ᠮᠠᠨ᠎ᠤ ᠤᠷᠤᠨ᠎ᠤ ᠤᠯᠠᠨ ᠰᠤᠷᠤᠭ᠍ᠴᠢ ᠴᠡᠷᠢᠭ ᠠᠩᠬᠢ ᠵᠢ ᠰᠢᠯᠭᠠᠨ ᠦᠵᠡᠬᠦ ᠶᠤᠰᠤᠯᠠᠯ᠎ᠤᠨ ᠵᠢᠭ᠍ᠰᠠᠭᠠᠯ᠎ᠳᠤ ᠣᠷᠣᠯᠴᠠᠪᠠ
2025-09-05 15:55:08
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

2025 ᠣᠨ᠎ᠤ 9 ᠰᠠᠷ᠎ᠠ᠎ᠶᠢᠨ 3᠎ᠤ ᠡᠳᠦᠷ᠎ᠦᠨ ᠦᠳᠡ᠎ᠶᠢᠨ ᠡᠮᠦᠨ᠎ᠡ᠂ ᠪᠡᠭᠡᠵᠢᠩ᠎ᠦᠨ ᠲᠢᠶᠠᠨ ᠠᠨ ᠮᠧᠨ ᠠᠭᠤᠳᠠᠮ ᠲᠠᠯᠠᠪᠠᠶ ᠳᠠᠬᠢᠨᠲᠠ ᠳᠡᠯᠡᠬᠡᠢ ᠳ᠋ᠠᠬᠢᠨ᠎ᠤ ᠠᠩᠬᠠᠷᠤᠯ᠎ᠤᠨ ᠲᠦᠪ ᠪᠣᠯᠪᠠ᠃ ᠡᠨᠳᠡ ᠳᠤᠮᠳᠠᠳᠤ ᠤᠯᠤᠰ᠎ᠤᠨ ᠠᠷᠠᠳ ᠲᠦᠮᠡᠨ᠎ᠦ ᠶᠠᠫᠤᠨ᠎ᠢ ᠡᠰᠡᠷᠭᠦᠴᠡᠬᠦ ᠲᠡᠶ᠋ᠢᠨ ᠵᠢᠴᠢ ᠳᠡᠯᠡᠬᠡᠢ᠎ᠶᠢᠨ ᠹᠠᠱ᠌ᠢᠰ᠎ᠢ ᠡᠰᠡᠷᠭᠦᠴᠡᠬᠦ ᠲᠡᠶ᠋ᠢᠨ ᠢᠯᠠᠯᠲᠠ ᠣᠯᠣᠭᠰᠠᠨ 80 ᠵᠢᠯ᠎ᠦᠨ ᠣᠶ᠎ᠶᠢ ᠳᠤᠷᠠᠰᠬᠠᠬᠤ ᠶᠡᠬᠡ ᠬᠤᠷᠠᠯ ᠦᠪᠡᠳᠡᠭᠰᠢ ᠶᠡᠬᠡ᠎ᠪᠡᠷ ᠶᠠᠪᠤᠭᠳᠠᠭᠰᠠᠨ ᠪᠥᠭᠡᠳ ᠴᠡᠷᠢᠭ ᠠᠩᠬᠢ ᠵᠢ ᠰᠢᠯᠭᠠᠨ ᠦᠵᠡᠬᠦ ᠶᠣᠰᠣᠯᠠᠯ ᠶᠠᠪᠤᠭᠤᠯᠤᠯ᠎ᠠ᠃


QQ截图20250224163936.png


ᠮᠠᠨ᠎ᠤ ᠤᠷᠤᠨ᠎ᠤ ᠡᠳᠡᠭᠡᠷ ᠰᠤᠷᠤᠭ᠍ᠴᠢᠳ ᠢᠷᠠᠭᠤ ᠠᠯᠳᠠᠷᠳᠠᠢ ᠪᠡᠷ ᠴᠡᠷᠢᠭ᠎ᠠᠩᠬᠢ ᠵᠢ ᠰᠢᠯᠭᠠᠨ ᠦᠵᠡᠬᠦ ᠶᠤᠰᠤᠯᠠᠯ᠎ᠤᠨ ᠵᠢᠭᠰᠠᠭᠠᠯ᠎ᠳᠦ ᠣᠷᠣᠯᠴᠠᠪᠠ᠃

ᠰᠠᠢᠨ᠎ᠠ᠄ ᠥᠪᠥᠷ ᠮᠣᠩᠭᠣᠯ᠎ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠶᠡᠬᠡ ᠰᠤᠷᠭᠠᠭᠤᠯᠢ

 ᠴᠡᠷᠢᠭ ᠠᠩᠬᠢ ᠵᠢ ᠰᠢᠯᠭᠠᠨ ᠦᠵᠡᠬᠦ ᠦᠪᠡᠳᠡᠭᠰᠢ ᠶᠣᠰᠣᠯᠠᠯ ᠳᠡᠭᠡᠷ᠎ᠡ᠂ ᠥᠪᠥᠷ ᠮᠣᠩᠭᠣᠯ᠎ᠤᠨ ᠰᠢᠨᠵᠢᠯᠡᠬᠦ ᠤᠬᠠᠭᠠᠨ ᠲᠸᠭ᠌ᠨᠢᠢᠠ᠋ ᠮᠡᠷᠭᠡᠵᠢᠯ᠎ᠦᠨ ᠶᠡᠬᠡ ᠰᠤᠷᠭᠠᠭᠤᠯᠢ᠎ᠶᠢᠨ ᠰᠠᠢ᠍ᠢᠨ᠎ᠠ ᠶᠠᠪᠠᠭᠠᠨ ᠵᠢᠭ᠍ᠰᠠᠭᠠᠯ᠎ᠤᠨ ᠡᠩᠨᠡᠭᠡ ᠵᠢᠨ ᠮᠡᠳᠡᠭᠡ ᠵᠠᠩᠭᠢ ᠵᠢᠨ ᠲᠤᠰᠠᠯᠠᠬᠤ ᠴᠡᠷᠢᠭ ᠎ᠤᠨ ᠵᠢᠬᠰᠠᠭᠠᠯ᠎ᠳ᠋ᠡᠬᠢ ᠨᠢᠭᠡ ᠭᠡᠰᠢᠭᠦᠨ᠎ᠤ ᠬᠤᠪᠢ᠎ᠪᠡᠷ᠂ ᠲᠥᠪ ᠠᠯᠬᠤᠭ᠎ᠠ᠎ᠪᠠᠷ ᠲᠢᠶᠠᠨ ᠠᠨ ᠮᠸᠨ ᠠᠭᠤᠳᠠᠮ ᠲᠠᠯᠠᠪᠠᠢ᠎ᠪᠠᠷ ᠥᠩᠭᠡᠷᠡᠵᠦ᠂ ᠨᠠᠮ ᠪᠣᠯᠣᠨ ᠠᠷᠠᠳ ᠲᠦᠮᠡᠨ᠎ᠦ ᠰᠢᠯᠭᠠᠨ ᠦᠵᠡᠬᠦ᠎ᠶᠢ ᠢᠷᠠᠭᠤ ᠠᠯᠳᠠᠷᠲᠠᠢ᠎ᠪᠠᠷ ᠭᠥᠯᠢᠶᠡᠵᠡᠢ᠃



QQ截图20250731161406.png 


ᠴᠧᠨ ᠰᠢᠶᠠᠩ ᠵᠢᠶᠦ᠋ᠨ᠄ ᠥᠪᠥᠷ ᠮᠣᠩᠭᠣᠯ᠎ᠤᠨ ᠲᠠᠷᠢᠶᠠᠯᠠᠩ᠎ᠤᠨ ᠶᠡᠬᠡ ᠰᠤᠷᠭᠠᠭᠤᠯᠢ

ᠥᠪᠥᠷ ᠮᠣᠩᠭᠣᠯ᠎ᠤᠨ ᠲᠠᠷᠢᠶᠠᠯᠠᠩ᠎ᠤᠨ ᠶᠡᠬᠡ ᠰᠤᠷᠭᠠᠭᠤᠯᠢ᠎ᠶᠢᠨ ᠴᠧᠨ ᠰᠢᠶᠠᠩ ᠵᠢᠶᠦ᠋ᠨ᠂ ᠴᠡᠷᠢᠭ᠎ᠦᠨ ᠠᠯᠪᠠ ᠬᠠᠭᠠᠵᠤ ᠪᠠᠢᠬᠤ ᠬᠤᠭᠤᠴᠠᠭᠠᠨ᠎ᠳᠠᠭᠠᠨ 《ᠶᠣᠰᠣᠯᠠᠯ ᠠᠮᠢ ᠨᠠᠰᠤ᠎ᠠᠴᠠ ᠴᠢᠬᠤᠯᠠ᠂ ᠦᠢᠯᠡᠰ ᠵᠠᠯᠠᠭᠤ ᠨᠠᠰᠤ᠎ᠠᠴᠠ ᠡᠷᠬᠢᠮ》 ᠭᠡᠬᠦ ᠢᠲᠡᠭᠡᠯ ᠪᠢᠰᠢᠷᠡᠯ᠎ᠢ ᠡᠪᠦᠷᠯᠡᠨ᠂ ᠶᠣᠰᠣᠯᠠᠯ᠎ᠤᠨ ᠡᠭᠦᠷᠭᠡ᠎ᠶᠢ 20 ᠭᠠᠷᠤᠢ ᠤᠳᠠᠭ᠎ᠠ ᠠᠮᠵᠢᠯᠲᠠ᠎ᠲᠠᠢ ᠪᠡᠶᠡᠯᠡᠭᠦᠯᠵᠦ᠂ ᠳᠤᠮᠳᠠᠳᠤ ᠤᠯᠤᠰ᠎ᠤᠨ ᠴᠡᠷᠢᠭ ᠬᠥᠮᠥᠨ᠎ᠦ ᠴᠤᠭ ᠵᠢᠪᠬᠤᠭ᠎ᠠ᠎ᠶᠢ ᠢᠯᠡᠷᠡᠭᠦᠯᠪᠡ᠃


QQ截图20250825102216.png

 

ᠺᠧᠦ ᠰᠢᠶᠣᠣ ᠴᠢᠩ᠄ ᠥᠪᠥᠷ ᠮᠣᠩᠭᠣᠯ᠎ᠤᠨ ᠲᠠᠷᠢᠶᠠᠯᠠᠩ᠎ᠤᠨ ᠶᠡᠬᠡ ᠰᠤᠷᠭᠠᠭᠤᠯᠢ

ᠥᠪᠥᠷ ᠮᠣᠩᠭᠣᠯ᠎ᠤᠨ ᠲᠠᠷᠢᠶᠠᠯᠠᠩ᠎ᠤᠨ ᠶᠡᠬᠡ ᠰᠤᠷᠭᠠᠭᠤᠯᠢ ᠶ᠋ᠢᠨ ᠺᠸᠤ ᠰᠢᠶᠣᠣ ᠴᠢᠩ ᠶᠣᠰᠣᠯᠠᠯ᠎ᠤᠨ ᠴᠡᠷᠢᠭ ᠪᠣᠯᠤᠭᠰᠠᠨ᠎ᠤ ᠬᠤᠪᠢ᠎ᠳᠤ᠂ ᠲᠡᠷᠡ ᠲᠢᠶᠠᠨ ᠠᠨ ᠮᠧᠨ ᠠᠭᠤᠳᠠᠮ ᠲᠠᠯᠠᠪᠠᠶ ᠳᠡᠭᠡᠷ᠎ᠡ ᠵᠣᠭᠰᠣᠵᠤ᠂ ᠶᠡᠷᠦᠩᠬᠡᠢ ᠱᠦᠵᠢ ᠰᠢ᠎ᠶᠢᠨ ᠫᠢᠩ᠎ᠦᠨ ᠭᠠᠳᠠᠭᠠᠳᠤ᠎ᠶᠢᠨ ᠵᠣᠴᠢᠳ᠎ᠢ ᠭᠥᠯᠢᠶᠡᠨ ᠠᠪᠴᠤ ᠪᠠᠢᠭ᠎ᠠ ᠪᠠᠢᠳᠠᠯ᠎ᠢ ᠨᠢᠳᠦ᠎ᠪᠡᠷ᠎ᠢᠶᠡᠨ ᠬᠠᠷᠠᠭᠰᠠᠨ ᠪᠠᠢᠨ᠎ᠠ᠃ ᠴᠡᠷᠢᠭ᠎ᠡᠴᠡ ᠬᠠᠯᠠᠭᠳᠠᠵᠤ ᠰᠤᠷᠤᠯᠭ᠎ᠠ᠎ᠪᠠᠨ ᠰᠡᠷᠭᠦᠭᠡᠭᠰᠡᠨ᠎ᠦ ᠳᠠᠷᠠᠭ᠎ᠠ᠂ ᠲᠡᠷᠡ ᠨᠢᠭᠡ ᠰᠡᠳᠬᠢᠯ᠎ᠢᠶᠡᠷ ᠰᠤᠷᠤᠯᠭ᠎ᠠ᠎ᠳᠠᠭᠠᠨ ᠰᠢᠮᠳᠠᠬᠤ ᠎ᠶᠢᠨ ᠬᠠᠮᠲᠤ᠂ ᠤᠯᠤᠰ᠎ᠤᠨ ᠪᠠᠲᠤᠯᠠᠨ ᠬᠠᠮᠠᠭᠠᠯᠠᠯᠲᠠ᠎ᠶᠢᠨ ᠰᠤᠷᠭᠠᠨ ᠬᠥᠮᠦᠵᠢᠯ᠎ᠦᠨ ᠠᠵᠢᠯᠯᠠᠭ᠎ᠠ᠎ᠳᠤ ᠢᠳᠡᠪᠬᠢᠲᠡᠢ ᠣᠷᠣᠯᠴᠠᠵᠤ᠂ ᠴᠡᠷᠢᠭ ᠬᠥᠮᠥᠨ᠎ᠦ ᠵᠣᠷᠢᠭ᠋ ᠰᠠᠨᠠᠭ᠎ᠠ᠎ᠶᠢ ᠵᠠᠯᠭᠠᠮᠵᠢᠯᠠᠨ᠎ᠠ᠃


QQ截图20250825102238.png


ᠸᠠᠩ ᠵᠦᠸᠸ ᠶᠠ᠄ ᠣᠷᠳᠣᠰ᠎ᠤᠨ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ

ᠡᠷᠦᠬᠡ᠎ᠶᠢᠨ ᠴᠡᠷᠢᠭ᠎ᠦᠨ ᠵᠢᠬᠰᠠᠭᠠᠯ᠎ᠤᠨ ᠡᠩᠨᠡᠭᠡ ᠵᠢᠨ ᠨᠢᠭᠡ ᠭᠡᠰᠢᠭᠦᠨ ᠪᠣᠯᠤᠭᠰᠠᠨ᠎ᠤ ᠬᠤᠪᠢ᠎ᠳᠤ᠂ ᠣᠷᠳᠣᠰ᠎ᠤᠨ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ᠎ᠠᠴᠠ ᠲᠡᠭᠦᠰᠦᠭᠰᠡᠨ ᠸᠠᠩ ᠵᠦᠸᠸ ᠶᠠ ᠢᠳᠡᠷᠡᠭᠦᠨ ᠠᠯᠬᠤᠭ᠎ᠠ᠎ᠪᠠᠷ ᠲᠢᠶᠠᠨ ᠠᠨ ᠮᠧᠨ ᠠᠭᠤᠳᠠᠮ ᠲᠠᠯᠠᠪᠠᠶ᠎ᠪᠠᠷ ᠥᠩᠭᠡᠷᠡᠵᠦ ᠨᠠᠮ ᠪᠠ ᠠᠷᠠᠳ ᠲᠦᠮᠡᠨ᠎ᠦ ᠰᠢᠯᠭᠠᠨ ᠦᠵᠡᠬᠦ᠎ᠶᠢ ᠬᠦᠯᠢᠶᠡᠪᠠ᠃



QQ截图20250828104401.png

 

ᠪᠠᠢ ᠵᠢᠩ᠄ ᠥᠪᠥᠷ ᠮᠣᠩᠭᠣᠯ᠎ᠤᠨ ᠶᠡᠬᠡ ᠰᠤᠷᠭᠠᠭᠤᠯᠢ᠎ᠶᠢᠨ ᠦᠢᠯᠡᠰ ᠪᠣᠰᠬᠠᠬᠤ ᠳᠡᠭᠡᠳᠦ ᠰᠤᠷᠭᠠᠭᠤᠯᠢ

ᠥᠪᠥᠷ ᠮᠣᠩᠭᠣᠯ᠎ᠤᠨ ᠶᠡᠬᠡ ᠰᠤᠷᠭᠠᠭᠤᠯᠢ᠎ᠶᠢᠨ ᠦᠢᠯᠡᠰ ᠪᠣᠰᠬᠠᠬᠤ ᠳᠡᠭᠡᠳᠦ ᠰᠤᠷᠭᠠᠭᠤᠯᠢ᠎ᠶᠢᠨ ᠪᠠᠢ ᠵᠢᠩ ᠡᠷᠦᠭᠡ᠎ᠶᠢᠨ ᠴᠡᠷᠢᠭ᠎ᠦᠨ ᠬᠤᠪᠢ᠎ᠪᠠᠷ ᠲᠤᠰ ᠤᠳᠠᠭ᠎ᠠ᠎ᠶᠢᠨ ᠴᠡᠷᠢᠭ ᠠᠩᠬᠢ ᠵᠢ ᠰᠢᠯᠭᠠᠨ ᠦᠵᠡᠬᠦ ᠎ᠳᠦ ᠢᠷᠠᠭᠤ ᠠᠯᠳᠠᠷᠲᠠᠢ᠎ᠪᠠᠷ ᠣᠷᠣᠯᠴᠠᠪᠠ᠂ ᠲᠡᠷᠡ ᠠᠭᠠᠬᠢᠮ᠎ᠠ ᠬᠠᠯᠠᠭᠤᠨ᠂ ᠰᠠᠯᠬᠢ ᠪᠣᠷᠣᠭᠠᠨ ᠎ᠢ ᠬᠠᠢᠬᠤᠷᠤᠯ ᠦᠭᠡᠢ ᠢᠮᠠᠭᠲᠠ ᠥᠨᠳᠥᠷ ᠪᠠᠷᠢᠮᠵᠢᠶ᠎ᠠ᠂ ᠴᠢᠩᠭ᠎ᠠ ᠱᠠᠭᠠᠷᠳᠠᠯᠭ᠎ᠠ ᠪᠡᠷ ᠪᠡᠶ᠎ᠡ ᠪᠠᠨ ᠱᠠᠭᠠᠷᠳᠠᠵᠦ᠂ ᠬᠦᠳᠡᠯᠭᠡᠭᠡᠨ ᠵᠢᠡᠨ ᠠᠳᠠᠯᠢ ᠵᠢᠭᠳᠡ᠂ ᠵᠦᠪ ᠣᠨᠣᠪᠴᠢᠲᠠᠢ ᠬᠢᠬᠦ ᠵᠢ ᠪᠠᠷᠢᠮᠳᠠᠯᠠᠭᠰᠠᠭᠠᠷ ᠢᠷᠡᠵᠡᠢ᠃


QQ截图20250828104424.png

 

ᠯᠢᠦ ᠶ᠋ᠢᠨ ᠫᠸᠩ᠄ ᠥᠪᠥᠷ ᠮᠣᠩᠭᠣᠯ᠎ᠤᠨ ᠬᠢᠮᠢ᠎ᠶᠢᠨ ᠠᠵᠤ ᠦᠢᠯᠡᠳᠪᠦᠷᠢ᠎ᠶᠢᠨ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ

ᠥᠪᠥᠷ ᠮᠣᠩᠭᠣᠯ᠎ᠤᠨ ᠬᠢᠮᠢ᠎ᠶᠢᠨ ᠠᠵᠤ ᠦᠢᠯᠡᠳᠪᠦᠷᠢ᠎ᠶᠢᠨ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ᠎ᠠᠴᠠ ᠲᠡᠭᠦᠰᠦᠭᠰᠡᠨ ᠯᠢᠦ ᠶ᠋ᠢᠨ ᠫᠸᠩ ᠶᠡᠬᠡ ᠰᠤᠷᠭᠠᠭᠤᠯᠢ᠎ᠪᠠᠨ ᠲᠡᠭᠦᠰᠦᠭᠰᠡᠨ᠎ᠦ ᠳᠠᠷᠠᠭ᠎ᠠ ᠡᠷᠡᠰ ᠰᠢᠭᠤᠷᠬᠠᠢ᠎ᠪᠠᠷ ᠴᠡᠷᠢᠭ᠎ᠲᠦ ᠣᠷᠣᠵᠤ᠂ ᠥᠪᠡᠷ᠎ᠦᠨ ᠴᠢᠷᠮᠠᠢᠯᠭ᠎ᠠ ᠪᠠ ᠭᠠᠷᠮᠠᠭᠠᠢ ᠢᠯᠡᠷᠡᠯ᠎ᠢᠶᠡᠷ᠎ᠢᠶᠡᠨ ᠶᠢᠰᠦᠨ ᠰᠠᠷ᠎ᠠ ᠵᠢᠨ ᠭᠤᠷᠪᠠᠨ᠎ᠤ ᠴᠡᠷᠢᠭ᠎ᠦᠨ ᠵᠢᠭ᠍ᠰᠠᠭᠠᠯ ᠎ᠳᠤ ᠠᠮᠵᠢᠯᠲᠠ᠎ᠲᠠᠢ ᠰᠣᠩᠭᠣᠭᠳᠠᠪᠠ᠃


QQ截图20250731161406.png

 

ᠬᠤᠸ᠋ ᠷᠦ᠍ ᠵᠢᠨᠭ᠄ ᠦᠬᠠᠢ ᠬᠣᠲᠠ᠎ᠶᠢᠨ ᠵᠢᠷᠭᠤᠳᠤᠭᠠᠷ ᠳᠤᠮᠳᠠᠳᠤ ᠰᠤᠷᠭᠠᠭᠤᠯᠢ

ᠦᠬᠠᠢ ᠬᠣᠲᠠ᠎ᠶᠢᠨ ᠵᠢᠷᠭᠤᠳᠤᠭᠠᠷ ᠳᠤᠮᠳᠠᠳᠤ ᠰᠤᠷᠭᠠᠭᠤᠯᠢ᠎ᠳᠤ ᠰᠤᠷᠤᠯᠴᠠᠵᠤ ᠪᠠᠢᠭ᠎ᠠ ᠬᠤᠸ᠋ ᠷᠦ᠍ ᠵᠢᠨᠭ 7 ᠰᠠᠷ᠎ᠠ᠎ᠶᠢᠨ ᠬᠤᠭᠤᠴᠠᠭ᠎ᠠ ᠲᠠᠢ ᠰᠢᠷᠭᠠᠭᠤ ᠪᠣᠯᠪᠠᠰᠤᠷᠠᠯ ᠬᠢᠵᠦ᠂ ᠴᠡᠷᠢᠭ᠎ᠦᠨ ᠬᠤᠪᠴᠠᠰᠤ ᠨᠢ ᠬᠥᠯᠥᠰᠦᠨ᠎ᠳᠦ ᠲᠡᠪᠲᠦᠵᠦ᠂ ᠢᠲᠡᠭᠡᠯ ᠵᠣᠷᠢᠭ᠋ ᠨᠢ ᠤᠯᠠᠮ ᠪᠠᠲᠤᠵᠢᠪᠠ᠃ ᠲᠡᠷᠡ ᠤᠲᠠᠰᠤ᠎ᠪᠠᠷ ᠭᠡᠷ᠎ᠦᠨ ᠬᠥᠮᠥᠰ᠎ᠲᠡᠬᠡᠨ᠄《ᠴᠡᠷᠢᠭ᠎ᠠᠩᠬᠢ ᠵᠢ ᠰᠢᠯᠭᠠᠨ ᠦᠵᠡᠬᠦ ᠶᠣᠰᠣᠯᠠᠯ᠎ᠳᠤ ᠣᠷᠣᠯᠴᠠᠬᠤ ᠪᠣᠯ ᠬᠢᠵᠠᠭᠠᠯᠠᠰᠢ ᠦᠭᠡᠢ ᠶᠡᠬᠡ ᠢᠷᠠᠭᠤ ᠠᠯᠳᠠᠷ ᠮᠥᠨ᠂ ᠬᠡᠳᠦᠢ ᠶᠠᠳᠠᠷᠠᠵᠦ ᠵᠦᠳᠡᠷᠡᠯ᠎ᠡ ᠭᠡᠳ ᠯᠠᠪᠲᠠᠢ ᠪᠠᠷᠢᠮᠲᠠᠯᠠᠨ᠎ᠠ》 ᠭᠡᠵᠦ ᠶᠠᠷᠢᠵᠦ ᠪᠠᠢᠯ᠎ᠠ᠃


QQ截图20240904155222.png


ᠡᠭᠦᠨ ᠡᠴᠡ ᠭᠠᠳᠠᠨ᠎ᠠ ᠮᠠᠨ᠎ᠤ ᠤᠷᠤᠨ ᠡᠴᠡ ᠰᠢᠯᠢᠳᠡᠭ ᠪᠠᠭ᠍ᠰᠢ᠎ᠶᠢᠨ ᠲᠥᠯᠥᠭᠡᠯᠡᠭᠴᠢ ᠪᠡᠷ ᠯᠠᠩ ᠸᠠᠨ ᠰᠢ᠂ ᠴᠢ ᠵᠢᠶᠠᠨ ᠯᠢ ᠬᠤᠶᠠᠷ ᠪᠠᠭᠰᠢ ᠤᠷᠢᠯᠭ᠎ᠠ᠎ᠪᠠᠷ ᠲᠤᠬᠠᠢ᠎ᠶᠢᠨ ᠲᠠᠯᠠᠪᠠᠢ᠎ᠳᠤ ᠶᠣᠰᠣᠯᠠᠯ᠎ᠢ ᠦᠵᠡᠪᠡ᠃

ᠯᠠᠩ ᠸᠠᠨ ᠰᠢ᠂ ᠬᠥᠬᠡᠬᠣᠲᠠ᠎ᠶᠢᠨ ᠲᠦᠮᠡᠳ ᠵᠡᠭᠦᠨ ᠬᠣᠰᠢᠭᠤᠨ᠎ᠤ ᠱᠠ ᠡᠯ ᠶᠢᠩ ᠭᠣᠣᠯ ᠰᠤᠷᠭᠠᠭᠤᠯᠢ᠎ᠶᠢᠨ ᠪᠠᠭ᠍ᠰᠢ᠂ ᠪᠦᠬᠦ ᠤᠯᠤᠰ᠎ᠤᠨ ᠵᠢᠱ᠌ᠢᠶᠡᠴᠢ ᠪᠠᠭ᠍ᠰᠢ᠃ ᠯᠠᠩ ᠸᠠᠨ ᠰᠢ ᠬᠥᠳᠡᠭᠡ ᠲᠣᠰᠬᠣᠨ᠎ᠤ ᠰᠤᠷᠭᠠᠨ ᠬᠥᠮᠦᠵᠢᠯ᠎ᠦᠨ ᠦᠢᠯᠡᠰ᠎ᠲᠦ ᠬᠠᠲᠠᠭᠤᠵᠢᠯᠲᠠᠢ ᠵᠢᠳᠭᠦᠵᠦ᠂ ᠴᠢᠳᠠᠪᠤᠷᠢ ᠳ᠋ᠤᠨᠢ ᠲᠣᠬᠢᠷᠠᠭᠤᠯᠤᠨ ᠵᠢᠭᠠᠨ ᠰᠤᠷᠭᠠᠵᠦ᠂ ᠬᠡᠦᠬᠡᠳ ᠨᠢᠭᠡᠪᠦᠷᠢ᠎ᠶᠢᠨ ᠥᠪᠡᠷᠮᠢᠴᠡ ᠬᠥᠭᠵᠢᠯᠲᠡ᠎ᠶᠢ ᠴᠢᠬᠤᠯᠠᠴᠢᠯᠠᠳᠠᠭ᠃ ᠱᠠ ᠡᠯ ᠶᠢᠩ ᠭᠣᠣᠯ ᠰᠤᠷᠭᠠᠭᠤᠯᠢ ᠪᠣᠯ ᠪᠠᠢᠷᠢ᠎ᠳᠤ ᠰᠠᠭᠤᠬᠤ ᠳᠦᠷᠢᠮᠲᠦ ᠬᠥᠳᠡᠭᠡ ᠵᠢᠨ ᠰᠤᠷᠭᠠᠭᠤᠯᠢ ᠪᠣᠯᠣᠨ᠎ᠠ᠂ ᠰᠤᠷᠤᠭ᠍ᠴᠢᠳ᠎ᠤᠨ ᠬᠡᠪ ᠴᠢᠨᠠᠷ ᠠᠳᠠᠯᠢ ᠦᠭᠡᠢ᠂ ᠯᠠᠩ ᠸᠠᠨ ᠰᠢ ᠪᠠᠭ᠍ᠰᠢ ᠬᠠᠢᠷ᠎ᠠ᠎ᠪᠠᠨ ᠪᠦᠬᠦ ᠰᠤᠷᠤᠭ᠍ᠴᠢ᠎ᠳᠠᠭᠠᠨ ᠵᠣᠷᠢᠭᠤᠯᠵᠤ᠂ ᠰᠤᠷᠭᠠᠭᠤᠯᠢ᠎ᠪᠠᠷ ᠭᠡᠷ ᠵᠢᠡᠨ ᠪᠣᠯᠭᠠᠨ᠂ ᠬᠦᠴᠢᠷᠳᠡᠯᠳᠡᠢ ᠰᠤᠷᠤᠭ᠍ᠴᠢᠳ᠎ᠢ ᠬᠠᠮᠢᠶᠠᠷᠴᠤ ᠬᠠᠪᠰᠤᠷᠤᠨ ᠲᠡᠳᠬᠦᠪᠡ᠃ ᠲᠡᠷᠡ ᠶᠣᠰᠣ᠌ ᠰᠤᠷᠲᠠᠬᠤᠨ᠎ᠢᠶᠠᠷ ᠪᠡᠶ᠎ᠡ᠎ᠪᠡᠨ ᠵᠠᠰᠠᠬᠤ᠂ ᠶᠣᠰᠣ᠌ ᠰᠤᠷᠲᠠᠬᠤᠨ᠎ᠢᠶᠠᠷ ᠰᠤᠷᠭᠠᠭᠤᠯᠢ ᠪᠠᠶ᠋ᠢᠭᠤᠯᠬᠤ᠂ ᠶᠣᠰᠣ᠌ ᠰᠤᠷᠲᠠᠬᠤᠨ᠎ᠢᠶᠠᠷ ᠵᠢᠭᠠᠨ ᠰᠤᠷᠭᠠᠬᠤ᠎ᠶᠢ ᠢᠮᠠᠭᠲᠠ ᠪᠠᠷᠢᠮᠲᠠᠯᠠᠵᠤ᠂ ᠭᠡᠪ ᠪᠣᠯᠪᠠᠰᠤᠷᠠᠯ ᠪᠠ ᠵᠢᠭᠠᠨ ᠰᠤᠷᠭᠠᠬᠤ ᠴᠢᠳᠠᠪᠤᠷᠢ᠎ᠪᠠᠨ ᠲᠠᠰᠤᠷᠠᠯᠲᠠ ᠦᠭᠡᠢ ᠳᠡᠭᠡᠭᠰᠢᠯᠡᠭᠦᠯᠦᠭᠰᠡᠭᠡᠷ ᠢᠷᠡᠵᠡᠢ᠃



QQ截图20250731161406.png 

 

ᠴᠢ ᠵᠢᠶᠠᠨ ᠯᠢ᠂ ᠰᠢᠯᠢ᠎ᠶᠢᠨ ᠭᠣᠣᠯ ᠠᠢᠮᠠᠭ᠎ᠤᠨ ᠬᠣᠶᠠᠳᠤᠭᠠᠷ ᠳᠤᠮᠳᠠᠳᠤ ᠰᠤᠷᠭᠠᠭᠤᠯᠢ᠎ᠶᠢᠨ ᠪᠠᠭ᠍ᠰᠢ᠂ ᠪᠦᠬᠦ ᠤᠯᠤᠰ᠎ᠤᠨ ᠵᠢᠱ᠌ᠢᠶᠡᠴᠢ ᠪᠠᠭ᠍ᠰᠢ᠃ ᠳᠤᠮᠳᠠᠳᠤ ᠪᠠᠭ᠎ᠠ ᠰᠤᠷᠭᠠᠭᠤᠯᠢ᠎ᠶᠢᠨ ᠦᠵᠡᠯ ᠰᠠᠨᠠᠭ᠎ᠠ ᠤᠯᠤᠰ ᠲᠦᠷᠦ᠎ᠶᠢᠨ ᠬᠢᠴᠢᠶᠡᠯ᠎ᠦᠨ ᠪᠠᠭ᠍ᠰᠢ ᠪᠣᠯᠤᠭᠰᠠᠨ᠎ᠤ ᠬᠤᠪᠢ᠎ᠳᠤ᠂ ᠲᠡᠷᠡ 《ᠬᠥᠮᠥᠨ ᠬᠥᠮᠥᠵᠢᠭᠦᠯᠬᠦ ᠵᠢᠨ ᠬᠠᠢᠷ᠎ᠠ ᠡᠨᠡᠷᠢᠯ᠂ ᠤᠨᠤᠯ᠎ᠤᠨ ᠭᠦᠨᠴᠡ᠂ ᠤᠯᠤᠰ ᠲᠦᠷᠦ᠎ᠶᠢᠨ ᠥᠨᠳᠥᠷᠴᠡ》 ᠲᠠᠢ ᠦᠵᠡᠯ ᠰᠠᠨᠠᠭ᠎ᠠ ᠤᠯᠤᠰ ᠲᠦᠷᠦ᠎ᠶᠢᠨ ᠬᠢᠴᠢᠶᠡᠯ᠎ᠤᠷᠤᠬᠤ᠎ᠪᠠᠷ ᠴᠢᠷᠮᠠᠢᠭᠰᠠᠭᠠᠷ ᠢᠷᠡᠵᠡᠢ᠃ ᠴᠢ ᠵᠢᠶᠠᠨ ᠯᠢ ᠪᠠᠭ᠍ᠰᠢ 34 ᠵᠢᠯ ᠪᠠᠭᠰᠢᠯᠠᠵᠤ᠂ ᠥᠷᠭᠡᠨ ᠳᠡᠯᠭᠡᠷ ᠮᠡᠳᠡᠯᠭᠡ᠎ᠪᠡᠷ ᠰᠤᠷᠤᠭ᠍ᠴᠢ ᠪᠠᠨ ᠰᠤᠷᠭᠠᠵᠦ᠂ ᠡᠷᠬᠢᠮ ᠳᠡᠭᠡᠳᠦ ᠵᠠᠩ ᠮᠣᠷᠠᠯ᠎ᠢᠶᠠᠷ ᠰᠤᠷᠤᠭ᠍ᠴᠢ᠎ᠪᠠᠨ ᠬᠥᠮᠥᠵᠢᠭᠦᠯᠵᠦ᠂ ᠴᠤᠭ ᠪᠠᠳᠠᠷᠠᠩᠭᠤᠢ ᠵᠣᠷᠢᠭ᠋ ᠰᠠᠨᠠᠭ᠎ᠠ᠎ᠪᠠᠷ ᠰᠤᠷᠤᠭ᠍ᠴᠢ᠎ᠪᠠᠨ ᠨᠥᠯᠥᠭᠡᠯᠡᠵᠦ᠂ ᠡᠷᠳᠡᠮ ᠮᠡᠳᠡᠯᠭᠡ ᠰᠤᠷᠴᠤ᠂ ᠬᠥᠮᠥᠨ ᠪᠣᠯᠬᠤ᠎ᠶᠢ ᠰᠤᠷᠭᠠᠳᠠᠭ᠃


QQ截图20250825102216.png

 

ᠴᠡᠷᠢᠭ᠎ᠠᠩᠬᠢ ᠵᠢ ᠰᠢᠯᠭᠠᠨ ᠦᠵᠡᠬᠦ ᠶᠣᠰᠣᠯᠠᠯ᠎ᠳᠤ ᠣᠷᠣᠯᠴᠠᠭᠰᠠᠨ ᠬᠣᠶᠠᠷ ᠪᠠᠭ᠍ᠰᠢ ᠮᠠᠰᠢ ᠠᠵᠠ᠎ᠲᠠᠢ ᠰᠠᠨᠠᠭᠳᠠᠵᠤ᠂ ᠡᠨᠡ ᠤᠳᠠᠭ᠎ᠠ᠎ᠶᠢᠨ ᠴᠡᠷᠢᠭ᠎ᠠᠩᠬᠢ ᠵᠢ ᠰᠢᠯᠭᠠᠨ ᠦᠵᠡᠬᠦ ᠠᠵᠢᠯᠯᠠᠭ᠎ᠠ ᠨᠢ ᠲᠡᠦᠬᠡ᠎ᠶᠢ ᠡᠷᠭᠢᠴᠡᠭᠦᠯᠦᠭᠰᠡᠨ ᠲᠡᠳᠦᠢ ᠪᠢᠰᠢ᠂ ᠨᠡᠩ ᠴᠤ᠌ ᠢᠷᠡᠭᠡᠳᠦᠢ᠎ᠶᠢ ᠪᠠᠷᠠᠯᠠᠭᠰᠠᠨ ᠶᠤᠮ ᠭᠡᠵᠦ ᠢᠯᠡᠳᠬᠡᠵᠡᠬᠡᠪᠡ᠃

ᠢᠷᠡᠯᠲᠡ᠄ ᠦᠪᠦᠷ ᠮᠤᠨᠭᠭᠤᠯ᠎ᠤᠨ ᠰᠤᠷᠭᠠᠨ ᠬᠦᠮᠦᠵᠢᠯ ᠨᠡᠢᠲᠡᠯᠡᠯ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号