ᠲᠦᠷᠦᠬᠦᠬᠡᠨ᠂ ᠥᠪᠥᠷ ᠮᠣᠩᠭᠣᠯ᠎ᠤᠨ ᠶᠡᠬᠡ ᠰᠤᠷᠭᠠᠭᠤᠯᠢ ᠰᠣᠨᠢᠨ ᠮᠡᠳᠡᠭᠡ ᠨᠡᠢᠲᠡᠯᠡᠬᠦ ᠬᠤᠷᠠᠯ ᠬᠢᠵᠦ᠂ ᠲᠤᠰ ᠰᠤᠷᠭᠠᠭᠤᠯᠢ᠎ᠵᠢᠨ ᠴᠢᠬᠤᠯᠠ ᠶᠡᠭᠡ ᠡᠷᠳᠡᠮ ᠰᠢᠨᠵᠢᠯᠡᠭᠡᠨ᠎ᠤ ᠦᠷ᠎ᠡ ᠪᠦᠳᠦᠭᠡᠯ 《ᠡᠬᠡ ᠪᠡᠶ᠎ᠡ᠎ᠶᠢᠨ ᠵᠢᠷᠮᠦᠰᠦᠨ ᠬᠤᠭᠤᠴᠠᠭ᠎ᠠ ᠪᠠ ᠬᠥᠬᠥᠭᠦᠯᠬᠦ ᠬᠤᠭᠤᠴᠠᠭᠠᠨ᠎ᠳ᠋ᠡᠬᠢ ᠡᠯᠢᠭᠡᠨ᠎ᠤ ᠥᠪᠡᠷᠮᠢᠴᠡ ᠰᠣᠯᠢᠯᠴᠠᠭᠠᠨ᠎ᠤ ᠨᠢᠭᠤᠴᠠ》᠎ᠨᠢ ᠨᠢᠬᠡᠳᠦᠬᠡᠷ ᠨᠢᠭᠡᠴᠢ᠎ᠶᠢᠨ ᠬᠤᠪᠢ ᠪᠡᠷ 《CNS》 (Cell᠂ Nature᠂ Science) ᠲᠡᠯᠡᠭᠡᠢ ᠵᠢᠨ ᠨᠡᠷᠡᠳᠦ ᠰᠡᠳᠬᠦᠯ ᠳᠡᠭᠡᠷ᠎ᠡ ᠨᠡᠢᠳᠡᠯᠡᠭᠳᠡᠭᠰᠡᠨᠢ ᠵᠠᠷᠯᠠᠵᠠᠢ᠃ ᠲᠤᠰ ᠰᠤᠳᠤᠯᠭᠠᠨ᠎ᠤ ᠦᠷ᠎ᠡ ᠪᠦᠲᠦᠭᠡᠯ᠎ᠢ ᠥᠪᠥᠷ ᠮᠣᠩᠭᠣᠯ᠎ᠤᠨ ᠶᠡᠬᠡ ᠰᠤᠷᠭᠠᠭᠤᠯᠢ᠎ᠶᠢᠨ ᠣᠨᠴᠠ ᠤᠷᠢᠭ᠍ᠰᠠᠨ ᠫᠷᠤᠹᠸᠰᠰᠤᠷ ᠰᠢᠦᠢ ᠴᠧᠩ ᠷᠠᠨ᠂ ᠥᠪᠥᠷ ᠮᠣᠩᠭᠣᠯ᠎ᠤᠨ ᠶᠡᠬᠡ ᠰᠤᠷᠭᠠᠭᠤᠯᠢ᠎ᠶᠢᠨ ᠠᠮᠢᠳᠤ ᠪᠣᠳᠠᠰ᠎ᠤᠨ ᠠᠨᠠᠭᠠᠬᠤ ᠤᠬᠠᠭᠠᠨ᠎ᠤ ᠰᠤᠳᠤᠯᠭᠠᠨ᠎ᠤ ᠬᠦᠷᠢᠶᠡᠯᠡᠩ᠎ᠦᠨ《ᠠᠵᠢᠨᠠᠢ ᠬᠦᠯᠦᠭ ᠲᠥᠯᠥᠪᠯᠡᠭᠡ》 ᠵᠢᠨ ᠰᠤᠳᠤᠯᠤᠭ᠍ᠴᠢ ᠶᠠᠩ ᠯᠢ ᠳᠠᠭᠠᠭᠤᠯᠤᠨ᠂ ᠪᠡᠭᠡᠵᠢᠩ ᠶᠡᠬᠡ ᠰᠤᠷᠭᠠᠭᠤᠯᠢ᠎ᠶᠢᠨ ᠡᠷᠳᠡᠮ ᠰᠢᠨᠵᠢᠯᠡᠭᠡᠨ᠎ᠤ ᠪᠦᠯᠬᠦᠮ ᠲᠠᠢ ᠬᠠᠮᠳᠤᠷᠠᠨ ᠪᠡᠶᠡᠯᠡᠬᠦᠯᠵᠡᠢ᠃ ᠡᠨᠡ ᠨᠢ ᠠᠮᠢ ᠨᠠᠰᠤ ᠵᠢ ᠪᠤᠢᠵᠢᠭᠤᠯᠬᠤ ᠪᠠ ᠬᠥᠬᠥᠭᠦᠯᠬᠦ ᠱᠠᠲᠤᠨ᠎ᠳᠤ ᠡᠨᠧᠷᠭᠢ᠎ᠶᠢ ᠬᠡᠷᠬᠢᠨ ᠵᠣᠬᠢᠰᠲᠠᠢ ᠬᠤᠪᠢᠶᠠᠷᠢᠯᠠᠬᠤ ᠲᠤᠬᠠᠢ ᠬᠥᠮᠥᠰ᠎ᠦᠨ ᠣᠢᠯᠠᠭᠠᠯᠲᠠ᠎ᠶᠢ ᠬᠦᠨᠵᠡᠬᠡᠢᠷᠡᠬᠦᠯᠵᠦ᠂ ᠡᠬᠡ ᠨᠢᠯᠬᠠᠰ᠎ᠤᠨ ᠡᠷᠡᠭᠦᠯ ᠮᠡᠨᠳᠦ᠎ᠶᠢ ᠰᠠᠢᠵᠢᠷᠠᠭᠤᠯᠬᠤ ᠪᠠ ᠰᠦ ᠵᠢᠨ ᠶᠠᠰᠤ ᠴᠢᠨᠠᠷ᠎ᠢ ᠳᠡᠭᠡᠭᠰᠢᠯᠡᠭᠦᠯᠬᠦ᠎ᠳᠦ ᠰᠢᠨ᠎ᠡ ᠰᠡᠳᠬᠢᠮᠵᠢ ᠬᠠᠩᠭᠠᠭᠰᠠᠨ ᠪᠠᠢᠨ᠎ᠠ᠃
ᠲᠠᠨᠢᠯᠴᠠᠭᠤᠯᠤᠭᠰᠠᠨ ᠵᠢᠡᠷ᠂ ᠡᠭᠡ ᠪᠡᠶ᠎ᠡ ᠵᠢᠨ ᠵᠢᠷᠮᠦᠰᠦᠨ ᠬᠤᠭᠤᠴᠠᠭ᠎ᠠ ᠪᠠ ᠬᠦᠬᠦᠬᠦᠯᠬᠦ ᠬᠤᠭᠤᠴᠠᠭᠠᠨ ᠳ᠋ᠡᠬᠢ ᠡᠯᠢᠭᠡᠨ᠎ᠤ ᠰᠢᠨ᠎ᠡ ᠬᠠᠭᠤᠴᠢᠨ᠎ᠤ ᠰᠤᠯᠢᠯᠴᠠᠭᠠᠨ᠎ᠤ ᠵᠢᠮ᠎ᠡ ᠶᠤᠰᠤᠨ᠎ᠤ ᠲᠤᠬᠠᠢ ᠰᠤᠳᠤᠯᠭᠠᠨ᠎ᠨᠢ ᠡᠯᠢᠭᠡ᠎ᠶᠢ ᠦᠷᠡᠵᠢᠯ᠎ᠦᠨ ᠰᠢᠰᠲᠧᠮ᠎ᠦᠨ ᠪᠦᠬᠦᠯᠢ ᠴᠣᠭᠴᠠ᠎ᠶᠢᠨ ᠰᠤᠳᠤᠯᠭᠠᠨ᠎ᠳ᠋ᠤ ᠣᠷᠣᠭᠤᠯᠵᠤ᠂ ᠡᠷᠬᠡᠲᠡᠨ᠎ᠦ ᠵᠣᠬᠢᠴᠠᠬᠤ ᠴᠢᠨᠠᠷ᠎ᠤᠨ ᠰᠤᠳᠤᠯᠭᠠᠨ ᠳ᠋ᠤ ᠰᠢᠨ᠎ᠡ ᠵᠠᠭᠪᠤᠷ ᠬᠠᠩᠭᠠᠨᠵᠠᠢ᠃ ᠠᠨᠠᠭᠠᠬᠤ ᠤᠬᠠᠭᠠᠨ᠎ᠤ ᠰᠤᠳᠤᠯᠭᠠᠨ ᠳ᠋ᠤ ᠵᠢᠷᠮᠦᠰᠦᠨ ᠬᠤᠭᠤᠴᠠᠭᠠᠨ᠎ᠳᠠᠬᠢ ᠪᠣᠳᠠᠰ᠎ᠤᠨ ᠰᠣᠯᠢᠯᠴᠠᠭ᠎ᠠ ᠲᠡᠩᠴᠡᠭᠦᠷᠢ᠎ᠪᠡᠨ ᠠᠯᠳᠠᠬᠤ᠂ ᠬᠡᠦᠭᠡᠢ ᠵᠢᠨ ᠪᠣᠶ᠋ᠢᠵᠢᠯᠲᠠ ᠬᠢᠵᠠᠭᠠᠷᠯᠠᠭᠳᠠᠬᠤ ᠪᠤᠶᠤ ᠬᠥᠩᠭᠡᠵᠢᠭᠰᠡᠨᠦ ᠳᠠᠷᠠᠭᠠᠬᠢ ᠰᠦ ᠭᠦᠢᠴᠡᠳ ᠦᠭᠡᠢ ᠪᠠᠢᠬᠤ ᠨᠢ ᠡᠯᠢᠭᠡᠨᠦ ᠲᠣᠬᠢᠷᠠᠭᠤᠯᠤᠯᠲᠠ ᠭᠦᠢᠴᠡᠳ ᠦᠭᠡᠢ ᠪᠠᠢᠬᠤ᠎ᠲᠠᠢ ᠬᠣᠯᠪᠣᠭ᠎ᠠ᠎ᠲᠠᠢ ᠪᠠᠢᠵᠤ ᠮᠡᠳᠡᠬᠦ᠎ᠶᠢ ᠰᠤᠳᠤᠯᠭᠠᠨ᠎ᠢᠶᠠᠷ ᠭᠡᠷᠡᠴᠢᠯᠡᠬᠦ ᠵᠢᠨ ᠬᠠᠮᠳᠤ ᠬᠣᠯᠪᠣᠭᠳᠠᠯ ᠪᠦᠬᠦᠢ ᠡᠪᠡᠳᠴᠢᠨ᠎ᠢ ᠤᠷᠢᠳᠴᠢᠯᠠᠨ ᠰᠡᠷᠭᠡᠢᠯᠡᠬᠦ ᠪᠠ ᠡᠮᠨᠡᠨ ᠵᠠᠰᠠᠬᠤ᠎ᠳᠤ ᠰᠢᠨ᠎ᠡ ᠴᠢᠭᠯᠡᠯ ᠬᠠᠩᠭᠠᠵᠠᠢ; ᠮᠠᠯ ᠠᠵᠤ ᠠᠬᠤᠢ᠎ᠶᠢᠨ ᠤᠬᠠᠭᠠᠨ ᠤ᠋ ᠰᠤᠳᠤᠯᠭᠠᠨ ᠳ᠋ᠤ ᠤᠯᠠᠮᠵᠢᠯᠠᠯᠲᠤ ᠲᠤᠷᠰᠢᠯᠭ᠎ᠠ᠎ᠶᠢᠨ ᠦᠷ᠎ᠡ ᠵᠢᠨ ᠪᠣᠢᠵᠢᠭᠤᠯᠤᠯᠲᠠ᠎ᠠᠴᠠ ᠮᠣᠯᠧᠺᠦ᠋ᠯ ᠬᠢᠬᠡᠳ ᠰᠣᠯᠢᠯᠴᠠᠭᠠᠨ᠎ᠤ ᠳᠠᠪᠬᠤᠷᠭ᠎ᠠ᠎ᠳᠤ ᠬᠦᠷᠬᠦ ᠨᠠᠷᠢᠯᠢᠭ᠋ ᠣᠨᠣᠴᠠᠲᠠᠢ ᠲᠣᠬᠢᠷᠠᠭᠤᠯᠭ᠎ᠠ ᠡᠵᠡᠮᠳᠡᠯ᠎ᠢ ᠠᠬᠢᠭᠤᠯᠵᠤ᠂ 《ᠮᠣᠯᠧᠺᠦ᠋ᠯ᠎ᠦᠨ ᠮᠠᠯ ᠠᠵᠤ ᠠᠬᠤᠢ᠎ᠶᠢᠨ ᠤᠬᠠᠭᠠᠨ》 ᠳ᠋ᠤ ᠰᠢᠨᠵᠢᠯᠡᠬᠦ ᠤᠬᠠᠭᠠᠨᠴᠢ ᠰᠠᠭᠤᠷᠢ ᠲᠠᠯᠪᠢᠪᠠ; ᠰᠦ ᠪᠠ ᠰᠢᠮ᠎ᠡ ᠲᠡᠵᠢᠭᠡᠯ᠎ᠦᠨ ᠬᠦᠷᠢᠶᠡᠨ᠎ᠳᠦ᠂ ᠰᠦ ᠵᠢᠨ ᠰᠢᠮ᠎ᠡ ᠲᠡᠵᠢᠭᠡᠯ᠎ᠦᠨ ᠪᠦᠲᠦᠴᠡ᠎ᠶᠢ ᠰᠠᠢᠵᠢᠷᠠᠭᠤᠯᠵᠤ᠂ ᠰᠦ ᠵᠢᠨ ᠡᠷᠡᠭᠦᠯ ᠮᠡᠨᠳᠦ᠎ᠶᠢᠨ ᠦᠨ᠎ᠡ ᠥᠷᠲᠡᠭ᠎ᠢ ᠳᠡᠭᠡᠭᠰᠢᠯᠡᠭᠦᠯᠬᠦ᠎ᠶᠢᠨ ᠬᠠᠮᠲᠤ ᠮᠠᠯ ᠠᠵᠤ ᠠᠬᠤᠢ᠎ᠶᠢᠨ ᠦᠢᠯᠡᠳᠪᠦᠷᠢᠯᠡᠯ᠎ᠦᠨ ᠥᠪᠡᠷ᠎ᠦᠨ ᠥᠷᠲᠡᠭ᠎ᠢ ᠪᠠᠭᠤᠷᠠᠭᠤᠯᠬᠤ᠎ᠳᠤ ᠠᠰᠢᠭ᠍ᠲᠠᠢ ᠶᠤᠮ᠃ 《ᠡᠨᠡ ᠬᠦ᠌ ᠢᠯᠡᠷᠡᠭᠦᠯᠦᠯᠲᠡ ᠨᠢ ᠠᠮᠢ ᠵᠢᠨ ᠰᠢᠨᠵᠢᠯᠡᠬᠦ ᠤᠬᠠᠭᠠᠨ᠎ᠤ ᠬᠦᠷᠢᠶᠡᠨ᠎ᠳᠡᠬᠢ ᠴᠢᠬᠤᠯᠠ ᠶᠡᠬᠡ ᠰᠢᠪᠲᠤᠯᠤᠯᠲᠠ ᠪᠣᠯᠬᠤ᠎ᠪᠠᠷ ᠪᠠᠷᠠᠬᠤ ᠦᠭᠡᠢ ᠪᠠᠰᠠ ᠮᠣᠯᠧᠺᠦ᠋ᠯ᠎ᠦᠨ ᠮᠠᠯ ᠠᠵᠤ ᠠᠬᠤᠢ᠎ᠶᠢᠨ ᠤᠬᠠᠭᠠᠨ ᠪᠣᠯᠣᠨ ᠦᠷᠡᠵᠢᠯ᠎ᠦᠨ ᠠᠨᠠᠭᠠᠬᠤ ᠤᠬᠠᠭᠠᠨ᠎ᠤ ᠬᠥᠭᠵᠢᠯᠲᠡ᠎ᠳᠦ ᠰᠢᠨ᠎ᠡ ᠴᠢᠭᠯᠡᠯ᠎ᠢ ᠨᠡᠬᠡᠬᠡᠵᠡᠢ》 ᠬᠡᠵᠦ ᠰᠤᠳᠤᠯᠤᠭᠴᠢ ᠶᠠᠩ ᠯᠢ ᠳᠠᠨᠢᠯᠴᠠᠭᠤᠯᠪᠠ᠃
ᠤᠢᠯᠠᠭᠠᠭᠰᠠᠨ ᠵᠢᠡᠷ᠂ ᠥᠪᠥᠷ ᠮᠣᠩᠭᠣᠯ᠎ᠤᠨ ᠶᠡᠬᠡ ᠰᠤᠷᠭᠠᠭᠤᠯᠢ ᠵᠢᠨ ᠴᠢᠬᠤᠯᠠ ᠶᠡᠬᠡ ᠰᠤᠳᠤᠯᠭᠠᠨ᠎ᠤ ᠦᠷ᠎ᠡ ᠪᠦᠲᠦᠭᠡᠯ᠎ᠵᠢᠡᠨ 《CNS》 (Cell᠂ Nature᠂ Science) ᠰᠡᠳᠬᠦᠯ᠎ᠦᠨ ᠭᠤᠤᠯ ᠬᠡᠪᠯᠡᠯ ᠳᠡᠭᠡᠷ᠎ᠡ ᠨᠡᠢᠲᠡᠯᠡᠬᠦᠯᠦᠭᠰᠡᠨ ᠨᠢ ᠮᠠᠨ ᠤ᠋ ᠣᠷᠣᠨ᠎ᠤ ᠰᠤᠳᠤᠯᠭᠠᠨ᠎ᠤ ᠪᠠᠢᠭᠤᠯᠤᠮᠵᠢ᠎ᠶᠢᠨ ᠲᠤᠳᠤᠷ᠎ᠠ ᠠᠩᠬ᠎ᠠ ᠤᠳᠠᠭ᠎ᠠ ᠪᠤᠯᠤᠨ᠎ᠠ᠃ 2022 ᠣᠨ᠎ᠠᠴᠠ ᠨᠠᠭᠠᠰᠢ ᠦᠪᠦᠷ ᠮᠤᠩᠭᠤᠯ᠎ᠤᠨ ᠶᠡᠬᠡ ᠰᠤᠷᠭᠠᠭᠤᠯᠢ ᠨᠡᠢ᠍ᠢᠳᠡ 668 ᠰᠢᠯᠢᠳᠡᠭ ᠳ᠋ᠣᠺᠲ᠋ᠣᠷ᠂ ᠫᠤᠰᠲ ᠳ᠋ᠣᠺᠲ᠋ᠣᠷ᠎ᠢ ᠲᠤᠰᠬᠠᠢ ᠮᠡᠷᠭᠡᠵᠢᠯ᠎ᠦᠨ ᠪᠠᠭ᠍ᠰᠢ᠎ᠪᠡᠷ ᠤᠷᠢᠵᠤ᠂ ᠴᠢᠳᠠᠪᠤᠷᠢᠲᠠᠨ᠎ᠢᠶᠠᠷ ᠰᠤᠷᠭᠠᠭᠤᠯᠢ᠎ᠪᠠᠨ ᠬᠦᠴᠦᠷᠬᠡᠭᠵᠢᠭᠦᠯᠬᠦ ᠪᠠᠢᠯᠳᠤᠬᠤ ᠪᠣᠳᠣᠯᠭ᠎ᠠ᠎ᠶᠢᠨ ᠴᠢᠨᠠᠷᠲᠠᠢ ᠲᠤᠯᠭᠠᠭᠤᠷᠢᠯᠠᠯ ᠳᠣᠣᠷ᠎ᠠ ᠰᠢᠨᠵᠢᠯᠡᠬᠦ ᠤᠬᠠᠭᠠᠨ᠎ᠤ ᠰᠤᠳᠤᠯᠭᠠᠨ᠎ᠤ ᠲᠠᠪᠠᠯᠳᠠᠳᠤ ᠮᠠᠶᠢᠭ᠋᠎ᠤᠨ ᠬᠥᠭᠵᠢᠯᠲᠡ᠎ᠶᠢ ᠪᠡᠶᠡᠯᠡᠭᠦᠯᠵᠦ᠂ 2024 ᠣᠨ᠎ᠳᠤ ᠤᠯᠤᠰ᠎ᠤᠨ ᠪᠠᠢᠭᠠᠯᠢ᠎ᠶᠢᠨ ᠰᠢᠨᠵᠢᠯᠡᠬᠦ ᠤᠬᠠᠭᠠᠨ᠎ᠤ ᠰᠠᠭᠤᠷᠢ ᠮᠥᠩᠭᠥ᠎ᠶᠢᠨ ᠲᠦᠷᠦᠯ ᠵᠦᠢᠯ ᠨᠢ ᠠᠩᠬ᠎ᠠ ᠤᠳᠠᠭ᠎ᠠ 100 ᠵᠢᠨ ᠪᠣᠭᠣᠮᠲᠠ᠎ᠶᠢ ᠳᠠᠪᠠᠵᠤ᠂ 2025 ᠣᠨ᠎ᠳᠤ ᠤᠯᠤᠰ᠎ᠤᠨ ᠪᠠᠢᠭᠠᠯᠢ᠎ᠶᠢᠨ ᠰᠢᠨᠵᠢᠯᠡᠬᠦ ᠤᠬᠠᠭᠠᠨ᠎ᠤ ᠰᠠᠭᠤᠷᠢ ᠮᠥᠩᠭᠥ ᠵᠢᠨ 132 ᠲᠦᠷᠦᠯ ᠵᠦᠢᠯ᠎ᠢ ᠵᠦᠪᠰᠢᠶᠡᠷᠡᠬᠦᠯᠵᠦ᠂ ᠲᠡᠦᠬᠡ᠎ᠶᠢᠨ ᠰᠢᠨ᠎ᠡ ᠲᠡᠮᠳᠡᠭᠯᠡᠯ᠎ᠢ ᠳᠠᠬᠢᠨᠲᠠ ᠡᠭᠦᠳᠪᠡ᠃ ᠲᠤᠰᠠᠯᠠᠮᠵᠢ ᠭᠥᠷᠳᠡᠭᠰᠡᠨ ᠲᠥᠷᠥᠯ ᠵᠦᠢᠯ᠎ᠦᠨ ᠲᠣᠭ᠎ᠠ ᠨᠢ ᠨᠢᠳᠤᠨᠤᠨ᠎ᠤ ᠬᠢ᠎ᠡᠴᠡ 28% ᠪᠡᠷ ᠳᠡᠭᠡᠭᠰᠢᠯᠡᠵᠦ᠂ ᠶᠡᠷᠦᠩᠬᠡᠢ ᠲᠤᠰᠠᠯᠠᠮᠵᠢ᠎ᠶᠢᠨ ᠨᠣᠷᠮ᠎ᠠ ᠨᠢ 21% ᠳ᠋ᠤ ᠬᠦᠷᠴᠦ᠂ ᠪᠥᠬᠥ ᠤᠯᠤᠰ᠎ᠤᠨ ᠳᠤᠮᠳᠠᠴᠢ ᠲᠦᠪᠰᠢᠨ᠎ᠡᠴᠡ ᠦᠨᠳᠦᠷ ᠪᠤᠯᠪᠠ᠃ 《ᠤᠢᠷ᠎ᠠ ᠵᠢᠨ ᠵᠢᠯ ᠳ᠋ᠤ ᠦᠪᠦᠷ ᠮᠤᠩᠭᠤᠯ᠎ᠤᠨ ᠶᠡᠬᠡ ᠰᠤᠷᠭᠠᠭᠤᠯᠢ ᠡᠴᠡ ᠳᠡᠯᠡᠬᠡᠢ᠎ᠶᠢᠨ ᠲᠡᠷᠢᠭᠦᠨ᠎ᠦ ᠲᠦᠪᠰᠢᠨ ᠪᠦᠬᠦᠢ ᠣᠯᠠᠨ ᠵᠦᠢᠯ᠎ᠦᠨ ᠰᠤᠳᠤᠯᠭᠠᠨ᠎ᠤ ᠦᠷ᠎ᠡ ᠪᠦᠲᠦᠭᠡᠯ ᠴᠣᠯᠭᠣᠷᠠᠨ ᠭᠠᠷᠴᠤ᠂ ᠰᠤᠷᠭᠠᠨ ᠬᠥᠮᠦᠵᠢᠯ᠎ᠢᠶᠡᠷ ᠣᠷᠣᠨ᠎ᠢᠶᠠᠨ ᠬᠦᠴᠦᠷᠬᠡᠭᠵᠢᠭᠦᠯᠬᠦ ᠳ᠋ᠤ ᠮᠡᠷᠭᠡᠵᠢᠯ᠎ᠦᠨ ᠰᠢᠨ᠎ᠡ᠎ᠶᠢ ᠡᠭᠦᠳᠬᠦ ᠲᠤᠯᠭᠠᠭᠤᠷᠢᠯᠠᠯ ᠬᠠᠩᠭᠠᠵᠤ ᠪᠠᠢᠨ᠎ᠠ》 ᠬᠡᠵᠦ ᠰᠤᠷᠭᠠᠭᠤᠯᠢ ᠵᠢᠨ ᠳᠡᠳ᠋ ᠵᠠᠬᠢᠷᠤᠯ᠂ ᠦᠪᠦᠷ ᠮᠤᠩᠭᠤᠯ᠎ᠤᠨ ᠠᠮᠢ ᠵᠢᠨ ᠰᠢᠨᠵᠢᠯᠡᠬᠡᠨ᠎ᠤ ᠳᠡᠬᠡᠳᠤ ᠰᠤᠷᠭᠠᠭᠤᠯᠢ ᠵᠢᠨ ᠵᠠᠬᠢᠷᠤᠯ ᠬᠤ᠌ ᠮᠧᠢ ᠬᠡᠯᠡᠪᠡ᠃