ᠮᠠᠨ ᠤ᠋ ᠤᠷᠤᠨ ᠨᠠᠮᠤᠷ ᠤ᠋ᠨ ᠤᠯᠠᠷᠢᠯ ᠤ᠋ᠨ ᠵᠢᠭᠤᠯᠴᠢᠯᠠᠯ ᠤ᠋ᠨ 6 ᠵᠤᠢᠯ ᠤ᠋ᠨ ᠦᠢᠯᠡᠳᠬᠦᠨ ᠢ᠋ ᠨᠡᠢᠳᠡᠯᠡᠪᠠ
2025-09-06 11:34:34
ᠵᠣᠬᠢᠶᠠᠭ᠍ᠴᠢ᠄
ᠬᠦᠭᠵᠢᠯᠳᠦ
ᠣᠩᠱᠢᠭ᠍ᠰᠠᠨ ᠣᠳᠠᠭ᠎ᠠ᠄
★★★☆☆

ᠡᠪᠡᠰᠦᠨ ᠲᠤᠯᠤᠭᠠᠢ ᠰᠢᠷᠭᠠᠯᠳᠤᠨ ᠥᠪᠥᠷ ᠮᠣᠩᠭᠣᠯ ᠤ᠋ᠨ ᠨᠠᠮᠤᠷ ᠤ᠋ᠨ ᠦᠵᠡᠮᠵᠢ ᠭᠠᠵᠠᠷ ᠪᠤᠯᠭᠠᠨ ᠳ᠋ᠦ ᠥᠩᠭᠡ ᠢᠯᠭᠠᠷᠠᠵᠤ ᠡᠬᠢᠯᠡᠯ᠎ᠠ᠃ 9 ᠰᠠᠷ᠎ᠠ ᠶ᠋ᠢᠨ 5 ᠤ᠋ ᠡᠳᠦᠷ᠂ ᠦᠪᠡᠷᠳᠡᠭᠡᠨ ᠵᠠᠰᠠᠬᠤ ᠤᠷᠤᠨ ᠤ᠋ ᠰᠤᠶᠤᠯ ᠪᠠ ᠵᠢᠭᠤᠯᠴᠢᠯᠠᠯ ᠤ᠋ᠨ ᠲᠢᠩᠬᠢᠮ ᠡᠴᠡ 2025 ᠨᠠᠮᠤᠷ ᠤ᠋ᠨ ᠤᠯᠠᠷᠢᠯ ᠤ᠋ᠨ ᠵᠢᠭᠤᠯᠴᠢᠯᠠᠯ ᠤ᠋ᠨ ᠦᠢᠯᠡᠳᠬᠦᠨ ᠵᠢᠴᠢ ᠵᠢᠭᠤᠯᠴᠢᠯᠠᠯ ᠤ᠋ᠨ ᠦᠶ᠋ᠯᠡᠴᠢᠯᠡᠭᠡ ᠵᠢ ᠳᠡᠭᠡᠭ᠌ᠰᠢᠯᠡᠭᠦᠯᠬᠦ᠌ ᠠᠵᠢᠯᠯᠠᠭ᠎ᠠ ᠶ᠋ᠢᠨ ᠰᠣᠨᠢᠨ ᠮᠡᠳᠡᠭᠡ ᠨᠡᠢᠲᠡᠯᠡᠬᠦ᠌ ᠬᠤᠷᠠᠯ ᠬᠢᠵᠤ᠂ ᠪᠦᠬᠦ ᠤᠷᠤᠨ ᠤ᠋ ᠨᠠᠮᠤᠷ ᠤ᠋ᠨ ᠤᠯᠠᠷᠢᠯ ᠤ᠋ᠨ ᠵᠢᠭᠤᠯᠴᠢᠯᠠᠯ ᠤ᠋ᠨ 6 ᠵᠤᠢᠯ ᠤ᠋ᠨ ᠦᠢᠯᠡᠳᠬᠦᠨ ᠢ᠋ ᠨᠡᠢᠳᠡᠯᠡᠪᠠ᠃

ᠦᠵᠡᠰᠬᠦᠯᠡᠩᠳᠦ ᠰᠠᠢᠬᠠᠨ ᠦᠪᠦᠷ ᠮᠤᠨᠭᠭᠤᠯ ᠤ᠋ᠨ ᠠᠭᠤᠯᠠ ᠤᠰᠤ᠂ ᠡᠯᠡᠰᠦ ᠮᠠᠩᠬ᠎ᠠ᠂ ᠳᠠᠯ᠎ᠠ ᠭᠠᠵᠠᠷ᠂ ᠣᠶ ᠱᠢᠭᠤᠶ ᠨᠢ ᠨᠣᠮᠢᠨ ᠨᠣᠭᠣᠭᠠᠨ᠂ ᠠᠯᠲᠠᠨ ᠱᠢᠷᠭᠠᠯ᠂ ᠪᠢᠳᠤᠷᠶᠠᠨ ᠬᠥᠬᠡ᠂ ᠭᠠᠯ ᠤᠯᠠᠭᠠᠨ ᠥᠩᠭᠡ ᠪᠡᠷ ᠰᠣᠯᠣᠩᠭᠠᠷᠠᠨ ᠪᠠᠶᠠᠨ ᠨᠠᠮᠤᠷ ᠤ᠋ᠨ ᠳᠠᠩᠰᠤᠭ ᠦᠵᠡᠮᠵᠢ ᠵᠢ ᠭᠠᠢᠬᠠᠭᠤᠯᠵᠦ ᠡᠬᠢᠯᠡᠯ᠎ᠠ᠃ ᠡᠬᠦᠨ ᠳ᠋ᠦ ᠥᠪᠡᠷᠲᠡᠭᠡᠨ ᠵᠠᠰᠠᠬᠤ ᠣᠷᠣᠨ ᠡᠴᠡ 《ᠠᠯᠳᠠᠨ ᠨᠠᠮᠤᠷ ᠤ᠋ᠨ ᠵᠢᠭᠤᠯᠴᠢᠯᠠᠯ》᠂ 《ᠨᠠᠮᠤᠷ ᠢ᠋ ᠳᠤᠭᠤᠯᠬᠤ ᠵᠢᠭᠤᠯᠴᠢᠯᠠᠯ》᠂ 《ᠨᠠᠮᠤᠷ ᠤ᠋ᠨ ᠤᠳᠤᠳ ᠢ᠋ ᠰᠤᠨᠢᠷᠬᠠᠬᠤ ᠵᠢᠭᠤᠯᠴᠢᠯᠠᠯ》᠂ 《ᠨᠠᠮᠤᠷᠵᠢᠶᠠᠨ ᠤ᠋ ᠠᠮᠠᠷᠠᠯᠳᠠ ᠰᠡᠯᠡᠬᠦᠴᠡᠯ》᠂ 《ᠥᠪᠥᠷ ᠮᠣᠩᠭᠣᠯ ᠤ᠋ᠨ ᠦᠨᠦᠷ ᠠᠮᠲᠠ》᠂ 《ᠨᠠᠮᠤᠷ ᠤ᠋ᠨ ᠤᠯᠠᠷᠢᠯ ᠤ᠋ᠨ ᠰᠢᠷᠢᠰ ᠠᠵᠢᠯᠯᠠᠭ᠎ᠠ》 ᠭᠡᠬᠦ᠌ 6 ᠵᠤᠢᠯ ᠤ᠋ᠨ ᠵᠢᠭᠤᠯᠴᠢᠯᠠᠯ ᠤ᠋ᠨ ᠦᠶ᠋ᠯᠡᠳᠬᠦᠨ ᠭᠠᠷᠭᠠᠵᠦ᠂ ᠥᠷᠭᠡᠨ ᠣᠯᠠᠨ ᠵᠢᠭᠤᠯᠴᠢᠯᠠᠭᠰᠠᠳ ᠲᠦ᠍ ᠦᠪᠤᠷ ᠮᠤᠩᠭᠤᠯ ᠤ᠋ᠨ ᠭᠤᠢᠳᠠ ᠨᠠᠮᠤᠷ ᠢ᠋ ᠰᠤᠨᠢᠷᠬᠠᠭᠤᠯᠵᠤ᠂ ᠵᠠᠬ᠎ᠠ ᠳᠡᠯᠭᠡᠭᠦᠷ ᠤ᠋ᠨ ᠲᠠᠲᠠᠬᠤ ᠬᠦᠴᠦᠨ ᠢ᠋ ᠤᠯᠠᠮ ᠨᠢᠭᠡ ᠠᠯᠬᠤᠮ ᠴᠢᠩᠭᠠᠷᠠᠭᠤᠯᠬᠤ ᠪᠤᠯᠤᠨ᠎ᠠ᠃ ᠡᠬᠦᠨ ᠤ᠋ ᠬᠠᠮᠳᠤ 《ᠠᠶᠠᠯᠭᠤᠳᠦ ᠵᠢᠭᠤᠯᠴᠢᠯᠠᠯ ᠥᠪᠥᠷ ᠮᠣᠩᠭᠣᠯ》 ᠣᠷᠣᠨ ᠪᠦᠰᠡ ᠶ᠋ᠢᠨ ᠰᠣᠶᠣᠯ ᠵᠢᠭᠤᠯᠴᠢᠯᠠᠯ ᠤ᠋ᠨ ᠲᠥᠷᠥᠯ ᠲᠡᠮᠳᠡᠭ ᠢ᠋ ᠴᠢᠨᠠᠭᠰᠢᠳᠠ ᠠᠯᠳᠠᠷᠰᠢᠭᠤᠯᠵᠦ᠂ ᠰᠣᠶᠣᠯ ᠵᠢᠭᠤᠯᠴᠢᠯᠠᠯ ᠤ᠋ᠨ ᠦᠶ᠋ᠯᠡᠴᠢᠯᠡᠭᠡᠨ ᠤ᠋ ᠶᠠᠰᠤ ᠴᠢᠨᠠᠷ ᠢ᠋ ᠳᠡᠭᠡᠭ᠌ᠰᠢᠯᠡᠭᠦᠯᠬᠦ᠌ ᠠᠵᠢᠯᠯᠠᠭ᠎ᠠ ᠥᠷᠨᠢᠭᠦᠯᠤᠨ᠂ ᠵᠢᠭᠤᠯᠴᠢᠯᠠᠯ ᠤ᠋ᠨ ᠦᠢᠯᠡᠴᠢᠯᠡᠭᠡᠨ ᠤ᠋ ᠶᠠᠰᠤ ᠴᠢᠨᠠᠷ ᠢ᠋ ᠦᠨᠡᠯᠡᠬᠦ᠌ ᠱᠢᠰᠲ᠋ᠧᠮ ᠢ᠋ ᠲᠡᠭᠦᠯᠳᠡᠷᠵᠢᠭᠦᠯᠬᠦ᠂ ᠠᠵᠤ ᠠᠬᠤᠢᠯᠠᠯ ᠢ᠋ ᠬᠠᠪᠰᠤᠷᠤᠨ ᠪᠣᠳᠠᠲᠠᠶ ᠠᠰᠠᠭᠤᠳᠠᠯ ᠢ᠋ ᠨᠢ ᠱᠢᠶ᠋ᠳᠪᠦᠷᠢᠯᠡᠵᠦ᠍ ᠥᠭ᠌ᠭᠦ᠂ ᠦᠨᠡᠨᠴᠢ ᠢᠲᠡᠭᠡᠮᠵᠢ ᠶ᠋ᠢᠨ ᠱᠢᠰᠲ᠋ᠧᠮ ᠤ᠋ᠨ ᠪᠠᠢᠭᠤᠯᠤᠯᠲᠠ ᠵᠢ ᠦᠷᠭᠦᠯᠵᠢᠯᠡᠨ ᠭᠦᠨᠵᠡᠭᠡᠢᠷᠡᠭᠦᠯᠬᠦ᠂ ᠪᠠᠷᠢᠮᠵᠢᠶᠠᠵᠢᠭᠤᠯᠤᠯᠲᠠ ᠪᠠᠷ ᠶᠠᠰᠤ ᠴᠢᠨᠠᠷ ᠤ᠋ᠨ ᠰᠠᠢᠵᠢᠷᠠᠯᠳᠠ ᠵᠢ ᠬᠥᠲᠥᠯᠥᠨ ᠳᠠᠭᠠᠭᠤᠯᠬᠤ 4 ᠳᠠᠯ᠎ᠠ ᠶ᠋ᠢᠨ ᠠᠷᠭ᠎ᠠ ᠪᠤᠳᠤᠯᠭ᠎ᠠ ᠵᠢ ᠬᠡᠷᠡᠭᠵᠢᠬᠦᠯᠵᠤ᠂ ᠰᠣᠶᠣᠯ ᠵᠢᠭᠤᠯᠴᠢᠯᠠᠯ ᠤ᠋ᠨ ᠬᠡᠷᠡᠭ᠌ᠯᠡᠭᠡᠨ ᠤ᠋ ᠣᠷᠴᠢᠨ ᠲᠣᠭᠣᠷᠢᠨ ᠢ᠋ ᠲᠠᠰᠤᠷᠠᠯᠲᠠ ᠥᠬᠡᠶ ᠱᠢᠯᠢᠳᠡᠭ᠌ᠵᠢᠭᠦᠯᠤᠨ᠂ ᠰᠣᠶᠣᠯ ᠵᠢᠭᠤᠯᠴᠢᠯᠠᠯ ᠤ᠋ᠨ ᠬᠡᠷᠡᠭ᠌ᠯᠡᠭᠡ ᠶ᠋ᠢᠨ ᠨᠡᠮᠡᠭ᠌ᠳᠡᠯ ᠢ᠋ ᠠᠬᠢᠭᠤᠯᠬᠤ ᠪᠡᠷ ᠪᠤᠢ᠃

ᠤᠢᠯᠠᠭᠠᠭᠰᠠᠨ ᠵᠢᠡᠷ᠂ ᠡᠨᠡ ᠵᠢᠯ ᠤ᠋ᠨ ᠵᠣᠨ ᠤ᠋ ᠠᠮᠠᠷᠠᠯᠲᠠ ᠡᠬᠢᠯᠡᠭᠰᠡᠨ ᠡᠴᠡ ᠨᠠᠭᠠᠰᠢ᠂ ᠦᠪᠡᠷᠳᠡᠭᠡᠨ ᠵᠠᠰᠠᠬᠤ ᠤᠷᠤᠨ ᠡᠴᠡ ᠥᠷᠭᠡᠨ ᠣᠯᠠᠨ ᠵᠢᠭᠤᠯᠴᠢᠯᠠᠭᠰᠠᠳ ᠪᠠ ᠰᠦᠯᠵᠢᠶᠡᠴᠢᠳ ᠤ᠋ᠨ ᠲᠤᠰᠭᠠᠭ᠍ᠰᠠᠨ ᠰᠤᠶᠤᠯ ᠵᠢᠭᠤᠯᠴᠢᠯᠠᠯ ᠤ᠋ᠨ ᠬᠠᠮᠢᠶᠠᠳᠠᠢ 2100 ᠭᠠᠷᠤᠶ ᠠᠰᠠᠭᠤᠳᠠᠯ ᠢ᠋ ᠱᠢᠰᠲ᠋ᠧᠮ ᠲᠡᠶ ᠡᠮᠬᠢᠯᠡᠵᠦ᠍᠂ ᠨᠢᠭᠡᠨᠲᠡ ᠪᠦᠬᠦᠨ ᠢ᠋ ᠱᠢᠶ᠋ᠳᠪᠦᠷᠢᠯᠡᠵᠦ᠍ ᠳᠠᠭᠤᠰᠭᠠᠪᠠ᠃ ᠲᠤᠰᠬᠠᠭᠰᠠᠨ ᠠᠰᠠᠭᠤᠳᠠᠯ ᠨᠢ ᠭᠤᠤᠯᠳᠠᠭᠤ ᠵᠢᠭᠤᠯᠴᠢᠯᠠᠯ ᠤ᠋ᠨ ᠦᠶ᠋ᠯᠡᠴᠢᠯᠡᠭᠡᠨ ᠤ᠋ ᠶᠠᠰᠤ ᠴᠢᠨᠠᠷ ᠰᠠᠢᠨ ᠪᠢᠰᠢ᠂ ᠵᠢᠭᠤᠯᠴᠢᠯᠠᠯ ᠤ᠋ᠨ ᠭᠡᠷ᠎ᠡ ᠲᠣᠭ᠍ᠲᠠᠭ᠍ᠰᠠᠨ ᠨᠢ ᠵᠢᠷᠤᠮᠵᠢᠯ ᠥᠬᠡᠶ᠂ ᠵᠢᠭᠤᠯᠴᠢᠯᠠᠯ ᠤ᠋ᠨ ᠦᠶ᠋ᠯᠡᠴᠢᠯᠡᠭᠡᠨ ᠤ᠋ ᠭᠠᠵᠠᠷ ᠨᠢ ᠠᠶᠠᠯᠠᠯ ᠤ᠋ᠨ ᠱᠤᠭᠤᠮ ᠵᠢᠡᠨ ᠳᠤᠷ᠎ᠠ ᠪᠠᠷ ᠬᠤᠪᠢᠷᠠᠭᠤᠯᠤᠭᠰᠠᠨ ᠵᠡᠷᠭᠡ ᠲᠠᠯ᠎ᠠ ᠳ᠋ᠦ ᠲᠥᠪᠯᠡᠷᠡᠵᠦ᠍ ᠪᠠᠢᠨ᠎ᠠ᠃ ᠣᠷᠣᠱᠢᠵᠤ ᠪᠠᠢᠭ᠎ᠠ ᠡᠳᠡᠬᠡᠷ ᠠᠰᠠᠭᠤᠳᠠᠯ ᠳ᠋ᠦ ᠴᠢᠭ᠌ᠯᠡᠭᠦᠯᠦᠨ᠂ ᠥᠪᠡᠷᠲᠡᠭᠡᠨ ᠵᠠᠰᠠᠬᠤ ᠣᠷᠣᠨ ᠤ᠋ ᠰᠣᠶᠣᠯ ᠪᠠ ᠵᠢᠭᠤᠯᠴᠢᠯᠠᠯ ᠤ᠋ᠨ ᠲᠢᠩᠬᠢᠮ ᠡᠴᠡ ᠳᠣᠲᠣᠭᠠᠳᠤ ᠵᠢ ᠬᠠᠮᠠᠭᠠᠯᠠᠬᠤ᠂ ᠵᠠᠮ ᠬᠠᠷᠢᠯᠴᠠᠭ᠎ᠠ ᠲᠡᠭᠡᠭᠡᠪᠦᠷᠢ᠂ ᠵᠠᠬ᠎ᠠ ᠳᠡᠯᠭᠡᠭᠦᠷ ᠤ᠋ᠨ ᠬᠢᠨᠠᠯᠲᠠ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠲᠡᠶ ᠬᠠᠮᠲᠤᠷᠠᠨ ᠵᠢᠭᠤᠯᠴᠢᠯᠠᠯ ᠤ᠋ᠨ ᠵᠠᠬ᠎ᠠ ᠳᠡᠯᠭᠡᠭᠦᠷ ᠤ᠋ᠨ ᠡᠮᠬᠢ ᠳᠢᠭ᠌ᠯᠢᠮ ᠢ᠋ ᠲᠤᠰᠭᠠᠶ ᠴᠡᠭ᠌ᠴᠡᠯᠡᠨ ᠵᠠᠰᠠᠬᠤ ᠠᠵᠢᠯᠯᠠᠭ᠎ᠠ ᠥᠷᠨᠢᠭᠦᠯᠵᠦ᠍᠂ 《ᠦᠨᠳᠤᠰᠤ ᠡᠴᠡ ᠨᠢ ᠰᠡᠷᠭᠡᠢᠯᠡᠨ ᠡᠵᠡᠮᠳᠡᠬᠦ᠌ + ᠨᠠᠷᠢᠯᠢᠭ ᠣᠨᠣᠴᠠᠲᠠᠶ ᠪᠠᠷ ᠴᠣᠬᠢᠯᠲᠠ ᠥᠭ᠌ᠬᠦ + ᠬᠣᠯᠪᠣᠭᠠᠯᠠᠨ ᠵᠠᠯᠬᠠᠭᠠᠬᠤ》 ᠶᠡᠷᠦᠩᠬᠡᠢᠯᠡᠭ᠌ᠰᠡᠨ ᠵᠠᠰᠠᠯᠲᠠ ᠶ᠋ᠢᠨ ᠵᠠᠭ᠍ᠪᠤᠷ ᠢ᠋ ᠪᠠᠢᠭᠤᠯᠤᠨ᠂ 《ᠵᠢᠷᠭᠤᠭᠠᠨ ᠨᠢᠭᠡ ᠪᠦᠯᠦᠭ》 ᠤ᠋ᠨ ᠪᠣᠳᠠᠲᠠᠶ ᠠᠷᠭ᠎ᠠ ᠬᠡᠮᠵᠢᠶ᠎ᠡ ᠠᠪᠴᠦ᠂ ᠦᠪᠦᠷ ᠮᠤᠨᠭᠭᠤᠯ ᠤ᠋ᠨ ᠵᠢᠭᠤᠯᠴᠢᠯᠠᠯ ᠤ᠋ᠨ ᠵᠠᠬ᠎ᠠ ᠳᠡᠯᠭᠡᠭᠦᠷ ᠤ᠋ᠨ ᠦᠨᠡᠨᠴᠢ ᠢᠳᠡᠭᠡᠮᠵᠢᠳᠡᠢ᠂ ᠲᠦᠪ ᠭᠤᠤᠯᠴᠢ ᠪᠠᠢᠬᠤ ᠵᠢ ᠪᠠᠳᠤᠯᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号