ᠶᠡᠬᠡ ᠬᠢᠩᠭᠠᠨ ᠳᠠᠪᠠᠭ᠎ᠠ᠎ᠶᠢᠨ ᠣᠶ ᠰᠢᠭᠤᠶ᠎ᠶᠢᠨ ᠳᠣᠲᠣᠭᠠᠳᠤ᠎ᠶᠢ
ᠬᠠᠮᠠᠭᠠᠯᠠᠬᠤ ᠪᠠᠶ᠋ᠢᠭᠤᠯᠭ᠎ᠠ᠎ᠵᠢᠨ ᠭᠤᠤᠯᠳᠠᠯᠭ᠎ᠠ᠎ᠲᠠᠶ ᠤᠯᠤᠰ᠎ᠤᠨ ᠥᠮᠴᠢᠯᠡᠯ᠎ᠳᠤ ᠰᠢᠭᠤᠶ᠋ᠢᠲᠤ᠌ ᠣᠷᠣᠨ᠎ᠤ
ᠨᠤᠲᠤᠭ ᠪᠡᠯᠴᠢᠭᠡᠷ᠎ᠲᠤ ᠵᠠᠰᠠᠭ
ᠵᠠᠬᠢᠷᠭᠠᠨ᠎ᠤ ᠰᠢᠢᠳᠬᠡᠨ ᠲᠣᠷᠭᠠᠬᠤ ᠡᠷᠬᠡ ᠬᠡᠷᠡᠭᠵᠢᠭᠦᠯᠬᠦ
ᠳᠦ ᠡᠷᠭᠡ ᠤᠯᠭᠤᠬᠤ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ
ᠣᠷᠳᠣᠨ᠎ᠤ ᠲᠣᠭᠲᠠᠭᠠᠯ
ᠥᠪᠥᠷ ᠮᠤᠡᠭᠭᠤᠯ᠎ᠤᠨ ᠦᠪᠡᠷᠳᠡᠭᠡᠨ ᠵᠠᠰᠠᠬᠤ
ᠤᠷᠤᠨ᠎ᠤ ᠵᠠᠰᠠᠭ᠎ᠤᠨ ᠤᠷᠳᠤᠨ᠎ᠤ ᠲᠠᠷᠬᠠᠭᠠᠬᠰᠠᠨ
[2025] 17᠎ᠳᠤᠭᠠᠷ ᠲᠣᠭᠠᠲᠤ᠌
ᠡᠯ᠎ᠡ ᠠᠶ᠋ᠢᠮᠠᠭ᠎ᠤᠨ ᠵᠠᠬᠢᠷᠭ᠎ᠠ᠂ ᠬᠣᠲᠠ᠎ᠶᠢᠨ ᠠᠷᠠᠳ᠎ᠤᠨ
ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂
ᠡᠯ᠎ᠡ ᠲᠤᠮᠦ᠍ ᠠᠵᠤ ᠠᠬᠤᠶ᠋ᠢᠯᠠᠯ᠂ ᠠᠵᠢᠯ ᠦᠢᠯᠡᠰ᠎ᠦᠨ ᠨᠢᠭᠡᠴᠢ᠎ᠳᠦ᠄
《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ
ᠵᠠᠰᠠᠭ ᠵᠠᠬᠢᠷᠭᠠᠨ᠎ᠤ ᠰᠢᠢᠳᠬᠡᠯ ᠲᠣᠷᠭᠠᠭᠤᠯᠢ᠎ᠶᠢᠨ ᠬᠠᠤᠯᠢ》᠂ 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠨᠤᠲᠤᠭ ᠪᠡᠯᠴᠢᠭᠡᠷ᠎ᠦᠨ ᠬᠠᠤᠯᠢ》 ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ᠎ᠤᠨ ᠬᠣᠯᠪᠣᠭᠳᠠᠯ ᠪᠦᠬᠦᠢ ᠲᠣᠭᠲᠠᠭᠠᠯ᠎ᠢ
ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ ᠶᠡᠬᠡ ᠬᠢᠩᠭᠠᠨ ᠳᠠᠪᠠᠭ᠎ᠠ
ᠵᠢᠨ ᠣᠶ ᠰᠢᠭᠤᠶ᠎ᠶᠢᠨ ᠳᠣᠲᠣᠭᠠᠳᠤ᠎ᠶᠢ ᠬᠠᠮᠠᠭᠠᠯᠠᠬᠤ ᠪᠠᠶ᠋ᠢᠭᠤᠯᠭ᠎ᠠ ᠵᠢᠨ ᠭᠣᠣᠯᠳᠠᠯᠭ᠎ᠠ᠎ᠲᠠᠶ ᠤᠯᠤᠰ᠎ᠤᠨ ᠥᠮᠴᠢᠯᠡᠯᠲᠦ᠍
ᠰᠢᠭᠤᠶ᠋ᠢᠲᠤ᠌ ᠣᠷᠣᠨ᠎ᠤ ᠨᠤᠲᠤᠭ ᠪᠡᠯᠴᠢᠭᠡᠷ᠎ᠲᠤ ᠵᠠᠰᠠᠭ ᠵᠠᠬᠢᠷᠭᠠᠨ᠎ᠤ ᠰᠢᠢᠳᠬᠡᠨ ᠲᠣᠷᠭᠠᠬᠤ ᠡᠷᠭᠡ
ᠬᠡᠷᠡᠭᠵᠢᠭᠦᠯᠬᠦ ᠳᠦ ᠦᠷᠭᠦᠯᠵᠢᠯᠡᠨ ᠡᠷᠭᠡ ᠤᠯᠭᠤᠬᠤ ᠪᠡᠷ ᠲᠣᠭᠲᠠᠪᠠ᠂ ᠳᠠᠭᠤᠰᠬᠤ ᠡᠳᠦᠷ ᠬᠤᠭᠤᠴᠠᠭ᠎ᠠ ᠨᠢ 《ᠳᠣᠲᠣᠭᠠᠳᠤ᠎ᠶᠢ ᠬᠠᠮᠠᠭᠠᠯᠠᠬᠤ
ᠪᠠᠶ᠋ᠢᠭᠤᠯᠭ᠎ᠠ ᠵᠢᠨ ᠣᠶ ᠰᠢᠭᠤᠶ ᠪᠠ ᠨᠤᠲᠤᠭ ᠪᠡᠯᠴᠢᠭᠡᠷ᠎ᠲᠤ ᠵᠠᠰᠠᠭ ᠵᠠᠬᠢᠷᠭᠠᠨ᠎ᠤ ᠰᠢᠢᠳᠬᠡᠨ ᠲᠣᠷᠭᠠᠬᠤ ᠡᠷᠬᠡᠬᠡᠷᠡᠭᠵᠢᠭᠦᠯᠬᠦ᠌ᠳᠦ
ᠦᠷᠭᠦᠯᠵᠢᠯᠡᠨ ᠡᠷᠭᠡ ᠤᠯᠭᠤᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ
ᠣᠷᠳᠣᠨ᠎ᠤ ᠲᠣᠭᠲᠠᠭᠠᠯ》 (ᠦᠪᠦᠷ ᠮᠤᠡᠭᠭᠤᠯ᠎ᠤᠨ ᠦᠪᠡᠷᠳᠡᠭᠡᠨ ᠵᠠᠰᠠᠬᠤ
ᠤᠷᠤᠨ᠎ᠤ ᠵᠠᠰᠠᠭ᠎ᠤᠨ ᠤᠷᠳᠤᠨ᠎ᠤ ᠲᠠᠷᠬᠠᠭᠠᠬᠰᠠᠨ [2024] 33 ᠳ᠋ᠤᠭᠠᠷ ᠲᠣᠭᠠᠲᠤ᠌)᠎ᠤᠨ ᠳᠠᠭᠤᠰᠬᠤ ᠡᠳᠦᠷ ᠬᠤᠭᠤᠴᠠᠭ᠎ᠠ᠎ᠲᠠᠢ
ᠨᠢᠭᠡᠳᠦᠯᠲᠡᠶ᠃
ᠶᠡᠬᠡ ᠬᠢᠩᠭᠠᠨ ᠳᠠᠪᠠᠭ᠎ᠠ᠎ᠶᠢᠨ ᠣᠶ ᠰᠢᠭᠤᠶ᠎ᠶᠢᠨ ᠳᠣᠲᠣᠭᠠᠳᠤ᠎ᠶᠢ
ᠬᠠᠮᠠᠭᠠᠯᠠᠬᠤ ᠪᠠᠶ᠋ᠢᠭᠤᠯᠭ᠎ᠠ᠎ᠨᠤᠭᠤᠳ ᠭᠣᠣᠯᠳᠠᠯᠭ᠎ᠠ᠎ᠲᠠᠶ ᠤᠯᠤᠰ᠎ᠤᠨ ᠥᠮᠴᠢᠯᠡᠯᠲᠦ᠍ ᠰᠢᠭᠤᠶ᠋ᠢᠲᠤ᠌ ᠣᠷᠣᠨ᠎ᠤ
ᠠᠮᠢ ᠠᠬᠤᠶ᠎ᠶᠢᠨ ᠠᠮᠤᠷ ᠲᠦᠪᠰᠢᠨ᠎ᠢ ᠬᠠᠮᠠᠭᠠᠯᠠᠬᠤ ᠴᠢᠬᠤᠯᠠ ᠡᠭᠦᠷᠭᠡ ᠬᠠᠷᠢᠭᠤᠴᠠᠯᠭ᠎ᠠ᠎ᠪᠠᠨ ᠦᠨᠡᠨ ᠬᠦ᠌ ᠡᠭᠦᠷᠭᠡᠯᠡᠵᠦ᠍᠂
ᠣᠷᠣᠨ ᠨᠤᠲᠤᠭ᠎ᠤᠨ ᠳᠣᠲᠣᠭᠠᠳᠤ᠎ᠶᠢ ᠬᠠᠮᠠᠭᠠᠯᠠᠬᠤ ᠪᠠᠶ᠋ᠢᠭᠤᠯᠭ᠎ᠠ᠎ᠯᠤᠭ᠎ᠠ ᠬᠠᠮᠵᠢᠯᠴᠠᠬᠤ ᠲᠣᠭᠲᠠᠴᠠ᠎ᠶᠢ ᠪᠠᠶ᠋ᠢᠭᠤᠯᠤᠨ
ᠪᠦᠷᠢᠨᠰᠢᠭᠦᠯᠵᠦ᠍᠂ ᠣᠶ ᠰᠢᠭᠤᠶ ᠨᠤᠲᠤᠭ ᠪᠡᠯᠴᠢᠭᠡᠷ᠎ᠦᠨ ᠡᠬᠢ ᠪᠠᠶᠠᠯᠢᠭ᠎ᠢ ᠡᠪᠳᠡᠭᠰᠡᠨ ᠬᠠᠤᠯᠢ᠎ᠠᠴᠠ ᠵᠥᠷᠢᠴᠡᠭᠰᠡᠨ
ᠶᠠᠯᠠᠲᠤ᠌ ᠠᠵᠢᠯᠯᠠᠭ᠎ᠠ᠎ᠳᠤ ᠴᠣᠬᠢᠯᠲᠠ ᠥᠭᠬᠦ᠌ ᠡᠷᠴᠢᠮ᠎ᠢᠶᠡᠨ ᠨᠡᠮᠡᠭᠳᠡᠭᠦᠯᠵᠦ᠍᠂ ᠭᠣᠣᠯᠳᠠᠯᠭ᠎ᠠ᠎ᠲᠠᠶ ᠤᠯᠤᠰ᠎ᠤᠨ
ᠥᠮᠴᠢᠯᠡᠯᠲᠦ᠍ ᠰᠢᠭᠤᠶ᠋ᠢᠲᠤ᠌ ᠣᠷᠣᠨ᠎ᠤ ᠨᠡᠶ᠋ᠢᠭᠡᠮ᠎ᠦᠨ ᠲᠣᠭᠲᠠᠭᠤᠨ᠎ᠢ ᠦᠨᠡᠨ ᠬᠦ᠌ ᠪᠠᠲᠤᠯᠠᠬᠤ ᠬᠡᠷᠡᠭᠲᠡᠶ᠃
ᠬᠥᠯᠥᠨ ᠪᠣᠶ᠋ᠢᠷ ᠬᠣᠲᠠ᠂ ᠬᠢᠩᠭᠠᠨ ᠠᠶ᠋ᠢᠮᠠᠭᠣᠶ ᠰᠢᠭᠤᠶ
ᠨᠤᠲᠤᠭ ᠪᠡᠯᠴᠢᠭᠡᠷ᠎ᠦᠨ ᠡᠬᠢ ᠪᠠᠶᠠᠯᠢᠭ᠎ᠢ ᠬᠠᠮᠠᠭᠠᠯᠠᠬᠤ ᠬᠠᠷᠢᠶᠠᠲᠤ᠌ ᠭᠠᠵᠠᠷ᠎ᠤᠨ ᠬᠠᠷᠢᠭᠤᠴᠠᠯᠭ᠎ᠠ ᠪᠠᠨ
ᠰᠠᠶ᠋ᠢᠲᠤᠷ ᠨᠠᠶ᠋ᠢᠳᠠᠪᠤᠷᠢᠵᠢᠭᠤᠯᠵᠤ᠂ ᠲᠤᠬᠠᠶ᠎ᠶᠢᠨ ᠭᠠᠵᠠᠷ᠎ᠤᠨ ᠳᠣᠲᠣᠭᠠᠳᠤ᠎ᠶᠢ ᠬᠠᠮᠠᠭᠠᠯᠠᠬᠤ᠂ ᠣᠶ ᠰᠢᠭᠤᠶ
ᠨᠤᠲᠤᠭ ᠪᠡᠯᠴᠢᠭᠡᠷ ᠵᠡᠷᠭᠡ ᠵᠠᠰᠠᠭ ᠵᠠᠬᠢᠷᠭᠠᠨ᠎ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠨ ᠬᠢᠨ ᠠᠵᠢᠯ᠎ᠤᠨ
ᠵᠣᠯᠭᠠᠯᠴᠠᠭ᠎ᠠ᠎ᠪᠠᠨ ᠤᠯᠠᠮ ᠨᠢᠭᠡ ᠠᠯᠬᠤᠮ ᠴᠢᠩᠭᠠᠳᠬᠠᠵᠤ᠂ ᠭᠤᠤᠯᠳᠠᠯᠭ᠎ᠠ᠎ᠲᠠᠶ ᠰᠢᠭᠤᠶ᠋ᠢᠲᠤ᠌ ᠣᠷᠣᠨ᠎ᠤ ᠣᠶ
ᠰᠢᠭᠤᠶ ᠨᠤᠲᠤᠭ ᠪᠡᠯᠴᠢᠭᠡᠷ᠎ᠦᠨ ᠵᠠᠰᠠᠭ ᠵᠠᠬᠢᠷᠭᠠᠨ᠎ᠤ ᠬᠡᠷᠡᠭ᠎ᠢ ᠪᠠᠶ᠋ᠢᠴᠠᠭᠠᠨ ᠰᠢᠢᠳᠪᠦᠷᠢᠯᠡᠬᠦ᠌ ᠠᠵᠢᠯ᠎ᠢ
ᠬᠠᠮᠵᠢᠯᠴᠠᠨ ᠰᠠᠶ᠋ᠢᠲᠤᠷ ᠬᠢᠵᠦ᠍᠂ ᠣᠶ ᠰᠢᠭᠤᠶ ᠨᠤᠲᠤᠭ ᠪᠡᠯᠴᠢᠭᠡᠷ᠎ᠤᠨ ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠬᠦ᠌
ᠠᠵᠢᠯ᠎ᠤᠨ ᠡᠮᠬᠢ ᠵᠢᠷᠤᠮ᠎ᠲᠠᠶ ᠥᠷᠨᠢᠬᠦ᠌ᠶᠢ ᠦᠨᠡᠨ ᠬᠦ᠌ ᠪᠠᠲᠤᠯᠠᠬᠤ ᠬᠡᠷᠡᠭᠲᠡᠶ᠃
ᠥᠪᠥᠷ ᠮᠣᠩᠭᠣᠯ᠎ᠤᠨ ᠣᠶ ᠰᠢᠭᠤᠶ᠎ᠶᠢᠨ ᠠᠵᠤ ᠦᠢᠯᠡᠳᠪᠦᠷᠢ᠎ᠶᠢᠨ
ᠪᠦᠯᠦᠭᠯᠡᠯ᠎ᠦᠨ ᠬᠢᠵᠠᠭᠠᠷᠲᠤ᠌ ᠬᠠᠷᠢᠭᠤᠴᠠᠯᠭᠠᠲᠤ᠌ ᠺᠣᠮᠫᠠᠨᠢᠶᠡᠬᠡ ᠬᠢᠩᠭᠠᠨ ᠳᠠᠪᠠᠭ᠎ᠠ᠎ᠶᠢᠨ ᠭᠤᠤᠯᠳᠠᠯᠭ᠎ᠠ᠎ᠲᠠᠶ
ᠤᠯᠤᠰ᠎ᠤᠨ ᠥᠮᠴᠢᠯᠡᠯᠲᠦ᠍ ᠰᠢᠭᠤᠶ᠋ᠢᠲᠤ᠌ ᠣᠷᠣᠨ᠎ᠤ ᠣᠶ ᠰᠢᠭᠤᠶ ᠨᠤᠲᠤᠭ ᠪᠡᠯᠴᠢᠭᠡᠷ᠎ᠢ ᠬᠠᠮᠠᠭᠠᠯᠠᠬᠤ ᠭᠤᠤᠯ ᠴᠣᠭᠴᠠ᠎ᠶᠢᠨ
ᠬᠠᠷᠢᠭᠤᠴᠠᠯᠭ᠎ᠠ᠎ᠪᠠᠨ ᠰᠠᠶ᠋ᠢᠲᠤᠷ ᠨᠠᠶ᠋ᠢᠳᠠᠪᠤᠷᠢᠵᠢᠭᠤᠯᠵᠤ᠂ ᠣᠶ ᠰᠢᠭᠤᠶ ᠨᠤᠲᠤᠭ ᠪᠡᠯᠴᠢᠭᠡᠷ᠎ᠦᠨ ᠡᠬᠢ ᠪᠠᠶᠠᠯᠢᠭ᠎ᠢ
ᠬᠠᠮᠢᠶᠠᠷᠴᠤ᠌ ᠬᠠᠮᠠᠭᠠᠯᠠᠬᠤ ᠡᠷᠴᠢᠮ᠎ᠢᠶᠡᠨ ᠴᠢᠩᠭᠠᠷᠠᠭᠤᠯᠤᠨ᠂ ᠣᠶ ᠰᠢᠭᠤᠶ ᠨᠤᠲᠤᠭ ᠪᠡᠯᠴᠢᠭᠡᠷ᠎ᠦᠨ ᠡᠬᠢ ᠪᠠᠶᠠᠯᠢᠭ᠎ᠢ
ᠡᠪᠳᠡᠭᠰᠡᠨ ᠬᠠᠤᠯᠢ᠎ᠠᠴᠠ ᠵᠥᠷᠢᠴᠡᠭᠰᠡᠨ ᠦᠢᠯᠡ ᠠᠵᠢᠯᠯᠠᠭ᠎ᠠ᠎ᠶᠢ ᠤᠷᠢᠳᠴᠢᠯᠠᠨ ᠰᠡᠷᠭᠡᠶ᠋ᠢᠯᠡᠬᠦ᠌ ᠪᠠ ᠬᠣᠷᠢᠭᠯᠠᠨ
ᠵᠣᠭᠰᠣᠭᠠᠵᠤ᠂ ᠶᠡᠬᠡ ᠬᠢᠩᠭᠠᠨ ᠳᠠᠪᠠᠭ᠎ᠠ᠎ᠶᠢᠨ ᠣᠶ ᠰᠢᠭᠤᠶ᠎ᠶᠢᠨ ᠳᠣᠲᠣᠭᠠᠳᠤ᠎ᠶᠢ ᠬᠠᠮᠠᠭᠠᠯᠠᠬᠤ ᠪᠠᠶ᠋ᠢᠭᠤᠯᠭ᠎ᠠ᠎ᠲᠠᠶ
ᠬᠠᠮᠵᠢᠯᠴᠠᠨ ᠭᠤᠤᠯᠳᠠᠯᠭ᠎ᠠ᠎ᠲᠠᠶ ᠤᠯᠤᠰ᠎ᠤᠨ ᠥᠮᠴᠢᠯᠡᠯᠲᠦ᠍ ᠰᠢᠭᠤᠶ᠋ᠢᠲᠤ᠌ ᠣᠷᠣᠨ᠎ᠤ ᠣᠶ ᠰᠢᠭᠤᠶ ᠨᠤᠲᠤᠭ ᠪᠡᠯᠴᠢᠭᠡᠷ᠎ᠦᠨ
ᠵᠠᠰᠠᠭ ᠵᠠᠬᠢᠷᠭᠠᠨ᠎ᠤ ᠬᠡᠷᠡᠭ᠎ᠢ ᠪᠠᠶ᠋ᠢᠴᠠᠭᠠᠨ ᠰᠢᠢᠳᠪᠦᠷᠢᠯᠡᠬᠦ᠌ ᠠᠵᠢᠯ᠎ᠢ ᠰᠠᠶ᠋ᠢᠲᠤᠷ ᠬᠢᠬᠦ᠌ ᠬᠡᠷᠡᠭᠲᠡᠶ᠃
2025 ᠣᠨ᠎ᠤ 8 ᠰᠠᠷ᠎ᠠ᠎ᠶᠢᠨ 22᠎ᠤᠨ ᠡᠳᠦᠷ
(ᠲᠤᠰ ᠪᠢᠴᠢᠭ ᠮᠠᠲ᠋ᠧᠷᠢᠶᠠᠯ᠎ᠢ ᠢᠯᠡ ᠨᠡᠶ᠋ᠢᠲᠡᠯᠡᠨ᠎ᠡ)
ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ᠎ᠤ
ᠠᠯᠪᠠᠨ ᠲᠢᠩᠬᠢᠮ