ᠣᠢᠷ᠎ᠠ ᠳ᠋ᠦ᠂ 《ᠲᠤᠭᠠᠴᠢᠯᠠᠭᠰᠠᠨ ᠮᠡᠷᠭᠡᠵᠢᠯ ᠤ᠋ᠨ ᠤᠢᠷ᠎ᠠ ᠣᠭ᠍ᠲᠠᠷᠭᠤᠶ ᠵᠢᠨ ᠱᠢᠨ᠎ᠡ ᠢᠷᠡᠭᠡᠳᠦᠶ》 ᠪᠡᠷ ᠭᠤᠤᠯ ᠰᠡᠳᠦᠪ ᠪᠣᠯᠭᠠᠭ᠍ᠰᠠᠨ 2025 ᠤᠢᠷ᠎ᠠ ᠤᠭᠳᠠᠷᠭᠤᠢ ᠵᠢᠨ ᠠᠵᠤ ᠠᠬᠤᠶ ᠵᠢᠨ ᠴᠡᠯᠡᠭᠡᠷ ᠲᠠᠯ᠎ᠠ ᠵᠢᠨ ᠳᠡᠭᠡᠳᠦ ᠵᠡᠷᠭᠡ ᠵᠢᠨ ᠴᠢᠳᠠᠪᠤᠷᠢᠳᠠᠨ ᠤ᠋ ᠬᠤᠷᠠᠯ ᠬᠥᠬᠡᠬᠣᠲᠠ ᠳ᠋ᠦ ᠶᠠᠪᠤᠭ᠍ᠳᠠᠪᠠ᠃ ᠬᠤᠷᠠᠯ ᠳᠡᠭᠡᠷ᠎ᠡ᠂ ᠬᠥᠬᠡᠬᠣᠲᠠ ᠵᠢᠨ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠲᠣᠪᠴᠢᠶ᠎ᠠ ᠵᠢᠨ ᠨᠠᠮ ᠤ᠋ᠨ ᠤᠳᠤᠷᠢᠳᠭᠤ ᠳᠤᠭᠤᠢᠯᠠᠩ ᠤ᠋ᠨ ᠱᠦᠵᠢ᠂ ᠲᠣᠪᠴᠢᠶᠠᠨ ᠳᠠᠷᠤᠭ᠎ᠠ ᠯᠢ ᠮᠢᠨ ᠨᠠ᠄ 《ᠬᠥᠬᠡᠬᠣᠲᠠ ᠵᠢᠨ ᠪᠠᠢᠭᠠᠯᠢ ᠵᠢᠨ ᠨᠥᠬᠥᠴᠡᠯ ᠥᠪᠡᠷᠮᠢᠴᠡ ᠳᠠᠪᠠᠭᠤᠯᠢᠭ ᠲᠠᠢ᠂ ᠣᠷᠣᠨ ᠪᠠᠢᠷᠢ ᠵᠢᠨ ᠳᠠᠪᠠᠭᠤᠯᠢᠭ ᠲᠠᠢ᠂ ᠠᠵᠤ ᠦᠶ᠋ᠯᠡᠰ ᠤ᠋ᠨ ᠰᠠᠭᠤᠷᠢ ᠪᠠᠲᠤ ᠪᠠᠬᠢ ᠪᠠᠢᠵᠤ᠂ ᠪᠥᠬᠥ᠌ ᠤᠯᠤᠰ ᠤ᠋ᠨ ᠠᠩᠬᠠᠳᠠᠭ᠍ᠴᠢ ᠪᠦᠯᠦᠭ ᠳᠣᠬᠢᠭᠤᠷ ᠲᠤᠯᠤᠭᠠᠨ ᠣᠲᠣ ᠵᠢᠨ ᠬᠡᠪᠴᠢᠶᠡᠲᠦ ᠬᠡᠷᠡᠭ᠌ᠯᠡᠭᠡᠨ ᠤ᠋ ᠲᠤᠷᠱᠢᠯᠲᠠ ᠵᠢᠨ ᠬᠣᠲᠠ ᠪᠣᠯᠤᠭ᠍ᠰᠠᠨᠤ ᠬᠤᠪᠢ ᠳ᠋ᠦ᠂ ᠬᠥᠬᠡᠬᠣᠲᠠ ᠵᠢᠨ ᠠᠭᠠᠷ ᠤ᠋ᠨ ᠣᠷᠣᠨᠤ ᠡᠬᠢ ᠪᠠᠶᠠᠯᠢᠭ ᠥᠷᠭᠡᠨ ᠠᠭᠤᠳᠠᠮ᠂ ᠲᠥᠷᠥ ᠵᠢᠨ ᠪᠣᠳᠣᠯᠭ᠎ᠠ ᠵᠢᠨ ᠣᠷᠴᠢᠨ ᠨᠦᠬᠦᠴᠡᠯ ᠰᠠᠢᠨ ᠪᠠᠢᠵᠤ᠂ ᠤᠮᠠᠷᠠᠲᠤ ᠬᠢᠯᠢ ᠵᠢᠨ ᠣᠷᠣᠨᠤ ᠤᠢᠷ᠎ᠠ ᠤᠭᠳᠠᠷᠭᠤᠢ ᠵᠢᠨ ᠠᠵᠤ ᠠᠬᠤᠶ ᠵᠢᠨ ᠬᠥᠭ᠌ᠵᠢᠯᠲᠡ ᠵᠢᠨ ᠴᠢᠬᠤᠯᠠ ᠵᠢᠱ᠌ᠢᠶ᠎ᠡ ᠦᠵᠡᠭᠦᠯᠬᠦ᠌ ᠣᠷᠣᠨ ᠪᠠ ᠬᠣᠱᠢᠭᠤᠴᠢ ᠣᠷᠣᠨ ᠢ᠋ ᠪᠥᠬᠥ᠌ ᠬᠦᠴᠦᠨ ᠵᠢᠡᠷ ᠵᠢᠡᠨ ᠴᠣᠭ᠍ᠴᠠᠯᠠᠨᠠ》 ᠭᠡᠵᠦ ᠲᠠᠨᠢᠯᠴᠠᠭᠤᠯᠪᠠ᠃
ᠣᠳᠣᠬᠠᠨ ᠳ᠋ᠦ᠂ ᠬᠥᠬᠡᠬᠣᠲᠠ ᠶᠠᠭ ᠤᠢᠷ᠎ᠠ ᠤᠭᠳᠠᠷᠭᠤᠢ ᠵᠢᠨ ᠠᠵᠤ ᠠᠬᠤᠶ᠂ ᠠᠭᠠᠷ ᠤ᠋ᠨ ᠠᠶᠠᠯᠠᠯ ᠰᠠᠨᠰᠠᠷ ᠤ᠋ᠨ ᠠᠶᠠᠯᠠᠯ ᠵᠢᠡᠷ ᠲᠥᠯᠥᠭᠡᠯᠡᠭᠦᠯᠦᠭ᠌ᠰᠡᠨ ᠣᠲᠣ ᠦᠶ᠎ᠡ ᠵᠢᠨ ᠲᠣᠨᠣᠭ᠍ᠯᠠᠯ ᠦᠶ᠋ᠯᠡᠳᠬᠦ᠌ ᠠᠵᠤ ᠦᠶ᠋ᠯᠡᠰ ᠤ᠋ᠨ ᠪᠦᠯᠦᠭ᠌ᠵᠢᠯ ᠤ᠋ᠨ ᠪᠥᠲᠥᠭᠡᠨ ᠪᠠᠢᠭᠤᠯᠤᠯᠲᠠ ᠵᠢ ᠪᠥᠬᠥ᠌ ᠬᠦᠴᠦᠨ ᠵᠢᠡᠷ ᠵᠢᠡᠨ ᠠᠬᠢᠭᠤᠯᠵᠤ᠂ ᠲᠥᠷᠥ ᠵᠢᠨ ᠪᠣᠳᠣᠯᠭ᠎ᠠ᠂ ᠠᠵᠤ ᠦᠶ᠋ᠯᠡᠰ ᠵᠡᠷᠭᠡ ᠳᠠᠪᠠᠭᠤᠯᠢᠭ ᠵᠢᠡᠷ ᠤᠢᠷ᠎ᠠ ᠤᠭᠳᠠᠷᠭᠤᠢ ᠵᠢᠨ ᠠᠵᠤ ᠠᠬᠤᠶ ᠵᠢ ᠪᠠᠢᠷᠢᠱᠢᠭᠤᠯᠵᠤ ᠪᠠᠢᠨ᠎ᠠ᠃ ᠲᠥᠷᠥ ᠵᠢᠨ ᠪᠣᠳᠣᠯᠭ᠎ᠠ ᠵᠢᠨ ᠲᠠᠯ᠎ᠠ ᠪᠡᠷ᠂ ᠥᠪᠡᠷᠲᠡᠭᠡᠨ ᠵᠠᠰᠠᠬᠤ ᠣᠷᠣᠨ ᠡᠴᠡ ᠬᠥᠬᠡᠬᠣᠲᠠ ᠵᠢᠨ ᠬᠤᠳᠠᠯᠳᠤᠭᠠᠨᠤ ᠰᠠᠨᠰᠠᠷ ᠤ᠋ᠨ ᠠᠶᠠᠯᠠᠯ ᠤ᠋ᠨ ᠠᠵᠤ ᠦᠶ᠋ᠯᠡᠰ ᠤ᠋ᠨ ᠰᠠᠭᠤᠷᠢᠨ᠂ ᠤᠢᠷ᠎ᠠ ᠤᠭᠳᠠᠷᠭᠤᠢ ᠵᠢᠨ ᠠᠵᠤ ᠠᠬᠤᠶ ᠵᠢᠨ ᠵᠢᠱ᠌ᠢᠶ᠎ᠡ ᠦᠵᠡᠭᠦᠯᠬᠦ᠌ ᠣᠷᠣᠨ ᠳ᠋ᠦ ᠪᠠᠢᠷᠢ ᠲᠣᠭ᠍ᠲᠠᠭᠠᠯᠲᠠ ᠣᠯᠭᠣᠵᠦ᠂ ᠬᠥᠬᠡᠬᠣᠲᠠ 《ᠤᠢᠷ᠎ᠠ ᠤᠭᠳᠠᠷᠭᠤᠢ ᠵᠢᠨ ᠠᠵᠤ ᠠᠬᠤᠶ ᠵᠢᠨ ᠴᠢᠨᠠᠷ ᠰᠠᠢᠲᠠᠶ ᠬᠥᠭ᠌ᠵᠢᠯᠲᠡ ᠵᠢ ᠠᠬᠢᠭᠤᠯᠬᠤ ᠲᠤᠬᠠᠶ ᠬᠡᠷᠡᠭ᠌ᠵᠢᠭᠦᠯᠬᠦ᠌ ᠰᠠᠨᠠᠯ》᠂ 《ᠬᠥᠬᠡᠬᠣᠲᠠ ᠵᠢᠨ ᠤᠢᠷ᠎ᠠ ᠤᠭᠳᠠᠷᠭᠤᠢ ᠵᠢᠨ ᠠᠵᠤ ᠠᠬᠤᠶ ᠵᠢᠨ ᠠᠵᠤ ᠦᠶ᠋ᠯᠡᠰ ᠤ᠋ᠨ ᠴᠢᠨᠠᠷ ᠰᠠᠢᠲᠠᠶ ᠬᠥᠭ᠌ᠵᠢᠯᠲᠡ ᠵᠢ ᠠᠬᠢᠭᠤᠯᠬᠤ ᠭᠤᠷᠪᠠᠨ ᠵᠢᠯ ᠤ᠋ᠨ ᠠᠵᠢᠯᠯᠠᠭᠠᠨᠤ ᠲᠥᠰᠦᠯ (2025 — 2027)》 ᠢ᠋ ᠨᠡᠢᠲᠡᠯᠡᠪᠡ᠃ 10 ᠳ᠋ᠦᠩᠱᠢᠭᠤᠷ ᠲᠥᠭᠥᠷᠢᠭ ᠤ᠋ᠨ ᠠᠵᠤ ᠦᠢᠯᠡᠰ ᠤ᠋ᠨ ᠬᠥᠭ᠌ᠵᠢᠯᠲᠡ ᠵᠢᠨ ᠰᠠᠭᠤᠷᠢ ᠮᠥᠩᠭᠥ ᠵᠢ ᠪᠠᠢᠭᠤᠯᠵᠤ᠂ ᠤᠢᠷ᠎ᠠ ᠤᠭᠳᠠᠷᠭᠤᠢ ᠵᠢᠨ ᠠᠵᠤ ᠠᠬᠤᠢ ᠳ᠋ᠦ ᠮᠡᠷᠭᠡᠵᠢᠯ ᠤ᠋ᠨ ᠲᠤᠯᠭᠠᠭᠤᠷᠢᠯᠠᠯ᠂ ᠪᠡᠯᠡ ᠮᠥᠩᠭᠥ ᠵᠢᠨ ᠪᠠᠲᠤᠯᠠᠭ᠎ᠠ ᠬᠠᠩᠭᠠᠨ᠎ᠠ᠃
ᠡᠨᠡ ᠵᠢᠯ᠂ ᠬᠥᠬᠡᠬᠣᠲᠠ 70 ᠲᠡᠭ᠌ᠰᠢ ᠳᠥᠷᠪᠡᠯᠵᠢᠨ ᠺᠢᠯᠣᠮᠧᠲ᠋ᠷ ᠤ᠋ᠨ ᠠᠭᠠᠷ ᠤ᠋ᠨ ᠣᠷᠣᠨ ᠢ᠋ ᠭᠤᠶᠤᠴᠢᠯᠠᠨ ᠮᠡᠳᠡᠭᠦᠯᠵᠦ᠍᠂ 《ᠬᠥᠬᠡᠬᠣᠲᠠ ᠵᠢᠨ ᠠᠵᠤ ᠠᠬᠤᠶ ᠮᠡᠷᠭᠡᠵᠢᠯ ᠤ᠋ᠨ ᠨᠡᠭᠡᠭᠡᠯᠲᠡ ᠵᠢᠨ ᠲᠣᠭᠣᠷᠢᠭ ᠤ᠋ᠨ ᠤᠢᠷ᠎ᠠ ᠤᠭᠳᠠᠷᠭᠤᠢ ᠵᠢᠨ ᠠᠵᠤ ᠠᠬᠤᠶ ᠵᠢᠨ ᠬᠥᠭ᠌ᠵᠢᠯᠲᠡ ᠵᠢᠨ ᠲᠥᠯᠥᠪᠵᠢᠭᠦᠯᠭᠡ ᠵᠢᠴᠢ ᠴᠠᠭᠠᠨ ᠰᠤᠪᠤᠷᠭ᠎ᠠ ᠨᠢᠰᠭᠡᠯ ᠤ᠋ᠨ ᠪᠠᠭᠤᠳᠠᠯ ᠤ᠋ᠨ ᠵᠠᠯᠭᠠᠯᠳᠤᠭ᠍ᠰᠠᠨ ᠣᠷᠣᠨ ᠢ᠋ ᠱᠢᠨᠡᠳᠭᠡᠨ ᠬᠥᠭ᠌ᠵᠢᠭᠦᠯᠬᠦ᠌ ᠣᠷᠣᠨ ᠵᠠᠶ ᠵᠢᠨ ᠲᠥᠯᠥᠪᠵᠢᠭᠦᠯᠭᠡ》 ᠵᠢ ᠨᠠᠢᠷᠠᠭᠤᠯᠤᠨ ᠵᠣᠬᠢᠶᠠᠵᠤ᠂ ᠤᠳᠤ ᠶᠠᠭ 《ᠬᠥᠬᠡᠬᠣᠲᠠ ᠵᠢᠨ 〈ᠠᠷᠪᠠᠨ ᠲᠠᠪᠤᠳᠤᠭᠠᠷ ᠲᠠᠪᠤᠨ ᠵᠢᠯ〉 ᠤ᠋ᠨ ᠲᠥᠯᠥᠪᠵᠢᠭᠦᠯᠭᠡ ᠵᠢᠨ ᠤᠢᠷ᠎ᠠ ᠤᠭᠳᠠᠷᠭᠤᠢ ᠵᠢᠨ ᠠᠵᠤ ᠠᠬᠤᠶ ᠵᠠᠮ ᠬᠠᠷᠢᠯᠴᠠᠭᠠᠨᠤ ᠠᠵᠢᠯ ᠲᠥᠷᠥᠯ ᠤ᠋ᠨ ᠬᠥᠭ᠌ᠵᠢᠯᠲᠡ ᠵᠢᠨ ᠲᠤᠰᠭᠠᠶ ᠰᠡᠳᠦᠪ》 ᠢ᠋ ᠨᠠᠢᠷᠠᠭᠤᠯᠤᠨ ᠵᠣᠬᠢᠶᠠᠵᠤ ᠪᠠᠢᠨ᠎ᠠ᠃
ᠬᠥᠬᠡᠬᠣᠲᠠ ᠰᠠᠨᠰᠠᠷ ᠤ᠋ᠨ ᠠᠶᠠᠯᠠᠯ ᠤ᠋ᠨ ᠠᠵᠤ ᠠᠬᠤᠶ ᠵᠢᠨ ᠨᠡᠭᠡᠭᠡᠯᠲᠡ ᠵᠢᠨ ᠲᠤᠭᠤᠷᠢᠭ ᠵᠡᠷᠭᠡ ᠠᠵᠤ ᠦᠶ᠋ᠯᠡᠰ ᠤ᠋ᠨ ᠬᠣᠱᠢᠭᠤᠴᠢ ᠣᠷᠣᠨ ᠢ᠋ ᠪᠠᠢᠭᠤᠯᠵᠤ᠂ ᠪᠥᠬᠥ᠌ ᠣᠷᠣᠨᠤ ᠠᠩᠬᠠᠳᠠᠭ᠍ᠴᠢ ᠤᠢᠷ᠎ᠠ ᠤᠭᠳᠠᠷᠭᠤᠢ ᠵᠢᠨ ᠠᠵᠤ ᠠᠬᠤᠶ ᠵᠢᠨ ᠠᠵᠤ ᠦᠶ᠋ᠯᠡᠰ ᠤ᠋ᠨ ᠬᠦᠷᠢᠶᠡᠯᠡᠩ ᠢ᠋ ᠪᠥᠲᠥᠭᠡᠨ ᠪᠠᠢᠭᠤᠯᠵᠤ᠂ 37 ᠤᠢᠷ᠎ᠠ ᠤᠭᠳᠠᠷᠭᠤᠢ ᠵᠢᠨ ᠠᠵᠤ ᠠᠬᠤᠶ ᠵᠢᠨ ᠠᠵᠤ ᠠᠬᠤᠢᠯᠠᠯ ᠢ᠋ ᠣᠷᠣᠭᠤᠯᠤᠨ ᠠᠪᠴᠢᠷᠠᠵᠤ᠂ ᠵᠦᠩ ᠢ ᠤᠢᠷ᠎ᠠ ᠤᠭᠳᠠᠷᠭᠤᠢ᠂ ᠹᠸᠩ ᠴᠤᠤ ᠰᠠᠨᠰᠠᠷ ᠤ᠋ᠨ ᠠᠶᠠᠯᠠᠯ᠂ ᠲᠢᠶᠠᠨ ᠵᠢᠶᠠᠩ ᠬᠠᠮᠠᠭᠠᠯᠠᠯᠲᠠ ᠵᠡᠷᠭᠡ 10 ᠨᠢᠰᠦᠭᠦᠷ ᠤ᠋ᠨ ᠶᠡᠷᠦᠩᠬᠡᠶ ᠤᠭ᠍ᠰᠠᠷᠠᠨ ᠦᠶ᠋ᠯᠡᠳᠬᠦ᠌ ᠲᠥᠷᠥᠯ ᠵᠦᠶ᠋ᠯ ᠢ᠋ ᠨᠠᠢᠳᠠᠪᠤᠷᠢᠵᠢᠭᠤᠯᠵᠤ᠂ ᠪᠥᠬᠥ᠌ ᠲᠥᠷᠥᠯ ᠵᠦᠶ᠋ᠯ ᠢ᠋ ᠠᠱᠢᠭ᠍ᠯᠠᠯᠲᠠ ᠳ᠋ᠦ ᠣᠷᠣᠭᠤᠯᠤᠭ᠍ᠰᠠᠨᠤ ᠳᠠᠷᠠᠭ᠎ᠠ᠂ ᠵᠢᠯᠣᠭᠣᠴᠢ ᠥᠬᠡᠶ ᠨᠢᠰᠭᠡᠯ ᠤ᠋ᠨ ᠵᠢᠯ ᠤ᠋ᠨ ᠦᠶ᠋ᠯᠡᠳᠪᠦᠷᠢᠯᠡᠯ ᠤ᠋ᠨ ᠴᠢᠳᠠᠪᠤᠷᠢ 5000 ᠳ᠋ᠤ ᠬᠥᠷᠬᠥ᠌ ᠪᠣᠯᠤᠨ᠎ᠠ᠃
ᠡᠭᠦᠨ ᠡᠴᠡ ᠭᠠᠳᠠᠨ᠎ᠠ᠂ ᠬᠥᠬᠡᠬᠣᠲᠠ ᠳᠤᠮᠳᠠᠳᠤ ᠤᠯᠤᠰ ᠤ᠋ᠨ ᠠᠭᠠᠷ ᠤ᠋ᠨ ᠠᠶᠠᠯᠠᠯ ᠤ᠋ᠨ ᠱᠢᠨᠵᠢᠯᠡᠬᠦ᠌ ᠤᠬᠠᠭᠠᠨᠤ ᠬᠦᠷᠢᠶᠡᠯᠡᠩ᠂ ᠳᠤᠮᠳᠠᠳᠤ ᠤᠯᠤᠰ ᠤ᠋ᠨ ᠱᠢᠨᠵᠢᠯᠡᠬᠦ᠌ ᠤᠬᠠᠭᠠᠨᠤ ᠬᠦᠷᠢᠶᠡᠯᠡᠩ ᠤ᠋ᠨ ᠭᠠᠵᠠᠷ ᠵᠦᠶ ᠵᠢᠨ ᠭᠠᠵᠠᠷ ᠵᠡᠷᠭᠡᠲᠡᠶ ᠬᠠᠮᠲᠤᠷᠠᠯᠴᠠᠭ᠎ᠠ ᠥᠷᠨᠢᠭᠦᠯᠵᠦ᠍᠂ 1 ᠲᠥᠪ (ᠥᠪᠥᠷ ᠮᠣᠩᠭᠣᠯ ᠤ᠋ᠨ ᠤᠢᠷ᠎ᠠ ᠤᠭᠳᠠᠷᠭᠤᠢ ᠵᠢᠨ ᠠᠵᠤ ᠠᠬᠤᠶ ᠵᠢᠨ ᠱᠢᠨ᠎ᠡ ᠵᠢ ᠡᠭᠦᠳᠬᠦ᠌ ᠲᠥᠪ)᠂ 2 ᠰᠤᠳᠤᠯᠭᠠᠨᠤ ᠬᠦᠷᠢᠶᠡᠯᠡᠩ (ᠠᠭᠠᠷ ᠤ᠋ᠨ ᠠᠶᠠᠯᠠᠯ ᠤ᠋ᠨ ᠱᠢᠨᠵᠢᠯᠡᠬᠦ᠌ ᠤᠬᠠᠭᠠᠨᠤ ᠬᠦᠷᠢᠶᠡᠯᠡᠩ ᠤ᠋ᠨ ᠥᠪᠥᠷ ᠮᠣᠩᠭᠣᠯ ᠤ᠋ᠨ ᠤᠢᠷ᠎ᠠ ᠤᠭᠳᠠᠷᠭᠤᠢ ᠵᠢᠨ ᠠᠵᠤ ᠠᠬᠤᠶ ᠵᠢᠨ ᠰᠤᠳᠤᠯᠭᠠᠨᠤ ᠬᠦᠷᠢᠶᠡᠯᠡᠩ᠂ ᠥᠪᠥᠷ ᠮᠣᠩᠭᠣᠯ ᠤ᠋ᠨ ᠤᠢᠷ᠎ᠠ ᠤᠭᠳᠠᠷᠭᠤᠢ ᠵᠢᠨ ᠠᠵᠤ ᠠᠬᠤᠶ ᠵᠢᠨ ᠰᠤᠳᠤᠯᠭᠠᠨᠤ ᠬᠦᠷᠢᠶᠡᠯᠡᠩ)᠂ 4 ᠲᠤᠷᠱᠢᠯᠲᠠ ᠵᠢᠨ ᠲᠠᠰᠤᠭ (ᠥᠪᠥᠷ ᠮᠣᠩᠭᠣᠯ ᠤ᠋ᠨ ᠤᠢᠷ᠎ᠠ ᠤᠭᠳᠠᠷᠭᠤᠢ ᠵᠢᠨ ᠠᠮᠤᠷ ᠲᠦᠪᠱᠢᠨ ᠤ᠋ ᠲᠤᠷᠱᠢᠯᠲᠠ ᠵᠢᠨ ᠲᠠᠰᠤᠭ᠂ ᠬᠥᠬᠡᠬᠣᠲᠠ ᠵᠢᠨ ᠤᠢᠷ᠎ᠠ ᠤᠭᠳᠠᠷᠭᠤᠢ ᠵᠢᠨ ᠨᠢᠰᠦᠯᠲᠡ ᠵᠢ ᠬᠢᠨᠠᠨ ᠬᠡᠮᠵᠢᠵᠦ᠍ ᠡᠵᠡᠮᠳᠡᠬᠦ᠌ ᠠᠮᠤᠷ ᠲᠦᠪᠱᠢᠨ ᠤ᠋ ᠮᠡᠷᠭᠡᠵᠢᠯ ᠤ᠋ᠨ ᠭᠤᠤᠯᠳᠠᠯᠭ᠎ᠠ ᠲᠠᠢ ᠲᠤᠷᠱᠢᠯᠲᠠ ᠵᠢᠨ ᠲᠠᠰᠤᠭ᠂ ᠬᠥᠬᠡᠬᠣᠲᠠ ᠵᠢᠨ ᠵᠢᠯᠣᠭᠣᠴᠢ ᠥᠬᠡᠶ ᠨᠢᠰᠭᠡᠯ ᠤ᠋ᠨ ᠭᠡᠳᠡᠷᠭᠦ᠌ ᠲᠣᠭ᠍ᠲᠠᠴᠠ ᠵᠢᠨ ᠭᠤᠤᠯᠳᠠᠯᠭ᠎ᠠ ᠲᠠᠢ ᠲᠤᠷᠱᠢᠯᠲᠠ ᠵᠢᠨ ᠲᠠᠰᠤᠭ᠂ ᠬᠥᠬᠡᠬᠣᠲᠠ ᠵᠢᠨ ᠤᠢᠷ᠎ᠠ ᠤᠭᠳᠠᠷᠭᠤᠢ ᠵᠢᠨ ᠳᠡᠯᠡᠬᠡᠶ ᠵᠢᠨ ᠪᠥᠮᠪᠥᠷᠴᠡᠭ ᠤ᠋ᠨ ᠹᠢᠽᠢᠺ ᠤ᠋ᠨ ᠭᠤᠤᠯᠳᠠᠯᠭ᠎ᠠ ᠲᠠᠢ ᠲᠤᠷᠱᠢᠯᠲᠠ ᠵᠢᠨ ᠲᠠᠰᠤᠭ) ᠢ᠋ ᠪᠠᠢᠭᠤᠯᠵᠤ᠂ ᠤᠢᠷ᠎ᠠ ᠤᠭᠳᠠᠷᠭᠤᠢ ᠵᠢᠨ ᠠᠵᠤ ᠠᠬᠤᠶ ᠵᠢᠨ ᠬᠥᠭ᠌ᠵᠢᠯᠲᠡᠳᠦ ᠮᠡᠷᠭᠡᠵᠢᠯ ᠤ᠋ᠨ ᠳᠡᠮᠵᠢᠯᠭᠡ ᠬᠠᠩᠭᠠᠨ᠎ᠠ᠃
《ᠲᠠᠷᠠᠭᠠᠴᠢ ᠵᠢᠨ ᠠᠯᠬᠤᠮ ᠳ᠋ᠦ᠂ ᠬᠥᠬᠡᠬᠣᠲᠠ ᠥᠪᠥᠷ ᠮᠣᠩᠭᠣᠯ ᠤ᠋ᠨ ᠤᠢᠷ᠎ᠠ ᠤᠭᠳᠠᠷᠭᠤᠢ ᠵᠢᠨ ᠠᠵᠤ ᠠᠬᠤᠶ ᠵᠢᠨ ᠠᠵᠤ ᠦᠶ᠋ᠯᠡᠰ ᠤ᠋ᠨ ᠬᠦᠷᠢᠶᠡᠯᠡᠩ ᠤ᠋ᠨ ᠪᠥᠲᠥᠭᠡᠨ ᠪᠠᠢᠭᠤᠯᠤᠯᠲᠠ ᠪᠡᠷ ᠭᠤᠤᠯᠳᠠᠯᠭ᠎ᠠ ᠪᠣᠯᠭᠠᠵᠤ᠂ ᠲᠤᠤᠷᠢ ᠬᠦᠴᠦᠯᠡᠨ ᠪᠠᠢᠭᠤᠯᠵᠦ᠂ ᠬᠡᠯᠬᠢᠶ᠎ᠡ ᠵᠢ ᠴᠢᠩᠭᠠᠷᠠᠭᠤᠯᠤᠨ᠂ ᠠᠬᠤᠶ ᠲᠠᠯᠠᠪᠠᠢ ᠵᠢ ᠥᠷᠭᠡᠳᠭᠡᠨ᠎ᠡ》 ᠭᠡᠵᠦ ᠯᠢ ᠮᠢᠨ ᠨᠠ ᠬᠡᠯᠡᠨ᠎ᠠ ᠃
ᠲᠤᠤᠷᠢ ᠪᠠᠢᠭᠤᠯᠬᠤ ᠲᠠᠯ᠎ᠠ ᠪᠡᠷ᠂ ᠬᠥᠬᠡᠬᠣᠲᠠ ᠵᠢᠨ ᠬᠢᠨ ᠬᠠᠮᠢᠶ᠎ᠠ ᠪᠥᠬᠥᠶ ᠪᠠᠢᠭᠤᠯᠤᠮᠵᠢ ᠵᠢᠨ ᠤᠢᠷ᠎ᠠ ᠤᠭᠳᠠᠷᠭᠤᠢ ᠵᠢᠨ ᠠᠵᠤ ᠠᠬᠤᠶ ᠵᠢᠨ ᠱᠢᠨ᠎ᠡ ᠵᠢ ᠡᠭᠦᠳᠬᠦ᠌ ᠰᠤᠳᠤᠯᠭᠠᠨᠤ ᠬᠦᠷᠢᠶᠡᠯᠡᠩ᠂ ᠡᠯᠧᠺᠲ᠋ᠷᠣᠨ ᠳᠠᠪᠲᠠᠮᠵᠢ ᠵᠢᠨ ᠵᠢᠭ᠍ᠰᠠᠯ ᠤ᠋ᠨ ᠰᠤᠳᠤᠯᠭᠠᠨᠤ ᠬᠦᠷᠢᠶᠡᠯᠡᠩ᠂ ᠠᠶᠠᠯᠠᠯ ᠳ᠋ᠦ ᠵᠤᠬᠢᠴᠠᠬᠤ ᠬᠢᠨᠠᠨ ᠲᠣᠭ᠍ᠲᠠᠭᠠᠬᠤ ᠲᠥᠪ᠂ ᠱᠢᠯᠭᠠᠨ ᠪᠠᠢᠴᠠᠭᠠᠵᠦ ᠪᠠᠢᠴᠠᠭᠠᠨ ᠬᠡᠮᠵᠢᠬᠦ᠌ ᠲᠥᠪ᠂ ᠨᠢᠰᠦᠯᠲᠡ ᠵᠢᠨ ᠦᠶ᠋ᠯᠡᠴᠢᠯᠡᠭᠡᠨ ᠤ᠋ ᠲᠥᠪ ᠵᠡᠷᠭᠡ ᠵᠢ ᠪᠠᠢᠷᠢᠱᠢᠭᠤᠯᠤᠨ ᠪᠠᠢᠭᠤᠯᠬᠤ ᠵᠢ ᠳᠡᠮᠵᠢᠵᠦ᠍᠂ ᠠᠵᠤ ᠦᠶ᠋ᠯᠡᠰ ᠤ᠋ᠨ ᠬᠥᠭ᠌ᠵᠢᠯᠲᠡᠳᠦ ᠪᠡᠶᠡᠪᠡᠨ ᠳᠠᠭᠠᠭᠠᠭ᠍ᠰᠠᠨ ᠮᠡᠳᠡᠯᠭᠡ ᠵᠢᠨ ᠪᠦᠲᠦᠭᠡᠭ᠌ᠳᠡᠬᠦᠨ ᠤ᠋ ᠥᠮᠴᠢᠯᠡᠬᠦ᠌ ᠡᠷᠬᠡ ᠵᠢᠨ ᠠᠩᠬᠠᠨᠤ ᠡᠭᠦᠳᠦᠯᠲᠡ ᠵᠢᠨ ᠲᠤᠯᠭᠠᠭᠤᠷᠢᠯᠠᠯ ᠪᠠ ᠠᠵᠢᠯ ᠲᠥᠷᠥᠯ ᠤ᠋ᠨ ᠪᠠᠷᠢᠮᠵᠢᠶ᠎ᠠ ᠵᠢ ᠬᠠᠩᠭᠠᠨ᠎ᠠ᠃ ᠡᠭᠦᠨ ᠤ᠋ ᠬᠠᠮᠲᠤ᠂ ᠣᠳᠣ ᠵᠢᠨ ᠪᠠᠢᠭ᠎ᠠ ᠪᠠ ᠳᠠᠯᠳᠠ ᠠᠭᠠᠷ ᠤ᠋ᠨ ᠲᠡᠭᠡᠭᠡᠪᠦᠷᠢ ᠵᠢᠨ ᠺᠣᠮᠫᠠᠨᠢ ᠵᠢᠨ ᠲᠣᠭ᠎ᠠ ᠬᠡᠮᠵᠢᠶ᠎ᠡ ᠵᠢᠴᠢ ᠲᠠᠷᠬᠠᠯᠲᠠ ᠵᠢᠨ ᠪᠠᠢᠳᠠᠯ ᠤ᠋ᠨ ᠲᠣᠭᠣᠷᠢᠨ ᠳ᠋ᠦ᠂ ᠬᠥᠬᠡᠬᠣᠲᠠ ᠵᠢᠨ ᠤᠢᠷ᠎ᠠ ᠤᠭᠳᠠᠷᠭᠤᠢ ᠵᠢᠨ ᠣᠷᠣᠨᠤ ᠪᠣᠳᠠᠲᠤ ᠬᠡᠷᠡᠭ᠌ᠴᠡᠭᠡᠲᠡᠶ ᠤᠶᠠᠯᠳᠤᠭᠤᠯᠤᠨ᠂ ᠬᠥᠬᠡᠬᠣᠲᠠ ᠵᠢᠨ ᠤᠢᠷ᠎ᠠ ᠤᠭᠳᠠᠷᠭᠤᠢ ᠵᠢᠨ ᠠᠵᠤ ᠠᠬᠤᠶ ᠵᠢᠨ ᠪᠣᠰᠣᠭ᠎ᠠ ᠴᠣᠭ᠍ᠴᠠᠲᠤ ᠵᠠᠮ ᠬᠠᠷᠢᠯᠴᠠᠭᠠᠨᠤ ᠲᠣᠣᠷ ᠢ᠋ ᠪᠠᠢᠭᠤᠯᠵᠤ᠂ ᠤᠢᠷ᠎ᠠ ᠤᠭᠳᠠᠷᠭᠤᠢ ᠵᠢᠨ ᠲᠣᠬᠢᠷᠠᠮᠵᠢᠲᠠᠶ ᠠᠶᠠᠯᠠᠯ ᠤ᠋ᠨ ᠣᠷᠣᠨ ᠪᠠ ᠤᠢᠷ᠎ᠠ ᠤᠭᠳᠠᠷᠭᠤᠢ ᠵᠢᠨ ᠠᠶᠠᠯᠠᠯ ᠤ᠋ᠨ ᠱᠤᠭᠤᠮ ᠢ᠋ ᠲᠥᠷᠥᠯ ᠬᠤᠪᠢᠶᠠᠨ ᠵᠠᠭᠠᠭᠯᠠᠨ ᠪᠠᠢᠷᠢᠯᠠᠭᠤᠯᠤᠨ᠎ᠠ᠃
ᠬᠡᠯᠬᠢᠶ᠎ᠠ ᠵᠢ ᠴᠢᠩᠭᠠᠷᠠᠭᠤᠯᠬᠤ ᠲᠠᠯ᠎ᠠ ᠪᠡᠷ᠂ ᠨᠢᠰᠦᠭᠦᠷ ᠤ᠋ᠨ ᠪᠦᠬᠦᠯᠢ ᠮᠠᠱᠢᠨ᠂ ᠲᠦᠭᠦᠬᠡᠶ ᠮᠠᠲ᠋ᠧᠷᠢᠶᠠᠯ ᠬᠢᠭᠡᠳ ᠲᠣᠨᠣᠭ᠍ᠯᠠᠭᠠᠰᠤ ᠵᠡᠷᠭᠡ ᠬᠦᠷᠢᠶ᠎ᠡ ᠴᠠᠷᠠᠭ᠎ᠠ ᠵᠢ ᠪᠥᠬᠥ᠌ ᠲᠠᠯ᠎ᠠ ᠪᠡᠷ ᠪᠠᠢᠷᠢᠱᠢᠭᠤᠯᠵᠤ᠂ ᠽᠦᠩ ᠡᡁᠸᠩ ᠮᠧᠩ ᠶᠠᠨ᠂ ᠲᠢᠶᠠᠨ ᠴᠢ ᠲᠦᠩ ᠢᠦᠶ ᠵᠡᠷᠭᠡ ᠲᠥᠷᠥᠯ ᠵᠦᠶ᠋ᠯ ᠢ᠋ ᠪᠤᠳᠠᠳᠠᠢᠵᠢᠭᠤᠯᠤᠨ ᠪᠥᠲᠥᠭᠡᠨ ᠪᠠᠢᠭᠤᠯᠬᠤ ᠵᠢ ᠠᠬᠢᠭᠤᠯᠵᠤ᠂ ᠢ ᠬᠠᠩ ᠤᠶᠤᠨᠲᠤ᠂ ᠱᠢᠶᠤᠤ ᠫᠧᠩ ᠬᠣᠶ ᠲᠢᠶᠠᠨ ᠪᠠ ᠸᠠᠨ ᠹᠧᠩ ᠡᠦᠦ ᠸᠧᠶ ᠵᠡᠷᠭᠡ ᠴᠠᠬᠢᠯᠭᠠᠨ ᠬᠥᠳᠡᠯᠭᠡᠭᠦᠷᠲᠦ ᠡᠭ᠌ᠴᠡᠪᠡᠷ ᠨᠢᠰᠴᠦ᠍ ᠪᠠᠭᠤᠬᠤ ᠨᠢᠰᠦᠭᠦᠷ (eVTOL) ᠤ᠋ᠨ ᠬᠦᠷᠢᠶᠡᠨ ᠤ᠋ ᠬᠥᠭ᠌ᠵᠢᠯᠲᠡ ᠵᠢᠨ ᠲᠤᠭᠤᠷᠢᠨ ᠳ᠋ᠦ ᠳᠠᠭᠠᠭᠤᠯᠤᠭᠴᠢ ᠠᠵᠤ ᠠᠬᠤᠢᠯᠠᠯ ᠢ᠋ ᠵᠤᠯᠭᠠᠭᠤᠯᠤᠨ ᠣᠷᠣᠭᠤᠯᠵᠦ ᠠᠪᠴᠢᠷᠠᠬᠤ ᠠᠵᠢᠯ ᠢ᠋ ᠥᠷᠨᠢᠭᠦᠯᠵᠦ᠍᠂ ᠪᠦᠯᠦᠭᠯᠡᠯ ᠤ᠋ᠨ ᠬᠦᠭᠵᠢᠯᠳᠡ ᠵᠢᠨ ᠬᠠᠨᠳᠦᠰᠢ ᠵᠢ ᠪᠡᠶᠡᠯᠡᠭᠦᠯᠦᠨ᠂ ᠤᠢᠷ᠎ᠠ ᠤᠭᠳᠠᠷᠭᠤᠢ ᠵᠢᠨ ᠠᠵᠤ ᠠᠬᠤᠶ ᠵᠢᠨ ᠲᠣᠨᠣᠭᠯᠠᠯ ᠦᠶ᠋ᠯᠡᠳᠬᠦ᠌ ᠪᠥᠬᠥ᠌ ᠠᠵᠤ ᠦᠶ᠋ᠯᠡᠰ ᠤ᠋ᠨ ᠬᠡᠯᠬᠢᠶ᠎ᠡ ᠵᠢ ᠪᠥᠬᠥ᠌ ᠬᠦᠴᠦᠨ ᠵᠢᠡᠷ ᠵᠢᠡᠨ ᠪᠣᠶ ᠪᠣᠯᠭᠠᠨ᠎ᠠ᠃
ᠠᠬᠤᠶ ᠲᠠᠯᠠᠪᠠᠢ ᠵᠢ ᠥᠷᠭᠡᠳᠭᠡᠬᠦ᠌ ᠲᠠᠯ᠎ᠠ ᠪᠡᠷ᠂ ᠲᠠᠷᠢᠮᠠᠯ ᠤ᠋ᠨ ᠬᠠᠮᠠᠭᠠᠯᠠᠯᠲᠠ᠂ ᠨᠤᠲᠤᠭ ᠪᠡᠯᠴᠢᠭᠡᠷ ᠤ᠋ᠨ ᠪᠡᠯᠴᠢᠭᠡᠷᠯᠡᠭᠦᠯᠬᠦ᠌ ᠵᠢ ᠴᠠᠭᠠᠵᠠᠯᠠᠬᠤ ᠵᠡᠷᠭᠡ ᠤᠯᠠᠮᠵᠢᠯᠠᠯᠲᠤ ᠬᠡᠷᠡᠭ᠌ᠯᠡᠭᠡᠨ ᠤ᠋ ᠵᠢᠱ᠌ᠢᠶ᠎ᠡ ᠦᠵᠡᠭᠦᠯᠬᠦ᠌ ᠠᠵᠢᠯ ᠢ᠋ ᠰᠠᠢᠲᠤᠷ ᠬᠢᠭ᠌ᠰᠡᠨ ᠰᠠᠭᠤᠷᠢᠨ ᠳᠡᠭᠡᠷ᠎ᠡ᠂ ᠪᠠᠴᠢᠮ ᠪᠠᠢᠳᠠᠯ ᠢ᠋ ᠠᠷᠭᠠᠴᠠᠭᠠᠨ ᠱᠢᠶ᠋ᠳᠪᠦᠷᠢᠯᠡᠬᠦ᠌᠂ ᠤᠢᠷ᠎ᠠ ᠤᠭᠳᠠᠷᠭᠤᠢ ᠵᠢᠨ ᠵᠢᠭᠤᠯᠴᠢᠯᠠᠯ ᠵᠡᠷᠭᠡ ᠱᠢᠨ᠎ᠡ ᠠᠬᠤᠶ ᠲᠠᠯᠠᠪᠠᠢ ᠵᠢ ᠤᠯᠠᠮ ᠨᠢᠭᠡ ᠠᠯᠬᠤᠮ ᠥᠷᠭᠡᠳᠭᠡᠨ᠎ᠡ᠃ ᠪᠥᠬᠥ᠌ ᠣᠷᠣᠨ ᠵᠠᠶᠳᠠᠬᠢ ᠬᠥᠮᠦᠨ ᠥᠯᠥ᠍ ᠬᠡᠷᠡᠭ᠌ᠯᠡᠬᠦ᠌ ᠱᠢᠰᠲ᠋ᠧᠮ ᠤ᠋ᠨ ᠪᠠᠢᠭᠤᠯᠤᠯᠲᠠ ᠵᠢ ᠵᠣᠷᠢᠭ᠍ᠵᠢᠭᠤᠯᠤᠨ ᠠᠬᠢᠭᠤᠯᠵᠤ᠂ ᠠᠭᠠᠷ ᠪᠠ ᠣᠷᠣᠨ ᠨᠤᠲᠤᠭ ᠤ᠋ᠨ ᠬᠠᠮᠵᠢᠯᠴᠠᠭᠰᠠᠨ ᠵᠠᠮ ᠬᠠᠷᠢᠯᠴᠠᠭᠠᠨᠤ ᠱᠢᠨ᠎ᠡ ᠡᠵᠡᠩᠨᠡᠯᠲᠡ ᠵᠢᠨ ᠪᠠᠢᠳᠠᠯ ᠢ᠋ ᠰᠦᠪᠡᠭ᠌ᠴᠢᠯᠡᠨ ᠬᠥᠭ᠌ᠵᠢᠭᠦᠯᠦᠨᠡ᠃ 《ᠬᠥᠬᠡᠬᠣᠲᠠ ᠪᠤᠭᠤᠲᠤ ᠣᠷᠳᠣᠰ ᠤᠯᠠᠭᠠᠨᠴᠠᠪ》 ᠤ᠋ᠨ ᠭᠤᠤᠯ ᠴᠠᠭᠠᠷᠢᠭ ᠤ᠋ᠨ ᠤᠢᠷ᠎ᠠ ᠤᠭᠳᠠᠷᠭᠤᠢ ᠵᠢᠨ ᠨᠢᠰᠦᠯᠲᠡ ᠵᠢᠨ ᠦᠶ᠋ᠯᠡᠴᠢᠯᠡᠭᠡᠨ ᠤ᠋ ᠲᠤᠤᠷ ᠢ᠋ ᠰᠦᠪᠡᠭ᠌ᠴᠢᠯᠡᠨ ᠪᠠᠢᠭᠤᠯᠵᠤ᠂ ᠤᠮᠠᠷᠠᠲᠤ ᠬᠢᠯᠢ ᠵᠢᠨ ᠭᠠᠵᠠᠷ ᠣᠷᠣᠨᠤ ᠴᠢᠬᠤᠯᠠ ᠪᠥᠬᠥᠶ ᠤᠢᠷ᠎ᠠ ᠤᠭᠳᠠᠷᠭᠤᠢ ᠵᠢᠨ ᠠᠵᠤ ᠠᠬᠤᠶ ᠵᠢᠨ ᠬᠥᠭ᠌ᠵᠢᠯᠲᠡ ᠵᠢᠨ ᠵᠢᠱ᠌ᠢᠶ᠎ᠡ ᠦᠵᠡᠭᠦᠯᠬᠦ᠌ ᠣᠷᠣᠨ ᠪᠠ ᠬᠣᠱᠢᠭᠤᠴᠢ ᠣᠷᠣᠨ ᠢ᠋ ᠪᠥᠬᠥ᠌ ᠬᠦᠴᠦᠨ ᠵᠢᠡᠷ ᠵᠢᠡᠨ ᠴᠣᠭ᠍ᠴᠠᠯᠠᠨ ᠪᠠᠢᠭᠤᠯᠤᠨ᠎ᠠ᠂ 2027 ᠣᠨ ᠪᠣᠯᠬᠤ ᠳ᠋ᠦ 《ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨᠤ ᠤᠢᠷ᠎ᠠ ᠤᠭᠳᠠᠷᠭᠤᠢ ᠵᠢᠨ ᠠᠵᠤ ᠠᠬᠤᠶ ᠵᠢᠨ ᠵᠢᠱ᠌ᠢᠶ᠎ᠡ ᠦᠵᠡᠭᠦᠯᠬᠦ᠌ ᠣᠷᠣᠨ》 ᠢ᠋ ᠪᠠᠢᠭᠤᠯᠵᠦ᠂ 2030 ᠣᠨ ᠪᠣᠯᠬᠤ ᠳ᠋ᠦ ᠪᠥᠬᠥ᠌ ᠣᠷᠣᠨ ᠴᠢᠨᠠᠭ᠍ᠰᠢᠯᠠᠪᠠᠯ ᠪᠥᠬᠥ᠌ ᠤᠯᠤᠰ ᠤ᠋ᠨ ᠤᠢᠷ᠎ᠠ ᠤᠭᠳᠠᠷᠭᠤᠢ ᠵᠢᠨ ᠠᠵᠤ ᠠᠬᠤᠶ ᠵᠢᠨ ᠠᠵᠦ ᠦᠢᠯᠡᠰ ᠤ᠋ᠨ ᠬᠥᠭ᠌ᠵᠢᠯᠲᠡ ᠵᠢᠨ ᠱᠢᠨ᠎ᠡ ᠥᠨᠳᠥᠷᠯᠢᠭ ᠭᠠᠵᠠᠷ ᠢ᠋ ᠴᠣᠭ᠍ᠴᠠᠯᠠᠨ ᠪᠠᠢᠭᠤᠯᠬᠤ ᠪᠡᠷ ᠴᠢᠷᠮᠠᠢᠨ᠎ᠠ᠃
ᠰᠤᠷᠪᠤᠯᠵᠢᠯᠠᠭ᠍ᠴᠢ ᠵᠢᠨ ᠣᠢᠯᠠᠭᠠᠭ᠍ᠰᠠᠨ ᠵᠢᠡᠷ᠂ 2025 ᠤᠢᠷ᠎ᠠ ᠤᠭᠳᠠᠷᠭᠤᠢ ᠵᠢᠨ ᠠᠵᠤ ᠠᠬᠤᠶ ᠵᠢᠨ ᠴᠡᠯᠡᠭᠡᠷ ᠲᠠᠯ᠎ᠠ ᠵᠢᠨ ᠳᠡᠭᠡᠳᠦ ᠵᠡᠷᠭᠡ ᠵᠢᠨ ᠴᠢᠳᠠᠪᠤᠷᠢᠳᠠᠨ ᠤ᠋ ᠬᠤᠷᠠᠯ ᠢ᠋ ᠱᠢᠨᠬᠤᠸᠠ ᠰᠦᠯᠵᠢᠶ᠎ᠡ᠂ ᠱᠢᠨᠬᠤᠸᠠ ᠬᠣᠷᠢᠶᠠᠨᠤ ᠥᠪᠥᠷ ᠮᠣᠩᠭᠣᠯ ᠤ᠋ᠨ ᠬᠤᠪᠢᠶᠠᠷᠢ ᠬᠣᠷᠢᠶ᠎ᠠ᠂ ᠥᠪᠥᠷ ᠮᠣᠩᠭᠣᠯ ᠤ᠋ᠨ ᠶᠡᠬᠡ ᠰᠤᠷᠭᠠᠭᠤᠯᠢ᠂ ᠥᠪᠥᠷ ᠮᠣᠩᠭᠣᠯ ᠤ᠋ᠨ ᠠᠵᠤ ᠦᠶ᠋ᠯᠡᠳᠪᠦᠷᠢ ᠵᠢᠨ ᠶᠡᠬᠡ ᠰᠤᠷᠭᠠᠭᠤᠯᠢ᠂ ᠳᠤᠮᠳᠠᠳᠤ ᠤᠯᠤᠰ ᠤ᠋ᠨ ᠱᠢᠯᠵᠢᠮᠡᠯ ᠴᠢᠮᠡᠭᠡ ᠬᠣᠯᠪᠣᠭᠠᠨᠤ ᠪᠦᠯᠦᠭ᠌ᠯᠡᠯ ᠤ᠋ᠨ ᠥᠪᠥᠷ ᠮᠣᠩᠭᠣᠯ ᠤ᠋ᠨ ᠬᠢᠵᠠᠭᠠᠷᠲᠤ ᠺᠣᠮᠫᠠᠨᠢ ᠬᠠᠮᠲᠤᠷᠠᠨ ᠡᠷᠭᠢᠯᠡᠪᠡ᠃ ᠬᠤᠷᠠᠯ ᠳᠡᠭᠡᠷ᠎ᠡ᠂ 《ᠤᠮᠠᠷᠠᠲᠤ ᠬᠢᠯᠢ ᠵᠢᠨ ᠠᠭᠠᠷ ᠤ᠋ᠨ ᠠᠶᠠᠯᠠᠯ ᠤ᠋ᠨ ᠬᠥᠨᠳᠡᠢ ᠵᠢᠨ ᠤᠢᠷ᠎ᠠ ᠤᠭᠳᠠᠷᠭᠤᠢ ᠵᠢᠨ ᠠᠵᠤ ᠠᠬᠤᠢ ᠵᠢᠨ ᠠᠵᠤ ᠦᠢᠯᠡᠰ ᠤ᠋ᠨ ᠬᠣᠯᠪᠣᠭ᠎ᠠ》 ᠵᠢᠩᠬᠢᠨᠢᠪᠡᠷ ᠪᠠᠢᠭᠤᠯᠤᠭ᠍ᠳᠠᠵᠤ᠂ ᠲᠤᠰ ᠬᠣᠯᠪᠣᠭ᠎ᠠ ᠵᠢ ᠳᠤᠮᠳᠠᠳᠤ ᠤᠯᠤᠰ ᠤ᠋ᠨ ᠱᠢᠯᠵᠢᠮᠡᠯ ᠴᠢᠮᠡᠭᠡ ᠬᠣᠯᠪᠣᠭᠠᠨᠤ ᠪᠦᠯᠦᠭ᠌ᠯᠡᠯ ᠤ᠋ᠨ ᠥᠪᠥᠷ ᠮᠣᠩᠭᠣᠯ ᠤ᠋ᠨ ᠬᠢᠵᠠᠭᠠᠷᠲᠤ ᠺᠣᠮᠫᠠᠨᠢ᠂ ᠥᠪᠥᠷ ᠮᠣᠩᠭᠣᠯ ᠤ᠋ᠨ ᠶᠡᠬᠡ ᠰᠤᠷᠭᠠᠭᠤᠯᠢ᠂ ᠥᠪᠥᠷ ᠮᠣᠩᠭᠣᠯ ᠤ᠋ᠨ ᠠᠵᠤ ᠦᠢᠯᠡᠳᠪᠦᠷᠢ ᠵᠢᠨ ᠶᠡᠬᠡ ᠰᠤᠷᠭᠠᠭᠤᠯᠢ ᠵᠡᠷᠭᠡ ᠣᠷᠣᠨᠤ ᠳᠣᠲᠣᠨ᠎ᠠ ᠭᠠᠳᠠᠨᠠᠬᠢ 14 ᠳᠠᠭᠠᠭᠤᠯᠤᠭ᠍ᠴᠢ ᠠᠵᠤ ᠠᠬᠤᠢᠯᠠᠯ᠂ ᠱᠢᠨᠵᠢᠯᠡᠬᠦ᠌ ᠤᠬᠠᠭᠠᠨᠤ ᠰᠤᠳᠤᠯᠭᠠᠨᠤ ᠪᠠᠢᠭᠤᠯᠤᠮᠵᠢ ᠪᠣᠯᠤᠨ ᠶᠡᠬᠡ ᠳᠡᠭᠡᠳᠦ ᠰᠤᠷᠭᠠᠭᠤᠯᠢ ᠬᠠᠮᠲᠤ ᠪᠡᠷ ᠡᠭᠦᠰᠭᠡᠨ ᠪᠠᠢᠭᠤᠯᠵᠤ᠂ ᠳᠠᠪᠠᠭᠤᠯᠢᠭ ᠡᠬᠢ ᠪᠠᠶᠠᠯᠢᠭ ᠵᠢᠡᠨ ᠨᠡᠢᠳᠭᠡᠵᠦ᠍᠂ ᠤᠢᠷ᠎ᠠ ᠤᠭᠳᠠᠷᠭᠤᠢ ᠵᠢᠨ ᠠᠵᠤ ᠠᠬᠤᠢ ᠵᠢᠨ ᠪᠦᠬᠦ᠌ ᠠᠵᠤ ᠦᠢᠯᠡᠰ ᠤ᠋ᠨ ᠬᠡᠯᠬᠢᠶ᠎ᠡ ᠵᠢᠨ ᠬᠠᠮᠵᠢᠯᠴᠠᠨ ᠬᠥᠭ᠌ᠵᠢᠬᠦ᠌ ᠱᠢᠨ᠎ᠡ ᠪᠠᠢᠷᠢᠱᠢᠯ ᠢ᠋ ᠪᠠᠢᠭᠤᠯᠵᠤ᠂ ᠥᠪᠥᠷ ᠮᠣᠩᠭᠣᠯ ᠤ᠋ᠨ ᠠᠵᠤ ᠠᠬᠤᠢ ᠵᠢᠨ ᠴᠢᠨᠠᠷ ᠰᠠᠢᠲᠠᠢ ᠬᠥᠭ᠌ᠵᠢᠯᠲᠡᠳᠦ ᠱᠢᠨ᠎ᠡ ᠬᠥᠳᠡᠯᠭᠡᠬᠦ᠌ ᠬᠥᠴᠤᠨ ᠨᠡᠮᠡᠷᠢᠯᠡᠬᠦ᠌ ᠪᠣᠯᠤᠨ᠎ᠠ᠃