ᠰᠦᠢᠳᠬᠡᠯ ᠬᠤᠷᠢᠶᠠᠬᠤ ᠦᠬᠡᠢ ᠰᠤᠷᠭᠠᠭᠤᠯᠢ ᠵᠢᠨ ᠨᠠᠰᠤᠨ᠎ᠠᠴᠠ ᠡᠮᠦᠨᠡᠬᠢ ᠰᠤᠷᠭᠠᠨ ᠬᠥᠮᠦᠵᠢᠯ᠎ᠤᠨ ᠲᠤᠬᠠᠢ ᠲᠦᠷᠦ ᠵᠢᠨ ᠪᠤᠳᠤᠯᠭ᠎ᠠ ᠵᠢᠨ ᠳᠠᠢᠯᠤᠮᠵᠢ
2025-09-05 10:37:07
ᠵᠣᠬᠢᠶᠠᠭ᠍ᠴᠢ᠄
ᠨᠠᠪᠴᠢ
ᠣᠩᠱᠢᠭ᠍ᠰᠠᠨ ᠣᠳᠠᠭ᠎ᠠ᠄
★★★☆☆

9 ᠰᠠᠷ᠎ᠠ ᠵᠢᠨ 4᠎ᠤ᠋ ᠡᠳᠦᠷ᠂ ᠦᠪᠡᠷᠳᠡᠬᠡᠨ ᠵᠠᠰᠬᠠᠤ ᠤᠷᠤᠨ᠎ᠤ ᠵᠠᠰᠠᠭ᠎ᠤᠨ ᠤᠷᠳᠤᠨ᠎ᠤ ᠰᠤᠨᠢᠨ ᠮᠡᠳᠡᠬᠡᠨ᠎ᠤ ᠠᠯᠪᠠᠨ ᠭᠡᠷ ᠡᠴᠡ ᠰᠤᠨᠢᠨ ᠮᠡᠳᠡᠬᠡ ᠨᠡᠢᠳᠡᠯᠡᠬᠦ ᠬᠤᠷᠠᠯ ᠬᠢᠵᠦ᠂ 《ᠦᠪᠦᠷ ᠮᠤᠩᠭᠤᠯ᠎ᠤᠨ ᠦᠪᠡᠷᠳᠡᠬᠡᠨ ᠵᠠᠰᠠᠬᠤ ᠤᠷᠤᠨ᠎ᠤ ᠰᠦᠢᠳᠬᠡᠯ ᠬᠤᠷᠢᠶᠠᠬᠤ ᠦᠬᠡᠢ ᠰᠤᠷᠭᠠᠭᠤᠯᠢ ᠵᠢᠨ ᠨᠠᠰᠤᠨ ᠡᠴᠡ ᠡᠮᠦᠨᠡᠬᠢ ᠰᠤᠷᠭᠠᠨ ᠬᠦᠮᠦᠵᠢᠯ᠎ᠢ᠋ ᠠᠯᠬᠤᠮ ᠠᠯᠬᠤᠮ ᠵᠢᠡᠷ ᠠᠬᠢᠭᠤᠯᠬᠤ ᠳᠤᠬᠠᠢ ᠬᠡᠷᠡᠭᠵᠢᠬᠦᠯᠬᠦ ᠲᠦᠰᠦᠯ》 ᠤ᠋ᠨ ᠳᠤᠬᠠᠢ ᠳᠠᠢᠯᠤᠮᠵᠢ ᠬᠢᠪᠡ᠃

2025 ᠣᠨ᠎ᠤ ᠨᠠᠮᠤᠷ᠎ᠤᠨ ᠤᠯᠠᠷᠢᠯ᠎ᠤᠨ ᠰᠤᠷᠤᠯᠭ᠎ᠠ᠎ᠶᠢᠨ ᠬᠤᠭᠤᠴᠠᠭ᠎ᠠ ᠠ᠋ᠴᠠ ᠡᠬᠢᠯᠡᠨ᠂ ᠤᠯᠤᠰ ᠠ᠋ᠴᠠ ᠰᠦᠢᠳᠬᠡᠯ ᠬᠤᠷᠢᠶᠠᠬᠤ ᠦᠬᠡᠢ ᠰᠤᠷᠭᠠᠭᠤᠯᠢ ᠵᠢᠨ ᠨᠠᠰᠤᠨ ᠠ᠋ᠴᠠ ᠡᠮᠦᠨᠡᠬᠢ ᠰᠤᠷᠭᠠᠨ ᠬᠥᠮᠦᠵᠢᠯ᠎ᠦᠨ ᠲᠥᠷᠥ᠎ᠶᠢᠨ ᠪᠣᠳᠣᠯᠭ᠎ᠠ᠎ᠶᠢ ᠠᠯᠬᠤᠮ ᠠᠯᠬᠤᠮ᠎ᠢᠶᠠᠷ ᠬᠡᠷᠡᠭᠵᠢᠭᠦᠯᠦᠨ᠎ᠡ᠃ ᠮᠠᠨ ᠤ᠋ ᠤᠷᠤᠨ ᠡᠨᠡ ᠬᠦ᠌ ᠠᠷᠠᠳ ᠲᠤ᠌ ᠠᠰᠢᠭ ᠬᠦᠷᠳᠡᠬᠡᠬᠦ ᠲᠦᠷᠦ ᠵᠢᠨ ᠪᠤᠳᠤᠯᠭ᠎ᠠ ᠵᠢ ᠬᠡᠷᠬᠢᠨ ᠨᠠᠢᠳᠠᠪᠤᠷᠢᠵᠢᠭᠤᠯᠬᠤ ᠪᠤᠢ?

9 ᠰᠠᠷ᠎ᠠ᠎ᠶᠢᠨ 3᠎ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠠ᠋ᠴᠠ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠦᠢᠳᠬᠡᠯ ᠬᠤᠷᠢᠶᠠᠬᠤ ᠦᠬᠡᠢ ᠰᠤᠷᠭᠠᠭᠤᠯᠢ ᠵᠢᠨ ᠨᠠᠰᠤᠨ ᠠ᠋ᠴᠠ ᠡᠮᠦᠨᠡᠬᠢ ᠰᠤᠷᠭᠠᠨ ᠬᠥᠮᠦᠵᠢᠯ᠎ᠢ ᠠᠯᠬᠤᠮ ᠠᠯᠬᠤᠮ ᠵᠢᠡᠷ ᠠᠬᠢᠭᠤᠯᠬᠤ ᠳᠤᠬᠠᠢ ᠬᠡᠷᠡᠭᠵᠢᠭᠦᠯᠬᠦ ᠲᠥᠰᠥᠯ》 ᠢ᠋ ᠬᠢᠨᠠᠨ ᠵᠦᠪᠯᠡᠵᠦ ᠪᠠᠳᠤᠯᠠᠪᠠ᠃

《ᠬᠡᠷᠡᠭᠵᠢᠭᠦᠯᠬᠦ ᠲᠦᠰᠦᠯ》 ᠳ᠋ᠤ ᠭᠤᠷᠪᠠᠨ ᠳᠠᠯ᠎ᠠ ᠵᠢᠨ ᠠᠷᠭ᠎ᠠ ᠬᠡᠮᠵᠢᠶ᠎ᠠ ᠵᠢ ᠪᠠᠭᠳᠠᠭᠠᠪᠠ᠄ ᠨᠢᠬᠡ ᠳ᠋ᠤ᠂ ᠪᠥᠬᠥ ᠣᠷᠣᠨ᠎ᠤ ᠰᠤᠷᠭᠠᠭᠤᠯᠢ ᠵᠢᠨ ᠨᠠᠰᠤᠨ ᠠ᠋ᠴᠠ ᠡᠮᠦᠨᠡᠬᠢ ᠰᠤᠷᠭᠠᠨ ᠬᠥᠮᠦᠵᠢᠯ᠎ᠦᠨ ᠠᠰᠠᠷᠠᠨ ᠬᠥᠮᠥᠵᠢᠭᠦᠯᠬᠦ ᠵᠠᠷᠤᠳᠠᠯ᠎ᠢ ᠠᠯᠬᠤᠮ ᠠᠯᠬᠤᠮ᠎ᠢᠶᠠᠷ ᠬᠡᠯᠲᠦᠷᠢᠭᠦᠯᠦᠨ᠎ᠡ; ᠬᠣᠶᠠᠷ᠎ᠲᠤ᠂ ᠭᠡᠷ ᠪᠦᠯᠢ᠎ᠶᠢᠨ ᠠᠮᠢᠳᠤᠷᠠᠯ᠎ᠨᠢ ᠬᠦᠴᠢᠷᠳᠡᠯᠲᠡᠢ ᠬᠡᠦᠬᠡᠳ᠎ᠢ ᠲᠤᠰᠠᠯᠠᠬᠤ ᠲᠥᠷᠥ᠎ᠶᠢᠨ ᠪᠣᠳᠣᠯᠭ᠎ᠠ᠎ᠶᠢ ᠤᠯᠠᠮ ᠴᠢᠨᠠᠭᠰᠢᠳᠠ ᠪᠡᠬᠢᠵᠢᠭᠦᠯᠦᠨ ᠲᠡᠭᠦᠯᠳᠡᠷᠵᠢᠭᠦᠯᠦᠨ᠎ᠡ; ᠭᠤᠷᠪᠠ᠎ᠳᠤ᠂ ᠥᠪᠡᠷᠲᠡᠭᠡᠨ ᠵᠠᠰᠠᠬᠤ ᠣᠷᠣᠨ᠎ᠤ ᠲᠦᠭᠡᠮᠡᠯ ᠬᠠᠷᠠᠭᠠᠯᠵᠠᠯ᠎ᠤᠨ ᠴᠢᠨᠠᠷᠲᠠᠢ ᠰᠤᠷᠭᠠᠭᠤᠯᠢ ᠵᠢᠨ ᠨᠠᠰᠤᠨ ᠠ᠋ᠴᠠ ᠡᠮᠦᠨᠡᠬᠢ ᠰᠤᠷᠭᠠᠨ ᠬᠥᠮᠦᠵᠢᠯ᠎ᠦᠨ ᠪᠡᠯᠡ ᠣᠷᠣᠭᠤᠯᠤᠯᠲᠠ᠎ᠶᠢᠨ ᠲᠣᠭᠲᠠᠴᠠ᠎ᠶᠢ ᠤᠯᠠᠮ ᠨᠢᠭᠡ ᠠᠯᠬᠤᠮ ᠪᠦᠷᠢᠨᠰᠢᠭᠦᠯᠦᠨ᠎ᠡ᠃

ᠰᠦᠢᠳᠬᠡᠯ ᠬᠤᠷᠢᠶᠠᠬᠤ ᠦᠬᠡᠢ ᠰᠤᠷᠭᠠᠭᠤᠯᠢ ᠶ᠋ᠢᠨ ᠨᠠᠰᠤᠨ ᠠ᠋ᠴᠠ ᠡᠮᠦᠨᠡᠬᠢ ᠰᠤᠷᠭᠠᠨ ᠬᠦᠮᠦᠵᠢᠯ ᠨᠢ ᠶᠠᠮᠠᠷ ᠵᠠᠷᠤᠳᠠᠯ᠎ᠢ 《ᠬᠡᠯᠲᠦᠷᠢᠭᠦᠯᠬᠦ》 ᠪᠤᠶ ? ᠶᠠᠮᠠᠷ ᠰᠤᠷᠤᠭᠴᠢ ᠵᠢ 《ᠬᠡᠯᠲᠦᠷᠢᠭᠦᠯᠬᠦ》 ᠪᠤᠶ? ᠠᠰᠠᠷᠠᠨ ᠬᠥᠮᠥᠵᠢᠭᠦᠯᠬᠦ ᠵᠠᠷᠤᠳᠠᠯ᠎ᠢ ᠬᠡᠯᠲᠦᠷᠢᠭᠦᠯᠬᠦ ᠪᠠᠷᠢᠮᠵᠢᠶ᠎ᠠ ᠨᠢ ᠬᠡᠳᠦᠢ ᠪᠤᠢ? ᠠᠯᠪᠠᠨ ᠠ᠋ᠴᠠ ᠡᠷᠭᠢᠯᠡᠭᠰᠡᠨ ᠬᠡᠦᠬᠡᠳ᠎ᠦᠨ ᠴᠡᠴᠡᠷᠯᠢᠭ ᠪᠣᠯᠣᠨ ᠠᠷᠠᠳ ᠠ᠋ᠴᠠ ᠡᠷᠭᠢᠯᠡᠭᠰᠡᠨ ᠬᠡᠦᠬᠡᠳ᠎ᠦᠨ ᠴᠡᠴᠡᠷᠯᠢᠭ᠎ᠤᠨ ᠬᠠᠷᠠᠭᠠᠯᠵᠠᠯ ᠨᠢ ᠶᠠᠮᠠᠷ ᠢᠯᠭᠠᠭ᠎ᠠ ᠲᠠᠢ ᠪᠤᠢ?

ᠠᠰᠠᠷᠠᠨ ᠬᠥᠮᠥᠵᠢᠭᠦᠯᠬᠦ ᠵᠠᠷᠤᠳᠠᠯ ᠢ᠋ ᠬᠡᠯᠲᠦᠷᠢᠭᠦᠯᠦᠨ᠎ᠡ᠃ 2025 ᠣᠨ᠎ᠤ ᠨᠠᠮᠤᠷ᠎ᠤᠨ ᠤᠯᠠᠷᠢᠯ᠎ᠤᠨ ᠰᠤᠷᠤᠯᠭ᠎ᠠ᠎ᠶᠢᠨ ᠬᠤᠭᠤᠴᠠᠭ᠎ᠠ᠎ᠠᠴᠠ ᠡᠬᠢᠯᠡᠨ᠂ ᠪᠥᠬᠥ ᠣᠷᠣᠨ᠎ᠤ ᠠᠯᠪᠠᠨ ᠠ᠋ᠴᠠ ᠡᠷᠭᠢᠯᠡᠭᠰᠡᠨ ᠬᠡᠦᠬᠡᠳ᠎ᠦᠨ ᠴᠡᠴᠡᠷᠯᠢᠭ᠎ᠦᠨ ᠶᠡᠬᠡ ᠠᠩᠭᠢ ᠵᠢᠨ ᠬᠡᠦᠬᠡᠳ᠎ᠤᠨ ᠠᠰᠠᠷᠠᠨ ᠬᠦᠮᠦᠵᠢᠬᠦᠯᠬᠦ ᠵᠠᠷᠤᠳᠠᠯ᠎ᠢ ᠬᠡᠯᠳᠦᠷᠢᠬᠦᠯᠦᠨ᠎ᠡ᠃ ᠰᠤᠷᠭᠠᠨ ᠬᠥᠮᠦᠵᠢᠯ᠎ᠦᠨ ᠰᠠᠯᠠᠭ᠎ᠠ ᠮᠥᠴᠢᠷ᠎ᠡᠴᠡ ᠵᠥᠪᠰᠢᠶᠡᠷᠡᠨ ᠪᠠᠢᠭᠤᠯᠤᠭᠰᠠᠨ ᠠᠷᠠᠳ ᠠ᠋ᠴᠠ

ᠡᠷᠭᠢᠯᠡᠭᠰᠡᠨ ᠬᠡᠦᠬᠡᠳ᠎ᠦᠨ ᠴᠡᠴᠡᠷᠯᠢᠭ᠎ᠦᠨ ᠶᠡᠬᠡ ᠠᠨᠭᠭᠢ ᠵᠢᠨ ᠴᠡᠴᠡᠷᠯᠢᠭ᠎ᠲᠦ ᠪᠠᠢᠭ᠎ᠠ ᠬᠡᠦᠬᠡᠳ᠎ᠢ ᠲᠤᠬᠠᠢ᠎ᠶᠢᠨ ᠭᠠᠵᠠᠷ᠎ᠤᠨ ᠠᠳᠠᠯᠢ ᠲᠥᠷᠥᠯ᠎ᠦᠨ ᠠᠯᠪᠠᠨ ᠠ᠋ᠴᠠ ᠡᠷᠭᠢᠯᠡᠭᠰᠡᠨ ᠬᠡᠦᠬᠡᠳ᠎ᠦᠨ ᠴᠡᠴᠡᠷᠯᠢᠭ᠎ᠦᠨ ᠬᠡᠯᠲᠦᠷᠢᠭᠦᠯᠬᠦ ᠬᠢᠷᠢ ᠲᠦᠪᠰᠢᠨ ᠵᠢᠡᠷ ᠯᠠᠪᠯᠠᠯᠲᠠ ᠪᠣᠯᠭᠠᠨ᠎ᠠ᠃ ᠠᠷᠠᠳ ᠠ᠋ᠴᠠ ᠡᠷᠭᠢᠯᠡᠭᠰᠡᠨ ᠬᠡᠦᠬᠡᠳ᠎ᠦᠨ ᠴᠡᠴᠡᠷᠯᠢᠭ᠎ᠦᠨ ᠪᠣᠳᠠᠲᠠᠢ ᠠᠰᠠᠷᠠᠨ ᠬᠥᠮᠥᠵᠢᠭᠦᠯᠬᠦ ᠵᠠᠷᠤᠳᠠᠯ᠎ᠦᠨ ᠰᠦᠢᠳᠬᠡᠯ ᠬᠤᠷᠢᠶᠠᠬᠤ ᠪᠠᠷᠢᠮᠵᠢᠶ᠎ᠠ ᠨᠢ ᠪᠠᠢᠭ᠎ᠠ ᠭᠠᠵᠠᠷ᠎ᠤᠨ ᠠᠳᠠᠯᠢ ᠲᠥᠷᠥᠯ᠎ᠤᠨ ᠠᠯᠪᠠᠨ ᠠ᠋ᠴᠠ ᠡᠷᠭᠢᠯᠡᠭᠰᠡᠨ ᠬᠡᠦᠬᠡᠳ᠎ᠦᠨ ᠴᠡᠴᠡᠷᠯᠢᠭ᠎ᠦᠨ ᠬᠡᠯᠲᠦᠷᠢᠭᠦᠯᠬᠦ ᠬᠢᠷᠢ ᠲᠦᠪᠰᠢᠨ ᠡᠴᠡ ᠥᠨᠳᠥᠷ ᠪᠠᠢᠪᠠᠯ᠂ ᠬᠡᠦᠬᠡᠳ᠎ᠦᠨ ᠴᠡᠴᠡᠷᠯᠢᠭ ᠨᠢ ᠴᠡᠴᠡᠷᠯᠢᠭ᠎ᠲᠦ ᠪᠠᠢᠭ᠎ᠠ ᠬᠡᠦᠬᠡᠳ᠎ᠦᠨ ᠭᠡᠷ ᠪᠦᠯᠢ᠎ᠡᠴᠡ ᠵᠦᠷᠢᠶ᠎ᠠ ᠳᠠᠢ ᠬᠡᠰᠡᠭ ᠢ᠋ ᠨᠢ ᠬᠤᠷᠢᠶᠠᠵᠤ ᠪᠤᠯᠤᠨ᠎ᠠ᠃ 

ᠰᠦᠢᠳᠬᠡᠯ ᠬᠤᠷᠢᠶᠠᠬᠤ ᠦᠭᠡᠢ ᠰᠤᠷᠭᠠᠭᠤᠯᠢ ᠵᠢᠨ ᠨᠠᠰᠤᠨ ᠠ᠋ᠴᠠ ᠡᠮᠦᠨᠡᠬᠢ ᠰᠤᠷᠭᠠᠨ ᠬᠥᠮᠦᠵᠢᠯ᠎ᠢ ᠠᠯᠬᠤᠮ ᠠᠯᠬᠤᠮ᠎ᠢᠶᠠᠷ ᠬᠡᠷᠡᠭᠵᠢᠭᠦᠯᠬᠦ᠎ᠵᠢ ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ ᠠ᠋ᠴᠠ ᠬᠡᠷᠬᠢᠨ ᠪᠠᠲᠤᠯᠠᠬᠤ ᠪᠣᠶ ?

《ᠬᠡᠷᠡᠭᠵᠢᠭᠦᠯᠬᠦ ᠲᠥᠰᠥᠯ》᠎ᠳᠦ ᠠᠰᠠᠷᠠᠨ ᠬᠥᠮᠥᠵᠢᠭᠦᠯᠬᠦ ᠵᠠᠷᠤᠳᠠᠯ᠎ᠢ ᠬᠡᠯᠲᠦᠷᠢᠭᠦᠯᠦᠭᠰᠡᠨ᠎ᠡᠴᠡ ᠪᠣᠯᠵᠤ ᠬᠡᠦᠬᠡᠳ᠎ᠦᠨ ᠴᠡᠴᠡᠷᠯᠢᠭ᠎ᠦᠨ ᠣᠷᠣᠯᠭ᠎ᠠ ᠬᠠᠰᠤᠭᠳᠠᠭᠰᠠᠨ ᠬᠡᠰᠡᠭ᠎ᠲᠦ᠂ ᠡᠳ᠋᠎ᠦᠨ ᠵᠠᠰᠠᠭ᠎ᠤᠨ ᠰᠠᠯᠠᠭ᠎ᠠ ᠮᠥᠴᠢᠷ᠎ᠡᠴᠡ ᠠᠰᠠᠷᠠᠨ ᠬᠥᠮᠥᠵᠢᠭᠦᠯᠬᠦ ᠵᠠᠷᠤᠳᠠᠯ᠎ᠢ ᠬᠡᠯᠲᠦᠷᠢᠭᠦᠯᠦᠭᠰᠡᠨ ᠬᠡᠦᠬᠡᠳ᠎ᠦᠨ ᠴᠡᠴᠡᠷᠯᠢᠭ᠎ᠲᠦ ᠪᠠᠢᠭ᠎ᠠ ᠬᠡᠦᠬᠡᠳ᠎ᠦᠨ ᠲᠣᠭ᠎ᠠ᠂ ᠪᠠᠢᠭ᠎ᠠ ᠭᠠᠵᠠᠷ᠎ᠤᠨ ᠰᠤᠷᠤᠭᠴᠢ ᠨᠢᠬᠡᠪᠦᠷᠢ ᠡᠴᠡ ᠬᠤᠷᠢᠶᠠᠵᠤ ᠪᠠᠢᠭ᠎ᠠ ᠠᠰᠠᠷᠠᠨ ᠬᠥᠮᠥᠵᠢᠭᠦᠯᠬᠦ ᠵᠠᠷᠤᠳᠠᠯ᠎ᠤᠨ ᠳᠤᠮᠳᠠᠴᠢ ᠬᠢᠷᠢ ᠲᠦᠪᠰᠢᠨ ᠵᠡᠷᠭᠡ ᠵᠢ ᠶᠡᠷᠦᠩᠬᠡᠢᠯᠡᠨ ᠪᠣᠳᠣᠯᠬᠢᠯᠠᠵᠤ ᠪᠠᠢᠭᠠᠳ ᠨᠥᠬᠥᠪᠦᠷᠢ ᠥᠭᠭᠦᠨ᠎ᠡ᠃

ᠠᠰᠠᠷᠠᠨ ᠬᠥᠮᠥᠵᠢᠭᠦᠯᠬᠦ ᠵᠠᠷᠤᠳᠠᠯ ᠢ᠋ ᠬᠡᠯᠲᠦᠷᠢᠭᠦᠯᠬᠦ ᠨᠥᠬᠥᠪᠦᠷᠢ ᠮᠥᠩᠭᠥ᠎ᠶᠢ ᠲᠥᠪ᠂ ᠥᠪᠡᠷᠲᠡᠭᠡᠨ ᠵᠠᠰᠠᠬᠤ ᠣᠷᠣᠨ ᠬᠢᠭᠡᠳ ᠠᠢᠮᠠᠭ ᠬᠣᠲᠠ᠂ ᠬᠣᠰᠢᠭᠤ ᠰᠢᠶᠠᠨ ᠠ᠋ᠴᠠ ᠬᠠᠮᠲᠤ᠎ᠪᠠᠷ ᠬᠤᠪᠢᠳᠠᠨ ᠡᠭᠦᠷᠭᠡᠯᠡᠨ᠎ᠡ᠃ ᠡᠨᠡ ᠵᠢᠯ᠂ ᠥᠪᠡᠷᠲᠡᠭᠡᠨ ᠵᠠᠰᠠᠬᠤ ᠣᠷᠣᠨ ᠭᠣᠣᠯᠳᠠᠭᠤ ᠡᠯ᠎ᠡ ᠠᠢᠮᠠᠭ ᠬᠣᠲᠠ᠎ᠶᠢᠨ 2024 — 2025 ᠰᠤᠷᠤᠯᠭ᠎ᠠ᠎ᠶᠢᠨ ᠣᠨ᠎ᠤ ᠠᠯᠪᠠᠨ ᠠ᠋ᠴᠠ ᠡᠷᠭᠢᠯᠡᠭᠰᠡᠨ ᠬᠡᠦᠬᠡᠳ᠎ᠦᠨ ᠴᠡᠴᠡᠷᠯᠢᠭ᠎ᠦᠨ ᠠᠰᠠᠷᠠᠨ ᠬᠥᠮᠥᠵᠢᠭᠦᠯᠬᠦ ᠵᠠᠷᠤᠳᠠᠯ ᠢ᠋ ᠰᠣᠷᠣᠭ᠍ᠴᠢ᠎ᠶᠢᠨ ᠳᠤᠮᠳᠠᠴᠢ ᠪᠣᠳᠠᠲᠠᠢ ᠰᠦᠢᠳᠬᠡᠯ ᠬᠤᠷᠢᠶᠠᠬᠤ ᠬᠢᠷᠢ ᠲᠦᠪᠰᠢᠨ᠎ᠢ ᠦᠨᠳᠦᠰᠦᠯᠡᠨ᠂ ᠠᠢᠮᠠᠭ ᠬᠣᠲᠠ ᠬᠤᠪᠢᠶᠠᠨ ᠥᠪᠡᠷᠲᠡᠭᠡᠨ ᠵᠠᠰᠠᠬᠤ ᠣᠷᠣᠨ᠎ᠤ ᠰᠣᠷᠣᠭ᠍ᠴᠢ᠎ᠶᠢᠨ ᠳᠤᠮᠳᠠᠴᠢ ᠡᠳ᠋᠎ᠦᠨ ᠵᠠᠰᠠᠭ᠎ᠤᠨ ᠨᠥᠬᠥᠪᠦᠷᠢ᠎ᠶᠢᠨ ᠪᠠᠷᠢᠮᠵᠢᠶ᠎ᠠ᠎ᠶᠢ ᠬᠢᠨᠠᠨ ᠲᠣᠭᠲᠠᠭᠠᠵᠤ᠂ ᠲᠥᠪ ᠪᠠ ᠥᠪᠡᠷᠲᠡᠭᠡᠨ ᠵᠠᠰᠠᠬᠤ ᠣᠷᠣᠨ᠎ᠤ ᠨᠥᠬᠥᠪᠦᠷᠢ᠎ᠶᠢᠨ ᠪᠡᠯᠡ ᠮᠥᠩᠭᠥ᠎ᠶᠢ ᠨᠢᠭᠡᠳᠦᠯᠲᠡᠢ ᠲᠥᠯᠥᠪᠵᠢᠭᠦᠯᠦᠨ ᠪᠠᠭᠤᠯᠭᠠᠨ᠎ᠠ᠃ 2025 ᠣᠨ᠎ᠤ ᠨᠠᠮᠤᠷ᠎ᠤᠨ ᠤᠯᠠᠷᠢᠯ᠎ᠤᠨ ᠰᠤᠷᠤᠯᠭ᠎ᠠ᠎ᠶᠢᠨ ᠬᠤᠭᠤᠴᠠᠭᠠᠨ᠎ᠳᠤ᠂ ᠡᠯ᠎ᠡ ᠱᠠᠲᠤᠨ᠎ᠤ ᠡᠳ᠋᠎ᠦᠨ ᠵᠠᠰᠠᠭ ᠠ᠋ᠴᠠ 3 ᠳ᠋ᠦᠩᠰᠢᠭᠤᠷ ᠲᠥᠭᠥᠷᠢᠭ᠎ᠦᠨ ᠨᠥᠬᠥᠪᠦᠷᠢ᠎ᠶᠢᠨ ᠪᠡᠯᠡ ᠮᠥᠩᠭᠥ ᠣᠷᠣᠭᠤᠯᠬᠤ᠎ᠪᠠᠷ ᠵᠢᠱ᠌ᠢᠵᠦ ᠪᠤᠢ᠃

ᠥᠪᠡᠷᠲᠡᠭᠡᠨ ᠵᠠᠰᠠᠬᠤ ᠣᠷᠣᠨ ᠠ᠋ᠴᠠ ᠬᠡᠦᠬᠡᠳ᠎ᠦᠨ ᠴᠡᠴᠡᠷᠯᠢᠭ᠎ᠲᠦ ᠪᠠᠢᠭ᠎ᠠ ᠭᠡᠷ ᠪᠦᠯᠢ᠎ᠶᠢᠨ ᠠᠮᠢᠳᠤᠷᠠᠯ ᠨᠢ ᠬᠦᠴᠢᠷᠳᠡᠯᠲᠡᠢ ᠬᠡᠦᠬᠡᠳ᠎ᠤᠨ ᠰᠤᠷᠭᠠᠨ ᠬᠥᠮᠦᠵᠢᠯ᠎ᠢ ᠬᠡᠷᠬᠢᠨ ᠪᠠᠲᠤᠯᠠᠬᠤ ᠪᠣᠶ ?

2025 ᠣᠨ᠎ᠤ ᠨᠠᠮᠤᠷ᠎ᠤᠨ ᠤᠯᠠᠷᠢᠯ᠎ᠤᠨ ᠰᠤᠷᠤᠯᠭ᠎ᠠ᠎ᠶᠢᠨ ᠬᠤᠭᠤᠴᠠᠭ᠎ᠠ ᠠ᠋ᠴᠠ ᠡᠬᠢᠯᠡᠨ᠂ ᠥᠪᠡᠷᠲᠡᠭᠡᠨ ᠵᠠᠰᠠᠬᠤ ᠣᠷᠣᠨ ᠠ᠋ᠴᠠ ᠮᠠᠨ᠎ᠤ ᠣᠷᠣᠨ᠎ᠤ ᠠᠯᠪᠠᠨ ᠠ᠋ᠴᠠ ᠡᠷᠭᠢᠯᠡᠭᠰᠡᠨ ᠬᠡᠦᠬᠡᠳ᠎ᠦᠨ ᠴᠡᠴᠡᠷᠯᠢᠭ ᠪᠠ ᠲᠦᠭᠡᠮᠡᠯ ᠬᠠᠷᠠᠭᠠᠯᠵᠠᠯ᠎ᠤᠨ ᠴᠢᠨᠠᠷᠲᠠᠢ ᠠᠷᠠᠳ ᠠ᠋ᠴᠠ ᠡᠷᠭᠢᠯᠡᠭᠰᠡᠨ ᠬᠡᠦᠬᠡᠳ᠎ᠦᠨ ᠴᠡᠴᠡᠷᠯᠢᠭ᠎ᠲᠦ ᠪᠠᠢᠭ᠎ᠠ ᠭᠡᠷ ᠪᠦᠯᠢ᠎ᠶᠢᠨ ᠠᠮᠢᠳᠤᠷᠠᠯ ᠨᠢ ᠬᠦᠴᠢᠷᠳᠡᠯᠲᠡᠢ ᠬᠡᠦᠬᠡᠳ᠎ᠲᠦ ᠠᠮᠢᠳᠤᠷᠠᠯ᠎ᠤᠨ ᠨᠥᠬᠥᠪᠦᠷᠢ ᠣᠯᠭᠣᠵᠤ᠂ ᠲᠡᠳᠡᠨ᠎ᠦ ᠰᠤᠷᠭᠠᠭᠤᠯᠢ ᠵᠢᠨ ᠨᠠᠰᠤᠨ ᠠ᠋ᠴᠠ ᠡᠮᠦᠨᠡᠬᠢ ᠰᠤᠷᠭᠠᠨ ᠬᠥᠮᠦᠵᠢᠯ᠎ᠢ ᠤᠷᠤᠭᠰᠢᠲᠠᠢ ᠭᠥᠷᠳᠡᠬᠦ᠎ᠶᠢ ᠪᠠᠲᠤᠯᠠᠨ᠎ᠠ᠃ ᠪᠣᠳᠠᠲᠠᠢ ᠲᠤᠰᠠᠯᠠᠬᠤ ᠪᠠᠷᠢᠮᠵᠢᠶ᠎ᠠ᠎ᠶᠢ ᠬᠦᠴᠢᠷᠳᠡᠯ᠎ᠦᠨ ᠲᠠᠰ᠎ᠢ ᠦᠨᠳᠦᠰᠦᠯᠡᠨ ᠲᠠᠰ ᠬᠤᠪᠢᠶᠠᠨ ᠲᠣᠭᠲᠠᠭᠠᠪᠠ᠄ A ᠲᠥᠷᠥᠯ᠎ᠦᠨ ᠭᠡᠷ ᠪᠦᠯᠢ᠎ᠶᠢᠨ ᠠᠮᠢᠳᠤᠷᠠᠯ ᠨᠢ ᠬᠦᠴᠢᠷᠳᠡᠯᠲᠠᠢ ᠬᠡᠦᠬᠡᠳ᠎ᠲᠦ ᠵᠢᠯ ᠪᠦᠷᠢ 2000 ᠲᠥᠭᠥᠷᠢᠭ ᠥᠭᠭᠦᠨ᠎ᠡ; B᠂ C ᠲᠦᠷᠦᠯ᠎ᠦᠨ ᠭᠡᠷ᠎ᠦᠨ ᠠᠮᠢᠳᠤᠷᠠᠯ ᠨᠢ ᠬᠦᠴᠢᠷᠳᠡᠯᠲᠠᠢ ᠬᠡᠦᠬᠡᠳ᠎ᠲᠦ ᠵᠢᠯ ᠪᠦᠷᠢ 1000 ᠲᠥᠭᠥᠷᠢᠭ ᠥᠭᠭᠦᠨ᠎ᠡ᠃ ᠥᠪᠡᠷᠲᠡᠭᠡᠨ ᠵᠠᠰᠠᠬᠤ ᠣᠷᠣᠨ᠎ᠤ ᠭᠡᠷ ᠪᠦᠯᠢ᠎ᠶᠢᠨ ᠠᠮᠢᠳᠤᠷᠠᠯ ᠨᠢ ᠬᠦᠴᠢᠷᠳᠡᠯᠲᠡᠢ ᠬᠡᠦᠬᠡᠳ᠎ᠢ ᠲᠤᠰᠠᠯᠠᠬᠤ ᠲᠥᠷᠥ᠎ᠶᠢᠨ ᠪᠣᠳᠣᠯᠭ᠎ᠠ᠎ᠶᠢ ᠰᠤᠷᠭᠠᠭᠤᠯᠢ ᠵᠢᠨ ᠨᠠᠰᠤᠨ ᠠ᠋ᠴᠠ ᠡᠮᠦᠨᠡᠬᠢ ᠬᠡᠦᠬᠡᠳ᠎ᠦᠨ ᠴᠡᠴᠡᠷᠯᠢᠭ᠎ᠦᠨ ᠶᠡᠬᠡ ᠠᠩᠭᠢ᠎ᠳᠦ ᠪᠠᠢᠭ᠎ᠠ ᠬᠡᠦᠬᠡᠳ᠎ᠦᠨ ᠠᠰᠠᠷᠠᠨ ᠬᠥᠮᠥᠵᠢᠭᠦᠯᠬᠦ ᠰᠦᠢᠳᠬᠡᠯ᠎ᠢ ᠬᠡᠯᠲᠦᠷᠢᠭᠦᠯᠬᠦ ᠲᠥᠷᠥ᠎ᠶᠢᠨ ᠪᠣᠳᠣᠯᠭ᠎ᠠ᠎ᠲᠠᠢ ᠬᠠᠮᠲᠤ ᠳ᠋ᠤᠨᠢ ᠭᠥᠷᠳᠡᠵᠦ ᠪᠣᠯᠣᠨ᠎ᠠ᠃

ᠥᠪᠡᠷᠲᠡᠭᠡᠨ ᠵᠠᠰᠠᠬᠤ ᠣᠷᠣᠨ ᠶᠠᠮᠠᠷ ᠠᠷᠭ᠎ᠠ ᠬᠡᠮᠵᠢᠶ᠎ᠡ ᠠᠪᠴᠤ ᠵᠠᠷᠤᠳᠠᠯ᠎ᠢ ᠨᠠᠢᠳᠠᠪᠤᠷᠢᠵᠢᠭᠤᠯᠤᠭᠰᠠᠨ ᠪᠠᠢᠳᠠᠯ᠎ᠢ ᠬᠢᠨᠠᠨ ᠬᠠᠮᠢᠶᠠᠷᠬᠤ ᠪᠣᠶ ?

《ᠬᠡᠷᠡᠭᠵᠢᠭᠦᠯᠬᠦ ᠲᠥᠰᠥᠯ》 ᠳ᠋ᠤ᠂ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠡᠴᠡ ᠲᠥᠪ᠂ ᠥᠪᠡᠷᠲᠡᠭᠡᠨ ᠵᠠᠰᠠᠬᠤ ᠣᠷᠣᠨ ᠪᠠ ᠣᠷᠣᠨ ᠨᠤᠲᠤᠭ᠎ᠤᠨ ᠡᠭᠦᠷᠭᠡᠯᠡᠪᠡᠰᠦ ᠵᠣᠬᠢᠬᠤ ᠪᠡᠯᠡ ᠮᠥᠩᠭᠥ᠎ᠶᠢ ᠨᠢᠭᠡᠳᠦᠯᠲᠡᠢ ᠲᠥᠯᠥᠪᠵᠢᠭᠦᠯᠦᠨ ᠲᠣᠬᠢᠷᠠᠭᠤᠯᠵᠤ᠂ ᠲᠥᠰᠥᠪ᠎ᠦᠨ ᠬᠠᠮᠢᠶᠠᠷᠤᠯᠲᠠ᠎ᠶᠢ ᠴᠢᠩᠭᠠᠳᠬᠠᠨ᠂ ᠪᠡᠯᠡ ᠮᠥᠩᠭᠥ᠎ᠶᠢ ᠴᠠᠭ ᠲᠤᠬᠠᠢ ᠳ᠋ᠤᠨᠢ ᠭᠦᠢᠴᠡᠳ ᠲᠣᠭ᠎ᠠ᠎ᠪᠠᠷ ᠪᠠᠭᠤᠯᠭᠠᠬᠤ᠎ᠶᠢ ᠦᠨᠡᠨ ᠬᠦ᠌ ᠪᠠᠲᠤᠯᠠᠵᠤ᠂ ᠪᠠᠭ᠍ᠰᠢ᠎ᠶᠢᠨ ᠴᠠᠯᠢᠩ᠎ᠢ ᠥᠷᠢᠲᠦᠬᠦ᠎ᠶᠢ ᠴᠢᠩᠭ᠎ᠠ ᠴᠠᠭᠠᠵᠠᠯᠠᠨ᠎ᠠ ᠭᠡᠵᠦ ᠲᠣᠳᠣᠷᠬᠠᠢ ᠲᠣᠭᠲᠠᠭᠠᠵᠠᠢ᠃ ᠬᠤᠳᠠᠯ᠎ᠢᠶᠠᠷ ᠮᠡᠳᠡᠭᠦᠯᠵᠦ ᠮᠡᠬᠡᠯᠡᠨ ᠠᠪᠬᠤ᠂ ᠰᠢᠬᠠᠨ ᠡᠵᠡᠯᠡᠵᠦ ᠨᠡᠭᠦᠯᠭᠡᠨ ᠬᠡᠷᠡᠭᠯᠡᠬᠦ᠂ ᠤᠳᠠᠭᠠᠰᠢᠷᠠᠭᠤᠯᠤᠨ ᠰᠠᠯᠭᠠᠨ ᠥᠭᠬᠦ ᠵᠡᠷᠭᠡ ᠥᠢᠯᠡ ᠠᠵᠢᠯᠯᠠᠭ᠎ᠠ᠎ᠳᠤ ᠥᠪᠡᠷᠲᠡᠭᠡᠨ ᠵᠠᠰᠠᠬᠤ ᠣᠷᠣᠨ᠎ᠠᠴᠠ ᠬᠣᠯᠪᠣᠭᠳᠠᠯ ᠪᠦᠬᠦᠢ ᠠᠢᠮᠠᠭ ᠬᠤᠳᠠ᠎ᠶᠢᠨ ᠲᠠᠷᠠᠭ᠎ᠠ ᠵᠢᠯ᠎ᠤᠨ ᠵᠠᠷᠤᠳᠠᠯ᠎ᠢ ᠬᠢᠨᠠᠨ ᠬᠠᠰᠤᠬᠤ᠎ᠶᠢᠨ ᠬᠠᠮᠲᠤ ᠬᠠᠤᠯᠢ ᠲᠣᠭᠲᠠᠭᠠᠯ ᠶᠣᠰᠣᠭᠠᠷ ᠬᠠᠷᠢᠭᠤᠴᠠᠯᠭ᠎ᠠ ᠨᠡᠬᠡᠮᠵᠢᠯᠡᠨ᠎ᠡ᠃ ᠡᠯ᠎ᠡ ᠱᠠᠲᠤᠨ᠎ᠤ ᠡᠳ᠋᠎ᠦᠨ ᠵᠠᠰᠠᠭ᠎ᠤᠨ ᠰᠠᠯᠠᠭ᠎ᠠ ᠮᠥᠴᠢᠷ᠎ᠦᠳ ᠰᠤᠷᠭᠠᠨ ᠬᠥᠮᠦᠵᠢᠯ᠎ᠦᠨ ᠰᠠᠯᠠᠭ᠎ᠠ ᠮᠥᠴᠢᠷ᠎ᠲᠠᠢ ᠬᠠᠮᠲᠤᠷᠠᠨ ᠲᠥᠰᠥᠪ᠎ᠢ ᠨᠢᠭᠡ ᠴᠣᠭᠴᠠᠵᠢᠭᠤᠯᠬᠤ ᠰᠢᠰᠲᠧᠮ᠂ ᠰᠤᠷᠭᠠᠭᠤᠯᠢ ᠵᠢᠨ ᠨᠠᠰᠤᠨ  ᠠ᠋ᠴᠠ ᠡᠮᠦᠨᠡᠬᠢ ᠰᠤᠷᠭᠠᠨ ᠬᠥᠮᠦᠵᠢᠯ᠎ᠦᠨ ᠬᠠᠮᠢᠶᠠᠷᠤᠯᠲᠠ᠎ᠶᠢᠨ ᠮᠡᠳᠡᠭᠡ ᠵᠠᠩᠭᠢ᠎ᠶᠢᠨ ᠰᠢᠰᠲᠧᠮ ᠵᠡᠷᠭᠡ ᠮᠡᠳᠡᠭᠡ ᠵᠠᠩᠭᠢᠵᠢᠯᠲᠠ᠎ᠶᠢᠨ ᠠᠷᠭ᠎ᠠ ᠪᠠᠷᠢᠯ᠎ᠳᠤ ᠲᠦᠰᠢᠭᠯᠡᠨ᠂ ᠡᠳᠦᠷ ᠲᠤᠲᠤᠮ᠎ᠤᠨ ᠬᠢᠨᠠᠯᠲᠠ ᠬᠠᠮᠢᠶᠠᠷᠤᠯᠲᠠ᠎ᠶᠢ ᠴᠢᠩᠭᠠᠳᠬᠠᠵᠤ᠂ ᠪᠡᠯᠡ ᠮᠥᠩᠭᠥ᠎ᠶᠢᠨ ᠪᠠᠲᠤᠯᠠᠭ᠎ᠠ ᠪᠠ ᠬᠡᠷᠡᠭᠯᠡᠯᠲᠡ ᠬᠠᠮᠢᠶᠠᠷᠤᠯᠲᠠ᠎ᠶᠢ ᠴᠢᠩᠭᠠᠳᠬᠠᠨ᠂ ᠬᠡᠦᠬᠡᠳ᠎ᠦᠨ ᠴᠡᠴᠡᠷᠯᠢᠭ᠎ᠦᠨ ᠬᠡᠪ᠎ᠤᠨ ᠡᠵᠡᠩᠨᠡᠯᠳᠡ ᠵᠢ ᠪᠠᠳᠤᠯᠠᠨ᠎ᠠ᠃

ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ᠎ᠤᠨ ᠲᠢᠩᠬᠢᠮ᠎ᠡᠴᠡ ᠪᠠᠰᠠ ᠰᠤᠷᠭᠠᠨ ᠬᠥᠮᠦᠵᠢᠯ᠎ᠦᠨ ᠲᠢᠩᠬᠢᠮ᠎ᠲᠠᠢ ᠬᠠᠮᠲᠤᠷᠠᠨ ᠡᠯ᠎ᠡ ᠭᠠᠵᠠᠷ᠎ᠤᠨ ᠲᠥᠷᠥ᠎ᠶᠢᠨ ᠪᠣᠳᠣᠯᠭ᠎ᠠ᠎ᠶᠢ ᠬᠡᠷᠡᠭᠵᠢᠭᠦᠯᠵᠦ ᠪᠠᠢᠭ᠎ᠠ ᠪᠠᠢᠳᠠᠯ᠎ᠢ ᠨᠢᠭ᠍ᠲᠠ ᠠᠩᠬᠠᠷᠴᠤ᠂ ᠬᠥᠳᠡᠯᠦᠩᠭᠦᠢ ᠬᠢᠨᠠᠨ ᠬᠡᠮᠵᠢᠵᠦ ᠦᠨᠡᠯᠡᠨ ᠵᠢᠱ᠌ᠢᠬᠦ᠎ᠶᠢ ᠴᠢᠩᠭᠠᠳᠬᠠᠨ᠂ ᠦᠨᠡᠯᠡᠨ ᠵᠢᠱ᠌ᠢᠭᠰᠡᠨ ᠦᠷ᠎ᠡ ᠳ᠋ᠦᠩ᠎ᠢ ᠦᠨᠳᠦᠰᠦᠯᠡᠨ ᠡᠯ᠎ᠡ ᠠᠢᠮᠠᠭ ᠬᠣᠲᠠ᠎ᠶᠢᠨ ᠰᠣᠷᠣᠭ᠍ᠴᠢ ᠨᠢᠭᠡᠪᠦᠷᠢ᠎ᠵᠢᠨ ᠳᠤᠮᠳᠠᠴᠢ ᠡᠳ᠋᠎ᠦᠨ ᠵᠠᠰᠠᠭ᠎ᠤᠨ ᠨᠥᠬᠥᠪᠦᠷᠢ᠎ᠶᠢᠨ ᠪᠠᠷᠢᠮᠵᠢᠶ᠎ᠠ᠎ᠶᠢ ᠰᠤᠳᠤᠯᠤᠨ ᠲᠣᠬᠢᠷᠠᠭᠤᠯᠵᠤ᠂ ᠣᠷᠳᠣ᠌ ᠬᠤᠭᠤᠴᠠᠭᠠᠨ᠎ᠤ ᠪᠦᠲᠦᠮᠵᠢᠲᠡᠶ ᠬᠢᠨᠠᠯᠲᠠ ᠲᠠᠯᠪᠢᠬᠤ ᠰᠢᠰᠲᠧᠮ᠎ᠢ᠋ ᠪᠠᠶ᠋ᠢᠭᠤᠯᠬᠤ᠎ᠶᠢ ᠠᠬᠢᠭᠤᠯᠤᠨ᠂ ᠲᠣᠭᠲᠠᠭᠠᠯ ᠶᠣᠰᠣᠭᠠᠷ ᠴᠠᠭ ᠲᠤᠨᠢ ᠲᠣᠬᠢᠷᠠᠭᠤᠯᠤᠨ ᠬᠢᠨᠠᠨ ᠵᠢᠯᠤᠭᠣᠳᠴᠤ ᠪᠠᠢᠴᠠᠭᠠᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号