ᠪᠥᠬᠥ᠌ ᠬᠦᠴᠦᠨ᠎ᠢᠶᠡᠷ᠎ᠢᠶᠡᠨ ᠦᠨᠡᠨ ᠬᠦ᠌ ᠠᠳᠭᠤᠵᠤ ᠪᠣᠳᠠᠲᠠᠶ ᠠᠵᠢᠯᠯᠠᠨ ᠬᠦᠴᠦᠨ ᠴᠢᠳᠠᠯ ᠰᠢᠩᠭᠡᠭᠡᠨ ᠠᠪᠴᠤ ᠬᠦᠴᠢᠷ᠎ᠢ ᠳᠤᠭᠤᠯᠤᠨ ᠪᠡᠷᠬᠡ᠎ᠶ᠋ᠢ ᠳᠠᠪᠠᠨ᠎ᠠ
2025-09-05 09:40:44
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

— ᠳᠤᠮᠳᠠᠳᠤ ᠤᠯᠤᠰ᠎ᠤᠨ ᠠᠷᠠᠳ ᠲᠦᠮᠡᠨ᠎ᠦ ᠶᠠᠫᠣᠨ᠎ᠢ ᠡᠰᠡᠷᠭᠦᠴᠡᠬᠦ᠌ ᠲᠡᠢᠨ ᠵᠢᠴᠢ ᠳᠡᠯᠡᠬᠡᠶ᠎ᠶ᠋ᠢᠨ ᠹᠠᠱ᠌ᠢᠰ᠎ᠢ ᠡᠰᠡᠷᠭᠦᠴᠡᠬᠦ᠌ ᠲᠡᠢᠨ ᠢᠯᠠᠯᠲᠠ ᠣᠯᠤᠭ᠍ᠰᠠᠨ 80 ᠵᠢᠯ᠎ᠦᠨ ᠣᠶ᠎ᠶ᠋ᠢ ᠳᠤᠷᠠᠰᠭᠠᠬᠤ ᠶᠡᠬᠡ ᠬᠤᠷᠠᠯ ᠮᠠᠨ᠎ᠤ ᠣᠷᠣᠨ᠎ᠤ ᠡᠯ᠎ᠡ ᠰᠠᠯᠠᠭ᠎ᠠ ᠮᠥᠴᠢᠷ ᠡᠯ᠎ᠡ ᠨᠢᠭᠡᠴᠢ᠎ᠶ᠋ᠢᠨ ᠺᠠᠳ᠋ᠷ ᠠᠵᠢᠯᠲᠠᠨ ᠠᠵᠢᠯᠴᠢᠨ᠎ᠤ ᠳᠤᠮᠳᠠ ᠬᠠᠯᠠᠭᠤᠨ ᠲᠤᠰᠭᠠᠯ ᠭᠠᠷᠪᠠ


ᠲᠡᠦᠬᠡ᠎ᠪᠡᠨ ᠪᠠᠲᠤ ᠴᠡᠭᠡᠵᠢᠯᠡᠵᠦ᠍᠂ ᠦᠷᠡᠭ᠌ᠳᠡᠭ᠌ᠰᠡᠨ ᠪᠠᠭᠠᠲᠤᠷᠴᠤᠳ᠎ᠢᠶᠠᠨ ᠳᠤᠷᠠᠰᠤᠨ ᠰᠠᠨᠠᠭᠠᠯᠵᠠᠵᠤ᠂ ᠡᠩᠬᠡ ᠲᠠᠢᠪᠤᠩ᠎ᠢ ᠨᠠᠨᠳᠢᠩᠨᠠᠵᠤ᠂ ᠢᠷᠡᠭᠡᠳᠦᠶ᠎ᠪᠡᠨ ᠴᠣᠭ᠍ᠴᠠᠯᠠᠨ᠎ᠠ᠃ 9 ᠰᠠᠷ᠎ᠠ᠎ᠶ᠋ᠢᠨ 3᠎ᠤ᠋ ᠦᠳᠡ᠎ᠶ᠋ᠢᠨ ᠡᠮᠦᠨ᠎ᠡ᠂ ᠳᠤᠮᠳᠠᠳᠤ ᠤᠯᠤᠰ᠎ᠤᠨ ᠠᠷᠠᠳ ᠲᠦᠮᠡᠨ᠎ᠦ ᠶᠠᠫᠣᠨ᠎ᠢ ᠡᠰᠡᠷᠭᠦᠴᠡᠬᠦ᠌ ᠳᠠᠢᠨ ᠵᠢᠴᠢ ᠳᠡᠯᠡᠬᠡᠶ᠎ᠶ᠋ᠢᠨ ᠹᠠᠱ᠌ᠢᠰ᠎ᠢ ᠡᠰᠡᠷᠭᠦᠴᠡᠬᠦ᠌ ᠳᠠᠢᠨ ᠢᠯᠠᠯᠲᠠ ᠣᠯᠤᠭ᠍ᠰᠠᠨ 80 ᠵᠢᠯ᠎ᠦᠨ ᠣᠶ᠎ᠶ᠋ᠢ ᠳᠤᠷᠠᠰᠭᠠᠬᠤ ᠶᠡᠬᠡ ᠬᠤᠷᠠᠯ ᠪᠡᠭᠡᠵᠢᠩ᠎ᠦᠨ ᠲᠢᠶᠠᠨ ᠠᠨ ᠮᠸᠨ ᠠᠭᠤᠳᠠᠮ ᠲᠠᠯᠠᠪᠠᠶ᠎ᠳᠤ ᠦᠪᠡᠳᠡᠭ᠌ᠰᠢ ᠶᠡᠬᠡ᠎ᠪᠡᠷ ᠶᠠᠪᠤᠭ᠍ᠳᠠᠪᠠ᠃ ᠮᠠᠨ᠎ᠤ ᠣᠷᠣᠨ᠎ᠤ ᠡᠯ᠎ᠡ ᠰᠠᠯᠠᠭ᠎ᠠ ᠮᠥᠴᠢᠷ ᠡᠯ᠎ᠡ ᠨᠢᠭᠡᠴᠢ᠎ᠶ᠋ᠢᠨ ᠬᠢᠨ ᠺᠠᠳ᠋ᠷ ᠠᠵᠢᠯᠳᠠᠨ ᠠᠵᠢᠯᠴᠢᠨ᠎ᠢ ᠢᠳᠡᠪᠬᠢᠲᠡᠢ ᠵᠣᠬᠢᠶᠠᠨ ᠪᠠᠢᠭᠤᠯᠵᠤ ᠱᠢᠭᠤᠳ ᠨᠡᠪᠲᠡᠷᠡᠭᠦᠯᠭᠡ᠎ᠶ᠋ᠢᠨ ᠦᠪᠡᠳᠡᠭ᠌ᠰᠢ ᠪᠠᠢᠳᠠᠯ᠎ᠢ ᠦᠵᠡᠵᠦ᠍᠂ ᠥᠷᠭᠡᠨ ᠤᠯᠠᠨ ᠺᠠᠳ᠋ᠷ ᠠᠵᠢᠯᠳᠠᠨ ᠠᠵᠢᠯᠴᠢᠨ᠎ᠤ ᠤᠯᠤᠰ᠎ᠢᠶᠠᠨ ᠬᠠᠢᠷᠠᠯᠠᠬᠤ ᠬᠠᠯᠠᠭᠤᠨ ᠰᠡᠳᠭᠢᠯᠭᠡ᠎ᠶ᠋ᠢ ᠴᠢᠨᠠᠭ᠍ᠰᠢᠳᠠ ᠬᠥᠭ᠌ᠵᠢᠭᠡᠵᠦ᠍᠂ ᠤᠯᠠᠨ᠎ᠢᠶᠠᠷ᠎ᠢᠶᠠᠨ ᠠᠭᠤᠤ ᠶᠡᠬᠡ ᠢᠯᠠᠯᠲᠠ᠎ᠵᠢᠨ ᠲᠤᠮᠳᠠ ᠡᠴᠡ ᠡᠷᠡᠮᠡᠬᠡᠢᠯᠡᠨ ᠤᠷᠤᠭ᠍ᠰᠢᠯᠠᠬᠤ ᠬᠦᠴᠦᠨ ᠴᠢᠳᠠᠯ ᠰᠢᠩᠭᠡᠭᠡᠨ ᠠᠪᠴᠤ᠂ ᠨᠡᠩ ᠡᠷᠡᠰ ᠪᠠᠲᠤ ᠢᠲᠡᠭᠡᠯ ᠵᠣᠷᠢᠭ ᠪᠣᠯᠤᠨ ᠣᠮᠣᠭ ᠵᠣᠷᠢᠭ ᠪᠠᠳᠠᠷᠠᠩᠭᠤᠢ᠎ᠪᠠᠷ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶᠢ ᠪᠦᠳᠦᠭᠡᠨ ᠪᠠᠢᠭᠤᠯᠬᠤ᠎ᠳᠤ ᠣᠷᠣᠯᠴᠠᠪᠠ᠃

ᠢᠲᠡᠭᠡᠯ ᠵᠣᠷᠢᠭ᠎ᠢᠶᠠᠨ ᠪᠠᠲᠤᠳᠭᠠᠵᠤ᠂ ᠬᠤᠪᠢᠰᠭᠠᠯ᠎ᠤᠨ ᠤᠳᠤᠮᠰᠢᠯ᠎ᠢ ᠤᠯᠠᠮᠵᠢᠯᠠᠨ ᠵᠠᠯᠭᠠᠮᠵᠢᠯᠠᠨ᠎ᠠ

ᠴᠡᠷᠢᠭ᠎ᠠᠩᠬᠢ ᠵᠢ ᠱᠢᠯᠭᠠᠨ ᠦᠵᠡᠬᠦ᠌ ᠦᠪᠡᠳᠡᠭᠰᠢ ᠪᠠᠢᠳᠠᠯ᠎ᠢ ᠦᠵᠡᠭᠰᠡᠨ᠎ᠤ ᠲᠠᠷᠠᠭ᠎ᠠ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠱᠢᠭᠤᠳ ᠬᠠᠷᠢᠶ᠎ᠠ ᠤᠯᠠᠭᠠᠨᠮᠥ᠋ᠴᠢᠷ᠎ᠦᠨ ᠪᠦᠯᠬᠦᠮ᠎ᠦᠨ ᠳᠠᠷᠤᠭ᠎ᠠ ᠱᠢᠩ ᠯᠢ ᠯᠢ᠄ 《ᠪᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠳᠤᠮᠳᠠᠳᠤ ᠤᠯᠤᠰ᠎ᠤᠨ ᠠᠷᠠᠳ ᠲᠦᠮᠡᠨ᠎ᠢ ᠳᠠᠭᠠᠭᠤᠯᠤᠨ ᠣᠯᠤᠭ᠍ᠰᠠᠨ ᠠᠭᠤᠤ ᠶᠡᠬᠡ ᠠᠮᠵᠢᠯᠲᠠ᠎ᠶ᠋ᠢ ᠭᠦᠨᠵᠡᠭᠡᠢ ᠮᠡᠳᠡᠷᠡᠵᠦ᠍᠂ ᠰᠡᠳᠭᠢᠯ ᠬᠦᠭᠰᠡᠵᠦ᠂ ᠭᠦᠨ ᠵᠣᠷᠢᠭ᠍ᠵᠢᠭᠤᠯᠤᠯ ᠣᠯᠵᠠᠢ᠃ ᠤᠯᠠᠭᠠᠨᠮᠥ᠋ᠴᠢᠷ ᠮᠡᠨᠳᠦᠯᠡᠭ᠌ᠰᠡᠨ ᠡᠳᠦᠷ᠎ᠡᠴᠡ᠎ᠪᠡᠨ ᠡᠬᠢᠯᠡᠨ ᠲᠠᠷᠤᠢ ᠪᠥᠬᠥ᠌ ᠰᠡᠳᠭᠢᠯ ᠪᠥᠬᠥ᠌ ᠵᠣᠷᠢᠭ᠎ᠢᠶᠠᠷ᠎ᠢᠶᠠᠨ ᠠᠷᠠᠳ ᠲᠦᠮᠡᠨ᠎ᠳᠦ ᠦᠶ᠋ᠯᠡᠴᠢᠯᠡᠬᠦ᠌ ᠵᠣᠷᠢᠯᠲᠠ᠎ᠶ᠋ᠢ ᠪᠠᠷᠢᠮᠲᠠᠯᠠᠵᠤ᠂ ᠨᠠᠮ᠎ᠤᠨ ᠱᠤᠭᠤᠮ ᠴᠢᠭ᠌ᠯᠡᠯᠲᠡ ᠲᠥᠷᠥ᠎ᠶ᠋ᠢᠨ ᠪᠣᠳᠣᠯᠭ᠎ᠠ᠎ᠶ᠋ᠢ ᠤᠬᠠᠭᠤᠯᠬᠤ ᠡᠭᠦᠷᠭᠡ᠎ᠶ᠋ᠢ ᠤᠬᠠᠮᠰᠠᠷ᠎ᠡᠴᠡ᠎ᠪᠠᠨ ᠡᠭᠦᠷᠭᠡᠯᠡᠪᠡ᠃ ᠬᠣᠢᠱᠢᠳᠠ ᠪᠢᠳᠡ ᠦᠷᠭᠦᠯᠵᠢᠯᠡᠨ ᠲᠠᠯ᠎ᠠ ᠨᠤᠲᠤᠭ᠎ᠤᠨ 〈ᠬᠤᠪᠢᠰᠭᠠᠯᠲᠤ ᠤᠳᠭ᠎ᠠ ᠤᠷᠠᠯᠢᠭ᠎ᠤᠨ ᠬᠥᠩᠭᠡᠨ ᠮᠣᠷᠢᠲᠤ ᠴᠡᠷᠢᠭ〉 ᠪᠤᠯᠵᠤ᠂ ᠨᠠᠮ᠎ᠤᠨ ᠲᠠᠭᠤᠨ ᠪᠠ ᠬᠠᠢᠷ᠎ᠠ ᠬᠠᠯᠠᠮᠵᠢ᠎ᠶ᠋ᠢ ᠲᠠᠯ᠎ᠠ ᠨᠤᠲᠤᠭ᠎ᠤᠨ ᠭᠠᠵᠠᠷ ᠪᠤᠯᠭᠠᠨ᠎ᠳᠤ ᠳᠠᠮᠵᠢᠭᠤᠯᠵᠤ᠂ ᠲᠦᠭ ᠲᠦᠮᠡᠨ ᠠᠢᠯ ᠡᠷᠦᠬᠡ᠎ᠳᠦ ᠳᠠᠮᠵᠢᠭᠤᠯᠵᠤ᠂ ᠦᠨᠳᠦᠰᠦᠲᠡᠨ᠎ᠨᠦᠭᠦᠳ᠎ᠦᠨ ᠬᠥᠪᠡᠭᠦᠳ ᠥᠬᠢᠳ᠎ᠦᠨ ᠨᠠᠮ᠎ᠤᠨ ᠠᠴᠢ᠎ᠳᠤ ᠲᠠᠯᠠᠷᠬᠠᠬᠤ᠂ ᠨᠠᠮ᠎ᠤᠨ ᠦᠭᠡ᠎ᠶ᠋ᠢ ᠰᠣᠨᠣᠰᠭᠤ᠂ ᠨᠠᠮ᠎ᠢᠶᠠᠨ ᠳᠠᠭᠠᠬᠤ ᠪᠠᠲᠤ ᠢᠲᠡᠭᠡᠯ᠎ᠢ ᠨᠡᠮᠡᠭ᠌ᠳᠡᠭᠦᠯᠦᠨ᠎ᠡ》 ᠭᠡᠵᠦ ᠲᠤᠭᠳᠤᠯᠤᠩᠬᠠᠨ ᠬᠡᠯᠡᠨ᠎ᠡ᠃

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠴᠡᠷᠢᠭ᠎ᠦᠨ ᠠᠯᠪᠠ᠎ᠡᠴᠡ ᠬᠠᠯᠠᠭ᠍ᠳᠠᠭ᠍ᠰᠠᠳ᠎ᠤᠨ ᠶᠠᠪᠤᠳᠠᠯ᠎ᠤᠨ ᠠᠵᠢᠯ᠎ᠤᠨ ᠤᠳᠤᠷᠢᠳᠭᠤ ᠳᠤᠭᠤᠢᠯᠠᠩ᠎ᠤᠨ ᠠᠯᠪᠠᠨ ᠬᠡᠷ᠎ᠦᠨ ᠨᠠᠷᠢᠨ ᠪᠢᠴᠢᠭ᠎ᠦᠨ ᠭᠠᠵᠠᠷ᠎ᠤᠨ ᠳᠡᠳ᠋ ᠳᠠᠷᠤᠭ᠎ᠠ ᠸᠠᠩ ᠯᠢ ᠭᠦᠸᠧ᠄《ᠴᠡᠷᠢᠭ᠎ᠦᠨ ᠠᠯᠪᠠ᠎ᠡᠴᠡ ᠬᠠᠯᠠᠭ᠍ᠳᠠᠭ᠍ᠰᠠᠳ ᠪᠣᠯᠤᠭ᠍ᠰᠠᠨ᠎ᠤ ᠬᠤᠪᠢ᠎ᠳᠤ᠂ ᠴᠡᠷᠢᠭ᠎ᠠᠩᠬᠢ ᠵᠢ ᠱᠢᠯᠭᠠᠨ ᠦᠵᠡᠬᠦ᠌ ᠶᠣᠰᠣᠯᠠᠯ᠎ᠢ ᠦᠵᠡᠭ᠌ᠰᠡᠨ᠎ᠦ ᠳᠠᠷᠠᠭ᠎ᠠ ᠪᠢ ᠲᠦᠢᠯ᠎ᠢᠶᠡᠷ ᠰᠡᠳᠭᠢᠯ ᠳᠣᠭ᠍ᠳᠣᠯᠤᠨ᠂ ᠲᠡᠷᠢ ᠲᠡᠭ᠌ᠰᠢ᠂ ᠣᠮᠣᠭ ᠵᠣᠷᠢᠭ ᠪᠠᠳᠠᠷᠠᠩᠭᠤᠶ 〈ᠳᠤᠮᠳᠠᠳᠤ ᠤᠯᠤᠰ᠎ᠤᠨ ᠲᠦᠷᠢ ᠲᠦᠷᠬᠦ〉 ᠨᠢ ᠳᠤᠮᠳᠠᠳᠤ ᠤᠯᠤᠰ᠎ᠤᠨ ᠴᠡᠷᠢᠭ᠎ᠦᠨ ᠴᠣᠭ ᠵᠢᠪᠬᠤᠭ᠎ᠠ᠎ᠶ᠋ᠢ ᠭᠦᠶ᠋ᠴᠡᠳ ᠢᠯᠡᠷᠡᠭᠦᠯᠪᠡ᠂ ᠡᠨᠡ ᠪᠣᠯ ᠲᠣᠮᠣ ᠤᠯᠤᠰ᠎ᠤᠨ ᠢᠲᠡᠭᠡᠯ ᠪᠠ ᠨᠡᠷ᠎ᠡ ᠬᠦᠨᠳᠦ᠍᠎ᠶ᠋ᠢᠨ ᠢᠯᠡᠷᠡᠯ ᠮᠥᠨ᠃ ᠪᠢ ᠠᠵᠤ ᠠᠬᠤᠶ ᠨᠡᠢᠭᠡᠮ᠎ᠦᠨ ᠬᠥᠭ᠌ᠵᠢᠯᠲᠡ ᠪᠣᠯᠤᠨ ᠤᠯᠤᠰ᠎ᠤᠨ ᠪᠠᠲᠤᠯᠠᠨ ᠬᠠᠮᠠᠭᠠᠯᠠᠯᠲᠠ᠎ᠶ᠋ᠢᠨ ᠴᠡᠷᠢᠭ ᠠᠩᠭᠢ᠎ᠶ᠋ᠢᠨ ᠪᠥᠲᠥᠭᠡᠨ ᠪᠠᠢᠭᠤᠯᠤᠯᠲᠠ᠎ᠳᠤ ᠢᠳᠡᠪᠬᠢᠲᠡᠶ ᠦᠶ᠋ᠯᠡᠴᠢᠯᠡᠵᠦ᠍᠂ ᠬᠤᠪᠢᠰᠭᠠᠯ᠎ᠤᠨ ᠤᠳᠤᠮᠱᠢᠯ᠎ᠢ ᠤᠯᠠᠮᠵᠢᠯᠠᠨ ᠵᠠᠯᠭᠠᠮᠵᠢᠯᠠᠵᠤ᠂ ᠱᠢᠯᠢᠳᠡᠭ ᠤᠯᠠᠮᠵᠢᠯᠠᠯ᠎ᠢᠶᠠᠨ ᠪᠠᠳᠠᠷᠠᠭᠤᠯᠵᠤ᠂ ᠴᠡᠷᠢᠭ᠎ᠤᠨ ᠠᠯᠪᠠ᠎ᠡᠴᠡ ᠬᠠᠯᠠᠭ᠍ᠳᠠᠭ᠍ᠰᠠᠨ ᠴᠤ᠌ ᠡᠷᠴᠢ ᠬᠦᠴᠦᠨ ᠬᠤᠪᠢᠷᠠᠰᠢ ᠥᠬᠡᠶ᠂ ᠠᠵᠢᠯ᠎ᠤᠨ ᠵᠤᠷᠢᠭ ᠰᠢᠨᠳᠠᠷᠠᠰᠢ ᠥᠬᠡᠶ ᠪᠠᠢᠬᠤ ᠵᠢ ᠪᠡᠶᠡᠯᠡᠭᠦᠯᠦᠨ᠎ᠡ》 ᠭᠡᠵᠡᠢ᠃

ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠵᠢᠨ ᠠᠬᠠᠮᠠᠳ ᠺᠠᠳ᠋ᠷ᠎ᠤᠨ ᠲᠣᠪᠴᠢᠶᠠᠨ᠎ᠤ ᠠᠮᠢᠳᠤᠷᠠᠯ᠎ᠤᠨ ᠬᠠᠷᠠᠭᠠᠯᠵᠠᠯ᠎ᠤᠨ ᠭᠠᠵᠠᠷ᠎ᠤᠨ ᠳᠠᠷᠤᠭ᠎ᠠ ᠦ᠋ ᠱᠢᠨ ᠢᠦᠢ ᠲᠤᠢᠯ᠎ᠢᠶᠠᠷ ᠤᠷᠮᠠᠱᠢᠨ ᠵᠣᠷᠢᠭ᠍ᠵᠢᠵᠠᠢ᠃ ᠲᠡᠷᠡ᠄《ᠤᠭ ᠰᠠᠨᠠᠭ᠎ᠠ᠎ᠪᠠᠨ ᠦᠯᠦ᠍ ᠮᠠᠷᠲᠠᠪᠠᠯ ᠰᠠᠶᠢ ᠢᠷᠡᠭᠡᠳᠦᠢ᠎ᠶ᠋ᠢ ᠨᠡᠭᠡᠭᠡᠵᠦ᠍ ᠴᠢᠳᠠᠨ᠎ᠠ᠂ ᠥᠷᠭᠡᠨ ᠤᠯᠠᠨ ᠠᠬᠠᠮᠠᠳ ᠨᠥᠬᠥᠳ ᠳᠤᠮᠳᠠᠳᠤ ᠤᠯᠤᠰ᠎ᠤᠨ ᠬᠤᠪᠢᠰᠭᠠᠯ᠂ ᠪᠦᠲᠦᠭᠡᠨ ᠪᠠᠢᠭᠤᠯᠤᠯᠲᠠ᠂ ᠥᠭᠡᠷᠡᠴᠢᠯᠡᠯᠲᠡ᠎ᠶ᠋ᠢᠨ ᠡᠯ᠎ᠡ ᠲᠡᠦᠬᠡᠨ ᠴᠠᠭ ᠦᠶ᠎ᠡ᠎ᠳᠦ ᠴᠥᠮ ᠯᠤᠲᠤ ᠶᠡᠬᠡ ᠬᠤᠪᠢ ᠨᠡᠮᠡᠷᠢ ᠦᠵᠡᠭᠦᠯᠵᠦ᠍᠂ ᠱᠢᠨ᠎ᠡ ᠳᠤᠮᠳᠠᠳᠤ ᠤᠯᠤᠰ᠎ᠢ ᠪᠠᠢᠭᠤᠯᠬᠤ᠂ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠢᠯᠡᠰ᠎ᠢ ᠪᠦᠲᠦᠭᠡᠨ ᠪᠠᠢᠭᠤᠯᠬᠤ ᠭᠠᠪᠢᠶᠠᠲᠠᠨ ᠪᠣᠯᠤᠨ᠎ᠠ᠃ ᠠᠬᠠᠮᠠᠳ ᠺᠠᠳ᠋ᠷ᠎ᠤᠨ ᠲᠤᠪᠴᠢᠶᠠᠨ᠎ᠤ ᠠᠵᠢᠯᠲᠠᠨ ᠪᠣᠯᠤᠭ᠍ᠰᠠᠨ᠎ᠤ ᠬᠤᠪᠢ᠎ᠳᠤ᠂ ᠪᠢᠳᠡ ᠬᠦᠰᠡᠯ ᠨᠠᠢᠳᠠᠯᠭ᠎ᠠ᠎ᠶ᠋ᠢ ᠢᠮᠠᠭ᠍ᠲᠠ ᠪᠠᠲᠤ ᠴᠡᠭᠡᠵᠢᠯᠡᠵᠦ᠂ ᠠᠬᠠᠮᠠᠳ ᠨᠥᠬᠥᠳ᠎ᠦᠨ ᠢᠷᠠᠭᠤ ᠠᠯᠳᠠᠷᠲᠤ ᠤᠯᠠᠮᠵᠢᠯᠠᠯ ᠪᠣᠯᠤᠨ ᠡᠷᠬᠢᠮ ᠳᠡᠭᠡᠳᠦ ᠵᠣᠷᠢᠭ ᠰᠠᠨᠠᠭ᠎ᠠ᠎ᠶ᠋ᠢ ᠶᠡᠬᠡ ᠪᠡᠷ ᠤᠯᠠᠮᠵᠢᠯᠠᠨ ᠪᠠᠳᠠᠷᠠᠭᠤᠯᠵᠤ᠂ ᠶᠠᠫᠣᠨ᠎ᠢ ᠡᠰᠡᠷᠭᠦᠴᠡᠬᠦ᠌ ᠳᠠᠢᠨ᠎ᠤ ᠠᠭᠤᠤ ᠶᠡᠬᠡ ᠵᠣᠷᠢᠭ ᠰᠠᠨᠠᠭ᠎ᠠ᠎ᠡᠴᠡ ᠤᠷᠤᠭ᠍ᠰᠢᠯᠠᠬᠤ ᠬᠦᠴᠦᠨ ᠴᠢᠳᠠᠯ ᠣᠯᠵᠤ᠂ ᠦᠨᠡᠨ ᠰᠡᠳᠭᠢᠯ᠎ᠡᠴᠡ᠎ᠪᠡᠨ᠂ ᠨᠠᠷᠢᠯᠢᠭ ᠣᠨᠣᠴᠠᠲᠠᠶ ᠪᠡᠷ ᠦᠶ᠋ᠯᠡᠴᠢᠯᠡᠵᠦ᠂ ᠥᠷᠭᠡᠨ ᠣᠯᠠᠨ ᠠᠵᠢᠯ᠎ᠡᠴᠡ᠎ᠪᠠᠨ ᠳᠠᠷᠬᠠᠯᠠᠭ᠍ᠳᠠᠭ᠍ᠰᠠᠨ ᠠᠵᠢᠯ᠎ᠡᠴᠡ᠎ᠪᠠᠨ ᠠᠮᠠᠷᠠᠭ᠍ᠰᠠᠨ ᠺᠠᠳ᠋ᠷᠴᠤᠳ ᠲᠤ᠌ ᠦᠶ᠋ᠯᠡᠴᠢᠯᠡᠬᠦ ᠵᠢ ᠦᠨᠡᠨ ᠬᠦ᠌ ᠰᠠᠢᠲᠤᠷ ᠪᠠᠲᠤᠯᠠᠵᠤ᠂ ᠦᠢᠯᠡᠳᠦᠯ᠎ᠢᠶᠡᠨ ᠰᠠᠢᠲᠤᠷ ᠪᠠᠳᠠᠷᠠᠭᠤᠯᠵᠤ᠂ ᠬᠡᠬᠦᠳᠡᠭ ᠳᠦᠭᠦᠷᠡᠩ ᠬᠠᠯᠠᠭᠤᠨ ᠰᠡᠳᠭᠢᠯᠭᠡ᠎ᠪᠡᠷ ᠠᠬᠠᠮᠠᠳ ᠨᠥᠬᠥᠳ᠎ᠲᠦ ᠪᠣᠳᠠᠲᠤ ᠶᠠᠪᠤᠳᠠᠯ ᠬᠢᠵᠦ᠍ ᠥᠭ᠌ᠴᠦ᠂ ᠰᠡᠢ᠌ᠠ ᠶᠠᠪᠤᠳᠠᠯ ᠬᠢᠵᠦ ᠥᠭᠴᠦ᠂ ᠬᠦᠴᠢᠷ ᠠᠰᠠᠭᠤᠳᠠᠯ᠎ᠢ ᠨᠢ ᠱᠢᠶ᠋ᠳᠪᠦᠷᠢᠯᠡᠨ ᠥᠭᠴᠦ᠂ ᠨᠠᠮ᠎ᠤᠨ ᠲᠥᠪ ᠬᠤᠷᠢᠶ᠎ᠠ᠎ᠵᠢᠨ ᠠᠬᠠᠮᠠᠳ ᠨᠥᠬᠥᠳ᠎ᠢ ᠬᠠᠯᠠᠮᠵᠢᠯᠠᠵᠤ ᠪᠠᠢᠬᠤ᠎ᠶ᠋ᠢ ᠨᠢᠭᠡᠳ ᠨᠢᠭᠡ᠎ᠪᠡᠷ ᠪᠣᠳᠠᠲᠠᠶ᠎ᠳᠤ ᠨᠠᠢᠳᠠᠪᠤᠷᠢᠵᠢᠭᠤᠯᠵᠤ᠂ ᠠᠬᠠᠮᠠᠳ᠎ᠢᠶᠠᠨ ᠬᠦᠨᠳᠦᠳᠭᠡᠬᠦ᠂ ᠨᠠᠰᠤᠲᠠᠨ᠎ᠢᠶᠠᠨ ᠬᠦᠨᠳᠦᠯᠡᠬᠦ᠂ ᠠᠬᠠᠰ ᠵᠠᠬᠠᠰ᠎ᠢᠶᠠᠨ ᠬᠠᠢᠷᠠᠯᠠᠬᠤ᠂ ᠨᠠᠰᠤᠲᠠᠨ᠎ᠢ ᠬᠠᠮᠠᠭᠠᠯᠠᠬᠤ ᠎ᠶᠢ ᠤᠮᠠᠷᠠᠲᠤ ᠬᠢᠯᠢ᠎ᠶ᠋ᠢᠨ ᠡᠬᠡ ᠭᠠᠵᠠᠷ᠎ᠲᠤ ᠵᠠᠩᠱᠢᠯ ᠪᠣᠯᠭᠠᠵᠤ᠂ ᠳᠤᠮᠳᠠᠳᠤ ᠤᠯᠤᠰ᠎ᠤᠨ ᠣᠨᠴᠠᠯᠢᠭ᠎ᠪᠦᠬᠦᠢ ᠣᠳᠣᠬᠢᠴᠢᠯᠠᠯᠲᠠ᠎ᠵᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠬᠦ᠌᠎ᠶ᠋ᠢᠨ ᠲᠥᠯᠥᠭᠡ ᠬᠦᠴᠦᠷᠬᠡᠭ ᠶᠡᠬᠡ ᠬᠦᠴᠦᠨ᠎ᠢ ᠨᠢᠭ᠍ᠲᠠᠷᠠᠭᠤᠯᠤᠨ᠎ᠠ》 ᠭᠡᠵᠦ ᠢᠯᠡᠳᠭᠡᠪᠡ᠃

ᠲᠡᠦᠬᠡ᠎ᠪᠡᠨ ᠪᠠᠲᠤ ᠴᠡᠭᠡᠵᠢᠯᠡᠵᠦ᠍᠂ ᠡᠷᠡᠯᠬᠡᠭ᠌ᠯᠡᠨ ᠤᠷᠤᠭ᠍ᠰᠢᠯᠠᠬᠤ ᠬᠦᠴᠦᠨ ᠴᠢᠳᠡᠯ᠎ᠢ ᠰᠢᠩᠭᠡᠭᠡᠨ ᠠᠪᠤᠨ᠎ᠠ

9 ᠰᠠᠷ᠎ᠠ᠎ᠶ᠋ᠢᠨ 3᠎ᠤ᠋ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠎ᠲᠠᠷᠢᠶᠠᠯᠠᠩ᠎ᠮᠠᠯ ᠠᠵᠤ ᠠᠬᠤᠶ ᠵᠢᠨ ᠱᠢᠨᠵᠢᠯᠡᠬᠦ᠌ ᠤᠬᠠᠭᠠᠨ᠎ᠤ ᠬᠦᠷᠢᠶᠡᠯᠡᠩ᠎ᠤᠨ ᠬᠢᠨ 500 ᠭᠠᠷᠤᠶ ᠺᠠᠳ᠋ᠷ ᠠᠵᠢᠯᠲᠠᠨ᠎ᠢ ᠵᠣᠬᠢᠶᠠᠨ ᠪᠠᠢᠭᠤᠯᠵᠤ ᠶᠡᠬᠡ ᠬᠤᠷᠠᠯ᠎ᠤᠨ ᠳᠠᠮᠵᠢᠭᠤᠯᠤᠭᠰᠠᠨ ᠨᠡᠪᠲᠡᠷᠡᠭᠦᠯᠭᠡ᠎ᠶ᠋ᠢ ᠲᠥᠪᠯᠡᠷᠡᠭᠦᠯᠦᠨ ᠭᠥᠯᠢᠶᠡᠨ ᠠᠪᠴᠤ᠌ ᠦᠵᠡᠵᠦ᠍᠂ ᠡᠨᠡ ᠬᠦ᠌ ᠲᠡᠦᠬᠡ᠎ᠶ᠋ᠢᠨ ᠳᠤᠷᠠᠰᠤᠮᠵᠢ᠎ᠶ᠋ᠢ ᠠᠴᠢᠶᠠᠯᠠᠭ᠍ᠰᠠᠨ ᠴᠢᠬᠤᠯᠠ ᠴᠠᠭ ᠮᠥᠴᠡ᠎ᠶ᠋ᠢ ᠬᠠᠮᠲᠤ᠎ᠪᠠᠷ ᠭᠡᠷᠡᠴᠢᠯᠡᠪᠡ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ᠎ᠮᠠᠯ ᠠᠵᠤ ᠠᠬᠤᠶ ᠵᠢᠨ ᠱᠢᠨᠵᠢᠯᠡᠬᠦ᠌ ᠤᠬᠠᠭᠠᠨ᠎ᠤ ᠬᠦᠷᠢᠶᠡᠯᠡᠩ᠎ᠦᠨ ᠺᠠᠳ᠋ᠷ ᠠᠵᠢᠯᠲᠠᠨ ᠠᠵᠢᠯᠴᠢᠨ ᠮᠠᠰᠢ ᠶᠡᠬᠡ ᠵᠣᠷᠢᠭ᠍ᠵᠢᠭᠤᠯᠤᠯ ᠭᠥᠷᠳᠡᠪᠡ᠂ ᠣᠯᠠᠨ᠎ᠢᠶᠠᠷ᠎ᠢᠶᠠᠨ᠂ ᠱᠢᠨ᠎ᠡ ᠴᠠᠭ ᠦᠶ᠎ᠡ᠎ᠳᠦ ᠶᠠᠫᠣᠨ᠎ᠢ ᠡᠰᠡᠷᠭᠦᠴᠡᠬᠦ᠌ ᠠᠭᠤᠤ ᠶᠡᠬᠡ ᠲᠡᠢᠨ᠎ᠦ ᠵᠣᠷᠢᠭ ᠰᠠᠨᠠᠭ᠎ᠠ᠎ᠶ᠋ᠢ ᠨᠠᠩ ᠢᠯᠡᠭᠦᠦ ᠤᠯᠠᠮᠵᠢᠯᠠᠨ ᠪᠠᠳᠠᠷᠠᠭᠤᠯᠵᠤ ᠲᠤᠬᠠᠢᠯᠠᠭ᠍ᠰᠠᠨ ᠠᠵᠢᠯ᠎ᠳᠠᠭᠠᠨ ᠰᠠᠭᠤᠷᠢᠯᠠᠨ ᠡᠭᠦᠷᠭᠡ ᠬᠠᠷᠢᠭᠤᠴᠠᠯᠭ᠎ᠠ᠎ᠪᠠᠨ ᠦᠶ᠋ᠯᠡᠳᠦᠯᠭᠡᠵᠢᠭᠦᠯᠵᠦ᠍᠂ ᠡᠨᠡ ᠬᠦ᠌ ᠵᠣᠷᠢᠭ ᠰᠠᠨᠠᠭ᠎ᠠ᠎ᠶ᠋ᠢ ᠲᠠᠷᠢᠶᠠᠯᠠᠩ᠎ᠮᠠᠯ ᠠᠵᠤ ᠠᠬᠤᠶ ᠵᠢᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠎ᠶ᠋ᠢ ᠠᠬᠢᠭᠤᠯᠬᠤ ᠬᠦᠴᠦᠷᠬᠡᠭ ᠶᠡᠬᠡ ᠬᠥᠳᠡᠯᠭᠡᠬᠦ᠌ ᠬᠦᠴᠦᠨ ᠪᠣᠯᠭᠠᠨ ᠬᠤᠪᠢᠷᠠᠭᠤᠯᠤᠨ᠎ᠠ ᠭᠡᠵᠦ ᠢᠯᠡᠳᠭᠡᠵᠡᠭᠡᠪᠡ᠃

ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭᠠᠵᠠ᠎ᠶ᠋ᠢᠨ ᠲᠢᠩᠬᠢᠮ᠎ᠦᠨ ᠪᠠᠢᠭᠤᠯᠭ᠎ᠠ᠎ᠶ᠋ᠢᠨ ᠨᠠᠮ᠎ᠤᠨ ᠬᠤᠷᠢᠶ᠎ᠠ᠎ᠵᠢᠨ ᠲᠤᠰᠭᠠᠶ ᠲᠤᠱᠢᠶᠠᠯᠲᠤ ᠳᠡᠳ᠋ ᠱᠦᠵᠢ ᠱᠢᠤᠸᠠᠢ ᠵᠢᠶᠧ ᠱᠢᠭᠤᠳ ᠨᠡᠪᠲᠡᠷᠡᠭᠦᠯᠭᠡ᠎ᠶ᠋ᠢ ᠦᠵᠡᠭᠡᠳ ᠮᠠᠰᠢ ᠰᠡᠳᠭᠢᠯ ᠲᠤᠭᠲᠤᠯᠪᠠ᠂ ᠲᠡᠷᠡ᠄《ᠪᠢ ᠥᠪᠡᠷ᠎ᠦᠨ ᠠᠵᠢᠯ᠎ᠤᠨ ᠪᠠᠢᠷᠢ᠎ᠳᠠᠭᠠᠨ ᠰᠠᠭᠤᠷᠢᠯᠠᠵᠤ᠂ ᠶᠠᠫᠣᠨ᠎ᠢ ᠡᠰᠡᠷᠭᠦᠴᠡᠬᠦ᠌ ᠠᠭᠤᠤ ᠶᠡᠬᠡ ᠵᠣᠷᠢᠭ ᠰᠠᠨᠠᠭ᠎ᠠ᠎ᠶ᠋ᠢ ᠤᠯᠠᠮᠵᠢᠯᠠᠨ ᠵᠠᠯᠭᠠᠮᠵᠢᠯᠠᠵᠤ᠂ 〈ᠬᠤᠪᠢ ᠪᠡᠶ᠎ᠡ〉 ᠶ᠋ᠢ 〈ᠬᠠᠮᠲᠤ ᠨᠡᠢᠲᠡ〉 ᠳ᠋ᠤ᠌ ᠠᠭᠤᠰᠭᠠᠵᠤ᠂ ᠪᠠᠢᠷᠢ ᠲᠣᠭ᠍ᠲᠠᠭᠠᠯᠲᠠ ᠪᠠᠨ ᠣᠨᠣᠴᠠᠲᠠᠶ ᠪᠡᠷ ᠡᠷᠢᠨ ᠤᠯᠵᠤ᠂ ᠰᠠᠨᠠᠭᠠᠴᠢᠯᠠᠭ᠎ᠠ᠎ᠡᠴᠡ᠎ᠪᠠᠨ ᠬᠢᠵᠦ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢᠯᠭ᠎ᠠ ᠭᠠᠷᠭᠠᠬᠤ ᠴᠢᠳᠠᠪᠤᠷᠢ᠎ᠶ᠋ᠢ ᠪᠣᠯᠪᠠᠰᠤᠷᠠᠭᠤᠯᠵᠤ᠂ ᠪᠠᠢᠭᠤᠯᠭ᠎ᠠ᠎ᠶ᠋ᠢᠨ ᠨᠠᠮ᠎ᠤᠨ ᠪᠠᠢᠭᠤᠯᠤᠯᠲᠠ᠎ᠶ᠋ᠢᠨ ᠠᠵᠢᠯ᠎ᠢ ᠨᠠᠷᠢᠯᠢᠭ ᠪᠣᠳᠠᠲᠠᠶ ᠬᠢᠵᠦ᠂ ᠬᠠᠷᠢᠭᠤᠴᠠᠯᠭ᠎ᠠ᠎ᠶ᠋ᠢ ᠴᠢᠩᠭ᠎ᠠ ᠪᠣᠳᠠᠲᠠᠢᠵᠢᠭᠤᠯᠵᠤ᠂ ᠣᠨᠣᠯ᠎ᠢᠶᠠᠷ ᠵᠡᠪᠰᠡᠭ᠌ᠯᠡᠬᠦ᠌᠎ᠶ᠋ᠢ ᠦᠷᠭᠦᠯᠵᠢᠯᠡᠨ ᠭᠦᠨᠵᠡᠭᠡᠢᠷᠡᠭᠦᠯᠵᠦ᠂ ᠪᠠᠢᠯᠳᠤᠭᠠᠨ᠎ᠤ ᠪᠡᠬᠢᠯᠡᠯᠲᠡ᠎ᠶ᠋ᠢ ᠬᠦᠴᠦᠷᠬᠡᠭᠵᠢᠭᠦᠯᠦᠨ ᠪᠠᠢᠭᠤᠯᠵᠤ᠂ ᠨᠠᠮ᠎ᠤᠨ ᠪᠠᠢᠭᠤᠯᠤᠯᠲᠠ ᠬᠢᠭᠡᠳ ᠲᠤᠬᠠᠢᠯᠠᠭ᠍ᠰᠠᠨ ᠠᠵᠢᠯ᠎ᠤᠨ ᠭᠦᠨᠵᠡᠭᠡᠶ ᠠᠭᠤᠰᠤᠯᠴᠠᠯ᠎ᠢ ᠦᠷᠭᠦᠯᠵᠢᠯᠡᠨ ᠠᠬᠢᠭᠤᠯᠵᠤ᠂ ᠴᠢᠨᠠᠷ ᠰᠠᠢᠲᠠᠶ ᠨᠠᠮ᠎ᠤᠨ ᠪᠠᠢᠭᠤᠯᠤᠯᠲᠠ᠎ᠪᠠᠷ ᠬᠠᠤᠯᠢ ᠴᠠᠭᠠᠵᠠ᠎ᠶ᠋ᠢᠨ ᠵᠠᠰᠠᠭ ᠵᠠᠬᠢᠷᠭᠠᠨ᠎ᠤ ᠠᠵᠢᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠬᠥᠲᠥᠯᠥᠨ ᠳᠠᠭᠠᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢᠨ ᠳᠤᠮᠳᠠᠳᠤ᠎ᠵᠢᠨ ᠵᠡᠭᠦᠳᠦ᠍᠎ᠶ᠋ᠢ ᠲᠡᠷᠭᠡᠯᠰᠢᠭᠦᠯᠬᠦ ᠶ᠋ᠢᠨ ᠲᠥᠯᠥᠭᠡ ᠥᠪᠡᠷ᠎ᠦᠨ ᠬᠦᠴᠦᠨ ᠴᠢᠳᠠᠯ᠎ᠢᠶᠠᠨ ᠡᠷᠭᠦᠨ᠎ᠡ》 ᠭᠡᠪᠡ᠃

9 ᠰᠠᠷ᠎ᠠ᠎ᠶᠢᠨ 3 ᠤ᠋ ᠦᠳᠡ᠎ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ᠎ᠤ ᠳᠣᠲᠣᠭᠠᠳᠤ᠎ᠶᠢ ᠬᠠᠮᠠᠭᠠᠯᠠᠬᠤ ᠲᠢᠩᠬᠢᠮ᠎ᠦᠨ ᠲᠢᠨᠭᠬᠢᠮ ᠪᠠᠢᠭᠤᠯᠭ᠎ᠠ ᠪᠥᠬᠥ ᠠᠷᠠᠳ᠎ᠤᠨ ᠴᠠᠭᠳᠠᠭ᠎ᠠ᠂ ᠲᠤᠰᠠᠯᠠᠬᠤ ᠴᠠᠭᠳᠠᠭ᠎ᠠ᠎ᠶᠢ ᠵᠣᠬᠢᠶᠠᠨ ᠪᠠᠢᠭᠤᠯᠵᠤ ᠣᠯᠠᠨ ᠵᠦᠢᠯ᠎ᠦᠨ ᠬᠡᠯᠪᠡᠷᠢ᠎ᠪᠡᠷ ᠳᠤᠮᠳᠠᠳᠤ ᠤᠯᠤᠰ᠎ᠤᠨ ᠠᠷᠠᠳ ᠲᠦᠮᠡᠨ᠎ᠦ ᠶᠠᠫᠤᠨ᠎ᠢ ᠡᠰᠡᠷᠭᠦᠴᠡᠬᠦ ᠳᠠᠶ᠋ᠢᠨ ᠵᠢᠴᠢ ᠳᠡᠯᠡᠬᠡᠢ᠎ᠶᠢᠨ ᠹᠠᠱ᠌ᠢᠰ᠎ᠢ ᠡᠰᠡᠷᠭᠦᠴᠡᠬᠦ ᠳᠠᠶ᠋ᠢᠨ ᠢᠯᠠᠯᠲᠠ ᠣᠯᠣᠭᠰᠠᠨ 80 ᠵᠢᠯ᠎ᠦᠨ ᠣᠶ᠎ᠶᠢ ᠳᠤᠷᠠᠰᠬᠠᠬᠤ ᠶᠡᠬᠡ ᠬᠤᠷᠠᠯ᠎ᠤᠨ ᠰᠢᠭᠤᠳ ᠨᠡᠪᠲᠡᠷᠡᠭᠦᠯᠭᠡ᠎ᠶᠢ ᠦᠵᠡᠵᠦ᠂ ᠡᠨᠡ ᠬᠦ᠌ ᠴᠢᠬᠤᠯᠠ ᠶᠡᠬᠡ ᠲᠡᠦᠬᠡᠲᠦ ᠠᠴᠢ ᠬᠣᠯᠪᠣᠭᠳᠠᠯ᠎ᠲᠠᠢ ᠢᠷᠠᠭᠤ ᠠᠯᠳᠠᠷᠲᠤ ᠴᠠᠭ ᠮᠥᠴᠡ᠎ᠶᠢ ᠬᠠᠮᠲᠤ᠎ᠪᠠᠷ ᠭᠡᠷᠡᠴᠢᠯᠡᠪᠡ᠃ ᠦᠢ ᠤᠯᠠᠨ ᠬᠤᠪᠢᠰᠬᠠᠯᠲᠦ ᠠᠬᠠᠮᠠᠳ ᠦᠶ᠎ᠡ᠎ᠶᠢᠨ ᠬᠢᠨ᠎ᠦ ᠠᠮᠢ ᠪᠡᠶ᠎ᠡ᠎ᠪᠡᠨ ᠬᠠᠢᠷᠠᠯᠠᠯ ᠦᠭᠡᠢ ᠵᠣᠷᠢᠭᠤᠯᠤᠭᠰᠠᠨ᠎ᠡᠴᠡ ᠰᠠᠶᠢ ᠥᠨᠥᠳᠥᠷ᠎ᠦᠨ ᠠᠭᠤᠯᠠ ᠤᠰᠤ᠎ᠶᠢ ᠠᠮᠤᠷ ᠲᠠᠢᠪᠤᠩ ᠪᠠᠢᠯᠭᠠᠵᠤ᠂ ᠲᠦᠷᠦ ᠲᠦᠪᠰᠢᠨ ᠲᠦᠮᠡᠨ ᠠᠮᠤᠭᠤᠯᠠᠩ ᠪᠣᠯᠭᠠᠭᠰᠠᠨ ᠭᠡᠳᠡᠭ᠎ᠢ ᠤᠯᠠᠨ᠎ᠢᠶᠠᠷ᠎ᠢᠶᠠᠨ ᠨᠡᠩ ᠭᠦᠨᠵᠡᠭᠡᠢ ᠣᠢᠯᠠᠭᠠᠵᠠᠢ᠃ ᠣᠯᠠᠨ᠎ᠢᠶᠠᠷ᠎ᠢᠶᠠᠨ᠂ ᠤᠯᠤᠰ᠎ᠢᠶᠠᠨ ᠬᠠᠢᠷᠠᠯᠠᠬᠤ ᠬᠠᠯᠠᠭᠤᠨ ᠰᠡᠳᠬᠢᠯᠭᠡ᠎ᠪᠡᠨ ᠲᠤᠬᠠᠢᠯᠠᠭᠰᠠᠨ ᠠᠵᠢᠯ᠎ᠢᠶᠠᠨ ᠰᠠᠢᠲᠤᠷ ᠬᠢᠬᠦ᠎ᠶᠢᠨ ᠬᠦᠴᠦᠷᠬᠡᠭ ᠶᠡᠬᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠳᠣᠲᠣᠭᠠᠳᠤ᠎ᠶᠢ ᠬᠠᠮᠠᠭᠠᠯᠠᠬᠤ ᠠᠵᠢᠯ᠎ᠤᠨ ᠳᠤᠮᠳᠠ ᠠᠷᠠᠳ ᠲᠦᠮᠡᠨ᠎ᠢᠶᠡᠷ ᠭᠣᠣᠯ ᠪᠣᠯᠭᠠᠬᠤ᠎ᠶᠢ ᠪᠠᠷᠢᠮᠲᠠᠯᠠᠵᠤ᠂ ᠳᠣᠲᠣᠭᠠᠳᠤ᠎ᠶᠢ ᠬᠠᠮᠠᠭᠠᠯᠠᠬᠤ ᠥᠭᠡᠷᠡᠴᠢᠯᠡᠯᠲᠡ᠎ᠶᠢ ᠲᠠᠰᠤᠷᠠᠯᠲᠠ ᠦᠭᠡᠢ ᠭᠦᠨᠵᠡᠭᠡᠢᠷᠡᠭᠦᠯᠵᠦ᠂ ᠦᠨᠳᠦᠰᠦᠨ ᠱᠠᠲᠤᠨ᠎ᠤ ᠵᠠᠰᠠᠯᠲᠠ᠎ᠶᠢᠨ ᠰᠢᠨ᠎ᠡ᠎ᠶᠢ ᠡᠭᠦᠳᠬᠦ᠎ᠶᠢ ᠠᠬᠢᠭᠤᠯᠵᠤ᠂ ᠠᠶᠤᠯ ᠲᠦᠭᠰᠢᠭᠦᠷᠢ᠎ᠶᠢ ᠰᠡᠷᠭᠡᠢᠯᠡᠬᠦ᠂ ᠠᠮᠤᠷ ᠲᠦᠪᠰᠢᠨ᠎ᠢ ᠪᠠᠲᠤᠯᠠᠬᠤ᠂ ᠲᠣᠭᠲᠠᠭᠤᠨ᠎ᠢ ᠬᠠᠮᠠᠭᠠᠯᠠᠬᠤ᠂ ᠬᠥᠭᠵᠢᠯᠲᠡ᠎ᠶᠢ ᠠᠬᠢᠭᠤᠯᠬᠤ ᠡᠯ᠎ᠡ ᠵᠦᠢᠯ᠎ᠦᠨ ᠠᠵᠢᠯ᠎ᠢ ᠪᠦᠬᠦ ᠬᠦᠴᠦᠨ᠎ᠢᠶᠡᠷ᠎ᠢᠶᠡᠨ ᠰᠠᠢᠲᠤᠷ ᠬᠢᠵᠦ᠂ ᠡᠬᠡ ᠤᠯᠤᠰ᠎ᠤᠨ᠎ᠢᠶᠡᠨ ᠬᠠᠯᠠᠭᠤᠨ ᠬᠥᠷᠥᠰᠥ᠎ᠶᠢ ᠢᠳᠡᠷᠡᠭᠦᠨ ᠠᠯᠬᠤᠭ᠎ᠠ ᠪᠡᠷ᠎ᠢᠶᠡᠨ ᠬᠡᠮᠵᠢᠵᠦ᠂ ᠦᠨᠡᠨᠴᠢ ᠰᠢᠳᠤᠷᠭᠤ᠎ᠪᠠᠷ ᠲᠦᠭ ᠲᠦᠮᠡᠨ ᠠᠢᠯ ᠡᠷᠦᠭᠡ ᠵᠢ ᠰᠠᠬᠢᠨ ᠬᠠᠮᠠᠭᠠᠯᠠᠵᠤ᠂ ᠪᠣᠳᠠᠲᠤ ᠠᠵᠢᠯᠯᠠᠭ᠎ᠠ᠎ᠪᠠᠷ᠎ᠢᠶᠠᠨ 《ᠠᠷᠠᠳ᠎ᠤᠨ ᠳᠣᠲᠣᠭᠠᠳᠤ᠎ᠶᠢ ᠬᠠᠮᠠᠭᠠᠯᠠᠬᠤ ᠪᠠᠢᠭᠤᠯᠭ᠎ᠠ ᠠᠷᠠᠳ᠎ᠲᠦᠢᠮᠡᠨ᠎ᠤ ᠲᠥᠯᠥᠭᠡ ᠪᠠᠢᠬᠤ》 ᠵᠣᠷᠢᠯᠲᠠ᠎ᠶᠢ ᠦᠢᠯᠡᠳᠦᠯᠭᠡᠵᠢᠭᠦᠯᠵᠦ᠂ ᠲᠡᠷᠢᠭᠦᠨ᠎ᠦ ᠪᠠᠷᠢᠮᠵᠢᠶ᠎ᠠ᠂ ᠲᠡᠷᠢᠭᠦᠨ᠎ᠦ ᠠᠵᠢᠯ᠂ ᠲᠡᠷᠢᠭᠦᠨ᠎ᠦ ᠠᠮᠵᠢᠯᠲᠠ ᠪᠦᠲᠦᠮᠵᠢ᠎ᠪᠡᠷ ᠳᠣᠲᠣᠭᠠᠳᠤ᠎ᠶᠢ ᠬᠠᠮᠠᠭᠠᠯᠠᠬᠤ ᠠᠵᠢᠯ᠎ᠤᠨ ᠣᠳᠣᠬᠢᠴᠢᠯᠠᠯᠲᠠ᠎ᠶᠢ ᠬᠦᠴᠦᠯᠡᠨ ᠠᠬᠢᠭᠤᠯᠤᠨ᠎ᠠ ᠭᠡᠵᠦ ᠢᠯᠡᠳᠬᠡᠵᠡᠭᠡᠪᠡ᠃

ᠦᠷᠭᠦᠯᠵᠢᠯᠡᠨ ᠲᠡᠮᠡᠴᠡᠵᠦ᠂ ᠰᠠᠢᠨ ᠰᠠᠢᠬᠠᠨ ᠢᠷᠡᠭᠡᠳᠦᠢ᠎ᠶᠢ ᠴᠣᠭᠴᠠᠯᠠᠨ᠎ᠠ

ᠥᠪᠥᠷ ᠮᠣᠩᠭᠣᠯ᠎ᠤᠨ ᠶᠡᠬᠡ ᠰᠤᠷᠭᠠᠭᠤᠯᠢ᠎ᠶᠢᠨ ᠨᠠᠮ᠎ᠤᠨ ᠬᠣᠷᠢᠶ᠎ᠡ ᠵᠢᠨ ᠰᠤᠷᠤᠭ᠍ᠴᠢᠳ᠎ᠤᠨ ᠠᠵᠢᠯ᠎ᠤᠨ ᠬᠡᠯᠲᠡᠰ᠎ᠦᠨ ᠳᠠᠷᠤᠭ᠎ᠠ ᠦ᠋ ᠱᠤᠸᠠᠨ ᠬ᠍ᠤ᠄《ᠡᠨᠡ ᠪᠣᠯ ᠬᠥᠮᠥᠰ᠎ᠦᠨ ᠰᠡᠳᠬᠢᠯ᠎ᠢ ᠳᠣᠭᠳᠣᠯᠤᠭᠤᠯᠤᠭᠰᠠᠨ ᠦᠪᠡᠳᠡᠭᠰᠢ ᠶᠣᠰᠣᠯᠠᠯ᠂ ᠪᠠᠰᠠ ᠴᠤ᠌ ᠦᠵᠡᠯ ᠰᠠᠨᠠᠭ᠎ᠠ ᠤᠯᠤᠰ ᠲᠦᠷᠦ᠎ᠶᠢᠨ ᠠᠮᠢᠳᠤᠯᠢᠭ᠋ ᠬᠢᠴᠢᠶᠡᠯ ᠮᠥᠨ᠃ ᠡᠬᠡ ᠤᠯᠤᠰ᠎ᠤᠨ ᠬᠦᠴᠦᠷᠬᠡᠭᠵᠢᠯ ᠪᠣᠯ ᠬᠡᠢ ᠬᠣᠭᠣᠰᠤᠨ᠎ᠢᠶᠠᠷ ᠢᠷᠡᠭᠰᠡᠨ ᠪᠢᠰᠢ᠂ ᠬᠠᠷᠢᠨ ᠦᠶ᠎ᠡ ᠦᠶ᠎ᠡ᠎ᠶᠢᠨ ᠳᠤᠮᠳᠠᠳᠤᠴᠤᠳ᠎ᠤᠨ ᠲᠡᠮᠡᠴᠡᠯ᠎ᠢᠶᠡᠷ ᠰᠤᠯᠢᠵᠤ ᠢᠷᠡᠭᠰᠡᠨ ᠶᠤᠮ᠂ ᠵᠠᠯᠠᠭᠤᠴᠤᠳ᠎ᠤᠨ ᠦᠰᠦᠨ ᠪᠣᠶ᠋ᠢᠵᠢᠯᠲᠠ ᠨᠢ ᠡᠷᠬᠡᠪᠰᠢ ᠡᠬᠡ ᠤᠯᠤᠰ᠎ᠤᠨ ᠬᠥᠭᠵᠢᠯᠲᠡ᠎ᠲᠠᠢ ᠬᠠᠮᠲᠤ᠎ᠪᠠᠷ ᠬᠥᠭᠵᠢᠬᠦ ᠬᠡᠷᠡᠭᠲᠡᠢ ᠭᠡᠳᠡᠭ᠎ᠢ ᠪᠢᠳᠡ ᠭᠦᠨᠵᠡᠭᠡᠢ ᠲᠠᠨᠢᠵᠤ ᠣᠯᠪᠠ᠃ ᠰᠤᠷᠤᠭ᠍ᠴᠢᠳ᠎ᠤᠨ ᠵᠠᠮᠴᠢᠯᠠᠭ᠍ᠴᠢ ᠪᠣᠯᠤᠭᠰᠠᠨ᠎ᠤ ᠬᠤᠪᠢ᠎ᠳᠤ᠂ ᠪᠢᠳᠡ ᠶᠡᠷᠦᠩᠬᠡᠢ ᠱᠦᠵᠢ ᠰᠢ᠎ᠶᠢᠨ ᠫᠢᠩ᠎ᠤᠨ ᠬᠦᠰᠡᠯ ᠨᠠᠶ᠋ᠢᠳᠠᠯᠭ᠎ᠠ᠎ᠶᠢ ᠪᠠᠲᠤ ᠴᠡᠭᠡᠵᠢᠯᠡᠵᠦ᠂ ᠶᠠᠫᠤᠨ᠎ᠢ ᠡᠰᠡᠷᠭᠦᠴᠡᠬᠦ ᠲᠠᠢ᠍ᠢᠨ᠎ᠦ ᠠᠭᠤᠤ ᠶᠡᠬᠡ ᠵᠣᠷᠢᠭ᠋ ᠰᠠᠨᠠᠭ᠎ᠠ᠎ᠶᠢ ᠤᠯᠠᠮᠵᠢᠯᠠᠨ ᠪᠠᠳᠠᠷᠠᠭᠤᠯᠵᠤ᠂ ᠵᠠᠯᠠᠭᠤᠴᠤᠳ᠎ᠤᠨ ᠪᠣᠳᠠᠲᠤ ᠠᠵᠢᠯᠯᠠᠭ᠎ᠠ᠎ᠪᠠᠷ᠎ᠢᠶᠠᠨ ᠤᠯᠤᠰ᠎ᠢᠶᠠᠨ ᠬᠠᠢᠷᠠᠯᠠᠬᠤ ᠰᠡᠳᠬᠢᠯᠭᠡ᠎ᠶᠢ ᠦᠢᠯᠡᠳᠦᠯᠭᠡᠵᠢᠭᠦᠯᠬᠦ ᠵᠢ ᠵᠤᠷᠢᠭᠵᠢᠭᠤᠯᠵᠤ᠂ ᠬᠤᠪᠢ ᠬᠥᠮᠥᠨ᠎ᠦ ᠬᠦᠰᠡᠯᠡᠩ᠎ᠢᠶᠡᠨ ᠤᠯᠤᠰ ᠭᠦᠷᠦᠨ᠎ᠤ ᠬᠤᠪᠢ ᠵᠠᠶᠠᠭ᠎ᠠ ᠲᠡᠢ ᠠᠭᠤᠰᠤᠯᠴᠠᠭᠤᠯᠵᠤ᠂ ᠡᠬᠡ ᠤᠯᠤᠰ᠎ᠢᠶᠠᠨ ᠪᠦᠲᠦᠭᠡᠨ ᠪᠠᠶ᠋ᠢᠭᠤᠯᠬᠤ᠂ ᠡᠩᠬᠡ ᠲᠠᠢᠪᠤᠩ᠎ᠢ ᠬᠠᠮᠠᠭᠠᠯᠠᠬᠤ ᠠᠭᠤᠤ ᠶᠡᠬᠡ ᠠᠶᠠᠨ ᠎ᠳᠤ ᠵᠠᠯᠠᠭᠤ ᠨᠠᠰᠤᠨ᠎ᠤ ᠭᠡᠷᠡᠯ ᠭᠢᠯᠪᠠᠭ᠎ᠠ ᠵᠢ ᠨᠢ ᠰᠠᠴᠤᠷᠠᠭᠤᠯᠤᠨ᠎ᠠ》 ᠭᠡᠵᠦ ᠬᠡᠯᠡᠪᠡ᠃

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠲᠢᠩᠬᠢᠮ᠎ᠡᠴᠡ ᠱᠢᠭᠤᠳ ᠬᠠᠷᠢᠶ᠎ᠠ ᠱᠢᠰᠲ᠋ᠧᠮ᠎ᠤᠨ ᠪᠥᠬᠥ᠌ ᠨᠠᠮ᠎ᠤᠨ ᠭᠡᠱᠢᠭᠦᠨ ᠺᠠᠳ᠋ᠷ᠎ᠢ ᠵᠣᠬᠢᠶᠠᠨ ᠪᠠᠢᠭᠤᠯᠵᠤ ᠰᠦᠯᠵᠢᠶ᠎ᠡ᠂ ᠲᠧᠯᠸᠢᠰ᠂ ᠷᠠᠳᠢᠣ᠋ ᠵᠡᠷᠭᠡ ᠠᠷᠭ᠎ᠠ ᠬᠡᠯᠪᠡᠷᠢ᠎ᠪᠡᠷ ᠶᠡᠬᠡ ᠬᠤᠷᠠᠯ᠎ᠤᠨ ᠪᠣᠳᠠᠲᠤ ᠪᠠᠢᠳᠠᠯ᠎ᠢ ᠴᠠᠭ ᠲᠤᠬᠠᠶ᠎ᠳᠤᠨᠢ ᠭᠥᠯᠢᠶᠡᠨ ᠠᠪᠴᠤ᠌ ᠰᠣᠨᠣᠰᠤᠭᠰᠠᠨ ᠪᠠ ᠦᠵᠡᠪᠡ᠃ ᠬᠦᠯᠢᠶᠡᠨ ᠠᠪᠴᠤ ᠦᠵᠡᠬᠦ᠌ ᠶᠠᠪᠤᠴᠠ᠎ᠳᠤ᠂ ᠪᠦᠬᠦ᠌ ᠬᠥᠮᠦᠰ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠶᠠᠷᠢᠶ᠎ᠠ ᠵᠢ ᠨᠠᠷᠢᠨ ᠬᠢᠨᠠᠮᠠᠭᠠᠢ ᠰᠤᠨᠤᠰᠴᠤ᠂ ᠪᠦᠬᠦ᠌ ᠭᠣᠭ᠍ᠴᠣᠭ᠎ᠠ᠎ᠶ᠋ᠢᠨ ᠶᠣᠰᠣᠯᠠᠯ᠎ᠢ ᠭᠡᠷᠡᠴᠢᠯᠡᠵᠦ᠂ ᠲᠡᠦᠬᠡ᠎ᠶ᠋ᠢ ᠬᠠᠮᠲᠤ᠎ᠪᠠᠷ ᠪᠠᠲᠤ ᠴᠡᠭᠡᠵᠢᠯᠡᠵᠦ᠍᠂ ᠦᠷᠡᠭ᠌ᠳᠡᠭ᠌ᠰᠡᠨ ᠪᠠᠭᠠᠲᠤᠷᠴᠤᠳ᠎ᠢᠶᠠᠨ ᠳᠤᠷᠠᠰᠤᠨ ᠰᠠᠨᠠᠭᠠᠯᠵᠠᠪᠠ᠃ ᠴᠡᠷᠢᠭ ᠠᠩᠬᠢ ᠵᠢ ᠱᠢᠯᠭᠠᠨ ᠦᠵᠡᠬᠦ᠌ ᠶᠣᠰᠣᠯᠠᠯ᠎ᠳᠤ᠂ ᠲᠡᠷᠢ ᠲᠡᠭ᠌ᠰᠢ ᠵᠢᠭ᠌ᠳᠡ ᠡᠩᠨᠡᠭᠡ᠂ ᠢᠳᠡᠷᠡᠭᠦᠨ ᠠᠯᠬᠤᠭ᠎ᠠ᠂ ᠢᠲᠡᠭᠡᠯ ᠲᠡᠭᠦᠯᠳᠡᠷ ᠴᠣᠭ ᠵᠢᠪᠬᠤᠭ᠎ᠠ᠂ ᠲᠡᠷᠢᠭᠦᠨ᠎ᠦ ᠱᠢᠯᠢᠳᠡᠭ ᠵᠡᠪᠰᠡᠭ ᠲᠣᠨᠣᠭ᠍ᠯᠠᠯ᠎ᠨᠢ ᠤᠯᠤᠰ᠎ᠤᠨ ᠬᠦᠴᠦᠷᠬᠡᠭ ᠶᠡᠬᠡ ᠤᠯᠤᠰ᠎ᠤᠨ ᠪᠠᠲᠤᠯᠠᠨ ᠬᠠᠮᠠᠭᠠᠯᠠᠯᠲᠠ᠎ᠶ᠋ᠢᠨ ᠪᠣᠳᠠᠲᠤ ᠬᠦᠴᠦᠨ ᠪᠣᠯᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠴᠡᠷᠢᠭ᠎ᠦᠨ ᠰᠦᠷ ᠵᠢᠪᠬᠤᠯᠠᠩᠲᠤ ᠳᠦᠷᠢ ᠲᠥᠷᠬᠦ᠌᠎ᠶ᠋ᠢ ᠭᠦᠶ᠋ᠴᠡᠳ ᠢᠯᠡᠷᠡᠭᠦᠯᠵᠦ᠍᠂ ᠣᠯᠠᠨ᠎ᠢ ᠲᠤᠢᠯ᠎ᠢᠶᠠᠷ ᠤᠷᠮᠠᠱᠢᠭᠤᠯᠪᠠ᠃ ᠤᠯᠠᠨ᠎ᠢᠶᠠᠷ᠎ᠢᠶᠠᠨ᠂ ᠲᠤᠰ ᠤᠳᠠᠭ᠎ᠠ᠎ᠶ᠋ᠢᠨ ᠴᠡᠷᠢᠭ ᠠᠩᠬᠢ ᠵᠢ ᠱᠢᠯᠭᠠᠨ ᠦᠵᠡᠭ᠌ᠰᠡᠨ ᠨᠢ ᠮᠠᠨ᠎ᠤ ᠤᠯᠤᠰ᠎ᠤᠨ ᠤᠯᠤᠰ᠎ᠤᠨ ᠪᠠᠲᠤᠯᠠᠨ ᠬᠠᠮᠠᠭᠠᠯᠠᠯᠲᠠ ᠪᠣᠯᠤᠨ ᠴᠡᠷᠢᠭ ᠠᠩᠬᠢ᠎ᠶ᠋ᠢᠨ ᠣᠳᠣᠬᠢᠴᠢᠯᠠᠯᠲᠠ᠎ᠶ᠋ᠢᠨ ᠪᠦᠳᠦᠭᠡᠨ ᠪᠠᠢᠭᠤᠯᠤᠯᠲᠠ᠎ᠶ᠋ᠢᠨ ᠭᠡᠷᠡᠯ ᠰᠠᠴᠤᠷᠠᠩᠭᠤᠢ ᠠᠮᠵᠢᠯᠲᠠ᠎ᠶ᠋ᠢ ᠢᠯᠡᠷᠡᠭᠦᠯᠦᠭ᠌ᠰᠡᠨ᠎ᠢᠶᠡᠷ ᠪᠠᠷᠠᠬᠤ ᠦᠭᠡᠢ ᠬᠥᠮᠦᠰ᠎ᠲᠦ ᠶᠠᠫᠣᠨ᠎ᠢ ᠡᠰᠡᠷᠭᠦᠴᠡᠬᠦ᠌ ᠲᠠᠢ᠌ᠨ᠎ᠦ ᠠᠭᠤᠤ ᠶᠡᠬᠡ ᠵᠣᠷᠢᠭ ᠰᠠᠨᠠᠭ᠎ᠠ ᠪᠣᠯᠤᠨ ᠳᠤᠮᠳᠠᠳᠤ᠎ᠶ᠋ᠢᠨ ᠦᠨᠳᠦᠰᠦᠲᠡᠨ᠎ᠦ ᠬᠦᠴᠦᠷᠬᠡᠭ ᠶᠡᠬᠡ ᠨᠢᠭ᠍ᠲᠠᠷᠠᠯ᠎ᠤᠨ ᠬᠦᠴᠦᠨ᠎ᠢ ᠮᠡᠳᠡᠷᠡᠭᠦᠯᠵᠡᠢ᠃ ᠤᠯᠠᠨ᠎ᠢᠶᠠᠷ᠎ᠢᠶᠠᠨ 《ᠱᠢᠳᠤᠷᠭᠤ ᠶᠣᠰᠣ ᠯᠠᠪᠲᠠᠢ ᠢᠯᠠᠨ᠎ᠠ᠂ ᠡᠩᠬᠡ ᠲᠠᠢᠪᠤᠩ ᠯᠠᠪᠲᠠᠢ ᠢᠯᠠᠨ᠎ᠠ᠂ ᠠᠷᠠᠳ ᠲᠦᠮᠡᠨ ᠯᠠᠪᠲᠠᠢ ᠢᠯᠠᠨ᠎ᠠ》 ᠭᠡᠬᠦ᠌ ᠠᠭᠤᠤ ᠶᠡᠬᠡ ᠦᠨᠡᠨ ᠶᠣᠰᠣ᠎ᠶ᠋ᠢ ᠡᠭᠦᠷᠢᠳᠡ ᠪᠠᠲᠤ ᠴᠡᠭᠡᠵᠢᠯᠡᠨ᠎ᠡ᠃ ᠬᠣᠢᠱᠢᠳᠠ᠎ᠶ᠋ᠢᠨ ᠠᠵᠢᠯ᠎ᠤᠨ ᠳᠤᠮᠳᠠ᠂ ᠨᠠᠩ ᠣᠷᠭᠢᠯᠤᠮ᠎ᠠ ᠬᠠᠯᠠᠭᠤᠨ ᠰᠡᠳᠭᠢᠯᠭᠡ ᠪᠠ ᠨᠠᠩ ᠡᠷᠡᠰ ᠪᠠᠲᠤ ᠢᠲᠡᠭᠡᠯ ᠵᠣᠷᠢᠭ᠎ᠢᠶᠠᠷ ᠲᠤᠬᠠᠢᠯᠠᠭ᠍ᠰᠠᠨ ᠠᠵᠢᠯ᠎ᠤᠨ ᠪᠠᠢᠷᠢ᠎ᠳᠠᠭᠠᠨ ᠰᠠᠭᠤᠷᠢᠯᠠᠨ᠂ ᠥᠪᠡᠷᠲᠡᠭᠡᠨ ᠵᠠᠰᠠᠬᠤ ᠣᠷᠣᠨ᠎ᠤ ᠬᠣᠶᠠᠷ ᠶᠡᠬᠡ ᠶᠠᠪᠤᠳᠠᠯ᠎ᠢ ᠰᠠᠢᠲᠤᠷ ᠬᠢᠵᠦ᠍᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠳᠠ᠎ᠶᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠪᠢᠴᠢᠭ᠌ᠯᠡᠬᠦ᠌᠎ᠳᠦ ᠵᠠᠮ ᠬᠠᠷᠢᠯᠴᠠᠭᠠᠨ᠎ᠤ ᠰᠠᠯᠠᠭ᠎ᠠ ᠮᠦᠴᠢᠷ᠎ᠤᠨ ᠬᠦᠴᠦᠨ ᠴᠢᠳᠠᠯ᠎ᠢᠶᠠᠨ ᠡᠷᠭᠦᠨ᠎ᠡ ᠭᠡᠵᠦ ᠢᠯᠡᠳᠬᠡᠵᠡᠭᠡᠪᠡ᠃

ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠲᠢᠩᠬᠢᠮ ᠨᠢ ᠲᠢᠩᠬᠢᠮ ᠰᠢᠰᠲᠸᠮ᠎ᠤᠨ ᠨᠠᠮ᠎ᠤᠨ ᠭᠡᠱᠢᠭᠦᠨ ᠺᠠᠳ᠋ᠷ ᠠᠵᠢᠯᠲᠠᠨ ᠠᠵᠢᠯᠴᠢᠨ 300 ᠱᠢᠬᠠᠮ ᠬᠥᠮᠦᠨ᠎ᠢ ᠵᠤᠬᠢᠶᠠᠨ ᠪᠠᠢᠭᠤᠯᠵᠤ 8 ᠬᠤᠪᠢᠶᠠᠷᠢ ᠬᠤᠷᠠᠯ᠎ᠤᠨ ᠲᠠᠯᠠᠪᠠᠶ᠎ᠳᠤ ᠳᠤᠮᠳᠠᠳᠤ ᠤᠯᠤᠰ᠎ᠤᠨ ᠠᠷᠠᠳ ᠲᠦᠮᠡᠨ᠎ᠦ ᠶᠠᠫᠣᠨ᠎ᠢ ᠡᠰᠡᠷᠭᠦᠴᠡᠬᠦ᠌ ᠲᠡᠢᠨ ᠵᠢᠴᠢ ᠳᠡᠯᠡᠬᠡᠶ᠎ᠶ᠋ᠢᠨ ᠹᠠᠱ᠌ᠢᠰ᠎ᠢ ᠡᠰᠡᠷᠭᠦᠴᠡᠬᠦ᠌ ᠲᠡᠢᠨ ᠢᠯᠠᠯᠲᠠ ᠣᠯᠤᠭ᠍ᠰᠠᠨ 80 ᠵᠢᠯ᠎ᠦᠨ ᠣᠶ᠎ᠶ᠋ᠢ ᠳᠤᠷᠠᠰᠭᠠᠬᠤ ᠶᠡᠬᠡ ᠬᠤᠷᠠᠯ᠎ᠤᠨ ᠳᠠᠮᠵᠢᠭᠤᠯᠬᠤ ᠨᠡᠪᠲᠡᠷᠡᠭᠦᠯᠭᠡ᠎ᠶ᠋ᠢ ᠭᠥᠯᠢᠶᠡᠨ ᠠᠪᠴᠤ᠌ ᠦᠵᠡᠪᠡ᠃ ᠤᠯᠠᠨ᠎ᠢᠶᠡᠷ᠎ᠢᠶᠡᠨ᠂ ᠴᠡᠷᠢᠭ ᠠᠩᠬᠢ ᠵᠢ ᠱᠢᠯᠭᠠᠨ ᠦᠵᠡᠬᠦ᠌ ᠦᠪᠡᠳᠡᠭ᠌ᠰᠢ ᠶᠡᠬᠡ ᠶᠣᠰᠣᠯᠠᠯ᠎ᠢᠶᠠᠷ ᠳᠠᠮᠵᠢᠨ ᠨᠢᠭᠡ ᠤᠳᠠᠭᠠᠨ᠎ᠤ ᠭᠦᠨ ᠭᠦᠨᠵᠡᠭᠡᠶ ᠡᠬᠡ ᠣᠷᠣᠨᠴᠢ ᠦᠵᠡᠯ᠎ᠦᠨ ᠬᠥᠮᠦᠵᠢᠯ ᠪᠠ ᠣᠶᠤᠨ ᠰᠠᠨᠠᠭᠠᠨ᠎ᠤ ᠳᠠᠪᠲᠠᠯᠲᠠ᠎ᠶ᠋ᠢ ᠬᠦᠯᠢᠶᠡᠵᠡᠢ ᠭᠡᠵᠦ ᠢᠯᠡᠳᠬᠡᠵᠡᠭᠡᠪᠡ᠃ ᠲᠢᠩᠬᠢᠮ᠎ᠦᠨ ᠪᠠᠢᠭᠤᠯᠭ᠎ᠠ᠎ᠶ᠋ᠢᠨ ᠺᠠᠳ᠋ᠷ ᠯᠢ ᠱᠤᠸᠠᠢ᠄ 《ᠪᠢᠳᠡ ᠲᠡᠦᠬᠡ᠎ᠶ᠋ᠢ ᠪᠠᠲᠤ ᠴᠡᠭᠡᠵᠢᠯᠡᠵᠦ᠍᠂ ᠶᠠᠫᠣᠨ᠎ᠢ ᠡᠰᠡᠷᠭᠦᠴᠡᠬᠦ᠌ ᠳᠠᠢ᠌ᠨ᠎ᠦ ᠠᠭᠤᠤ ᠶᠡᠬᠡ ᠵᠣᠷᠢᠭ ᠰᠠᠨᠠᠭ᠎ᠠ᠎ᠶ᠋ᠢ ᠠᠵᠢᠯ᠎ᠢᠶᠠᠨ ᠰᠠᠢᠲᠤᠷ ᠬᠢᠬᠦ᠌ ᠬᠦᠴᠦᠷᠬᠡᠭ ᠶᠡᠬᠡ ᠬᠥᠳᠡᠯᠭᠡᠬᠦ᠌ ᠬᠦᠴᠦᠨ ᠪᠣᠯᠭᠠᠨ ᠬᠤᠪᠢᠷᠠᠭᠤᠯᠬᠤ ᠬᠡᠷᠡᠭ᠌ᠲᠡᠢ》 ᠭᠡᠪᠡ᠃

(ᠰᠤᠷᠪᠤᠯᠵᠢᠯᠠᠭ᠍ᠴᠢ ᠹᠸᠩ ᠱᠢᠤᠸᠠᠢ ᠢᠦᠢ ᠢᠦᠢ ᠱᠢᠨ ᠯᠢ ᠶᠠᠩ ᠯᠢᠦ ᠬᠠᠨ ᠱᠢᠤᠸᠠᠢ ᠷᠥ ᠬᠤᠤ ᠵᠢᠶᠠ ᠯᠢ ᠸᠠᠩ ᠬᠤᠤ ᠪᠠᠢ ᠯᠢᠶᠠᠨ ᠭᠤᠤ ᠬᠤᠢ ᠯᠢ ᠶᠦᠩ ᠲᠤᠤ   ᠶᠡᠷᠦᠩᠬᠡᠢᠯᠡᠨ ᠮᠡᠳᠡᠭᠡᠯᠡᠪᠡ )

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号