ᠣᠳᠣᠬᠠᠨ᠎ᠳᠤ᠂ ᠪᠧᠢ ᠪᠧᠨ ᠬᠦᠨᠳᠦ ᠬᠡᠯᠪᠡᠷᠢ᠎ᠶ᠋ᠢᠨ ᠮᠠᠱᠢᠨ ᠲᠡᠷᠭᠡ ᠵᠢᠨ ᠪᠦᠯᠦᠭᠯᠡᠯ ᠬᠢᠵᠠᠭᠠᠷᠳᠤ ᠺᠤᠮᠫᠠᠨᠢ᠎ᠵᠢᠨ ᠬᠢᠨ ᠨᠢᠭᠡᠨᠲᠡ ᠪᠦᠷᠢᠨ ᠲᠡᠭᠦᠯᠳᠡᠷ ᠪᠠᠢᠯᠳᠤᠬᠤ ᠠᠷᠭ᠎ᠠ᠎ᠶ᠋ᠢᠨ ᠲᠡᠷᠭᠡ ᠬᠥᠰᠭᠡ᠎ᠶ᠋ᠢᠨ ᠦᠶ᠋ᠯᠡᠳᠬᠦᠨ᠎ᠦ ᠲᠠᠪᠴᠠᠩ᠎ᠢ ᠪᠠᠢᠭᠤᠯᠵᠤ᠂ ᠣᠳᠣᠬᠢᠴᠢᠯᠠᠭ᠍ᠰᠠᠨ ᠲᠡᠢᠨ᠎ᠦ ᠲᠦᠷᠭᠡᠨ ᠬᠥᠳᠡᠯᠦᠩᠭᠦᠶ᠂ ᠥᠨᠳᠥᠷ ᠪᠦᠲᠦᠮᠵᠢᠲᠡᠶ ᠴᠣᠬᠢᠯᠲᠠ ᠥᠭ᠌ᠬᠦ ᠪᠠ ᠪᠥᠬᠥ᠌ ᠲᠠᠯ᠎ᠠ᠎ᠪᠠᠷ ᠰᠡᠷᠭᠡᠢᠯᠡᠨ ᠬᠠᠮᠠᠭᠠᠯᠠᠬᠤ ᠣᠯᠠᠨ ᠡᠱᠢᠲᠦ ᠬᠡᠷᠡᠭ᠌ᠴᠡᠭᠡ᠎ᠶ᠋ᠢ ᠬᠠᠩᠭᠠᠵᠤ ᠴᠢᠳᠠᠨ᠎ᠠ᠃ ᠴᠡᠷᠢᠭ᠎ᠢᠶᠡᠨ ᠬᠦᠴᠦᠷᠬᠡᠭ᠌ᠵᠢᠭᠦᠯᠦᠨ ᠤᠯᠤᠰ᠎ᠲᠠᠭᠠᠨ  ᠵᠢᠳᠬᠦᠬᠦ᠌ ᠵᠠᠮ ᠳᠡᠭᠡᠷ᠎ᠡ ᠨᠡᠩ ᠱᠢᠨ᠎ᠡ ᠨᠡᠩ ᠬᠦᠴᠦᠷᠬᠡᠭ ᠪᠧᠢ ᠪᠧᠨ ᠬᠦᠨᠳᠦ ᠬᠡᠯᠪᠡᠷᠢ᠎ᠶ᠋ᠢᠨ ᠮᠠᠱᠢᠨ ᠲᠡᠷᠭᠡ  ᠮᠠᠨ ᠎ᠤ ᠴᠡᠷᠢᠭ ᠎ᠦᠨ ᠨᠡᠩ ᠳᠡᠭᠡᠳᠦ ᠨᠠᠷᠢᠯᠢᠭ ᠣᠷᠣᠢᠯᠠᠭ᠍ᠰᠠᠨ ᠭᠣᠣᠯ ᠪᠠᠢᠯᠳᠤᠭᠠᠨ᠎ᠤ ᠲᠣᠨᠣᠭ᠍ᠯᠠᠯ ᠎ᠢ ᠠᠴᠢᠶᠠᠯᠠᠵᠤ᠂ ᠤᠯᠤᠰ᠎ᠤᠨ ᠪᠠᠲᠤᠯᠠᠨ ᠬᠠᠮᠠᠭᠠᠯᠠᠯᠲᠠ᠎ᠶ᠋ᠢᠨ ᠪᠦᠲᠦᠭᠡᠨ ᠪᠠᠢᠭᠤᠯᠤᠯᠲᠠ ᠪᠠ ᠠᠵᠤ ᠠᠬᠤᠢ ᠎ᠶ᠋ᠢᠨ ᠬᠥᠭ᠌ᠵᠢᠯᠲᠡ᠎ᠳᠦ ᠦᠢᠯᠡᠴᠢᠯᠡᠬᠦ᠌ ᠠᠶᠠᠨ᠎ᠵᠠᠮ ᠵᠢᠡᠷ ᠦᠷᠭᠦᠯᠵᠢᠯᠡᠨ ᠯᠠᠪᠳᠠᠭᠤᠨ᠎ᠪᠠᠳᠤᠳᠠᠢ ᠤᠷᠤᠭᠰᠢᠯᠠᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号