ᠮᠠᠨ᠎ᠤ ᠤᠷᠤᠨ᠎ᠤ ᠬᠤᠶᠠᠷ ᠵᠦᠴᠦᠭᠡ ᠳᠤᠮᠳᠠᠳᠤ ᠤᠯᠤᠰ᠎ᠤᠨ ᠰᠢ ᠵᠦᠴᠦᠭᠡ ᠎ᠶᠢᠨ ᠨᠠᠢᠷ᠎ᠲᠤ ᠰᠤᠩᠭᠤᠬᠳᠠᠪᠠ
2025-09-05 16:51:55
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠠᠷᠪᠠ ᠶᠢᠰᠦᠳᠦᠭᠡᠷ ᠬᠤᠭᠤᠴᠠᠭᠠᠨ᠎ᠤ ᠳᠤᠮᠳᠠᠳᠤ ᠤᠯᠤᠰ᠎ᠤᠨ ᠰᠢ ᠵᠦᠴᠦᠭᠡ᠎ᠶᠢᠨ ᠨᠠᠢᠷ ᠡᠨᠡ ᠡᠳᠦᠷ᠎ᠡᠴᠡ 25᠎ᠤ ᠡᠳᠦᠷ ᠪᠣᠯᠲᠠᠯ᠎ᠠ ᠬᠠᠩᠵᠧᠦ ᠎ᠳᠦ ᠶᠠᠪᠤᠭᠳᠠᠨ᠎ᠠ᠂ ᠲᠣᠰ ᠬᠤᠭᠤᠴᠠᠭᠠᠨ᠎ᠤ ᠰᠢ ᠵᠦᠴᠦᠭᠡ᠎ᠶᠢᠨ ᠨᠠᠢᠷ᠎ᠲᠤ ᠪᠥᠬᠥ ᠤᠯᠤᠰ᠎ᠤᠨ 21 ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ᠎ᠶᠢᠨ 42 ᠰᠢᠯᠢᠳᠡᠭ ᠵᠦᠴᠦᠭᠡ᠎ᠵᠢ ᠴᠤᠭᠯᠠᠭᠤᠯᠵᠤ᠂ 20 ᠰᠢ ᠲᠠᠭᠤᠤᠷᠢᠯᠢᠭ ᠵᠦᠴᠦᠭᠡ᠎ᠶᠢᠨ ᠲᠥᠷᠥᠯ ᠵᠢᠴᠢ ᠶᠠᠷᠢᠶᠠᠲᠤ ᠵᠦᠴᠦᠭᠡ᠂ ᠳᠠᠭᠤᠯᠠᠯᠳᠤ ᠵᠦᠴᠦᠭᠡ᠂ ᠪᠥᠵᠢᠭᠲᠦ ᠵᠦᠴᠦᠭᠡ᠂ ᠳᠠᠭᠤᠤ ᠬᠥᠭᠵᠢᠮᠲᠦ ᠵᠦᠴᠦᠭᠡ ᠵᠡᠷᠭᠡ ᠠᠳᠠᠯᠢ ᠪᠤᠰᠤ ᠤᠷᠠᠯᠢᠭ᠋ ᠎ᠤᠨ ᠲᠥᠷᠥᠯ ᠎ᠢ ᠬᠠᠮᠤᠷᠴᠤ᠂ ᠮᠠᠨ᠎ᠤ ᠤᠯᠤᠰ᠎ᠤᠨ ᠰᠢ ᠵᠦᠴᠦᠭᠡ᠎ᠶᠢᠨ ᠤᠷᠠᠯᠢᠭ᠋᠎ᠤᠨ ᠤᠯᠠᠮᠵᠢᠯᠠᠯ ᠪᠠ ᠰᠢᠨ᠎ᠡ᠎ᠶᠢ ᠡᠭᠦᠳᠦᠭᠰᠡᠨ ᠰᠢᠯᠢᠳᠡᠭ ᠦᠷ᠎ᠡ ᠪᠦᠲᠦᠭᠡᠯ ᠎ᠢ ᠳᠡᠯᠭᠡᠨ ᠦᠵᠡᠭᠦᠯᠦᠨ᠎ᠡ᠃


QQ截图20250731161406.png


ᠰᠢᠯᠢ᠎ᠶᠢᠨ ᠭᠣᠣᠯ ᠠᠢᠮᠠᠭ᠎ᠤᠨ ᠤᠳᠬ᠎ᠠ ᠤᠷᠠᠯᠢᠭ᠋᠎ᠤᠨ ᠬᠢᠨ᠎ᠦ ᠬᠣᠯᠪᠣᠭ᠎ᠠ ᠡᠴᠠ ᠮᠡᠳᠡᠭᠦᠯᠵᠦ᠂ ᠰᠢᠯᠢ᠎ᠶᠢᠨ ᠭᠣᠣᠯ ᠠᠢᠮᠠᠭ᠎ᠤᠨ ᠤᠯᠠᠭᠠᠨᠮᠥ᠋ᠴᠢᠷ᠎ᠤᠨ ᠬᠢᠨ ᠵᠤᠬᠢᠶᠠᠨ ᠪᠦᠲᠦᠭᠡᠵᠦ ᠲᠤᠭᠯᠠᠭᠰᠠᠨ 《ᠲᠡᠭᠷᠢ᠎ᠶᠢᠨ ᠬᠢᠵᠠᠭᠠᠷ ᠲᠠᠢ ᠵᠠᠯᠭᠠᠯᠳᠤᠬᠰᠠᠨ ᠲᠠᠯ᠎ᠠ ᠨᠤᠲᠤᠭ》 ᠭᠡᠬᠦ ᠶᠠᠷᠢᠶᠠᠲᠤ ᠵᠦᠴᠦᠭᠡ᠎ᠨᠢ ᠬᠦᠨ ᠬᠦᠨᠵᠡᠭᠡᠢ ᠭᠣᠣᠯ ᠰᠡᠳᠦᠪ᠂ ᠭᠣᠢᠳᠠ ᠰᠠᠢᠬᠠᠨ ᠲᠣᠭᠯᠠᠯᠲᠠ ᠪᠠ ᠥᠪᠡᠷᠮᠢᠴᠡ ᠤᠷᠠᠯᠢᠭ᠋᠎ᠤᠨ ᠬᠡᠪ ᠨᠠᠮᠪᠠ ᠪᠠᠷ᠎ᠢᠶᠠᠨ ᠠᠷᠪᠠ ᠶᠢᠰᠦᠳᠦᠭᠡᠷ ᠬᠤᠭᠤᠴᠠᠭᠠᠨ᠎ᠤ ᠳᠤᠮᠳᠠᠳᠤ ᠤᠯᠤᠰ᠎ᠤᠨ ᠰᠢ ᠵᠦᠴᠦᠭᠡ᠎ᠶᠢᠨ ᠨᠠᠢᠷ᠎ᠲᠤ ᠰᠣᠩᠭᠣᠭᠳᠠᠨ ᠣᠷᠣᠭᠰᠠᠨ ᠪᠥᠭᠡᠳ 9 ᠰᠠᠷ᠎ᠠ᠎ᠶᠢᠨ 11᠎ᠦ ᠡᠳᠦᠷ᠎ᠡᠴᠡ 18᠎ᠤ ᠡᠳᠦᠷ ᠪᠣᠯᠲᠠᠯ᠎ᠠ ᠦᠪᠡᠳᠡᠭᠰᠢ ᠨᠠᠢᠷ᠎ᠲᠤ ᠲᠤᠭᠯᠠᠬᠤ ᠪᠣᠯᠣᠨ᠎ᠠ᠃


QQ截图20250825102216.png


ᠥᠪᠥᠷ ᠮᠣᠩᠭᠣᠯ ᠎ᠤᠨ ᠤᠷᠠᠯᠢᠭ᠋ ᠵᠦᠴᠦᠭᠡ᠎ᠶᠢᠨ ᠬᠦᠷᠢᠶᠡᠯᠡᠩ᠎ᠦᠨ ᠲᠣᠭᠯᠠᠭᠰᠠᠨ 《ᠮᠣᠷᠢᠲᠤ ᠴᠡᠷᠢᠭ》 ᠭᠡᠬᠦ ᠪᠥᠵᠢᠭᠲᠦ ᠵᠦᠴᠦᠭᠡ ᠨᠢ ᠲᠤᠰ ᠬᠤᠭᠤᠴᠠᠭᠠᠨ᠎ᠤ ᠰᠢ ᠵᠦᠴᠦᠭᠡ᠎ᠶᠢᠨ ᠨᠠᠢᠷ᠎ᠤᠨ ᠴᠣᠷ᠎ᠤᠨ ᠭᠠᠭᠴᠠ ᠪᠥᠵᠢᠭᠲᠦ ᠵᠦᠴᠦᠭᠡ᠎ᠪᠡᠷ ᠰᠣᠩᠭᠣᠭᠳᠠᠵᠤ᠂ ᠬᠠᠩᠵᠧᠦ᠎ᠶᠢᠨ ᠶᠡᠬᠡ ᠲᠢᠶᠠᠲᠷ᠎ᠲᠤ ᠲᠤᠭᠯᠠᠬᠤ ᠪᠤᠯᠤᠨ᠎ᠠ᠃

ᠪᠥᠵᠢᠭᠲᠦ ᠵᠦᠴᠦᠭᠡ 《ᠮᠣᠷᠢᠲᠤ ᠴᠡᠷᠢᠭ》᠎ᠲᠤ᠂ ᠮᠣᠩᠭᠣᠯ ᠵᠠᠯᠠᠭᠤ ᠴᠢᠯᠠᠭᠤ ᠵᠢᠨ ᠲᠡᠦᠬᠡ᠎ᠶᠢᠨ ᠵᠠᠩᠭᠢᠯᠠᠭ᠎ᠠ᠎ᠶᠢᠨ ᠦᠶ᠎ᠡ᠎ᠳᠦ᠂ ᠬᠤᠪᠢ ᠬᠥᠮᠥᠨ᠎ᠦ ᠰᠣᠩᠭᠣᠯᠲᠠ᠎ᠪᠠᠨ ᠦᠨᠳᠦᠰᠦᠲᠡᠨ᠎ᠦ ᠰᠣᠩᠭᠣᠯᠲᠠ᠎ᠲᠠᠢ ᠨᠢᠭ᠍ᠲᠠ ᠬᠤᠯᠪᠤᠵᠤ᠂ ᠡᠪ ᠬᠠᠮᠲᠤ ᠨᠠᠮ᠎ᠢ ᠡᠷᠡᠰ ᠲᠠᠭᠠᠵᠦ᠂ ᠥᠪᠥᠷ ᠮᠣᠩᠭᠣᠯ᠎ᠤᠨ ᠠᠷᠠᠳ᠎ᠤᠨ ᠮᠣᠷᠢᠲᠤ ᠴᠡᠷᠢᠭ᠎ᠦᠨ ᠡᠩᠨᠡᠭᠡᠨ᠎ᠳᠦ ᠣᠷᠣᠵᠤ᠂ ᠪᠦᠬᠦ ᠳᠤᠮᠳᠠᠳᠤ ᠤᠯᠤᠰ᠎ᠤᠨ ᠴᠢᠯᠦᠭᠡᠯᠡᠯᠲᠡ ᠵᠢᠨ ᠲᠥᠯᠥᠭᠡ ᠲᠡᠮᠡᠴᠡᠭᠰᠡᠨ ᠦᠯᠢᠭᠡᠷ᠎ᠢ ᠶᠠᠷᠢᠪᠠ᠃ ᠪᠠᠢᠯᠳᠤᠭᠠᠨ᠎ᠤ ᠲᠠᠯᠠᠪᠤᠷ᠎ᠲᠤ᠂ ᠴᠢᠯᠠᠭᠤ ᠪᠡᠶ᠎ᠡ ᠦᠷᠡᠭᠳᠡᠬᠦ᠎ᠡᠴᠡ ᠠᠶᠤᠬᠤ ᠦᠭᠡᠢ᠂ ᠡᠷᠡᠯᠬᠡᠭ᠎ᠢᠶᠡᠷ ᠳᠠᠢᠰᠤᠨ᠎ᠢ ᠤᠰᠠᠳᠬᠠᠪᠠ︔ ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ ᠪᠠᠢᠭᠤᠯᠤᠭᠳᠠᠭᠰᠠᠨ᠎ᠤ ᠳᠠᠷᠠᠭ᠎ᠠ᠂ ᠲᠡᠷᠡ ᠢᠷᠠᠭᠤ ᠠᠯᠳᠠᠷ᠎ᠲᠤ ᠲᠠᠲᠠᠭᠳᠠᠯ ᠦᠭᠡᠢ᠂ ᠬᠠᠷᠢᠨ ᠳᠣᠲᠣᠭᠠᠳᠤ ᠰᠡᠳᠬᠢᠯ᠎ᠳ᠋ᠡᠬᠢ ᠡᠩᠬᠡ ᠲᠠᠢᠪᠤᠩ᠎ᠤᠨ ᠬᠦᠰᠡᠯ ᠡᠷᠡᠮᠡᠯᠵᠡᠯ᠎ᠳᠡᠭᠡᠨ ᠬᠦᠲᠦᠯᠦᠭᠳᠡᠵᠦ ᠲᠠᠯ᠎ᠠ ᠨᠤᠲᠤᠭ ᠲᠠᠭᠠᠨ ᠪᠤᠴᠠᠵᠤ ᠢᠷᠡᠪᠡ᠃


QQ截图20250828104424.png


ᠶᠠᠷᠢᠶᠠᠲᠤ ᠵᠦᠴᠦᠭᠡ 《ᠲᠡᠭᠷᠢ᠎ᠶᠢᠨ ᠬᠢᠵᠠᠭᠠᠷ᠎ᠲᠠᠢ ᠵᠠᠯᠭᠠᠯᠳᠤᠬᠰᠠᠨ ᠲᠠᠯ᠎ᠠ ᠨᠤᠲᠤᠭ》 ᠨᠢ ᠪᠠᠷᠠᠭᠤᠨ ᠣᠷᠣᠨ᠎ᠤ ᠲᠥᠯᠥᠪᠯᠡᠭᠡ᠎ᠶᠢᠨ ᠰᠠᠢᠨ ᠲᠤᠷᠠᠴᠤᠳ᠎ᠢᠶᠠᠷ ᠬᠦᠦᠷᠨᠢᠯ᠎ᠤᠨ ᠭᠣᠣᠯ ᠴᠣᠭᠴᠠ ᠪᠣᠯᠭᠠᠵᠤ᠂ ᠬᠠᠷᠠᠮ ᠦᠭᠡᠢ ᠵᠣᠷᠢᠭᠤᠯᠬᠤ ᠵᠣᠷᠢᠭ᠋ ᠰᠠᠨᠠᠭ᠎ᠠ ᠪᠣᠯᠣᠨ ᠵᠠᠯᠠᠭᠤ ᠨᠠᠰᠤᠨ᠎ᠤ ᠬᠦᠰᠡᠯᠡᠩ ᠎ᠢ ᠨᠢᠭ᠍ᠲᠠᠷᠠᠭᠤᠯᠤᠭᠰᠠᠨ ᠴᠠᠭ ᠦᠶ᠎ᠡ᠎ᠶᠢᠨ ᠮᠠᠭᠲᠠᠭᠠᠯ ᠳᠠᠭᠤᠤ ᠪᠣᠯᠣᠨ᠎ᠠ᠃ ᠲᠡᠷᠡ ᠨᠢ 《ᠬᠠᠷᠠᠮ ᠦᠭᠡᠢ ᠵᠣᠷᠢᠭᠤᠯᠬᠤ᠂ ᠨᠥᠬᠥᠷᠰᠡᠭ ᠪᠠᠢᠬᠤ᠂ ᠬᠠᠷᠢᠯᠴᠠᠨ ᠬᠠᠪᠰᠤᠷᠤᠯᠴᠠᠬᠤ᠂ ᠤᠷᠤᠭᠰᠢᠯᠠᠨ ᠲᠠᠪᠰᠢᠬᠤ》 ᠰᠠᠢᠨ ᠳᠤᠷᠠᠴᠤᠳ᠎ᠤᠨ ᠵᠣᠷᠢᠭ᠋ ᠰᠠᠨᠠᠭ᠎ᠠ᠎ᠶᠢ ᠠᠮᠢᠳᠤᠯᠢᠭ᠋᠎ᠢᠶᠠᠷ ᠲᠠᠢᠯᠪᠤᠷᠢᠯᠠᠭᠰᠠᠨ᠎ᠢᠶᠠᠷ ᠪᠠᠷᠠᠬᠤ ᠦᠭᠡᠢ᠂ ᠨᠡᠩ ᠴᠤ᠌ ᠭᠦᠨ ᠰᠡᠳᠬᠢᠯᠭᠡ᠎ᠪᠡᠷ ᠵᠠᠯᠠᠭᠤ ᠨᠢᠭᠡ ᠦᠶ᠎ᠡ᠎ᠶᠢᠨ ᠬᠢᠨ᠎ᠦ ᠤᠯᠤᠰ ᠤᠷᠤᠨ᠎ᠤ ᠪᠦᠲᠦᠭᠡᠨ ᠪᠠᠢᠭᠤᠯᠤᠯᠲᠠ᠎ᠳᠤ ᠣᠷᠣᠯᠴᠠᠬᠤ ᠰᠡᠳᠬᠢᠯ ᠬᠥᠳᠡᠯᠭᠡᠮ᠎ᠡ ᠦᠵᠡᠭᠳᠡᠯ᠎ᠢ ᠵᠢᠷᠤᠭᠯᠠᠵᠤ᠂ ᠣᠷᠭᠢᠯᠤᠮ᠎ᠠ ᠬᠠᠯᠠᠭᠤᠨ ᠠᠮᠢᠳᠤᠷᠠᠬᠤᠢ᠎ᠶᠢᠨ ᠦᠷᠲᠡᠭ᠎ᠦᠨ ᠦᠵᠡᠯᠲᠡ᠎ᠶᠢ ᠳᠠᠮᠵᠢᠭᠤᠯᠵᠠᠢ᠃


QQ截图20250825102238.png


ᠢᠷᠡᠯᠲᠡ᠄ ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠰᠤᠶᠤᠯ ᠪᠠ ᠵᠢᠭᠤᠯᠴᠢᠯᠠᠯ᠎ᠤᠨ ᠲᠢᠩᠬᠢᠮ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号