9 ᠰᠠᠷ᠎ᠠ᠎ᠶ᠋ᠢᠨ 3 ᠤ᠋ ᠦᠳᠡ᠎ᠶ᠋ᠢᠨ ᠡᠮᠦᠨ᠎ᠡ᠂ ᠥᠪᠥᠷ ᠮᠣᠩᠭᠣᠯ᠎ᠤᠨ ᠨᠢᠭᠡᠳᠦᠭᠡᠷ ᠮᠠᠱᠢᠨ ᠮᠧᠬᠠᠨᠢᠭ᠎ᠤᠨ ᠪᠦᠯᠦᠭ᠌ᠯᠡᠯ᠎ᠦᠨ ᠤᠮᠠᠷᠠᠲᠤ᠎ᠶ᠋ᠢᠨ ᠮᠠᠰᠢᠨ ᠮᠧᠬᠠᠨᠢᠭ᠎ᠤᠨ ᠺᠣᠮᠫᠠᠨᠢ᠎ᠶ᠋ᠢᠨ ᠲᠦᠷᠦᠯ ᠵᠦᠢᠯ᠎ᠦᠨ ᠶᠡᠷᠦᠩᠬᠡᠢ ᠢᠨᠵᠧᠨᠧᠷ ᠫᠸᠢ ᠸᠧᠢ ᠳ᠋ᠦᠩ ᠠᠯᠢ ᠡᠷᠲᠡ ᠲᠧᠯᠸᠢᠰ᠎ᠦᠨ ᠵᠢᠡᠨ ᠡᠮᠦᠨ᠎ᠡ ᠰᠠᠭᠤᠵᠤ᠂ ᠳᠤᠮᠳᠠᠳᠤ ᠤᠯᠤᠰ ᠤᠨ ᠠᠷᠠᠳ ᠲᠦᠮᠡᠨ᠎ᠦ ᠶᠠᠫᠣᠨ᠎ᠢ ᠡᠰᠡᠷᠭᠦᠴᠡᠬᠦ᠌ ᠲᠠᠢ᠌ᠨ ᠵᠢᠴᠢ ᠳᠡᠯᠡᠬᠡᠢ᠎ᠶ᠋ᠢᠨ ᠹᠠᠱ᠌ᠢᠰ ᠢ ᠡᠰᠡᠷᠭᠦᠴᠡᠬᠦ᠌ ᠲᠠᠢ᠌ᠨ ᠢᠯᠠᠯᠲᠠ ᠣᠯᠤᠭ᠍ᠰᠠᠨ 80 ᠵᠢᠯ᠎ᠦᠨ ᠤᠢ᠎ᠶ᠋ᠢ ᠳᠤᠷᠠᠰᠭᠠᠬᠤ ᠶᠡᠬᠡ ᠬᠤᠷᠠᠯ᠎ᠤᠨ ᠦᠪᠡᠳᠡᠭ᠌ᠰᠢ ᠪᠠᠢᠳᠠᠯ ᠢ ᠬᠦᠯᠢᠶᠡᠨ ᠠᠪᠴᠤ᠌ ᠦᠵᠡᠬᠦ᠌᠎ᠪᠡᠷ ᠬᠦᠯᠢᠶᠡᠵᠦ᠍ ᠪᠠᠢᠯ᠎ᠠ᠃ ᠲᠡᠷᠡ ᠲᠢᠶᠠᠨ ᠠᠨ ᠮᠸᠨ ᠠᠭᠤᠳᠠᠮ ᠲᠠᠯᠠᠪᠠᠢ᠎ᠳᠤ ᠲᠦᠪ ᠴᠢᠬᠢᠮᠠᠢ ᠵᠢᠭᠰᠠᠵᠦ ᠪᠠᠢᠭ᠎ᠠ 56 ᠶᠣᠰᠣᠯᠠᠯ᠎ᠤᠨ ᠫᠤᠤ᠎ᠶ᠋ᠢ ᠰᠢᠷᠳᠡᠨ᠎ᠡ᠃ ᠲᠡᠭᠦᠨ᠎ᠦ ᠪᠦᠯᠬᠦᠮ ᠨᠡᠢᠳᠡ ᠪᠠᠨ ᠳᠠᠭᠠᠭᠤᠯᠤᠨ ᠰᠤᠳᠤᠯᠤᠨ ᠦᠢᠯᠡᠳᠦᠭ᠌ᠰᠡᠨ ᠡᠳᠡᠭᠡᠷ 《ᠤᠯᠤᠰ᠎ᠤᠨ ᠡᠯᠴᠢ 》 ᠨᠢᠭᠡᠨᠲᠡ 《ᠮᠣᠷᠳᠠᠬᠤ 》 ᠪᠠᠷ ᠪᠡᠯᠡᠬᠡᠨ ᠪᠣᠯᠪᠠ᠃
9 ᠴᠠᠭ᠎ᠲᠤ᠂ ᠳᠤᠮᠳᠠᠳᠤ ᠤᠯᠤᠰ᠎ᠤᠨ ᠠᠷᠠᠳ ᠲᠦᠮᠡᠨ᠎ᠦ ᠶᠠᠫᠣᠨ᠎ᠢ ᠡᠰᠡᠷᠭᠦᠴᠡᠬᠦ᠌ ᠲᠠᠢ᠌ᠨ ᠵᠢᠴᠢ ᠳᠡᠯᠡᠬᠡᠢ᠎ᠶ᠋ᠢᠨ ᠹᠠᠱ᠌ᠢᠰ᠎ᠢ ᠡᠰᠡᠷᠭᠦᠴᠡᠬᠦ᠌ ᠲᠠᠢ᠌ᠨ ᠦ ᠢᠯᠠᠯᠲᠠ ᠣᠯᠤᠭ᠍ᠰᠠᠨ 80 ᠵᠢᠯ᠎ᠦᠨ ᠤᠢ᠎ᠶ᠋ᠢ ᠳᠤᠷᠠᠰᠭᠠᠬᠤ ᠶᠡᠬᠡ ᠬᠤᠷᠠᠯ ᠡᠬᠢᠯᠡᠬᠦ᠌ ᠶ᠋ᠢ ᠲᠠᠭᠠᠯᠳᠤᠨ ᠥᠪᠥᠷ ᠮᠣᠩᠭᠣᠯ᠎ᠤᠨ ᠨᠢᠭᠡᠳᠦᠭᠡᠷ ᠮᠠᠱᠢᠨ ᠮᠧᠬᠠᠨᠢᠭ᠎ᠤᠨ ᠪᠦᠯᠦᠭ᠌ᠯᠡᠯ᠎ᠦᠨ ᠤᠮᠠᠷᠠᠲᠤ᠎ᠶ᠋ᠢᠨ ᠮᠠᠰᠢᠨ ᠮᠧᠬᠠᠨᠢᠭ᠎ᠤᠨ ᠺᠣᠮᠫᠠᠨᠢ᠎ᠠᠴᠠ ᠵᠢᠷᠤᠵᠤ ᠲᠥᠯᠥᠪᠯᠡᠨ ᠦᠢᠯᠡᠳᠦᠭ᠌ᠰᠡᠨ ᠶᠣᠰᠣᠯᠠᠯ᠎ᠤᠨ ᠫᠤᠤ 80 ᠲᠤᠤᠭᠠᠷᠴᠦ ᠴᠡᠷᠢᠭ ᠠᠩᠬᠢ ᠵᠢ ᠱᠢᠯᠭᠠᠨ ᠦᠵᠡᠬᠦ᠌ ᠶᠣᠰᠣᠯᠠᠯ ᠢ ᠡᠬᠢᠯᠡᠭᠦᠯᠵᠠᠢ᠃
《ᠫᠤᠤ᠎ᠶ᠋ᠢᠨ ᠳᠠᠭᠤᠨ ᠨᠢᠭᠡᠪᠦᠷᠢ ᠨᠢ ᠴᠥᠮ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠪᠣᠯᠤᠨ ᠤᠷᠠᠯᠢᠭ᠎ᠤᠨ ᠪᠦᠷᠢᠨ ᠲᠡᠭᠦᠯᠳᠡᠷ ᠤᠶᠠᠯᠳᠤᠯ ᠮᠥᠨ》᠃ ᠶᠣᠰᠣᠯᠠᠯ᠎ᠤᠨ ᠫᠤᠤ᠎ᠶ᠋ᠢᠨ ᠲᠠᠭᠤᠨ᠎ᠤ ᠳᠤᠮᠳᠠ ᠫᠸᠢ ᠸᠧᠶ ᠳ᠋ᠦᠩ ᠣᠮᠣᠭ ᠲᠡᠭᠦᠯᠳᠡᠷ᠎ᠢᠶᠡᠷ ᠰᠤᠷᠪᠤᠯᠵᠢᠯᠠᠭ᠍ᠴᠢ᠎ᠳᠤ᠄ 《ᠮᠠᠨ᠎ᠤ ᠶᠣᠰᠣᠯᠠᠯ ᠤᠨ ᠫᠤᠤ ᠵᠢ ᠴᠠᠬᠢᠯᠭᠠᠨ᠎ᠢᠶᠠᠷ ᠬᠠᠷᠪᠤᠵᠤ ᠳᠤᠤᠭᠠᠷᠭᠠᠳᠠᠭ᠂ ᠠᠦ᠋ᠲ᠋ᠣ᠋ ᠪᠠ ᠭᠠᠷ᠎ᠢᠶᠠᠷ ᠬᠥᠳᠡᠯᠭᠡᠬᠦ᠌ ᠬᠣᠶᠠᠷ ᠵᠦᠶ᠋ᠯ ᠦᠨ ᠵᠠᠭ᠍ᠪᠤᠷ᠎ᠲᠠᠶ᠃ ᠶᠡᠬᠡ ᠫᠤᠤ᠎ᠶ᠋ᠢᠨ ᠰᠤᠮᠤ ᠪᠦᠷᠢ᠎ᠶ᠋ᠢᠨ ᠬᠦᠨᠳᠦ ᠨᠢ ᠪᠠᠷᠤᠭ 3.5 ᠺᠢᠯᠣᠭ᠌ᠷᠠᠮ ᠪᠠᠢᠳᠠᠭ ᠪᠣᠯᠪᠠᠴᠤ᠌ ᠲᠡᠷᠢ ᠬᠢᠬᠦ᠌ ᠬᠡᠮᠵᠢᠢ᠎ᠡ᠎ᠶ᠋ᠢ ᠲᠤᠢᠯ᠎ᠤᠨ ᠪᠠᠭ᠎ᠠ ᠬᠡᠪᠴᠢᠶᠡᠨ᠎ᠳᠦ ᠬᠢᠵᠠᠭᠠᠷᠯᠠᠵᠤ᠂ ᠳᠣᠲᠣᠭᠠᠳᠤ᠎ᠳᠠᠭᠠᠨ ᠵᠥᠪᠬᠡᠨ ᠨᠢᠭᠡ ᠳᠠᠪᠬᠤᠷᠭ᠎ᠠ ᠬᠦᠩᠭᠡᠠ ᠨᠢᠮᠭᠡᠨ ᠪᠦᠷᠬᠦᠭᠦᠯ ᠲᠠᠢ᠃ ᠳᠠᠷᠢ ᠱᠢᠲᠠᠵᠤ ᠳᠠᠭᠤᠰᠭᠤ ᠦᠶ᠎ᠡ᠎ᠳᠦ ᠪᠦᠷᠬᠦᠭᠦᠯᠦᠨ ᠢᠯᠲᠠᠰᠤ᠎ᠨᠢ ᠴᠡᠴᠡᠭ᠎ᠦᠨ ᠬᠡᠯᠲᠡᠰ ᠱᠢᠭ ᠢᠷᠠᠭᠤ ᠰᠠᠢᠬᠠᠨ ᠳᠡᠯᠭᠡᠷᠡᠵᠦ᠍᠂ ᠲᠠᠭᠤᠨ ᠨᠢ ᠬᠦᠩᠭᠢᠨᠡᠮ᠎ᠡ ᠮᠦᠷᠲᠡᠭᠡᠨ ᠪᠠᠷᠤᠭ ᠪᠣᠬᠢᠷᠲᠤᠯᠥᠬᠡᠶ ᠪᠠᠢᠬᠤ ᠵᠢ ᠪᠡᠶᠡᠯᠡᠬᠦᠯᠪᠡ》 ᠭᠡᠵᠦ ᠶᠠᠷᠢᠪᠠ᠃
ᠮᠠᠨ᠎ᠤ ᠤᠯᠤᠰ᠎ᠤᠨ ᠶᠣᠰᠣᠯᠠᠯ᠎ᠤᠨ ᠫᠤᠤ᠎ᠶ᠋ᠢ ᠰᠤᠳᠤᠯᠤᠨ ᠦᠢᠯᠡᠳᠪᠦᠷᠢᠯᠡᠬᠦ ᠴᠤᠷ᠎ᠤᠨ ᠭᠠᠭ᠍ᠴᠠ ᠠᠵᠤ ᠠᠬᠤᠢᠯᠠᠯ ᠪᠣᠯᠤᠭ᠍ᠰᠠᠨ᠎ᠤ ᠬᠤᠪᠢ᠎ᠳᠤ ᠥᠪᠥᠷ ᠮᠣᠩᠭᠣᠯ ᠤᠨ ᠨᠢᠭᠡᠳᠦᠭᠡᠷ ᠮᠠᠱᠢᠨ ᠮᠧᠬᠠᠨᠢᠭ᠎ᠤᠨ ᠪᠦᠯᠦᠭ᠌ᠯᠡᠯ᠎ᠦᠨ ᠤᠮᠠᠷᠠᠲᠤ᠎ᠶ᠋ᠢᠨ ᠮᠠᠰᠢᠨ ᠮᠧᠬᠠᠨᠢᠭ ᠤᠨ ᠺᠣᠮᠫᠠᠨᠢ ᠵᠠᠭᠤᠨ ᠵᠢᠯ᠎ᠦᠨ ᠭᠠᠯᠲᠤ ᠫᠤᠤ ᠦᠢᠯᠡᠳᠦᠭ᠌ᠰᠡᠨ ᠲᠤᠷᠱᠢᠯᠭ᠎ᠠ᠎ᠪᠠᠷ᠎ᠢᠶᠠᠨ ᠡᠨᠡ ᠬᠦ᠌ ᠤᠯᠤᠰ᠎ᠤᠨ ᠶᠣᠰᠣᠯᠠᠯ᠎ᠤᠨ ᠫᠤᠤᠵᠢ ᠦᠢᠯᠡᠳᠪᠦᠷᠢᠯᠡᠭᠰᠡᠨ ᠪᠠᠢᠨ᠎ᠠ᠃ 56 ᠶᠣᠰᠣᠯᠠᠯ᠎ᠤᠨ ᠫᠤᠤ ᠨᠢ 56 ᠦᠨᠳᠦᠰᠦᠲᠡᠨ᠎ᠤ ᠰᠡᠳᠭᠢᠯ ᠵᠢᠷᠦᠬᠡ᠎ᠪᠡᠨ ᠬᠣᠯᠪᠣᠭ᠍ᠰᠠᠨᠢ ᠪᠡᠯᠭᠡᠳᠡᠵᠦ᠍᠂ ᠶᠣᠰᠣᠯᠠᠯ ᠤᠨ ᠫᠤᠤ ᠵᠢ 80 ᠲᠤᠤᠭᠠᠷᠭᠠᠭᠰᠠᠨ ᠨᠢ ᠳᠤᠮᠳᠠᠳᠤ ᠤᠯᠤᠰ ᠤᠨ ᠠᠷᠠᠳ ᠲᠦᠮᠡᠨ ᠦ ᠶᠠᠫᠣᠨ ᠢ ᠡᠰᠡᠷᠭᠦᠴᠡᠬᠥ ᠳᠠᠢᠨ ᠵᠢᠴᠢ ᠳᠡᠯᠡᠬᠡᠶ᠎ᠶ᠋ᠢᠨ ᠹᠠᠱ᠌ᠢᠰ᠎ᠢ ᠡᠰᠡᠷᠭᠦᠴᠡᠬᠦ ᠳᠠᠢᠨ ᠢᠯᠠᠯᠲᠠ ᠣᠯᠤᠭ᠍ᠰᠠᠨ 80 ᠵᠢᠯ᠎ᠦᠨ ᠣᠶ᠎ᠳᠤ ᠵᠣᠷᠢᠭᠤᠯᠤᠭ᠍ᠰᠠᠨ ᠡᠷᠬᠢᠮ ᠳᠡᠭᠡᠳᠦ ᠬᠦᠨᠳᠦᠳᠭᠡᠯ ᠪᠣᠯᠤᠨ᠎ᠠ᠃
ᠲᠠᠨᠢᠯᠴᠠᠭᠤᠯᠤᠭ᠍ᠰᠠᠨ᠎ᠢᠶᠠᠷ᠂ ᠲᠣᠰ ᠤᠳᠠᠭᠠᠨ ᠤ ᠶᠣᠰᠣᠯᠠᠯ᠎ᠤᠨ ᠫᠤᠤ ᠦᠶ᠋ᠯᠡᠳᠬᠦ᠌ ᠤᠷ᠎ᠠ ᠮᠡᠷᠭᠡᠵᠢᠯ᠎ᠨᠢ ᠨᠠᠷᠢᠯᠢᠭ ᠤᠷ᠎ᠠ ᠮᠡᠷᠭᠡᠵᠢᠯ ᠤᠨ ᠥᠯᠢᠭᠡᠷ ᠵᠢᠱ᠌ᠢᠶ᠎ᠡ ᠪᠣᠯᠤᠨ᠎ᠠ᠃ ᠫᠤᠤ ᠪᠦᠷᠢ᠎ᠶ᠋ᠢᠨ ᠬᠦᠨᠳᠦ ᠨᠢ 750 ᠺᠢᠯᠣᠭ᠌ᠷᠠᠮ ᠪᠠᠢᠵᠤ᠂ ᠴᠠᠬᠢᠯᠭᠠᠨ ᠨᠡᠪᠲᠡᠷᠡᠭ᠌ᠰᠡᠨᠦ ᠲᠡᠷᠡᠭ᠎ᠠ᠂ ᠲᠤᠳᠤᠭᠠᠳᠤ ᠳ᠋ᠤ ᠨᠢ ᠢᠯᠴᠢ ᠡᠬᠦᠰᠭᠡᠵᠦ᠂ ᠲᠡᠷᠢ᠎ᠶ᠋ᠢ ᠨᠣᠴᠣᠭᠠᠨ ᠲᠡᠯᠪᠡᠷᠡᠬᠦᠯᠳᠡᠭ᠃ ᠴᠡᠷᠢᠭ ᠠᠩᠬᠢ ᠵᠢ ᠱᠢᠯᠭᠠᠨ ᠦᠵᠡᠬᠦ᠌ ᠦᠶ᠎ᠡ ᠳᠦ ᠵᠡᠷᠭᠡ ᠪᠡᠷ ᠳᠤᠤᠭᠠᠷᠬᠤ ᠶ᠋ᠢ ᠦᠨᠡᠨ ᠬᠦ᠌ ᠪᠠᠲᠤᠯᠠᠬᠤ᠎ᠶ᠋ᠢᠨ ᠲᠥᠯᠥᠭᠡ ᠮᠡᠷᠭᠡᠵᠢᠯ᠎ᠦᠨ ᠠᠵᠢᠯᠲᠠᠳ ᠪᠤᠢ ᠪᠦᠬᠦᠢ ᠨᠠᠷᠢᠨ ᠵᠦᠢᠯᠡᠰ᠎ᠢ ᠨᠢᠭᠡᠳᠦᠯᠲᠡᠢ ᠪᠠᠷᠢᠮᠵᠢᠶ᠎ᠠ᠎ᠶ᠋ᠢᠨ ᠳᠣᠲᠣᠷ᠎ᠠ ᠡᠵᠡᠮᠳᠡᠬᠦ᠌᠎ᠶ᠋ᠢ ᠦᠨᠡᠨ ᠬᠦ᠌ ᠪᠠᠲᠤᠯᠠᠵᠤ᠂ ᠡᠴᠦᠰ᠎ᠲᠡᠬᠡᠨ 《ᠲᠦᠮᠡᠨ ᠫᠤᠤ ᠵᠡᠷᠭᠡ᠎ᠪᠡᠷ ᠳᠤᠤᠭᠠᠷᠬᠤ 》 ᠦᠷ᠎ᠡ ᠪᠦᠲᠦᠮᠵᠢ᠎ᠶ᠋ᠢ ᠪᠡᠶᠡᠯᠡᠭᠦᠯᠪᠡ᠃
ᠣᠢᠯᠠᠭᠠᠭ᠍ᠰᠠᠨ᠎ᠢᠶᠠᠷ᠂ ᠱᠢᠨ᠎ᠡ ᠳᠤᠮᠳᠠᠳᠤ ᠤᠯᠤᠰ ᠪᠠᠢᠭᠤᠯᠤᠭ᠍ᠳᠠᠭ᠍ᠰᠠᠨ᠎ᠠᠴᠠ ᠣᠲᠣ ᠪᠣᠯᠲᠠᠯ᠎ᠠ ᠮᠠᠨ᠎ᠤ ᠤᠯᠤᠰ ᠨᠢᠭᠡᠨᠲᠡ ᠤᠷᠢᠳ ᠬᠣᠵᠢᠳ ᠵᠢᠷᠭᠤᠭᠠᠨ ᠦᠶ᠎ᠡ᠎ᠶ᠋ᠢᠨ ᠶᠣᠰᠣᠯᠠᠯ᠎ᠤᠨ ᠫᠤᠤ᠎ᠶ᠋ᠢ ᠬᠡᠷᠡᠭ᠌ᠯᠡᠵᠦ᠍᠂ ᠥᠭᠡᠷᠡᠴᠢᠯᠡᠨ ᠲᠣᠨᠣᠭ᠍ᠯᠠᠬᠤ᠎ᠠᠴᠠ ᠪᠦᠷᠢᠮᠦᠰᠦᠨ ᠪᠡᠶ᠎ᠡ᠎ᠪᠡᠨ ᠳᠠᠭᠠᠭᠠᠵᠤ ᠰᠤᠳᠤᠯᠤᠨ ᠨᠡᠭᠡᠭᠡᠬᠦ᠌ ᠬᠦᠷᠲᠡᠯ᠎ᠡ᠂ ᠶᠣᠰᠣᠯᠠᠯ᠎ᠤᠨ ᠫᠤᠤ᠎ᠶ᠋ᠢᠨ ᠤᠯᠠᠷᠢᠯ ᠬᠤᠪᠢᠰᠤᠯ ᠨᠢ ᠤᠯᠤᠰ᠎ᠤᠨ ᠶᠡᠷᠦᠩᠬᠡᠢᠯᠡᠭ᠌ᠰᠡᠨ ᠪᠣᠳᠠᠲᠤ ᠬᠦᠴᠦᠨ᠎ᠦ ᠨᠡᠮᠡᠭ᠌ᠳᠡᠯ᠎ᠢ ᠭᠡᠷᠡᠴᠢᠯᠡᠭ᠌ᠰᠡᠨ ᠪᠠᠢᠨ᠎ᠠ᠃ ᠦᠶ᠎ᠡ ᠪᠦᠷᠢ᠎ᠶ᠋ᠢᠨ ᠶᠣᠰᠣᠯᠠᠯ᠎ᠤᠨ ᠫᠤᠤᠳᠤ ᠴᠥᠮ ᠬᠡᠳᠦᠨ ᠦᠶ᠎ᠡ᠎ᠶ᠋ᠢᠨ ᠴᠡᠷᠢᠭ᠎ᠦᠨ ᠠᠵᠢᠯᠴᠢᠳ᠎ᠤᠨ ᠬᠦᠴᠦ᠍ ᠬᠥᠯᠥᠰᠥ᠍᠂ ᠤᠶᠤᠨ ᠤᠬᠠᠭᠠᠨ ᠪᠠ ᠤᠯᠤᠰ᠎ᠢᠶᠠᠨ ᠠᠪᠤᠷᠠᠬᠤ ᠬᠠᠢᠷ᠎ᠠ ᠰᠡᠳᠭᠢᠯᠭᠡ ᠱᠢᠩᠭᠡᠵᠦ᠍ ᠪᠠᠢᠳᠠᠭ᠃ ᠶᠠᠭ ᠡᠢᠮᠦᠷᠬᠦᠦ ᠤᠷᠠᠨ ᠳᠠᠷᠬᠠᠨ᠎ᠤ ᠵᠣᠷᠢᠭ ᠰᠠᠨᠠᠭ᠎ᠠ᠎ᠨᠢ ᠥᠪᠥᠷ ᠮᠣᠩᠭᠣᠯ᠎ᠤᠨ ᠨᠢᠭᠡᠳᠦᠭᠡᠷ ᠮᠠᠱᠢᠨ ᠮᠧᠬᠠᠨᠢᠭ᠎ᠤᠨ ᠪᠦᠯᠦᠭ᠌ᠯᠡᠯ᠎ᠦᠨ ᠶᠣᠰᠣᠯᠠᠯ ᠤᠨ ᠫᠤᠤ᠎ᠶ᠋ᠢ ᠢᠮᠠᠭ᠍ᠲᠠ ᠤᠯᠤᠰ᠎ᠤᠨ ᠴᠢᠬᠤᠯᠠ ᠶᠡᠬᠡ ᠪᠠᠶᠠᠷ ᠲᠤᠷᠠᠰᠬᠠᠯ᠎ᠤᠨ ᠶᠣᠰᠣᠯᠠᠯ ᠪᠣᠯᠤᠨ ᠭᠠᠳᠠᠭᠠᠳᠤ ᠶᠠᠪᠤᠳᠠᠯ᠎ᠤᠨ ᠠᠵᠢᠯᠯᠠᠭ᠎ᠠ᠎ᠶ᠋ᠢᠨ ᠬᠠᠮᠤᠭ᠎ᠤᠨ ᠡᠮᠦᠨ᠎ᠡ ᠡᠩᠨᠡᠭᠡᠨ᠎ᠳᠦ ᠬᠤᠰᠢᠭᠤᠷᠠᠭᠤᠯᠵᠤ ᠪᠠᠢᠨ᠎ᠠ᠃
ᠶᠣᠰᠣᠯᠠᠯ ᠤᠨ ᠫᠤᠤ ᠶ᠋ᠢᠨ ᠳᠠᠭᠤᠨ ᠲᠩᠷᠢ᠎ᠶ᠋ᠢᠨ ᠬᠠᠶᠠᠭᠠᠨ᠎ᠳᠤ ᠴᠤᠤᠷᠢᠶᠠᠲᠤᠵᠤ᠂ ᠡᠳᠡᠭᠡᠷ 《ᠤᠯᠤᠰ᠎ᠤᠨ ᠡᠯᠴᠢᠳ 》 ᠪᠠᠰᠠ ᠨᠢᠭᠡᠨ ᠤᠳᠠᠭ᠎ᠠ᠎ᠶ᠋ᠢᠨ ᠲᠡᠦᠬᠡᠲᠦ ᠡᠭᠦᠷᠭᠡ᠎ᠪᠡᠨ ᠪᠡᠶᠡᠯᠡᠭᠦᠯᠪᠡ᠃ ᠲᠡᠳᠡᠭᠡᠷ᠎ᠨᠢ ᠪᠣᠯᠣᠳ ᠲᠡᠮᠦᠷ᠎ᠢᠶᠡᠷ ᠴᠢᠳᠭᠤᠭ᠍ᠳᠠᠭᠰᠠᠨ ᠶᠣᠰᠣᠯᠠᠯ᠎ᠤᠨ ᠪᠠᠭᠠᠵᠢ ᠪᠣᠯᠬᠤ᠎ᠪᠠᠷ ᠪᠠᠷᠠᠬᠤ ᠥᠬᠡᠶ᠂ ᠨᠠᠩ ᠴᠤ᠌ ᠳᠤᠮᠳᠠᠳᠤ᠎ᠶ᠋ᠢᠨ ᠦᠨᠳᠦᠰᠦᠲᠡᠨ᠎ᠦ ᠲᠡᠦᠬᠡ᠎ᠪᠡᠨ ᠪᠠᠲᠤ ᠴᠡᠭᠡᠵᠢᠯᠡᠵᠦ᠍᠂ ᠡᠩᠬᠡ ᠲᠠᠢᠪᠤᠩ ᠴᠠᠭ ᠦᠶ᠎ᠡ᠎ᠳ᠋ᠤ ᠬᠦᠨᠳᠦᠳᠭᠡᠯ ᠳᠡᠪᠱᠢᠭᠦᠯᠬᠦ ᠬᠦᠴᠦᠷᠭᠡᠭ ᠶᠡᠭᠡ ᠲᠠᠭᠤᠨ ᠪᠠᠢᠵᠤ᠂ ᠳᠡᠯᠡᠬᠡᠶ ᠳ᠋ᠠᠬᠢᠨ᠎ᠳᠤ ᠳᠤᠮᠳᠠᠳᠤ ᠤᠯᠤᠰ᠎ᠤᠨ ᠲᠣᠮᠣ ᠤᠯᠤᠰ᠎ᠤᠨ ᠬᠡᠪ ᠨᠠᠮᠪᠠ ᠪᠠ ᠰᠦᠷ ᠬᠦᠴᠦᠨ᠎ᠢ ᠳᠠᠮᠵᠢᠭᠤᠯᠤᠭᠰᠠᠨ ᠪᠠᠢᠨ᠎ᠠ᠃