ᠠᠷᠠᠯᠵᠢᠶᠠᠴᠢᠨ᠎ᠢ ᠠᠮᠣᠷᠵᠢᠭᠣᠯᠵᠦ ᠲᠣᠲᠣᠨᠣᠴᠢᠯᠠᠨ ᠪᠠᠶᠠᠵᠢᠭᠣᠯᠤᠬᠰᠠᠨ ᠲᠦᠩᠯᠢᠶᠣᠣ ᠬᠣᠲᠠ᠎ᠶᠢᠨ ᠦᠢᠯᠡᠲᠦᠯᠭᠡ
2025-09-08 09:56:39
ᠵᠣᠬᠢᠶᠠᠭ᠍ᠴᠢ᠄
ᠾᠦᠸᠸ ᠰᠢᠶᠣᠣ ᠴᠢᠩ
ᠣᠩᠱᠢᠭ᠍ᠰᠠᠨ ᠣᠳᠠᠭ᠎ᠠ᠄
★★★☆☆

ᠨᠠᠮᠣᠷ᠎ᠤᠨ ᠬᠣᠩᠭᠣᠷ ᠰᠠᠯᠬᠢᠨ ᠰᠡᠪᠢᠯᠵᠡᠬᠦᠶ᠎ᠡ᠂ ᠲᠦᠩᠯᠢᠶᠣᠣ ᠬᠣᠲᠠ ᠭᠠᠵᠠᠷ ᠰᠠᠢ ᠦᠭᠡᠢ ᠠᠮᠢᠯᠠᠯ ᠬᠦᠭᠵᠢᠯᠲᠡ ᠪᠡᠷ ᠪᠢᠯᠬᠠᠨ᠎ᠠ᠃

ᠨᠠᠢ᠍ᠮᠠᠨ ᠬᠤᠱᠢᠭᠤᠨ᠎ᠤ ᠳᠠᠴᠢᠨᠲᠠᠯ᠎ᠠ ᠵᠢᠨ ᠪᠠᠢᠭᠠᠯᠢᠯᠢᠬ ᠬᠤᠵᠢᠷ᠎ᠤᠨ ᠠᠭᠤᠷᠬᠠᠶ ᠮᠠᠯᠲᠠᠬᠤ ᠡᠷᠬᠡ 68 ᠳ᠋ᠦᠩᠱᠢᠭᠤᠷ ᠲᠥᠭᠦᠷᠢᠭ᠎ᠤᠨ ᠦᠨ᠎ᠡ ᠪᠡᠷ ᠫᠠᠢᠰᠠ ᠡᠯᠭᠦᠵᠦ᠂ ᠠᠵᠤ ᠦᠢᠯᠡᠰ᠎ᠤᠨ ᠬᠦᠷᠢᠶᠡᠯᠡᠩ ᠲᠣᠭᠤᠷᠢᠭ᠎ᠢ ᠵᠢᠩᠬᠢᠨᠢ᠎ᠪᠠᠷ ᠪᠠᠢᠭᠤᠯᠵᠤ ᠡᠬᠢᠯᠡᠬᠦ᠎ᠶᠢ ᠲᠠᠭᠠᠯᠲᠣᠨ᠂ ᠲᠦᠩᠯᠢᠶᠣᠤ ᠬᠣᠲᠠ᠎ᠶ᠋ᠢᠨ ᠮᠢᠩᠭᠠᠨ ᠳ᠋ᠦᠩᠱᠢᠭᠤᠷ ᠲᠠᠰ᠎ᠤᠨ ᠠᠵᠤ ᠦᠢᠯᠡᠰ᠎ᠤᠨ ᠰᠦᠷᠦᠭ᠌ᠵᠢᠯ᠎ᠤᠨ ᠬᠥᠭ᠌ᠵᠢᠯᠲᠡ᠎ᠶ᠋ᠢᠨ ᠬᠦᠰᠢᠶ᠎ᠡ ᠲᠣᠷᠠᠰᠬᠠᠯ ᠪᠤᠯᠤᠭᠰᠠᠨ ᠪᠠᠢᠨ᠎ᠠ᠃

ᠬᠤᠷᠴᠢᠨ ᠲᠣᠭᠤᠷᠢᠭ᠎ᠲᠤ᠌᠂ ᠥᠪᠥᠷ ᠮᠣᠩᠭᠤᠯ᠎ᠤᠨ ᠵᠡᠭᠦᠨ ᠬᠡᠰᠡᠭ᠎ᠤᠨ ᠳᠡᠭᠡᠳᠦ ᠲᠡᠰ᠎ᠤᠨ ᠬᠦᠨᠳᠦ ᠬᠡᠯᠪᠡᠷᠢ᠎ᠶ᠋ᠢᠨ ᠰᠠᠭᠤᠷᠢ ᠲᠥᠬᠦᠭᠡᠷᠦᠮᠵᠢ ᠦᠢᠯᠡᠳᠬᠦ᠌ ᠠᠵᠤ ᠦᠢᠯᠡᠰ᠎ᠤᠨ ᠰᠠᠭᠤᠷᠢᠨ᠎ᠤ 50 ᠳ᠋ᠦᠩᠱᠢᠭᠤᠷ ᠲᠥᠭᠦᠷᠢᠭ ᠪᠡᠯᠡ ᠣᠷᠣᠭᠤᠯᠤᠭ᠍ᠰᠠᠨ 13 ᠱᠢᠨ᠎ᠡ ᠲᠦᠷᠦᠯ ᠵᠦᠢᠯ᠎ᠢ ᠪᠦᠳᠦᠭᠡᠨ ᠪᠠᠢᠭᠤᠯᠬᠣ ᠠᠵᠢᠯ ᠢᠲᠡ ᠬᠦᠭ ᠲᠠᠢ ᠦᠷᠨᠢᠨ᠎ᠡ᠃

2025 ᠣᠨ᠎ᠤ ᠳᠡᠭᠡᠷ᠎ᠡ ᠬᠠᠭᠠᠰ ᠵᠢᠯ᠎ᠳᠤ᠂ ᠲᠦᠩᠯᠢᠶᠣᠣ ᠬᠤᠲᠠ᠎ᠶ᠋ᠢᠨ ᠠᠷᠠᠯᠵᠢᠶᠠᠴᠢᠨ ᠤᠷᠢᠵᠤ ᠪᠠᠯᠠ ᠮᠦᠩᠬᠦ ᠣᠷᠣᠭᠤᠯᠣᠨ ᠠᠪᠴᠢᠷᠠᠬᠣ ᠲᠥᠷᠥᠯ ᠵᠦᠢᠯ᠎ᠳᠤ᠂ ᠤᠯᠤᠰ᠎ᠤᠨ ᠳᠣᠲᠣᠭᠠᠳᠤ᠎ᠶ᠋ᠢᠨ ᠪᠣᠳᠠᠲᠠᠢ ᠨᠠᠢᠲᠠᠪᠣᠷᠢᠵᠢᠭᠣᠯᠣᠬᠰᠠᠨ ᠪᠠᠯᠠ ᠮᠥᠩᠭᠦ᠎ᠶ᠋ᠢ 200.54 ᠳ᠋ᠦᠩᠱᠢᠭᠤᠷ ᠲᠥᠭᠦᠷᠢᠭ ᠣᠷᠣᠭᠤᠯᠤᠨ ᠠᠪᠴᠢᠷᠠᠵᠤ᠂ ᠯᠠᠪᠳᠠᠭᠤᠨ ᠲᠣᠭ᠍ᠲᠠᠭᠤᠨ ᠪᠠᠢᠳᠠᠯ᠎ᠢ  ᠪᠠᠲᠤᠯᠠᠪᠠ᠃

ᠠᠷᠠᠯᠵᠢᠶᠠᠴᠢᠨ ᠤᠷᠢᠵᠤ ᠪᠡᠯᠡ ᠮᠦᠩᠬᠦ ᠣᠷᠣᠭᠤᠯᠣᠨ ᠠᠪᠴᠢᠷᠠᠬᠣ ᠪᠣᠯ ᠠᠵᠤ ᠠᠬᠤᠢ᠎ᠶ᠋ᠢᠨ ᠨᠡᠮᠡᠭ᠌ᠳᠡᠯ᠎ᠢ ᠠᠬᠢᠭᠣᠯᠬᠣ ᠴᠢᠬᠤᠯᠠ ᠭᠠᠷᠳᠠᠴᠠ ᠪᠣᠯᠬᠤ ᠪᠥᠭᠡᠳ ᠨᠢᠭᠡ ᠭᠠᠵᠠᠷ ᠣᠷᠣᠨ᠎ᠤ ᠲᠠᠲᠠᠬᠤ ᠬᠦᠴᠦᠨ᠎ᠤ ᠬᠠᠮᠤᠭ ᠰᠠᠢᠨ ᠢᠯᠡᠷᠡᠭᠦᠯᠦᠯ ᠪᠣᠯᠬᠣ ᠶᠣᠮ᠃ ᠲᠦᠩᠯᠢᠶᠣᠣ ᠬᠣᠲᠠ ᠶᠠᠭ ᠪᠣᠳᠠᠲᠠᠢ᠎ᠶ᠋ᠢ ᠡᠷᠬᠢᠮᠯᠡᠵᠦ᠍ ᠱᠢᠨ᠎ᠡ ᠎ᠶ᠋ᠢ ᠡᠭᠦᠳᠬᠦ᠌ ᠦᠢᠯᠡᠳᠦᠯᠭᠡ ᠎ᠪᠡᠷ ᠠᠷᠠᠯᠵᠢᠶᠠᠴᠢᠨ ᠣᠷᠢᠵᠦ ᠪᠡᠯᠡ ᠮᠦᠩᠬᠦ ᠣᠷᠣᠭᠣᠯᠣᠨ ᠠᠪᠴᠢᠷᠠᠬᠣ ᠬᠦᠨᠵᠡᠭᠡᠢ ᠠᠭᠤᠯᠤᠭᠳᠠᠬᠤᠨ᠎ᠢ ᠲᠠᠢᠯᠪᠤᠷᠢᠯᠠᠬᠰᠠᠭᠠᠷ᠃

《ᠢᠲᠡᠭᠡᠮᠵᠢ》 ᠪᠠᠷ ᠠᠯᠣᠰ᠎ᠤᠨ ᠵᠣᠴᠢᠳ᠎ᠢ ᠤᠭ᠍ᠲᠤᠨ᠎ᠠ

 2022 ᠣᠨ᠎ᠠᠴᠠ ᠡᠬᠢᠯᠡᠨ᠂ ᠲᠦᠩᠯᠢᠶᠣᠤ ᠬᠤᠲᠠ ᠪᠥᠬᠦ᠌ ᠣᠷᠣᠨ᠎ᠤ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ ᠎ᠤᠨ ᠬᠡᠪ ᠳᠠᠭᠤᠷᠢᠶᠠᠯ ᠪᠣᠯᠬᠤ ᠬᠤᠲᠠ᠎ᠶ᠋ᠢ ᠪᠠᠢᠭᠤᠯᠬᠤ᠎ᠪᠠᠷ ᠬᠠᠷᠠᠯᠲᠠ ᠪᠣᠯᠭᠠᠵᠤ᠂ ᠵᠠᠯᠭᠠᠪᠠᠷ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ᠎ᠢ ᠱᠢᠯᠢᠳᠡᠭ᠌ᠵᠢᠭᠦᠯᠬᠦ᠌ ᠪᠣᠭᠤᠮᠲᠠ ᠱᠢᠪᠲᠤᠯᠬᠤ ᠤᠨ᠂ ᠱᠢᠯᠢᠳᠡᠭ ᠪᠣᠯᠬᠤ᠎ᠪᠠᠷ ᠴᠢᠷᠮᠠᠢᠬᠤ ᠤᠨ᠂ ᠱᠢᠨ᠎ᠡ᠎ᠶ᠋ᠢ ᠡᠭᠦᠳᠬᠦ᠌ ᠣᠨ᠎ᠤ ᠠᠵᠢᠯᠯᠠᠭ᠎ᠠ᠎ᠶ᠋ᠢ ᠬᠡᠷᠡᠭ᠌ᠵᠢᠭᠦᠯᠵᠦ᠍᠂ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ᠎ᠤᠨ ᠨᠡᠷᠡᠰ᠎ᠤᠨ ᠵᠢᠭ᠍ᠰᠠᠭᠠᠯᠲᠠ᠎ᠳᠤ ᠳᠠᠪᠠᠯᠲᠠ᠎ᠶ᠋ᠢ ᠪᠡᠶᠡᠯᠡᠭᠦᠯᠵᠦ᠂ ᠣᠷᠢᠳ ᠬᠣᠵᠢᠳ ᠪᠥᠬᠦ᠌ ᠤᠯᠤᠰ᠎ᠤᠨ 2023 ᠤᠨ᠎ᠤ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ᠎ᠤᠨ ᠱᠢᠨ᠎ᠡ᠎ᠶ᠋ᠢ ᠡᠭᠦᠲᠦᠭᠰᠡᠨ ᠵᠢᠱ᠌ᠢᠶ᠎ᠡ ᠦᠵᠡᠭᠦᠯᠬᠦ᠌ ᠬᠤᠲᠠ᠂ 2024 ᠣᠨ᠎ᠤ ᠴᠢᠨᠠᠷ ᠰᠠᠢᠲᠠᠶ ᠬᠥᠭ᠌ᠵᠢᠯᠲᠡ᠎ᠶ᠋ᠢᠨ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ᠎ᠤᠨ ᠬᠠᠮᠤᠭ᠎ᠤᠨ ᠰᠠᠢᠨ ᠬᠤᠲᠠ᠂ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ᠎ᠢ ᠣᠷᠢᠳ ᠶ᠋ᠢᠡᠷ ᠱᠢᠯᠢᠳᠡᠭ᠌ᠵᠢᠭᠦᠯᠦᠨ ᠬᠡᠷᠡᠭ᠌ᠵᠢᠭᠦᠯᠦᠭᠰᠡᠨ ᠬᠤᠲᠠ ᠪᠡᠷ ᠵᠢᠭ᠍ᠰᠠᠭᠠᠭ᠍ᠳᠠᠵᠣ᠂ ᠪᠦᠬᠦ᠌ ᠬᠤᠲᠠ᠎ᠶ᠋ᠢᠨ ᠲᠥᠷᠥᠯ ᠵᠦᠢᠯ᠎ᠤᠨ ᠪᠡᠯᠡ ᠣᠷᠣᠭᠤᠯᠤᠯᠲᠠ ᠦᠷᠭᠦᠯᠵᠢᠯᠡᠨ ᠥᠨᠳᠥᠷ ᠬᠤᠷᠳᠤᠴᠠ᠎ᠪᠠᠷ ᠨᠡᠮᠡᠭ᠌ᠳᠡᠬᠦ᠌᠎ᠶ᠋ᠢ ᠪᠠᠲᠤᠯᠠᠪᠠ᠃

2025 ᠣᠨ᠎ᠳᠤ ᠲᠦᠩᠯᠢᠶᠣᠣ ᠬᠤᠲᠠ ᠬᠤᠳᠠᠯᠳᠤᠭ᠎ᠠ ᠡᠷᠬᠢᠯᠡᠬᠦ᠌ ᠣᠷᠴᠢᠨ ᠨᠦᠬᠦᠴᠡᠯ᠎ᠢ ᠱᠢᠯᠢᠳᠡᠭ᠌ᠵᠢᠭᠦᠯᠦᠨ ᠪᠠᠲᠣᠳᠬᠠᠬᠣ ᠠᠵᠢᠯᠯᠠᠭ᠎ᠠ᠎ᠶ᠋ᠢ ᠦᠷᠬᠦᠯᠵᠢᠯᠡᠨ ᠥᠷᠨᠢᠭᠦᠯᠵᠦ᠍᠂ ᠡᠮᠬᠢ ᠵᠠᠮᠪᠠᠷᠠᠭ᠎ᠠ ᠦᠭᠡᠢ ᠬᠠᠣᠯᠢ ᠭᠡᠷᠡᠭᠵᠢᠬᠦᠯᠦᠭᠰᠡᠨ ᠂ ᠬᠠᠤᠯᠢ ᠴᠠᠭᠠᠵᠠ ᠭᠤᠣᠯᠴᠢ ᠪᠤᠰᠤ᠂ ᠭᠡᠷ᠎ᠡ ᠡᠴᠡ ᠵᠥᠷᠢᠴᠡᠵᠦ᠍ ᠢᠲᠡᠭᠡᠮᠵᠢ ᠠᠯᠳᠠᠭ᠍ᠰᠠᠨ ᠵᠡᠷᠭᠡ ᠬᠤᠳᠠᠯᠳᠤᠭ᠎ᠠ ᠡᠷᠬᠢᠯᠡᠬᠦ᠌ ᠣᠷᠴᠢᠨ ᠨᠦᠬᠦᠴᠡᠯ᠎ᠢ ᠡᠪᠳᠡᠭ᠌ᠰᠡᠨ ᠲᠥᠪ ᠪᠤᠰᠤ ᠰᠤᠷᠲᠠᠯ᠎ᠢ ᠴᠡᠭᠴᠡᠯᠡᠨ ᠵᠠᠰᠠᠵᠦ᠂ ᠬᠤᠳᠠᠯᠳᠤᠭ᠎ᠠ ᠡᠷᠬᠢᠯᠡᠬᠦ᠌ ᠣᠷᠴᠢᠨ ᠨᠦᠬᠦᠴᠡᠯ᠎ᠤᠨ ᠡᠯ᠎ᠡ ᠲᠦᠷᠦᠯ᠎ᠤᠨ 《ᠬᠤᠣᠷᠲᠤ ᠬᠠᠪᠤᠳᠠᠷ》 ᠎ᠢ᠋ ᠡᠷᠡᠰ ᠠᠷᠢᠯᠭᠠᠪᠠ᠃

7 ᠰᠠᠷ᠎ᠠ᠎ᠶ᠋ᠢᠨ ᠰᠡᠭᠦᠯᠴᠢ ᠪᠣᠯᠲᠠᠯ᠎ᠠ᠂ ᠠᠵᠤ ᠠᠬᠤᠢᠯᠠᠯ᠎ᠤᠨ ᠲᠤᠰᠭᠠᠭ᠍ᠰᠠᠨ ᠠᠰᠠᠭᠤᠳᠠᠯ᠎ᠢ ᠱᠢᠢᠳᠪᠦᠷᠢᠯᠡᠬᠦ᠌᠎ᠪᠠᠷ ᠳᠠᠮᠵᠢᠭᠤᠯᠤᠨ᠂ ᠠᠵᠤ ᠠᠬᠤᠢᠯᠠᠯ᠎ᠳᠤ 256.08 ᠲᠦᠮᠡᠨ ᠲᠥᠭᠦᠷᠢᠭ᠎ᠤᠨ ᠠᠵᠤ ᠠᠬᠤᠢ᠎ᠶ᠋ᠢᠨ ᠬᠤᠬᠢᠷᠠᠯ᠎ᠢ ᠡᠭᠡᠭᠦᠯᠦᠨ ᠠᠪᠴᠢᠷᠠᠪᠠ᠃ ᠬᠢᠨᠠᠯᠲᠠ ᠲᠠᠯᠪᠢᠵᠤ ᠬᠠᠷᠢᠯᠴᠠᠨ ᠨᠡᠪᠲᠡᠷᠡᠯᠴᠡᠵᠦ᠍ ᠵᠣᠬᠢᠴᠠᠭᠤᠯᠬᠤ ᠲᠠᠪᠴᠠᠩ᠎ᠢᠶᠠᠷ ᠳᠠᠮᠵᠢᠭᠤᠯᠤᠨ᠂ ᠪᠥᠬᠦ᠌ ᠬᠤᠲᠠ᠎ᠶ᠋ᠢᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ᠎ᠳᠤ ᠬᠤᠯᠪᠣᠭ᠍ᠳᠠᠭ᠍ᠰᠠᠨ ᠠᠰᠠᠭᠤᠳᠠᠯ᠎ᠢ 106 ᠬᠤᠪᠢ ᠰᠢᠢᠳᠪᠦᠷᠢᠯᠡᠵᠦ᠂ 88 ᠠᠰᠠᠭᠣᠲᠠᠯ᠎ᠢ ᠨᠢ ᠴᠡᠭ᠌ᠴᠡᠯᠡᠨ ᠰᠠᠢᠵᠢᠷᠠᠭᠤᠯᠪᠠ᠃ ᠪᠠᠭ᠎ᠠ ᠠᠯᠲᠠᠭ᠎ᠠ᠎ᠶᠢ ᠬᠦᠨᠳᠦ ᠪᠡᠷ ᠲᠣᠷᠭᠠᠬᠰᠠᠨ᠂ ᠳᠤᠷ᠎ᠠ᠎ᠪᠠᠷ᠎ᠢᠶᠠᠨ ᠬᠠᠤᠯᠢ ᠬᠡᠷᠡᠭ᠌ᠵᠢᠭᠦᠯᠦᠭᠰᠡᠨ ᠠᠰᠠᠭᠤᠳᠠᠯ᠎ᠤᠨ ᠰᠦᠪᠡᠭ᠌ᠴᠢ᠎ᠶ᠋ᠢ 79 ᠢᠯᠡᠷᠡᠬᠦᠯᠵᠦ᠂ ᠪᠦᠬᠦᠨ᠎ᠢ ᠴᠡᠭ᠌ᠴᠡᠯᠡᠨ ᠰᠠᠢᠵᠢᠷᠠᠭᠤᠯᠣᠬᠰᠠᠨ ᠪᠠᠢᠨ᠎ᠠ᠃ ᠠᠵᠤ ᠠᠬᠤᠢᠯᠠᠯ᠎ᠳᠤ ᠠᠱᠢᠭ ᠬᠦᠷᠲᠡᠭᠡᠬᠦ᠌ ᠲᠥᠷᠥ᠎ᠶ᠋ᠢᠨ ᠪᠣᠳᠣᠯᠭ᠎ᠠ᠎ᠶ᠋ᠢ ᠪᠣᠳᠠᠲᠠᠢ ᠨᠠᠢᠲᠠᠪᠣᠷᠢᠵᠢᠭᠣᠯᠣᠬᠰᠠᠨ ᠥᠬᠡᠶ 28 ᠵᠦᠢᠯᠡᠰ᠎ᠢ ᠴᠡᠭ᠌ᠴᠡᠯᠡᠨ ᠰᠠᠢᠵᠢᠷᠠᠭᠤᠯᠵᠤ᠂ 622 ᠲᠦᠮᠡᠨ ᠲᠥᠭᠦᠷᠢᠭ᠎ᠢ ᠲᠠᠷᠬᠠᠭᠠᠪᠠ᠃

《ᠦᠨᠡᠨᠴᠢ》 ᠪᠡᠷ ᠠᠷᠠᠯᠵᠢᠶᠠᠴᠢᠳ ᠲᠦ᠍ ᠬᠠᠨᠲᠣᠨ᠎ᠠ

8 ᠰᠠᠷ᠎ᠠ᠎ᠶ᠋ᠢᠨ 11 ᠎ᠤ᠋ ᠡᠳᠦᠷ᠂ ᠬᠤᠷᠴᠢᠨ ᠵᠡᠭᠦᠨ ᠭᠠᠷᠤᠨ ᠬᠤᠢᠲᠤ ᠬᠤᠱᠢᠭᠤᠨ᠎ᠤ ᠶᠡᠷᠦᠩᠬᠡᠢ ᠪᠡᠯᠡ ᠣᠷᠣᠭᠤᠯᠤᠯᠲᠠ ᠨᠢ 10 ᠳ᠋ᠦᠩᠱᠢᠭᠤᠷ ᠲᠥᠭᠦᠷᠢᠭ᠎ᠲᠤ ᠬᠦᠷᠬᠦ ᠲᠦᠩᠯᠢᠶᠣᠤ ᠬᠤᠲᠠ᠎ᠶ᠋ᠢᠨ ᠶᠢᠩ ᠲᠦᠩ ᠡᠨᠧᠷᠭᠢ᠎ᠶ᠋ᠢᠨ ᠺᠣᠮᠫᠠᠨᠢ᠎ᠶᠢᠨ ᠡᠳᠦᠷ᠎ᠲᠤ 2×240 ᠲᠦᠮᠡᠨ ᠪᠣᠰᠤᠭ᠎ᠠ ᠳᠥᠷᠪᠡᠯᠵᠢᠨ ᠮᠧᠲᠷ᠎ᠪᠠᠢᠭᠠᠯᠢ᠎ᠶ᠋ᠢᠨ ᠱᠢᠲᠠᠮᠠᠬᠠᠢ ᠬᠡᠢ᠎ᠶ᠋ᠢ ᠱᠢᠩᠭᠡᠨᠵᠢᠬᠦᠯᠬᠦ ᠲᠦᠷᠦᠯ ᠵᠦᠢᠯ᠎ᠤᠨ ᠪᠠᠷᠢᠯᠭ᠎ᠠ᠎ᠶ᠋ᠢᠨ ᠲᠠᠯᠠᠪᠠᠢ᠎ᠳᠤ᠂ ᠮᠠᠱᠢᠨ ᠬᠦᠷᠴᠢᠭᠢᠨᠡᠵᠦ ᠶᠠᠭᠠᠷᠠᠯᠲᠠᠢ ᠠᠵᠢᠯᠯᠠᠨ᠎ᠠ᠃ ᠲᠦᠩᠯᠢᠶᠣᠤ ᠬᠤᠲᠠ᠎ᠶ᠋ᠢᠨ ᠠᠷᠠᠯᠵᠢᠶᠠᠴᠢᠨ ᠤᠷᠢᠵᠤ ᠪᠠᠯᠠ ᠮᠦᠩᠬᠦ ᠣᠷᠣᠭᠤᠯᠣᠨ ᠠᠪᠴᠢᠷᠠᠬᠣ ᠭᠣᠣᠯᠲᠠᠯᠭ᠎ᠠ ᠲᠠᠢ ᠲᠥᠷᠥᠯ ᠵᠦᠶ᠋ᠯ ᠪᠣᠯᠤᠭ᠍ᠰᠠᠨ᠎ᠤ ᠬᠤᠪᠢ᠎ᠳᠤ᠂ ᠲᠣᠰ ᠲᠦᠷᠦᠯ ᠵᠦᠢᠯ ᠨᠢ ᠵᠢᠱ᠌ᠢᠯᠲᠡ ᠪᠡᠷ 2026 ᠣᠨ᠎ᠤ 6 ᠰᠠᠷ᠎ᠠ᠎ᠳᠤ ᠠᠱᠢᠭ᠍ᠯᠠᠯᠲᠠ᠎ᠳᠤ ᠤᠷᠤᠭ᠍ᠰᠠᠨ᠎ᠤ ᠳᠠᠷᠠᠭ᠎ᠠ᠂ ᠵᠢᠯ᠎ᠤᠨ ᠡᠵᠡᠩᠨᠡᠨ ᠪᠣᠷᠣᠯᠠᠭᠤᠯᠬᠤ ᠣᠷᠣᠯᠭ᠎ᠠ 60 ᠳ᠋ᠦᠩᠱᠢᠭᠤᠷ ᠲᠥᠭᠦᠷᠢᠭ᠎ᠲᠤ ᠬᠦᠷᠴᠦ᠍᠂ ᠵᠢᠯ᠎ᠤᠨ ᠭᠠᠢᠯᠢ᠎ᠶ᠋ᠢᠨ ᠣᠷᠣᠯᠭ᠎ᠠ ᠪᠠᠷᠤᠭ 3.4 ᠳ᠋ᠦᠩᠱᠢᠭᠤᠷ ᠲᠥᠭᠦᠷᠢᠭ᠎ᠲᠤ ᠬᠦᠷᠴᠦ᠍᠂ 120 ᠱᠢᠨ᠎ᠡ ᠠᠵᠢᠯ᠎ᠤᠨ ᠪᠠᠢᠷᠢ ᠬᠠᠩᠭᠠᠬᠣ ᠪᠣᠯᠣᠨ᠎ᠠ᠃

《ᠲᠠᠪᠤᠨ ᠦᠨᠡᠮᠯᠡᠯ᠎ᠢ ᠬᠠᠮᠲᠣᠷᠠᠭᠣᠯᠣᠨ ᠬᠢᠨᠠᠨ ᠵᠥᠪᠱᠢᠶᠡᠷᠡᠬᠦ᠌ ᠵᠠᠭ᠍ᠪᠤᠷ ᠨᠢ ᠨᠢᠭᠡ ᠯᠡ ᠠᠵᠢᠯᠯᠠᠬᠤ ᠡᠳᠦᠷ᠎ᠲᠤ ᠭᠠᠵᠠᠷ ᠬᠡᠷᠡᠭ᠌ᠯᠡᠬᠦ᠌ ᠲᠥᠯᠥᠪᠵᠢᠭᠦᠯᠭᠡ᠎ᠶ᠋ᠢᠨ ᠵᠥᠪᠱᠢᠶᠡᠷᠡᠯ᠂ ᠪᠠᠷᠢᠯᠭ᠎ᠠ᠎ᠶ᠋ᠢᠨ ᠲᠥᠯᠥᠪᠵᠢᠭᠦᠯᠭᠡ᠎ᠶ᠋ᠢᠨ ᠵᠥᠪᠱᠢᠶᠡᠷᠡᠯ᠂ ᠪᠠᠷᠢᠯᠭ᠎ᠠ ᠪᠠᠷᠢᠬᠤ᠎ᠶ᠋ᠢ ᠵᠥᠪᠱᠢᠶᠡᠷᠡᠬᠦ᠌ ᠵᠡᠷᠭᠡ ᠭᠠᠷᠳᠠᠮ᠎ᠢ ᠪᠡᠶᠡᠯᠡᠬᠦᠯᠵᠦ᠂ ᠰᠠᠨᠠᠭᠠᠨ᠎ᠠᠴᠠ ᠭᠠᠳᠠᠭᠤᠷ ᠲᠦᠷᠭᠡᠨ ᠪᠠᠢᠵᠤ᠂ ᠪᠢᠳᠡᠨ᠎ᠤ ᠲᠥᠷᠥᠯ ᠵᠦᠢᠯ᠎ᠤᠨ ᠤᠷᠤᠭ᠍ᠰᠢᠲᠠᠶ ᠶᠠᠪᠤᠭ᠍ᠳᠠᠬᠤ᠎ᠳᠤ ᠴᠠᠬ ᠠᠮᠵᠢᠭᠣᠯᠣᠬᠰᠠᠨ ᠪᠠᠢᠨ᠎ᠠ》 ᠭᠡᠵᠦ ᠺᠤᠮᠫᠠᠨᠢ᠎ᠶ᠋ᠢᠨ ᠶᠡᠷᠦᠩᠬᠡᠢ ᠳᠠᠭᠠᠭᠠᠮᠠᠯ ᠸᠠᠩ ᡁᠢ ᠭᠦᠸᠧ ᠶᠠᠷᠢᠵᠦ ᠪᠠᠢᠯ᠎ᠠ᠃

《ᠲᠠᠪᠤᠨ ᠦᠨᠡᠮᠯᠡᠯ᠎ᠢ ᠬᠠᠮᠲᠤᠷᠠᠨ ᠣᠯᠭᠤᠬᠤ》ᠬᠢᠨᠠᠨ ᠵᠥᠪᠱᠢᠶᠡᠷᠡᠬᠦ᠌ ᠵᠠᠭ᠍ᠪᠤᠷ᠎ᠤᠨ ᠱᠢᠨ᠎ᠡ᠎ᠶ᠋ᠢ ᠡᠭᠦᠳᠴᠦ᠂ ᠪᠠᠢᠭᠠᠯᠢ᠎ᠶ᠋ᠢᠨ ᠡᠬᠢ ᠪᠠᠶᠠᠯᠢᠭ᠂ ᠣᠷᠣᠨ ᠰᠠᠭᠤᠴᠠ ᠪᠠ ᠬᠤᠲᠠ ᠬᠥᠳᠡᠭᠡ᠎ᠶ᠋ᠢᠨ ᠪᠥᠲᠥᠭᠡᠨ ᠪᠠᠢᠭᠤᠯᠤᠯᠲᠠ ᠵᠡᠷᠭᠡ ᠰᠠᠯᠠᠭ᠎ᠠ ᠮᠥᠴᠢᠷ᠎ᠤᠳ ᠬᠤᠯᠪᠣᠭᠠᠯᠠᠨ ᠬᠥᠳᠡᠯᠦᠯᠴᠡᠵᠦ᠍᠂  ᠪᠥᠲᠥᠭᠡᠨ ᠪᠠᠢᠭᠤᠯᠤᠯᠲᠠ᠎ᠳᠤ ᠬᠡᠷᠡᠭ᠌ᠯᠡᠬᠦ᠌ ᠭᠠᠵᠠᠷ᠎ᠤᠨ ᠲᠥᠯᠥᠪᠵᠢᠭᠦᠯᠭᠡ᠎ᠶ᠋ᠢᠨ ᠵᠥᠪᠱᠢᠶᠡᠷᠡᠯ᠂ ᠪᠥᠲᠥᠭᠡᠨ ᠪᠠᠢᠭᠤᠯᠤᠯᠲᠠ᠎ᠶ᠋ᠢᠨ ᠪᠠᠷᠢᠯᠭ᠎ᠠ᠎ᠶ᠋ᠢᠨ ᠲᠥᠯᠥᠪᠵᠢᠭᠦᠯᠭᠡ᠎ᠶ᠋ᠢᠨ ᠵᠥᠪᠱᠢᠶᠡᠷᠡᠯ᠂ ᠪᠠᠷᠢᠯᠭ᠎ᠠ ᠪᠠᠷᠢᠬᠤ ᠵᠥᠪᠱᠢᠶᠡᠷᠡᠯ᠂ ᠥᠯᠥ᠍ ᠬᠥᠳᠡᠯᠬᠦ᠌ ᠬᠥᠷᠥᠩᠭᠡ᠎ᠶ᠋ᠢᠨ ᠡᠷᠬᠡ᠎ᠶ᠋ᠢᠨ ᠦᠨᠡᠮᠯᠡᠯ ᠵᠡᠷᠭᠡ ᠲᠠᠪᠤᠨ ᠲᠥᠷᠥᠯ᠎ᠤᠨ ᠠᠵᠢᠯ ᠡᠬᠢᠯᠡᠭᠦᠯᠬᠦ᠌ ᠵᠥᠪᠱᠢᠶᠡᠷᠡᠯ᠎ᠤᠨ ᠦᠨᠡᠮᠯᠡᠯ᠎ᠢ ᠨᠡᠢᠯᠡᠭᠦᠯᠦᠨ ᠬᠢᠨᠠᠨ ᠣᠯᠭᠤᠵᠤ᠂ ᠲᠦᠷᠭᠡᠨ ᠬᠢᠨᠠᠨ ᠵᠥᠪᠱᠢᠶᠡᠷᠡᠬᠦ᠌ ᠱᠢᠨ᠎ᠡ ᠵᠠᠭ᠍ᠪᠤᠷ᠎ᠢ ᠪᠣᠶ ᠪᠣᠯᠭᠠᠪᠠ᠃

ᠬᠤᠲᠠ᠎ᠶ᠋ᠢᠨ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠵᠥᠪᠯᠡᠯ᠂ ᠵᠠᠰᠠᠭ ᠵᠠᠬᠢᠷᠭᠠᠨ᠎ᠤ ᠬᠢᠨᠠᠨ ᠵᠥᠪᠱᠢᠶᠡᠷᠡᠬᠦ᠌ ᠵᠠᠰᠠᠭ᠎ᠤᠨ ᠶᠠᠪᠤᠳᠠᠯ᠎ᠤᠨ ᠦᠢᠯᠡᠴᠢᠯᠡᠭᠡ ᠪᠠ ᠳ᠋ᠠᠢᠲ᠋ᠠ᠎ᠶ᠋ᠢᠨ ᠬᠠᠮᠢᠶᠠᠷᠤᠯᠲᠠ᠎ᠶ᠋ᠢᠨ ᠲᠣᠪᠴᠢᠶ᠎ᠠ᠂ ᠪᠠᠢᠭᠠᠯᠢ᠎ᠶ᠋ᠢᠨ ᠡᠬᠢ ᠪᠠᠶᠠᠯᠢᠭ᠎ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠲᠣᠪᠴᠢᠶ᠎ᠠ ᠵᠡᠷᠭᠡ ᠰᠠᠯᠠᠭ᠎ᠠ ᠮᠥᠴᠢᠷ᠎ᠤᠨ ᠭᠤᠤᠯᠯᠠᠭ᠍ᠤ ᠬᠦᠴᠦᠨ᠎ᠢᠶᠠᠷ ᠪᠦᠷᠢᠯᠳᠦᠭ᠌ᠰᠡᠨ ᠠᠵᠢᠯ᠎ᠤᠨ ᠲᠤᠰᠭᠠᠶ ᠠᠩᠭᠢ᠎ᠶ᠋ᠢ ᠵᠣᠬᠢᠶᠠᠨ ᠪᠠᠢᠭᠤᠯᠵᠤ᠂ ᠪᠥᠬᠦ᠌ ᠬᠤᠲᠠ᠎ᠶ᠋ᠢᠨ 544 ᠭᠤᠤᠯᠳᠠᠯᠭ᠎ᠠ᠎ᠲᠠᠢ ᠲᠥᠷᠥᠯ ᠵᠦᠢᠯ᠎ᠳᠤ 《ᠨᠢᠭᠡ ᠲᠥᠷᠥᠯ ᠵᠦᠢᠯ᠎ᠳᠤ ᠨᠢᠭᠡ ᠲᠠᠩᠰᠠ ᠡᠪᠬᠡᠮᠡᠯ ᠵᠣᠬᠢᠶᠠᠵᠦ᠂ ᠨᠢᠭᠡ ᠲᠥᠷᠥᠯ ᠵᠦᠢᠯ᠎ᠳᠤ ᠨᠢᠭᠡ ᠲᠤᠰᠭᠠᠶ ᠲᠤᠱᠢᠶᠠᠯᠲᠠᠨ ᠲᠣᠬᠢᠷᠠᠭᠣᠯᠬᠣ》ᠨᠠᠷᠢᠯᠢᠭ ᠣᠨᠣᠴᠠᠲᠠᠶ ᠬᠠᠮᠢᠶᠠᠷᠤᠯᠳᠠ᠎ᠶ᠋ᠢ ᠬᠡᠷᠡᠭ᠌ᠵᠢᠭᠦᠯᠪᠠ᠃ ᠲᠥᠷᠥᠯ ᠵᠦᠢᠯ᠎ᠤᠨ ᠲᠤᠰᠭᠠᠶ ᠲᠤᠱᠢᠶᠠᠯᠲᠠᠳ᠂ ᠲᠥᠷᠥᠯ ᠵᠦᠢᠯ᠎ᠤᠨ ᠬᠦᠴᠢᠷ ᠠᠰᠠᠭᠤᠳᠠᠯ᠎ᠢ ᠤᠷᠢᠳᠴᠢᠯᠠᠨ ᠡᠮᠬᠢᠯᠡᠵᠦ᠍᠂ ᠮᠠᠲ᠋ᠧᠷᠢᠶᠠᠯ᠎ᠤᠨ ᠨᠠᠷᠢᠨ ᠲᠠᠩᠰᠠ ᠪᠣᠯᠣᠨ ᠠᠵᠢᠯ᠎ᠤᠨ ᠲᠠᠷᠠᠭᠠᠯᠠᠯ᠎ᠢ ᠨᠠᠷᠢᠯᠢᠭ ᠣᠨᠣᠴᠠᠲᠠᠶ᠎ᠪᠠᠷ ᠮᠡᠳᠡᠭ᠌ᠳᠡᠵᠦ᠍᠂ ᠮᠠᠲ᠋ᠧᠷᠢᠶᠠᠯ ᠪᠡᠯᠡᠳᠭᠡᠬᠦ᠌ ᠪᠠ ᠱᠢᠰᠲ᠋ᠧᠮ ᠲᠡᠭᠡᠷ᠎ᠡ ᠲᠠᠭ᠍ᠯᠠᠨ ᠮᠡᠳᠡᠭᠦᠯᠬᠦ᠎ᠶᠢ ᠪᠦᠬᠦ ᠶᠠᠪᠣᠴᠠ ᠪᠡᠷ ᠵᠢᠯᠣᠭᠣᠳᠴᠣ᠂ ᠲᠤᠰᠭᠠᠶ ᠮᠡᠷᠭᠡᠵᠢᠯ᠎ᠤᠨ ᠬᠠᠪᠰᠤᠷᠤᠨ ᠭᠦᠢᠴᠡᠳᠭᠡᠬᠦ᠌ ᠣᠷᠣᠯᠠᠨ ᠭᠦᠢᠴᠡᠳᠭᠡᠬᠦ᠌ ᠦᠢᠯᠡᠴᠢᠯᠡᠭᠡ ᠬᠠᠩᠭᠠᠵᠠᠢ᠃ ᠣᠲᠣᠬᠠᠨ ᠪᠣᠯᠲᠠᠯ᠎ᠠ᠂ ᠨᠡᠢᠲᠡ 517 ᠲᠥᠷᠥᠯ ᠵᠦᠢᠯ᠎ᠢ ᠤᠷᠢᠳᠴᠢᠯᠠᠨ ᠠᠵᠢᠯ ᠡᠬᠢᠯᠡᠭᠦᠯᠵᠦ᠍ ᠠᠵᠢᠯ᠎ᠢᠶᠠᠨ ᠰᠡᠷᠭᠦᠭᠡᠬᠦ᠌᠎ᠶ᠋ᠢ ᠠᠬᠢᠭᠤᠯᠵᠤ᠂ ᠠᠵᠢᠯ ᠡᠬᠢᠯᠡᠭᠦᠯᠵᠦ ᠠᠵᠢᠯ ᠶ᠋ᠢᠡᠨ ᠰᠡᠷᠭᠦᠭᠡᠭ᠌ᠰᠡᠨ ᠨᠣᠷᠮ᠎ᠠ 95%  ᠳ᠋ᠦ ᠬᠦᠷᠪᠡ᠃

《ᠬᠡᠯᠬᠢᠶ᠎ᠡ》 ᠎ᠪᠠᠷ ᠬᠡᠳᠦ᠍᠎ᠶ᠋ᠢᠨ ᠬᠦᠭᠵᠢᠯᠲᠡ᠎ᠶᠢ ᠰᠦᠪᠡᠭᠴᠢᠯᠡᠨ᠎ᠡ

ᠺᠠᠢᠯᠦ᠍ ᠱᠢᠶᠠᠨ᠎ᠳᠤ᠂ ᠥᠪᠥᠷ ᠮᠣᠩᠭᠤᠯ᠎ᠤᠨ ᠢᠦᠢ ᠸᠠᠩ ᠠᠮᠢᠳᠤ ᠪᠣᠳᠠᠰ᠎ᠤᠨ ᠱᠢᠨᠵᠢᠯᠡᠬᠦ᠌ ᠤᠬᠠᠭᠠᠨ ᠮᠡᠷᠭᠡᠵᠢᠯ᠎ᠤᠨ ᠬᠢᠵᠠᠭᠠᠷᠲᠤ ᠺᠣᠮᠫᠠᠨᠢ᠎ᠶ᠋ᠢᠨ ᠴᠠᠷᠳᠠᠭᠤᠯ᠎ᠢ ᠶᠡᠷᠦᠩᠬᠡᠢᠯᠡᠨ ᠨᠠᠷᠢᠯᠢᠭ ᠪᠣᠯᠪᠠᠰᠤᠷᠠᠭᠤᠯᠬᠤ ᠬᠤᠶᠠᠳᠤᠭᠠᠷ ᠬᠤᠭᠤᠴᠠᠭᠠᠨ᠎ᠤ ᠵᠢᠯ᠎ᠳᠤ 25 ᠲᠦᠮᠡᠨ ᠲᠣᠨ ᠯᠠᠢᠰᠢᠨ ᠠᠮᠢᠨᠣ᠋ ᠬᠦᠴᠢᠯ ᠦᠢᠯᠡᠤᠨᠪᠤᠷᠢᠯᠡᠬᠦ ᠲᠦᠷᠦᠯ ᠵᠦᠢᠯ᠎ᠤᠨ ᠪᠦᠳᠦᠭᠡᠨ ᠪᠠᠢᠭᠤᠯᠤᠯᠲᠠ ᠢᠲᠡ ᠬᠦᠭ ᠲᠠᠢ ᠶᠠᠪᠣᠬᠲᠠᠨ᠎ᠠ᠃ ᠲᠣᠰ ᠺᠣᠮᠫᠠᠨᠢ 2005 ᠣᠨ᠎ᠳᠤ ᠪᠠᠢᠭᠤᠯᠤᠭ᠍ᠳᠠᠵᠤ᠂ ᠺᠠᠢᠯᠦ᠍ ᠱᠢᠶᠠᠨ᠎ᠤ ᠡᠷᠳᠡᠨᠢ ᠱᠢᠰᠢ᠎ᠶᠢᠨ ᠳᠠᠪᠠᠭᠤᠯᠢᠭ᠎ᠲᠤ ᠲᠦᠱᠢᠭ᠌ᠯᠡᠨ᠂ ᠡᠷᠳᠡᠨᠢ ᠱᠢᠰᠢ ᠬᠤᠳᠠᠯᠳᠤᠨ ᠠᠪᠬᠤ᠂ ᠴᠠᠷᠳᠠᠭᠤᠯ᠎ᠤᠨ ᠪᠦᠲᠦᠭᠡᠭ᠌ᠳᠡᠬᠦᠨ᠎ᠢ ᠰᠤᠳᠤᠯᠤᠨ ᠨᠡᠭᠡᠭᠡᠬᠦ᠂ ᠪᠣᠷᠣᠯᠠᠭᠤᠯᠬᠤ ᠵᠡᠷᠭᠡ᠎ᠶ᠋ᠢ ᠨᠢᠭᠡ ᠴᠣᠭ᠍ᠴᠠᠵᠢᠭᠤᠯᠤᠭ᠍ᠰᠠᠨ ᠡᠷᠳᠡᠨᠢ ᠱᠢᠰᠢ᠎ᠶ᠋ᠢ ᠭᠦᠨᠵᠡᠭᠡᠶ ᠡᠳ᠋ᠱᠢᠭᠦᠯᠬᠦ᠌ ᠲᠣᠮᠣ ᠬᠡᠯᠪᠡᠷᠢ᠎ᠶᠢᠨ ᠠᠵᠤ ᠠᠬᠤᠢᠯᠠᠯ ᠪᠣᠯᠵᠦ᠂ ᠵᠢᠯ᠎ᠤᠨ ᠪᠣᠷᠣᠯᠠᠭᠤᠯᠤᠯᠲᠠ᠎ᠶ᠋ᠢᠨ ᠣᠷᠣᠯᠭ᠎ᠠ 27 ᠳ᠋ᠦᠩᠱᠢᠭᠤᠷ ᠲᠥᠭᠦᠷᠢᠭ᠎ᠲᠤ ᠬᠦᠷᠴᠡᠶ᠃ 2025 ᠣᠨ᠎ᠳᠤ  ᠺᠣᠮᠫᠠᠨᠢ ᠨᠢ ᠦᠷᠭᠦᠯᠵᠢᠯᠡᠨ 13 ᠳ᠋ᠦᠩᠱᠢᠭᠤᠷ ᠲᠥᠭᠦᠷᠢᠭ ᠪᠠᠯᠠ ᠣᠷᠣᠭᠤᠯᠵᠤ᠂  ᠵᠢᠯ ᠳ᠋ᠦ 25 ᠲᠦᠮᠡᠨ ᠲᠣᠨ ᠯᠠᠢᠰᠢᠨ ᠠᠮᠢᠨᠣ᠋ ᠬᠦᠴᠢᠯ ᠦᠢᠯᠡᠳᠪᠦᠷᠢᠯᠡᠬᠦ ᠦᠢᠯᠡᠳᠪᠦᠷᠢᠯᠡᠯ᠎ᠤᠨ ᠱᠤᠭᠤᠮ᠎ᠢ ᠱᠢᠨ᠎ᠡ᠎ᠪᠠᠷ ᠪᠠᠢᠭᠤᠯᠣᠬᠰᠠᠨ ᠪᠦᠭᠡᠳ ᠡᠨᠡ᠎ᠬᠦ ᠱᠣᠭᠣᠮ᠎ᠢ ᠪᠠᠢᠭᠤᠯᠵᠤ ᠳᠠᠭᠤᠰᠤᠭ᠍ᠰᠠᠨ᠎ᠤ ᠳᠠᠷᠠᠭ᠎ᠠ ᠪᠣᠷᠣᠯᠠᠭᠤᠯᠭ᠎ᠠ᠎ᠶ᠋ᠢᠨ ᠣᠷᠣᠯᠭ᠎ᠠ᠎ᠶ᠋ᠢ 25 ᠳ᠋ᠦᠩᠱᠢᠭᠤᠷ ᠲᠥᠭᠦᠷᠢᠭ᠂ ᠠᠱᠢᠭ ᠭᠠᠢᠯᠢ᠎ᠶ᠋ᠢ 1.2 ᠳ᠋ᠦᠩᠱᠢᠭᠤᠷ ᠲᠥᠭᠦᠷᠢᠭ ᠨᠡᠮᠡᠭ᠌ᠳᠡᠭᠦᠯᠦᠨ᠎ᠡ᠃

《ᠪᠢᠳᠡᠨ᠎ᠤ ᠺᠣᠮᠫᠠᠨᠢ ᠲᠦᠩᠯᠢᠶᠣᠤ᠎ᠳᠤ 20 ᠵᠢᠯ ᠨᠣᠲᠣᠬᠰᠢᠬᠣ᠎ᠶᠢᠨ ᠲᠠᠭᠠᠣ ᠦᠢᠯᠡᠳᠪᠦᠷᠢᠯᠡᠯ᠎ᠤᠨ ᠬᠡᠪᠴᠢᠶ᠎ᠡ᠎ᠪᠠᠨ ᠲᠠᠰᠤᠷᠠᠯᠲᠠ ᠦᠭᠡᠢ ᠥᠷᠭᠡᠳᠭᠡᠵᠦ᠍᠂ ᠱᠢᠨ᠎ᠡ ᠲᠥᠷᠥᠯ ᠵᠦᠢᠯ ᠣᠷᠣᠭᠤᠯᠵᠠᠢ ᠡᠨᠲᠡ ᠬᠤᠳᠠᠯᠳᠤᠭ᠎ᠠ ᠡᠷᠬᠢᠯᠡᠬᠦ ᠰᠠᠢᠨ ᠰᠠᠢᠬᠠᠨ ᠣᠷᠴᠢᠨ ᠨᠦᠬᠦᠴᠡᠯ᠎ᠠᠴᠠ ᠭᠠᠳᠠᠨ᠎ᠠ᠂ ᠲᠦᠩᠯᠢᠶᠣᠤ ᠬᠣᠲᠠ᠎ᠶ᠋ᠢᠨ ᠡᠷᠳᠡᠨᠢ ᠱᠢᠰᠢ ᠨᠠᠷᠢᠯᠢᠭ ᠡᠳ᠋ᠱᠢᠭᠦᠯᠬᠦ᠌ ᠠᠵᠤ ᠦᠢᠯᠡᠰ᠎ᠤᠨ ᠬᠡᠯᠬᠢᠶ᠎ᠡ᠎ᠶᠢᠨ ᠬᠦᠭᠵᠢᠯᠲᠡ᠎ᠶᠢᠨ ᠲᠠᠯᠲᠠ ᠬᠦᠴᠦᠨ᠎ᠢ ᠣᠯᠵᠦ ᠬᠠᠷᠠᠬᠰᠠᠨ ᠪᠠᠢᠨ᠎ᠠ᠃ ᠡᠷᠳᠡᠨᠢ ᠱᠢᠰᠢ᠎ᠶ᠋ᠢᠨ ᠲᠦᠭᠦᠬᠡᠶ ᠮᠠᠲ᠋ᠧᠷᠢᠶᠠᠯ᠎ᠢ ᠲᠤᠬᠠᠶ᠎ᠶ᠋ᠢᠨ ᠭᠠᠵᠠᠷ᠎ᠲᠤᠨᠢ ᠬᠠᠩᠭᠠᠵᠤ᠂ ᠦᠶ᠋ᠯᠡᠳᠪᠦᠷᠢᠯᠡᠵᠦ᠍ ᠭᠠᠷᠭᠠᠭ᠍ᠰᠠᠨ ᠦᠶ᠋ᠯᠡᠳᠬᠦᠨ᠎ᠢ ᠲᠤᠬᠠᠶ᠎ᠶ᠋ᠢᠨ ᠭᠠᠵᠠᠷ᠎ᠲᠤᠨᠢ ᠱᠢᠩᠭᠡᠭᠡᠵᠦ᠍᠂ ᠠᠵᠤ ᠠᠬᠤᠢᠯᠠᠯ᠎ᠤᠨ ᠥᠪᠡᠷ᠎ᠤᠨ ᠥᠷᠲᠡᠭ᠎ᠢ ᠶᠡᠭᠡ᠎ᠪᠠᠷ ᠪᠠᠭᠤᠷᠠᠭᠤᠯᠪᠠ᠃ ᠰᠢᠨ᠎ᠡ ᠲᠥᠷᠥᠯ ᠵᠦᠢᠯ᠎ᠢ ᠪᠠᠢᠭᠤᠯᠵᠤ ᠠᠱᠢᠭ᠍ᠯᠠᠯᠲᠠ᠎ᠳᠤ ᠣᠷᠣᠭᠣᠯᠪᠠᠯ᠂ 11 ᠲᠦᠮᠡᠨ ᠲᠣᠨ᠎ᠢ ᠲᠤᠬᠠᠢ᠎ᠶ᠋ᠢᠨ ᠭᠠᠵᠠᠷ᠎ᠲᠠᠭᠠᠨ ᠪᠣᠷᠣᠯᠠᠭᠤᠯᠵᠤ᠂ 14 ᠲᠦᠮᠡᠨ ᠲᠣᠨ᠎ᠢ ᠧᠦ᠋ᠷᠣᠫᠠ᠎ᠶ᠋ᠢᠨ ᠬᠤᠯᠪᠣᠭᠠᠨ᠎ᠤ ᠤᠯᠤᠰ᠎ᠲᠤ ᠪᠣᠷᠣᠯᠠᠭᠤᠯᠣᠨ᠎ᠠ》 ᠭᠡᠵᠣ ᠺᠤᠮᠫᠠᠨᠢ᠎ᠶ᠋ᠢᠨ ᠳᠡᠳ᠋ ᠶᠡᠷᠦᠩᠬᠡᠢ ᠲᠠᠭᠠᠭᠠᠮᠠᠯ ᠮᠠ ᠵᠧᠩ ᠫᠧᠩ ᠬᠡᠯᠡᠨ᠎ᠡ ᠃

《ᠬᠡᠯᠬᠢᠶ᠎ᠡ》᠎ᠪᠠᠷ 《ᠦᠢᠯᠡᠳᠪᠦᠷᠢᠯᠡᠯ》᠎ᠢ᠋ ᠬᠦᠴᠦᠷᠬᠡᠭ᠌ᠵᠢᠭᠦᠯᠬᠦ᠌ ᠠᠵᠢᠯ᠎ᠤᠨ ᠰᠡᠳᠭᠢᠴᠡ᠎ᠶ᠋ᠢᠨ ᠲᠣᠭᠤᠷᠢᠨ᠎ᠳᠤ᠂ ᠲᠦᠩᠯᠢᠶᠣᠤ ᠬᠤᠲᠠ ᠱᠢᠨ᠎ᠡ ᠡᠨᠧᠷᠭᠢ ᠵᠢᠴᠢ ᠲᠣᠨᠤᠭ ᠲᠥᠬᠦᠭᠡᠷᠦᠮᠵᠢ ᠦᠶ᠋ᠯᠡᠳᠬᠦ᠂ ᠬᠦᠩᠭᠡᠨᠴᠠᠭᠠᠨ ᠨᠢᠺᠧᠯ ᠴᠠᠬᠢᠭᠤᠷ᠎ᠤᠨ ᠱᠢᠨ᠎ᠡ ᠮᠠᠲ᠋ᠧᠷᠢᠶᠠᠯ᠂ ᠡᠷᠳᠡᠨᠢ ᠱᠢᠰᠢ᠎ᠶ᠋ᠢᠨ ᠠᠮᠢᠳᠤ ᠪᠣᠳᠠᠰ ᠵᠡᠷᠭᠡ ᠳᠠᠪᠠᠭᠤᠯᠢᠭ ᠠᠵᠤ ᠦᠶ᠋ᠯᠡᠰ᠎ᠤᠨ ᠬᠡᠯᠬᠢᠶ᠎ᠡ᠎ᠶ᠋ᠢᠨ ᠲᠣᠭᠤᠷᠢᠨ᠎ᠳᠤ᠂ 12 ᠠᠵᠤ ᠦᠶ᠋ᠯᠡᠰ᠎ᠤᠨ ᠬᠡᠯᠬᠢᠶ᠎ᠡ᠎ᠶ᠋ᠢᠨ ᠠᠷᠠᠯᠵᠢᠶᠠᠴᠢᠨ ᠤᠷᠢᠵᠤ ᠵᠣᠬᠢᠴᠠᠭᠤᠯᠬᠤ ᠦᠶ᠋ᠯᠡᠴᠢᠯᠡᠭᠡᠨ᠎ᠤ ᠲᠤᠰᠭᠠᠶ ᠠᠩᠭᠢ᠎ᠶ᠋ᠢ ᠵᠣᠬᠢᠶᠠᠨ ᠪᠠᠢᠭᠤᠯᠵᠤ᠂ ᠡᠯ᠎ᠡ ᠬᠤᠱᠢᠭᠤ ᠱᠢᠶᠠᠨ ᠬᠤᠲᠠ ᠲᠣᠭᠤᠷᠢᠭ ᠦᠪᠡᠷ ᠦᠪᠡᠷ᠎ᠤᠨ ᠶ᠋ᠢᠡᠨ ᠠᠵᠤ ᠦᠶ᠋ᠯᠡᠰ᠎ᠤᠨ ᠬᠥᠭ᠌ᠵᠢᠯᠲᠡ᠎ᠶ᠋ᠢᠨ ᠪᠠᠢᠷᠢ ᠲᠣᠭ᠍ᠲᠠᠭᠠᠯᠲᠠ ᠪᠠ ᠬᠡᠯᠪᠡᠷᠢ᠎ᠪᠠᠨ ᠬᠤᠪᠢᠷᠠᠭᠤᠯᠤᠨ ᠲᠠᠰ ᠳᠡᠪᠱᠢᠭᠦᠯᠬᠦ᠌ ᠬᠡᠷᠡᠭ᠌ᠴᠡᠭᠡ ᠶᠣᠰᠣᠭᠠᠷ᠂ ᠠᠵᠤ ᠦᠶ᠋ᠯᠡᠰ᠎ᠤᠨ ᠬᠡᠯᠬᠢᠶ᠎ᠡ᠎ᠶ᠋ᠢᠨ ᠠᠷᠠᠯᠵᠢᠶᠠᠴᠢᠨ ᠤᠷᠢᠬᠤ 63 ᠲᠤᠰᠭᠠᠶ ᠠᠩᠭᠢ᠎ᠶ᠋ᠢ ᠪᠠᠢᠭᠤᠯᠵᠤ᠂ ᠨᠠᠷᠢᠯᠢᠭ ᠣᠨᠣᠴᠠᠲᠠᠶ᠎ᠪᠠᠷ ᠠᠷᠠᠯᠵᠢᠶᠠᠴᠢᠨ ᠤᠷᠢᠬᠤ᠎ᠪᠠᠷ ᠳᠠᠮᠵᠢᠭᠤᠯᠤᠨ᠂ ᠬᠡᠯᠬᠢᠶ᠎ᠡ᠎ᠶ᠋ᠢ ᠤᠷᠲᠤᠳᠭᠠᠬᠤ᠂ ᠬᠡᠯᠬᠢᠶ᠎ᠡ᠎ᠶ᠋ᠢ ᠨᠥᠬᠦᠪᠥᠷᠢᠯᠡᠬᠦ᠂ ᠬᠡᠯᠬᠢᠶ᠎ᠡ᠎ᠶ᠋ᠢ ᠴᠢᠩᠭᠠᠳᠭᠠᠬᠤ᠎ᠶ᠋ᠢ ᠪᠡᠶᠡᠯᠡᠭᠦᠯᠵᠦ᠍᠂ ᠠᠵᠤ ᠠᠬᠤᠢᠯᠠᠯ᠎ᠤᠨ ᠥᠪᠡᠷ᠎ᠤᠨ ᠥᠷᠲᠡᠭ᠎ᠢ ᠪᠠᠭᠤᠷᠠᠭᠤᠯᠤᠨ᠂ ᠦᠷ᠎ᠡ ᠠᠱᠢᠭ᠎ᠢ ᠨᠡᠮᠡᠭ᠌ᠳᠡᠭᠦᠯᠬᠦ᠌᠎ᠳᠤ ᠲᠤᠯᠭᠠᠭᠤᠷᠢᠯᠠᠯ ᠬᠠᠩᠭᠠᠵᠤ᠂ ᠠᠵᠤ ᠦᠶ᠋ᠯᠡᠰ᠎ᠤᠨ ᠰᠦᠷᠦᠭ᠌ᠵᠢᠯ ᠮᠠᠶᠢᠭ᠎ᠤᠨ ᠬᠥᠭ᠌ᠵᠢᠯᠲᠡ᠎ᠶ᠋ᠢ ᠬᠦᠴᠦᠲᠡᠶ ᠠᠬᠢᠭᠤᠯᠪᠠ᠃

ᠡᠭᠦᠨ᠎ᠤ ᠬᠠᠮᠲᠤ᠌᠂ ᠲᠦᠩᠯᠢᠶᠣᠤ ᠬᠤᠲᠠ ᠬᠦᠷᠢᠶᠡᠯᠡᠩ ᠲᠣᠭᠤᠷᠢᠭ᠎ᠤᠨ ᠠᠵᠤ ᠦᠶ᠋ᠯᠡᠰ᠎ᠤᠨ ᠥᠨᠳᠦᠷᠯᠢᠭ ᠭᠠᠵᠠᠷ᠎ᠢ ᠪᠠᠢᠭᠤᠯᠬᠤ᠎ᠪᠠᠷ ᠬᠦᠴᠦᠯᠡᠨ ᠴᠢᠷᠮᠠᠢᠵᠤ᠂ ᠭᠤᠷᠪᠠᠨ ᠲᠣᠮᠣ ᠪᠣᠬᠢᠷᠲᠤᠯ ᠥᠬᠡᠶ ᠬᠢᠮᠢ᠎ᠶ᠋ᠢᠨ ᠠᠵᠤ ᠦᠶ᠋ᠯᠡᠳᠪᠦᠷᠢ᠎ᠶ᠋ᠢᠨ ᠬᠦᠷᠢᠶᠡᠯᠡᠩ ᠲᠣᠭᠤᠷᠢᠭ᠎ᠤᠨ ᠠᠵᠤ ᠦᠶ᠋ᠯᠡᠰ᠎ᠢ ᠢᠵᠢ ᠪᠥᠷᠢᠳᠦᠭᠦᠯᠬᠦ᠌᠎ᠶ᠋ᠢ ᠬᠦᠴᠦᠯᠡᠨ ᠲᠡᠭᠦᠯᠳᠡᠷᠵᠢᠭᠦᠯᠵᠦ᠍᠂ ᠪᠣᠬᠢᠷᠲᠤᠯ ᠥᠬᠡᠶ ᠨᠠᠷᠢᠯᠢᠭ ᠬᠢᠮᠢ᠎ᠶ᠋ᠢᠨ ᠠᠵᠤ ᠦᠶ᠋ᠯᠡᠳᠪᠦᠷᠢ᠂ ᠪᠣᠬᠢᠷᠲᠤᠯ ᠥᠬᠡᠶ ᠠᠮᠢᠳᠤ ᠪᠣᠳᠠᠰ᠎ᠤᠨ ᠬᠢᠮᠢ᠎ᠶ᠋ᠢᠨ ᠠᠵᠤ ᠦᠶ᠋ᠯᠡᠳᠪᠦᠷᠢ᠎ᠶ᠋ᠢᠨ ᠲᠥᠷᠥᠯ ᠵᠦᠶ᠋ᠯ᠎ᠢ ᠨᠠᠷᠢᠯᠢᠭ ᠣᠨᠣᠴᠠᠲᠠᠶ᠎ᠪᠠᠷ ᠵᠣᠯᠭᠠᠭᠤᠯᠤᠨ ᠣᠷᠣᠭᠣᠯᠵᠦ᠂ ᠪᠥᠬᠦ᠌ ᠬᠤᠲᠠ᠎ᠶ᠋ᠢᠨ ᠠᠵᠤ ᠦᠶ᠋ᠯᠡᠰ᠎ᠢ ᠬᠥᠲᠥᠯᠥᠨ ᠵᠢᠯᠣᠭᠤᠳᠴᠤ᠌ ᠪᠠᠢᠭᠠᠳ 《ᠪᠣᠬᠢᠷᠲᠣᠯ ᠦᠭᠡᠢ ᠮᠦᠷᠲᠡᠭᠡᠨ ᠱᠢᠨ᠎ᠡ᠎ᠶᠢ ᠡᠬᠦᠳᠬᠦ》 ᠲᠡᠢᠰᠢ ᠤᠷᠤᠭ᠍ᠰᠢᠯᠠᠭᠤᠯᠪᠠ᠃

ᠲᠦᠩᠯᠢᠶᠣᠤ ᠬᠤᠲᠠ᠎ᠶ᠋ᠢᠨ ᠪᠠᠯᠠ ᠣᠷᠣᠭᠤᠯᠤᠯᠲᠠ᠎ᠶ᠋ᠢ ᠠᠬᠢᠭᠤᠯᠬᠤ ᠲᠣᠪᠴᠢᠶ᠎ᠠ᠎ᠶ᠋ᠢᠨ ᠪᠦᠷᠢᠳᠭᠡᠯ᠎ᠢ ᠦᠨᠳᠦᠰᠦᠯᠡᠪᠡᠯ᠂ 2025 ᠣᠨ᠎ᠤ 6 ᠰᠠᠷ᠎ᠠ᠎ᠶ᠋ᠢᠨ ᠰᠡᠭᠦᠯᠴᠢ ᠪᠣᠯᠲᠠᠯ᠎ᠠ᠂ ᠲᠦᠩᠯᠢᠶᠣᠤ ᠬᠤᠲᠠ᠎ᠶ᠋ᠢᠨ ᠱᠢᠨ᠎ᠡ᠎ᠪᠠᠷ ᠭᠡᠷ᠎ᠡ ᠲᠣᠭ᠍ᠲᠠᠭ᠍ᠰᠠᠨ ᠶᠢᠰᠦᠨ ᠶᠡᠭᠡ ᠠᠵᠤ ᠦᠢᠯᠡᠰ᠎ᠤᠨ ᠬᠡᠯᠬᠢᠶ᠎ᠡ᠎ᠶ᠋ᠢᠨ ᠲᠥᠷᠥᠯ ᠵᠦᠶ᠋ᠯ 175 ᠪᠠᠢᠵᠤ᠂ ᠭᠡᠷ᠎ᠡ ᠲᠣᠭ᠍ᠲᠠᠭ᠍ᠰᠠᠨ ᠬᠡᠮᠵᠢᠶ᠎ᠡ 999.57 ᠳ᠋ᠦᠩᠱᠢᠭᠤᠷ ᠲᠥᠭᠦᠷᠢᠭ᠎ᠲᠤ ᠬᠦᠷᠴᠡᠢ᠃

《ᠪᠣᠬᠢᠷᠲᠤᠯ ᠥᠬᠡᠶ ᠴᠠᠬᠢᠯᠭᠠᠨ ᠬᠦᠩᠭᠡᠨᠴᠠᠭᠠᠨ ᠬᠤᠲᠠ》 ᠬᠡᠮᠡᠭᠲᠡᠭᠰᠡᠨ ᠬᠤᠤᠯᠢᠩᠭᠤᠤᠯ ᠬᠤᠲᠠ᠎ᠪᠠᠷ ᠵᠢᠱ᠌ᠢᠶᠡᠯᠡᠪᠡᠯ᠂ 2025 ᠣᠨ᠎ᠳᠤ᠂ ᠠᠵᠤ ᠦᠢᠯᠡᠰ᠎ᠤᠨ ᠬᠥᠭ᠌ᠵᠢᠯᠲᠡ᠎ᠶ᠋ᠢᠨ ᠴᠢᠭ᠌ᠯᠡᠯ᠎ᠤᠨ ᠲᠣᠭᠤᠷᠢᠨ᠎ᠳᠤ 44 ᠲᠥᠷᠥᠯ ᠵᠦᠢᠯ᠎ᠢ ᠱᠢᠨ᠎ᠡ᠎ᠪᠠᠷ ᠭᠡᠷ᠎ᠡ ᠲᠣᠭ᠍ᠲᠠᠵᠤ᠂ 246.10 ᠳ᠋ᠦᠩᠱᠢᠭᠤᠷ ᠲᠥᠭᠦᠷᠢᠭ᠎ᠤᠨ ᠪᠠᠯᠠ ᠣᠷᠣᠭᠤᠯᠬᠤ᠎ᠪᠠᠷ ᠲᠥᠯᠥᠪᠯᠡᠵᠦ᠍ ᠪᠣᠶ᠃ 《ᠡᠳᠡᠭᠡᠷ ᠲᠥᠷᠥᠯ ᠵᠦᠢᠯ ᠎ᠢ ᠪᠦᠬᠦᠨ᠎ᠢ ᠠᠰᠢᠬᠯᠠᠯᠲᠠ ᠳ᠋ᠦ ᠣᠷᠣᠭᠣᠯᠪᠠᠯ᠂ ᠵᠢᠯ᠎ᠤᠨ ᠦᠢᠯᠡᠳᠬᠦᠨ᠎ᠤ ᠥᠷᠲᠡᠭ 200 ᠳ᠋ᠦᠩᠱᠢᠭᠤᠷ ᠲᠥᠭᠦᠷᠢᠭ᠎ᠢ ᠳᠠᠪᠠᠵᠤ᠂ ᠭᠠᠢᠯᠢ ᠲᠠᠲᠠᠪᠤᠷᠢ᠎ᠶ᠋ᠢ ᠰᠢᠨ᠎ᠡ ᠪᠡᠷ 20 ᠳ᠋ᠦᠩᠱᠢᠭᠤᠷ ᠲᠥᠭᠦᠷᠢᠭ᠎ᠠᠴᠠ ᠳᠡᠭᠡᠭ᠌ᠰᠢ ᠨᠡᠮᠡᠭ᠌ᠳᠡᠭᠦᠯᠵᠦ᠍᠂ 3000 ᠬᠥᠮᠦᠨ᠎ᠳᠤ ᠠᠵᠢᠯ ᠣᠯᠭᠤᠬᠤ ᠪᠣᠯᠤᠨ᠎ᠠ᠃ ᠲᠤᠬᠠᠶ᠎ᠶ᠋ᠢᠨ ᠦᠶ᠎ᠡ᠎ᠳᠤ᠂ ᠪᠣᠬᠢᠷᠲᠤᠯ ᠦᠭᠡᠢ ᠴᠠᠬᠢᠯᠭᠠᠨ ᠬᠦᠩᠭᠡᠨᠴᠠᠭᠠᠨ᠎ᠤ ᠠᠵᠤ ᠦᠢᠯᠡᠰ᠎ᠤᠨ ᠰᠠᠭᠤᠷᠢ᠎ᠶ᠋ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠍᠂ ᠭᠤᠷᠪᠠᠳᠤᠭᠠᠷ ᠠᠵᠤ ᠦᠢᠯᠡᠰ᠎ᠤᠨ ᠦᠢᠯᠡᠴᠢᠯᠡᠭᠡᠨ᠎ᠤ ᠴᠢᠳᠠᠪᠤᠷᠢ᠎ᠶ᠋ᠢ ᠤᠯᠠᠮ ᠨᠢᠭᠡ ᠠᠯᠬᠤᠮ ᠴᠢᠩᠭᠠᠷᠠᠭᠤᠯᠵᠤ᠂ ᠠᠵᠤ ᠦᠢᠯᠡᠰ᠎ᠤᠨ ᠬᠡᠯᠬᠢᠶ᠎ᠡ᠎ᠶ᠋ᠢᠨ ᠳᠠᠩ ᠴᠤᠯᠭᠤᠢ ᠣᠳᠣᠬᠢ ᠪᠠᠢᠳᠠᠯ᠎ᠳᠤ ᠱᠢᠪᠲᠤᠯᠤᠯᠲᠠ᠎ᠶ᠋ᠢᠨ ᠴᠢᠨᠠᠷᠲᠠᠢ ᠬᠤᠪᠢᠷᠠᠯᠲᠠ ᠭᠠᠷᠤᠨ᠎ᠠ》 ᠭᠡᠵᠦ ᠬᠤᠤᠯᠢᠩᠭᠤᠤᠯ ᠬᠤᠲᠠ᠎ᠶ᠋ᠢᠨ ᠳᠡᠳ᠋ ᠬᠤᠲᠠ ᠳᠠᠷᠤᠭ᠎ᠠ ᠵᠤᠤ ᠱ᠌ᠢ ᠵᠢᠨ ᠶᠠᠷᠢᠵᠦ ᠪᠠᠢᠯ᠎ᠠ ᠃

ᠪᠦᠬᠦ᠌ ᠬᠦᠴᠦᠨ᠎ᠢᠶᠠᠷ᠎ᠢᠶᠠᠨ ᠠᠵᠤ ᠠᠬᠤᠢ᠎ᠶ᠋ᠢ ᠰᠦᠪᠡᠭ᠌ᠴᠢᠯᠡᠵᠦ᠍᠂ ᠪᠣᠲᠠᠲᠠᠢ ᠠᠵᠢᠯᠯᠠᠬᠤ᠎ᠶ᠋ᠢ ᠲᠡᠷᠢᠭᠦᠨ᠎ᠳᠤ ᠲᠠᠯᠪᠢᠵᠤ ᠬᠥᠭ᠌ᠵᠢᠯᠲᠡ᠎ᠶ᠋ᠢ ᠠᠬᠢᠭᠣᠯᠣᠨ᠎ᠠ᠃ ᠬᠣᠲᠠᠯᠲᠣᠭ᠎ᠠ ᠡᠷᠬᠢᠯᠡᠬᠦ ᠣᠷᠴᠢᠨ ᠨᠦᠬᠦᠴᠡᠯ᠎ᠢ ᠡᠪᠲᠡᠭᠰᠡᠨ ᠬᠠᠷᠰᠢ ᠰᠠᠭᠠᠳ᠎ᠢ ᠠᠷᠢᠯᠭᠠᠵᠤ᠂ 《ᠠᠰᠠᠷᠠᠭ᠍ᠴᠢ》 ᠎ᠮᠠᠶᠢᠬ ᠤ᠋ᠨ ᠦᠢᠯᠡᠴᠢᠯᠡᠭᠡ ᠪᠡᠷ ᠠᠵᠤ ᠠᠬᠤᠢᠯᠠᠯ᠎ᠤᠨ ᠬᠦᠭᠵᠢᠯᠲᠡ ᠳ᠋ᠦ ᠬᠦᠴᠦᠨ ᠨᠡᠮᠡᠷᠢᠯᠡᠵᠦ᠍᠂ ᠬᠡᠯᠬᠢᠶᠠᠴᠢᠯᠡᠭᠰᠨᠨ ᠠᠷᠠᠯᠵᠢᠶᠠᠴᠢᠨ ᠤᠷᠢᠵᠣ ᠬᠦᠭᠵᠢᠯᠲᠡ᠎ᠶᠢ ᠰᠣᠪᠢᠵᠦ᠂ ᠲᠦᠩᠯᠢᠶᠣᠤ ᠬᠤᠲᠠ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠭᠤᠤᠯᠯᠠᠬᠤ ᠥᠷᠢᠰᠦᠯᠳᠦᠬᠦ᠌ ᠬᠦᠴᠦᠨ᠎ᠢᠶᠠᠨ ᠲᠠᠰᠤᠷᠠᠯᠲᠠ ᠥᠬᠡᠶ ᠴᠢᠩᠭᠠᠷᠠᠭᠤᠯᠵᠤ᠂ ᠠᠷᠠᠯᠵᠢᠶᠠᠴᠢᠨ᠎ᠢ ᠠᠮᠣᠷᠵᠢᠭᠣᠯᠣᠨ ᠲᠣᠲᠣᠨᠣᠴᠢᠯᠠᠵᠦ ᠠᠷᠠᠯᠵᠢᠶᠠᠴᠢᠨ ᠎ᠢ ᠪᠠᠶᠠᠵᠢᠭᠤᠯᠬᠤ ᠦᠢᠯᠡᠲᠦᠯᠭᠡ᠎ᠶᠢ ᠪᠢᠴᠢᠭᠯᠡᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号