ᠬᠥᠯᠥᠨ ᠪᠤᠢ᠌ᠷ ᠪᠣᠯ ᠮᠠᠨ ᠤ᠋ ᠤᠯᠤᠰ ᠤ᠋ᠨ ᠵᠡᠭᠦᠨ ᠬᠣᠢᠲᠤ ᠵᠢᠨ ᠬᠠᠷ᠎ᠠ ᠬᠥᠷᠥᠰᠥᠲᠦ ᠣᠷᠣᠨ ᠤ᠋ ᠴᠢᠬᠤᠯᠠ ᠪᠦᠷᠢᠯᠳᠦᠬᠦᠨ ᠪᠠᠢᠵᠤ᠂ ᠬᠣᠪᠣᠷ ᠨᠠᠨᠳᠢᠨ ᠬᠥᠷᠥᠰᠥ᠍ ᠱᠢᠷᠣᠢ ᠵᠢᠨ ᠡᠬᠢ ᠪᠠᠶᠠᠯᠢᠭ ᠢ᠋ ᠠᠴᠢᠶᠠᠯᠠᠵᠤ ᠪᠤᠢ᠃ ᠭᠤᠷᠪᠠᠳᠤᠭᠠᠷ ᠤᠳᠠᠭ᠎ᠠ ᠵᠢᠨ ᠤᠯᠤᠰ ᠤ᠋ᠨ ᠨᠤᠳᠤᠭ ᠳᠡᠪᠢᠰᠬᠡᠷ ᠤ᠋ᠨ ᠪᠠᠢᠴᠠᠭᠠᠯᠲᠠ ᠵᠢᠨ ᠲᠣᠭ᠎ᠠ ᠪᠠᠷᠢᠮᠲᠠ ᠳ᠋ᠦ ᠢᠯᠡᠷᠡᠭᠦᠯᠦᠭ᠌ᠰᠡᠨ ᠵᠢᠡᠷ᠂ ᠬᠥᠯᠥᠨ ᠪᠣᠢᠷ ᠬᠣᠲᠠ ᠵᠢᠨ ᠬᠠᠷ᠎ᠠ ᠬᠥᠷᠥᠰᠥᠲᠦ ᠲᠠᠷᠢᠶᠠᠨ ᠭᠠᠵᠠᠷ ᠤ᠋ᠨ ᠲᠠᠯᠠᠪᠠᠶ 2708.74 ᠲᠦᠮᠡᠨ ᠮᠦ᠍ ᠳ᠋ᠤ ᠬᠦᠷᠴᠦ᠍᠂ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠬᠠᠷ᠎ᠠ ᠬᠥᠷᠥᠰᠥᠲᠦ ᠲᠠᠷᠢᠶᠠᠨ ᠭᠠᠵᠠᠷ ᠤ᠋ᠨ 60.8% ᠵᠢ ᠡᠵᠡᠯᠡᠵᠦ᠍᠂ ᠪᠥᠬᠥ᠌ ᠤᠯᠤᠰ ᠤ᠋ᠨ ᠬᠠᠷ᠎ᠠ ᠬᠥᠷᠥᠰᠥᠲᠦ ᠲᠠᠷᠢᠶᠠᠨ ᠭᠠᠵᠠᠷ ᠤ᠋ᠨ ᠲᠠᠯᠠᠪᠠᠶ ᠵᠢᠨ 9.74% ᠵᠢ ᠡᠵᠡᠯᠡᠵᠦ ᠪᠠᠢᠨ᠎ᠠ᠃ ᠡᠨᠡ ᠬᠦ᠌ ᠡᠯᠪᠡᠭ ᠪᠠᠶᠠᠯᠢᠭ ᠣᠷᠭᠠᠨᠢᠭ ᠪᠤᠳᠠᠰ ᠲᠠᠢ ᠰᠢᠮᠡᠳᠦ ᠬᠥᠷᠥᠰᠥ᠍ᠨ ᠳ᠋ᠤ ᠲᠠᠷᠢᠶᠠᠯᠠᠩ ᠤ᠋ᠨ ᠡᠷᠳᠡᠨᠢᠰ ᠤ᠋ᠨ ᠰᠠᠩ ᠳ᠋ᠠᠬᠢ ᠭᠡᠷᠡᠯᠳᠤ ᠰᠤᠪᠤᠳ — ᠬᠥᠯᠥᠨ ᠪᠤᠢ᠌ᠷ ᠤ᠋ᠨ ᠱᠢᠷᠠ ᠪᠤᠷᠴᠠᠭ ᠢ᠋ ᠪᠣᠢᠵᠢᠭᠤᠯᠪᠠ᠃
ᠤᠳᠤ ᠪᠥᠬᠥ᠌ ᠬᠣᠲᠠ ᠵᠢᠨ ᠱᠢᠷᠠ ᠪᠤᠷᠴᠠᠭ ᠤ᠋ᠨ ᠲᠠᠷᠢᠮᠠᠯ ᠤ᠋ᠨ ᠲᠠᠯᠠᠪᠠᠶ 1300 ᠲᠦᠮᠡᠨ ᠮᠥ᠍ ᠡᠴᠡ ᠳᠡᠭᠡᠭ᠌ᠰᠢ ᠳ᠋ᠦ ᠲᠣᠭ᠍ᠲᠠᠪᠤᠷᠢᠵᠢᠵᠤ᠂ ᠵᠢᠯ ᠤ᠋ᠨ ᠭᠠᠷᠤᠯᠲᠠ ᠨᠢ 180 ᠲᠦᠮᠡᠨ ᠲᠣᠨ ᠢ᠋ ᠳᠠᠪᠠᠨ᠂ ᠪᠥᠬᠥ᠌ ᠤᠯᠤᠰ ᠤ᠋ᠨ ᠴᠢᠬᠤᠯᠠ ᠴᠢᠨᠠᠷ ᠰᠠᠢᠲᠠᠶ ᠱᠢᠷᠠ ᠪᠤᠷᠴᠠᠭ ᠤ᠋ᠨ ᠦᠶ᠋ᠯᠡᠳᠪᠦᠷᠢᠯᠡᠯ ᠤ᠋ᠨ ᠰᠠᠭᠤᠷᠢᠨ ᠪᠤᠯᠵᠠᠢ᠃ ᠪᠦᠲᠦᠭᠡᠭ᠌ᠳᠡᠬᠦᠨ ᠨᠢ ᠤᠯᠤᠰ ᠤ᠋ᠨ ᠳᠣᠲᠣᠭᠠᠳᠤ ᠵᠢᠨ ᠬᠡᠷᠡᠭ᠌ᠴᠡᠭᠡ ᠵᠢ ᠬᠠᠩᠭᠠᠵᠤ ᠪᠠᠢᠬᠤ ᠪᠡᠷ ᠪᠠᠷᠠᠬᠤ ᠦᠭᠡᠢ᠂ ᠨᠡᠩ ᠴᠤ᠌ ᠭᠠᠳᠠᠭᠠᠳᠤ ᠳ᠋ᠦ ᠪᠣᠷᠣᠯᠠᠭᠤᠯᠤᠭ᠍ᠳᠠᠨ᠂ ᠨᠢᠬᠡᠨᠳᠡ ᠬᠥᠯᠥᠨ ᠪᠤᠢ᠌ᠷ ᠤ᠋ᠨ ᠭᠡᠷᠡᠯ ᠰᠠᠴᠤᠷᠠᠩᠭᠤᠢ ᠲᠠᠷᠢᠶᠠᠯᠠᠩ ᠤ᠋ᠨ ᠨᠡᠷ᠎ᠡ ᠵᠢᠨ ᠬᠠᠭᠤᠳᠠᠰᠤ ᠪᠣᠯᠤᠭ᠍ᠰᠠᠨ ᠶᠤᠮ᠃
ᠣᠶᠤᠨᠴᠢ ᠪᠡᠷ ᠰᠢᠷ᠎ᠠ ᠪᠤᠷᠴᠠᠭ ᠲᠠᠷᠢᠵᠤ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠵᠢᠡᠷ ᠲᠠᠷᠢᠶᠠᠯᠠᠩ ᠤ᠋ᠨ ᠱᠢᠨ᠎ᠡ ᠲᠠᠪᠠᠯᠳᠠ ᠵᠢ ᠠᠬᠢᠭᠤᠯᠤᠨ᠎ᠠ᠃ ᠬᠥᠯᠥᠨ ᠪᠣᠢᠷ ᠤ᠋ᠨ ᠠᠲᠠᠷ ᠬᠠᠭᠠᠯᠪᠤᠷᠢᠯᠠᠯᠲᠠ ᠵᠢᠨ ᠪᠦᠯᠦᠭᠯᠡᠯ ᠤ᠋ᠨ ᠭᠸᠨᠢ ᠭᠤᠤᠯ ᠲᠠᠷᠢᠶᠠᠯᠠᠩ ᠮᠠᠯᠵᠢᠯ ᠤ᠋ᠨ ᠲᠠᠯᠠᠪᠠᠶ ᠵᠢᠨ ᠬᠢᠵᠠᠭᠠᠷᠲᠤ ᠺᠣᠮᠫᠠᠨᠢ 1014.7 ᠲᠦᠮᠡᠨ ᠲᠥᠭᠥᠷᠢᠭ ᠤ᠋ᠨ ᠪᠠᠯᠠ ᠣᠷᠣᠭᠤᠯᠤᠨ ᠲᠠᠷᠢᠶᠠᠯᠠᠩ ᠤ᠋ᠨ ᠮᠠᠱᠢᠨ ᠲᠤᠨᠤᠭᠯᠠᠯ ᠵᠢᠡᠨ ᠳᠡᠰ ᠳᠡᠪᠰᠢᠬᠦᠯᠵᠦ᠂ ᠬᠤᠤ ᠱ᠌ᠢ ᠦᠷ᠎ᠡ ᠰᠠᠴᠤᠬᠤ ᠮᠠᠱᠢᠨ᠂ ᠳᠣᠬᠢᠭᠤᠷ ᠲᠤᠯᠤᠭᠠᠨ ᠣᠲᠣ ᠵᠠᠮᠴᠢᠯᠠᠬᠤ ᠱᠢᠰᠲ᠋ᠧᠮ ᠵᠡᠷᠭᠡ ᠤᠶᠤᠨᠲᠤ ᠲᠥᠬᠥᠭᠡᠷᠦᠮᠵᠢ ᠪᠡᠷ ᠲᠠᠷᠢᠮᠠᠯ ᠤ᠋ᠨ ᠦᠢᠯᠡᠰ ᠤ᠋ᠨ ᠬᠦᠭᠵᠢᠯᠳᠡ ᠳ᠋ᠦ ᠪᠠᠲᠤ ᠲᠤᠯᠭᠠᠭᠤᠷᠢᠯᠠᠯ ᠬᠠᠩᠭᠠᠪᠠ᠃ 640 ᠮᠥ᠍ ᠵᠢᠨ ᠣᠶᠤᠨᠴᠢ ᠪᠡᠷ ᠳᠤᠰᠤᠯᠠᠭᠠᠨ ᠤᠰᠤᠯᠠᠬᠤ ᠲᠤᠷᠱᠢᠯᠲᠠ ᠵᠢᠨ ᠵᠢᠱ᠌ᠢᠶ᠎ᠡ ᠦᠵᠡᠭᠦᠯᠬᠦ᠌ ᠤᠷᠤᠨ ᠵᠢᠡᠷ ᠳᠡᠮᠵᠢᠨ ᠤᠰᠤᠨ ᠤ᠋ ᠡᠬᠢ ᠪᠠᠶᠠᠯᠢᠭ ᠤ᠋ᠨ ᠠᠱᠢᠭ᠍ᠯᠠᠮᠵᠢ ᠵᠢ ᠢᠯᠡᠳᠲᠡ ᠳᠡᠭᠡᠭ᠌ᠰᠢᠯᠡᠭᠦᠯᠵᠦ᠍᠂ 3 ᠲᠦᠮᠡ ᠭᠠᠷᠤᠶ ᠮᠥ᠍ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤ᠋ᠨ ᠪᠥᠲᠥᠭᠡᠨ ᠪᠠᠢᠭᠤᠯᠤᠯᠲᠠ ᠪᠡᠷ ᠱᠢᠷᠠ ᠪᠤᠷᠴᠠᠭ ᠤ᠋ᠨ ᠲᠣᠭ᠍ᠲᠠᠭᠤᠨ ᠤᠨᠠᠯᠲᠠ ᠥᠨᠳᠥᠷ ᠤᠨᠠᠯᠲᠠ ᠵᠢᠨ ᠰᠠᠭᠤᠷᠢ ᠵᠢ ᠪᠡᠬᠢᠵᠢᠭᠦᠯᠪᠡ᠃
ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠱᠢᠨ᠎ᠡ ᠵᠢ ᠡᠭᠦᠳᠬᠦ᠌ ᠵᠢᠨ ᠭᠣᠣᠯᠳᠠᠯᠭ᠎ᠠ ᠪᠣᠯ ᠰᠠᠢ᠌ᠨ ᠡᠭᠦᠯᠳᠡᠷ ᠪᠣᠯᠤᠨ᠎ᠠ᠃ ᠬᠥᠯᠥᠨ ᠪᠣᠢᠷ ᠬᠣᠲᠠ ᠵᠢᠨ ᠲᠠᠷᠢᠶᠠᠯᠠᠩ ᠮᠠᠯ ᠠᠵᠤ ᠠᠬᠤᠶ ᠵᠢᠨ ᠱᠢᠨᠵᠢᠯᠡᠬᠦ᠌ ᠤᠬᠠᠭᠠᠨ ᠤ᠋ ᠰᠤᠳᠤᠯᠭᠠᠨ ᠤ᠋ ᠬᠦᠷᠢᠶᠡᠯᠡᠩ ᠤ᠋ᠨ ᠰᠣᠩᠭᠣᠨ ᠪᠣᠢᠵᠢᠭᠤᠯᠤᠭ᠍ᠰᠠᠨ《ᠮᠸᠩ ᠳ᠋ᠸᠤ 1137》 ᠨᠢ 4 ᠵᠢᠯ ᠳᠠᠷᠠᠭᠠᠯᠠᠨ ᠤᠯᠤᠰ ᠤ᠋ᠨ ᠲᠠᠷᠢᠶᠠᠯᠠᠩ ᠤ᠋ᠨ ᠭᠤᠤᠯᠯᠠᠬᠤ ᠡᠭᠦᠯᠳᠡᠷ ᠲᠦ᠍ ᠰᠣᠩᠭᠣᠭ᠍ᠳᠠᠵᠤ᠂ ᠥᠪᠥᠷ ᠮᠣᠩᠭᠣᠯ ᠡᠴᠡ ᠰᠣᠩᠭᠣᠭ᠍ᠳᠠᠭ᠍ᠰᠠᠨ ᠴᠣᠷ ᠤ᠋ᠨ ᠭᠠᠭ᠍ᠴᠠ ᠱᠢᠷᠠ ᠪᠤᠷᠴᠠᠭ ᠤ᠋ᠨ ᠡᠭᠦᠯᠳᠡᠷ ᠪᠣᠯᠵᠠᠶ᠃ ᠲᠡᠭᠦᠨ ᠤ᠋ ᠨᠡᠢᠳᠡ ᠳᠡᠯᠭᠡᠷᠡᠭᠦᠯᠦᠭ᠌ᠰᠡᠨ ᠲᠠᠯᠠᠪᠠᠶ ᠨᠢ ᠨᠢᠭᠡᠨᠲᠡ 1000 ᠲᠦᠮᠡᠨ ᠮᠥ᠍ ᠵᠢ ᠳᠠᠪᠠᠵᠤ᠂ ᠤᠯᠤᠰ ᠤ᠋ᠨ ᠠᠮᠤ ᠪᠤᠳᠠᠭᠠᠨ ᠤ᠋ ᠠᠮᠤᠷ ᠲᠦᠪᠱᠢᠨ ᠪᠠ ᠱᠢᠷᠠ ᠪᠤᠷᠴᠠᠭ ᠤ᠋ᠨ ᠠᠵᠤ ᠦᠶ᠋ᠯᠡᠰ ᠢ᠋ ᠲᠠᠰ ᠳᠡᠪᠱᠢᠬᠦᠯᠬᠦ ᠳ᠋ᠤ ᠦᠷᠭᠦᠯᠵᠢᠯᠡᠨ ᠵᠢᠯᠤᠭᠤᠳᠤᠯᠭ᠎ᠠ ᠬᠠᠩᠭᠠᠭᠰᠠᠨ ᠪᠠᠢᠨ᠎ᠠ᠃
ᠲᠦᠷᠦᠯ ᠳᠡᠮᠳᠡᠭ ᠬᠥᠭ᠌ᠵᠢᠨ ᠮᠠᠨᠳᠤᠵᠤ᠂ 《ᠰᠠᠢ᠌ᠨ ᠪᠤᠷᠴᠠᠭ》 ᠨᠢ ᠵᠠᠬ᠎ᠠ ᠳᠡᠯᠭᠡᠭᠦᠷ ᠤ᠋ᠨ ᠬᠦᠷᠢᠶᠡᠯᠡᠯ ᠢ᠋ ᠤᠯᠪᠠ᠃ ᠬᠥᠯᠥᠨ ᠪᠣᠢᠷ ᠬᠣᠲᠠ 《ᠥᠪᠥᠷ ᠮᠣᠩᠭᠣᠯ》 ᠨᠡᠷᠡᠮᠵᠢᠳᠤ ᠲᠠᠯ᠎ᠠ ᠨᠤᠲᠤᠭ ᠤ᠋ᠨ ᠱᠢᠯᠢᠳᠡᠭ ᠪᠦᠲᠦᠭᠡᠭ᠌ᠳᠡᠬᠦᠨ ᠤ᠋ ᠥᠷᠲᠡᠭ ᠢ᠋ ᠭᠦᠨ ᠠᠭᠤᠳᠠᠯᠵᠤ᠂ 《ᠬᠥᠯᠥᠨ ᠪᠣᠢᠷ ᠤ᠋ᠨ ᠰᠢᠷ᠎ᠠ ᠪᠤᠷᠴᠠᠭ》 ᠤ᠋ᠨ ᠣᠷᠣᠨ ᠪᠦᠰᠡ ᠵᠢᠨ ᠨᠡᠢᠲᠡ ᠵᠢᠨ ᠬᠡᠷᠡᠭ᠌ᠯᠡᠭᠡᠨ ᠤ᠋ ᠲᠥᠷᠥᠯ ᠲᠡᠮᠳᠡᠭ᠌ ᠢ᠋ ᠪᠥᠬᠥ᠌ ᠬᠦᠴᠦᠨ ᠵᠢᠡᠷ ᠵᠢᠡᠨ ᠴᠤᠭᠴᠠᠯᠠᠪᠠ᠃ ᠲᠣᠰ ᠲᠦᠷᠦᠯ ᠲᠡᠮᠳᠡᠭ᠌ ᠨᠢ 《2023 ᠣᠨ ᠤ᠋ ᠳᠤᠮᠳᠠᠳᠤ ᠤᠯᠤᠰ ᠤ᠋ᠨ ᠲᠠᠷᠢᠶᠠᠯᠠᠩ ᠤ᠋ᠨ ᠪᠦᠲᠦᠭᠡᠭ᠌ᠳᠡᠬᠦᠨ ᠤ᠋ ᠵᠠᠭᠤᠨ ᠬᠦᠴᠦᠷᠬᠡᠭ ᠤ᠋ᠨ ᠪᠡᠯᠭᠡ ᠲᠡᠮᠳᠡᠭ ᠤ᠋ᠨ ᠴᠢᠨᠠᠷᠲᠠᠶ ᠲᠦᠷᠦᠯ ᠳᠡᠮᠳᠡᠭ》᠂ 《ᠥᠪᠥᠷ ᠮᠣᠩᠭᠣᠯ ᠤ᠋ᠨ ᠨᠠᠷᠠᠲᠤ ᠣᠷᠣᠨ ᠪᠦᠰᠡ ᠵᠢᠨ ᠨᠡᠢᠲᠡ ᠵᠢᠨ ᠬᠡᠷᠡᠭ᠌ᠯᠡᠭᠡᠨ ᠤ᠋ ᠲᠦᠷᠦᠯ ᠳᠡᠮᠳᠡᠭ》 ᠤ᠋ᠨ ᠴᠤᠯᠠ ᠵᠢ ᠭᠥᠷᠳᠡᠵᠦ᠍᠂ ᠲᠦᠷᠦᠯ ᠳᠡᠮᠳᠡᠭ ᠤ᠋ᠨ ᠦᠷᠳᠡᠭ ᠨᠢ ᠨᠢᠬᠡᠨᠳᠡ 8 ᠳ᠋ᠦᠩᠱᠢᠭᠤᠷ ᠲᠥᠭᠥᠷᠢᠭ ᠢ᠋ ᠲᠠᠪᠠᠨ᠂ ᠥᠪᠥᠷ ᠮᠣᠩᠭᠣᠯ ᠤ᠋ᠨ ᠮᠠᠯ ᠠᠵᠤ ᠠᠬᠤᠶ ᠲᠠᠷᠢᠶᠠᠯᠠᠩ ᠤ᠋ᠨ ᠲᠦᠷᠦᠯ ᠳᠡᠮᠳᠡᠭ ᠤ᠋ᠨ ᠭᠠᠷᠴᠠᠭ ᠵᠢᠴᠢ ᠰᠣᠳᠣᠨ ᠪᠦᠲᠦᠭᠡᠭ᠌ᠳᠡᠬᠦᠨ ᠢ᠋ ᠪᠣᠢᠵᠢᠭᠤᠯᠬᠤ ᠭᠠᠷᠴᠠᠭ ᠲᠣ᠌ ᠠᠮᠵᠢᠯᠲᠠ ᠲᠠᠶ ᠪᠡᠷ ᠰᠣᠩᠭᠣᠭ᠍ᠳᠠᠪᠠ᠃
《ᠥᠩᠭᠡᠷᠡᠭ᠌ᠰᠡᠨ ᠳ᠋ᠤ ᠱᠢᠷᠠ ᠪᠤᠷᠴᠠᠭ ᠡᠯᠪᠡᠭ ᠬᠤᠷᠢᠶᠠᠭᠰᠠᠨ ᠴᠦ᠍ ᠪᠣᠷᠣᠯᠠᠭᠤᠯᠭ᠎ᠠ ᠵᠢᠨ ᠲᠦᠯᠦᠭᠡ ᠰᠠᠨᠠᠭᠠᠰᠢᠷᠠᠳᠠᠭ ᠪᠠᠢᠭᠰᠠᠨ᠂ ᠤᠳᠤ ᠭᠠᠵᠠᠷ ᠵᠦᠢ ᠵᠢᠨ ᠢᠯᠡᠷᠬᠡᠢᠯᠡᠯ ᠲᠠᠢ ᠪᠤᠯᠤᠭᠰᠠᠨ ᠡᠴᠡ ᠵᠠᠬᠢᠶᠠᠯᠠᠭ᠎ᠠ ᠵᠢᠨ ᠬᠠᠭᠤᠳᠠᠰᠤ ᠦᠪᠡᠷ ᠵᠢᠡᠨ ᠡᠷᠢᠭᠡᠳ ᠢᠷᠡᠳᠡᠭ ᠪᠤᠯᠴᠢᠬᠠᠵᠠᠢ》 ᠭᠡᠵᠦ᠍ ᠵᠠᠯᠠᠨ ᠠᠢᠯ ᠬᠤᠳᠠ ᠵᠢᠨ ᠢ ᠵᠢᠶᠠ ᠡᡁᠸ ᠰᠢᠷ᠎ᠠ ᠪᠤᠷᠴᠠᠭ ᠤ᠋ᠨ ᠲᠤᠰᠬᠠᠢ ᠬᠤᠷᠱᠢᠶᠠ ᠵᠢᠨ ᠬᠡᠷᠡᠭ ᠡᠷᠬᠢᠯᠡᠭ᠌ᠴᠢᠳ ᠤ᠋ᠨ ᠳᠠᠷᠤᠭ᠎ᠠ ᠸᠠᠩ ᡁᠢ ᠶᠦᠩ ᠤᠴᠢᠷᠯᠠᠨ᠎ᠠ᠃ 2023 ᠣᠨ ᠳ᠋ᠦ 《ᠬᠥᠯᠥᠨ ᠪᠣᠢᠷ ᠤ᠋ᠨ ᠱᠢᠷᠠ ᠪᠤᠷᠴᠠᠭ》 ᠤᠯᠤᠰ ᠤ᠋ᠨ ᠲᠠᠷᠢᠶᠠᠯᠠᠩ ᠤ᠋ᠨ ᠪᠦᠲᠦᠭᠡᠭ᠌ᠳᠡᠬᠦᠨ ᠤ᠋ ᠭᠠᠵᠠᠷ ᠵᠦᠶ ᠵᠢᠨ ᠢᠯᠡᠷᠬᠡᠢᠯᠡᠯᠳᠤ ᠵᠢᠨ ᠭᠡᠷᠡᠴᠢᠯᠡᠯ ᠢ᠋ ᠬᠦᠷᠳᠡᠪᠡ᠃ ᠲᠤᠬᠠᠶ ᠵᠢᠨ ᠭᠠᠵᠠᠷ ᠤ᠋ᠨ ᠬᠢᠨ ᠡᠨᠡ ᠬᠦ᠌ ᠰᠠᠭᠤᠷᠢᠨ ᠳᠡᠭᠡᠷ᠎ᠡ ᠦᠷᠬᠦᠯᠵᠢᠯᠡᠨ ᠤᠷᠤᠭ᠍ᠰᠢᠯᠠᠵᠤ᠂ ᠠᠵᠤ ᠠᠬᠤᠢᠯᠠᠯ ᠢ᠋ ᠵᠣᠬᠢᠶᠠᠨ ᠪᠠᠢᠭᠤᠯᠤᠨ ᠱᠠᠩᠬᠠᠶ ᠵᠢᠨ ᠲᠠᠷᠢᠶᠠᠯᠠᠩ ᠤ᠋ᠨ ᠠᠷᠠᠯᠵᠢᠶᠠᠨ ᠤ᠋ ᠴᠤᠭ᠍ᠯᠠᠭᠠᠨ᠂ ᠭᠤᠸᠠᠩᠵᠧᠦ᠍ ᠵᠢᠨ ᠪᠤᠬᠢᠷᠳᠦᠯ ᠦᠭᠡᠢ ᠦᠵᠡᠰᠭᠦᠯᠡᠩ ᠤ᠋ᠨ ᠴᠤᠭ᠍ᠯᠠᠭᠠᠨ ᠵᠡᠷᠭᠡ ᠳ᠋ᠦ ᠤᠷᠤᠯᠴᠠᠭᠤᠯᠵᠦ᠂ ᠲᠤᠬᠠᠶ ᠵᠢᠨ ᠲᠠᠯᠠᠪᠠᠶ ᠳ᠋ᠦ 428 ᠲᠦᠮᠡᠨ ᠲᠥᠭᠥᠷᠢᠭ ᠤ᠋ᠨ ᠠᠷᠠᠯᠵᠢᠶᠡᠨ ᠤ᠋ ᠭᠡᠷ᠎ᠡ ᠲᠣᠭ᠍ᠲᠠᠭᠰᠠᠨ ᠶᠤᠮ᠃
ᠬᠠᠷ᠎ᠠ ᠬᠥᠷᠥᠰᠥ ᠵᠢ ᠰᠠᠬᠢᠨ ᠬᠠᠮᠠᠭᠠᠯᠠᠵᠤ᠂ ᠪᠣᠬᠢᠷᠲᠤᠯ ᠦᠭᠡᠢ ᠬᠥᠭ᠌ᠵᠢᠯᠲᠡ ᠵᠢᠨ ᠰᠠᠭᠤᠷᠢ ᠵᠢ ᠪᠠᠲᠤ ᠴᠣᠭ᠍ᠴᠠᠯᠠᠨᠠ᠃ ᠱᠢᠷᠠ ᠪᠤᠷᠴᠠᠭ ᠳᠠᠷᠢᠬᠤ ᠳ᠋ᠦ ᠵᠥᠪᠬᠡᠨ ᠨᠢᠳᠦᠨ ᠡᠮᠦᠨᠡᠬᠢ ᠤᠨᠠᠯᠲᠠ ᠪᠠᠨ ᠯᠠ ᠪᠤᠳᠤᠭᠠᠳ ᠪᠠᠢᠵᠦ ᠪᠣᠯᠬᠤ ᠥᠬᠡᠶ᠂ ᠬᠠᠷᠢᠨ ᠬᠠᠷ᠎ᠠ ᠬᠥᠷᠥᠰᠥᠨ ᠳ᠋ᠤ 《ᠠᠮᠢᠰᠬᠤᠭ᠎ᠠ ᠠᠪᠬᠤ》 ᠴᠠᠭ ᠦᠭᠭᠦ ᠬᠡᠷᠡᠭ᠌ᠲᠡᠶ ᠶᠤᠮ᠃ ᠬᠥᠯᠥᠨ ᠪᠤᠢ᠌ᠷ ᠤ᠋ᠨ ᠠᠲᠠᠷ ᠬᠠᠭᠠᠯᠪᠤᠷᠢᠯᠠᠯᠲᠠ ᠵᠢᠨ ᠪᠦᠯᠦᠭᠯᠡᠯ ᠤ᠋ᠨ ᠨᠠᠵᠢ ᠠᠢᠯ ᠲᠠᠷᠢᠶᠠᠯᠠᠩ ᠮᠠᠯᠵᠢᠯ ᠤ᠋ᠨ ᠲᠠᠯᠠᠪᠠᠢ ᠵᠢᠨ ᠺᠣᠮᠫᠠᠨᠢ ᠵᠢᠨ ᠳᠡᠯᠭᠡᠷᠡᠭᠦᠯᠦᠭ᠌ᠰᠡᠨ ᠰᠡᠯᠬᠦᠨ ᠲᠠᠷᠢᠬᠤ ᠵᠠᠭ᠍ᠪᠤᠷ ᠪᠣᠯ ᠬᠠᠷ᠎ᠠ ᠬᠥᠷᠥᠰᠥ ᠵᠢ ᠠᠮᠤᠷᠵᠢᠭᠤᠯᠤᠨ ᠰᠡᠷᠬᠦᠬᠡᠬᠦ ᠵᠠᠩᠭᠢᠯᠠᠭ᠎ᠠ ᠵᠢᠨ ᠦᠢᠯᠡᠳᠦᠯᠭᠡ ᠪᠣᠯᠤᠨ᠎ᠠ᠃ ᠺᠣᠮᠫᠠᠨᠢ ᠵᠢᠨ ᠬᠢᠨ ᠱᠢᠷᠠ ᠪᠤᠷᠴᠠᠭ ᠤ᠋ᠨ ᠦᠶ᠋ᠯᠡᠳᠪᠦᠷᠢᠯᠡᠯ ᠳᠤᠮᠳᠠ 《ᠤᠨᠠᠯᠲᠠ ᠵᠢ ᠨᠡᠮᠡᠭ᠌ᠳᠡᠭᠦᠯᠬᠦ᠌ ᠪᠣᠷᠲᠣᠭᠣᠷ》 ᠪᠣᠯᠤᠨ ᠨᠠᠷᠢᠯᠢᠭ ᠤᠨᠤᠴᠠᠳᠠᠢ ᠪᠡᠷ ᠳᠠᠷᠢᠬᠤ ᠵᠢ ᠪᠥᠬᠥ᠌ ᠲᠠᠯ᠎ᠠ ᠪᠡᠷ ᠠᠬᠢᠭᠤᠯᠵᠤ᠂ ᠡᠨᠡ ᠵᠢᠯ 10.5 ᠲᠦᠮᠡᠨ ᠮᠥ᠍ ᠵᠢᠨ ᠲᠠᠷᠢᠮᠠᠯ ᠤ᠋ᠨ ᠭᠠᠵᠠᠷ ᠢ᠋ ᠨᠢᠭᠡᠳᠦᠯᠲᠡᠶ ᠲᠥᠯᠥᠪᠵᠢᠭᠦᠯᠦᠭᠰᠡᠨ ᠤ᠋ ᠲᠤᠳᠤᠷ᠎ᠠ ᠱᠢᠷᠠ ᠪᠤᠷᠴᠠᠭ ᠲᠠᠷᠢᠭᠰᠠᠨ ᠲᠠᠯᠠᠪᠠᠢ 4.98 ᠲᠦᠮᠡᠨ ᠮᠥ᠍ ᠳ᠋ᠤ ᠬᠦᠷᠪᠡ᠃ ᠲᠠᠷᠢᠶᠠᠨ ᠳᠠᠯᠠᠩ ᠤ᠋ᠨ ᠬᠤᠤᠰ ᠮᠥᠷᠲᠦ ᠮᠡᠷᠭᠡᠵᠢᠯ᠂ ᠤᠰᠤ ᠪᠣᠷᠲᠣᠭᠣᠷ ᠢ᠋ ᠨᠢᠭᠡ ᠴᠣᠭ᠍ᠴᠠᠵᠢᠭᠤᠯᠬᠤ ᠵᠢᠴᠢ ᠳᠣᠬᠢᠭᠤᠷ ᠲᠤᠯᠤᠭᠠᠨ ᠣᠲᠣ ᠵᠢᠨ ᠱᠢᠰᠲ᠋ᠧᠮ ᠤ᠋ᠨ ᠨᠠᠷᠢᠯᠢᠭ᠍ᠵᠢᠭᠤᠯᠬᠤ ᠠᠵᠢᠯᠯᠠᠭᠠᠨ ᠢ᠋ ᠬᠡᠷᠡᠭ᠌ᠯᠡᠵᠤ᠂ ᠱᠢᠷᠠ ᠪᠤᠷᠴᠠᠭ ᠤ᠋ᠨ ᠶᠠᠰᠤ ᠴᠢᠨᠠᠷ ᠪᠠ ᠤᠨᠠᠯᠳᠠ ᠵᠢ ᠳᠡᠭᠡᠭ᠌ᠰᠢᠯᠡᠭᠦᠯᠬᠦ᠌ ᠵᠢᠨ ᠬᠠᠮᠲᠤ᠂ ᠡᠨᠡ ᠬᠦ᠌ ᠬᠣᠪᠣᠷ ᠨᠠᠨᠳᠢᠨ ᠬᠠᠷ᠎ᠠ ᠬᠥᠷᠥᠰᠥ ᠵᠢ ᠱᠢᠨᠵᠢᠯᠡᠬᠦ᠌ ᠤᠬᠠᠭᠠᠨᠴᠢ ᠪᠡᠷ ᠱᠢᠰᠲ᠋ᠧᠮ ᠲᠠᠢ ᠪᠡᠷ ᠬᠠᠮᠠᠭᠠᠯᠠᠵᠤ ᠪᠠᠢᠨ᠎ᠠ᠃
ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠵᠢᠡᠷ ᠬᠦᠴᠦᠨ ᠨᠡᠮᠡᠷᠢᠯᠡᠭᠰᠡᠨ ᠤᠶᠤᠨᠴᠢ ᠲᠠᠷᠢᠶ᠎ᠠ ᠡᠴᠡ ᠲᠦᠷᠦᠯ ᠲᠡᠮᠳᠡᠭ ᠤ᠋ᠨ ᠦᠷᠳᠡᠭ ᠤ᠋ᠨ ᠵᠠᠬ᠎ᠠ ᠳᠡᠯᠭᠡᠭᠦᠷ ᠤ᠋ᠨ ᠪᠦᠰᠡᠯᠡᠯᠲᠡ ᠱᠢᠪᠲᠤᠯᠬᠤ ᠬᠦᠷᠲᠡᠯ᠎ᠡ᠂ ᠲᠠᠬᠢᠭᠠᠳ ᠠᠮᠢ ᠠᠬᠤᠢ ᠵᠢ ᠤᠷᠢᠳ ᠵᠢᠡᠷ ᠪᠣᠳᠣᠯᠬᠢᠯᠠᠬᠤ ᠡᠷᠡᠰ ᠪᠠᠲᠤ ᠰᠠᠬᠢᠨ ᠬᠠᠮᠠᠭᠠᠯᠠᠯᠳᠠ ᠬᠦᠷᠲᠡᠯ᠎ᠡ᠂ ᠬᠥᠯᠥᠨ ᠪᠤᠢ᠌ᠷ ᠤ᠋ᠨ ᠱᠢᠷᠠ ᠪᠤᠷᠴᠠᠭ ᠤ᠋ᠨ ᠦᠢᠯᠡᠰ ᠤ᠋ᠨ ᠬᠥᠭ᠌ᠵᠢᠨ ᠮᠠᠨᠳᠤᠬᠤ ᠵᠠᠮ ᠨᠢ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠤ᠋ᠨ ᠱᠢᠨ᠎ᠡ ᠡᠭᠦᠳᠤᠯᠳᠠ᠂ ᠲᠦᠷᠦᠯ ᠲᠡᠮᠳᠡᠭ ᠤ᠋ᠨ ᠪᠠᠢᠭᠤᠯᠤᠯᠳᠠ ᠪᠣᠯᠤᠨ ᠠᠮᠢ ᠠᠬᠤᠢ ᠵᠢᠨ ᠬᠠᠮᠠᠭᠠᠯᠠᠯᠲᠠ ᠵᠢ ᠭᠦᠨᠵᠡᠭᠡᠢ ᠠᠭᠤᠰᠤᠯᠴᠠᠭᠤᠯᠤᠭᠠᠰᠨ ᠲᠠᠷᠢᠶᠠᠯᠠᠩ ᠤ᠋ᠨ ᠴᠢᠨᠠᠷ ᠰᠠᠢᠲᠠᠢ ᠬᠥᠭ᠌ᠵᠢᠯᠲᠡ ᠳ᠋ᠤ ᠦᠵᠡᠭᠦᠯᠬᠦ᠌ ᠭᠣᠣᠯᠯᠠᠭ᠍ᠴᠢ ᠬᠥᠳᠡᠯᠭᠡᠬᠦ᠌ ᠬᠦᠴᠦᠨ ᠢ᠋ ᠭᠡᠷᠡᠴᠢᠯᠡᠭ᠌ᠰᠡᠨ ᠠᠵᠢ᠃
《ᠪᠢᠳᠡ 〈ᠲᠠᠷᠢᠶᠠᠨ ᠭᠠᠵᠠᠷ ᠤ᠋ᠨ ᠠᠮᠤ ᠪᠤᠳᠠᠭᠠᠨ ᠤ᠋ ᠦᠢᠯᠡᠳᠪᠤᠷᠢᠯᠡᠯ ᠤ᠋ᠨ ᠴᠢᠳᠠᠪᠤᠷᠢ ᠵᠢ ᠪᠠᠳᠤᠯᠠᠵᠤ ᠲᠸᠭᠨᠢᠭ ᠮᠡᠷᠬᠡᠵᠢᠯ ᠵᠢᠡᠷ ᠠᠮᠤ ᠪᠤᠳᠠᠭᠠᠨ ᠤ᠋ ᠤᠨᠠᠯᠳᠠ ᠵᠢ ᠨᠡᠮᠡᠭ᠌ᠳᠡᠬᠦᠯᠬᠦ᠌〉 ᠪᠠᠢᠯᠳᠤᠬᠤ ᠪᠣᠳᠣᠯᠭ᠎ᠠ ᠵᠢ ᠦᠷᠭᠦᠯᠵᠢᠯᠡᠨ ᠪᠠᠷᠢᠮᠲᠠᠯᠠᠵᠤ᠂ 〈ᠲᠠᠷᠢᠶᠠᠨ ᠭᠠᠵᠠᠷ ᠤ᠋ᠨ ᠲᠤᠳᠤᠷᠠᠬᠢ ᠲᠣᠮᠣ ᠮᠠᠯᠤᠷ ᠥᠲᠡᠭᠡ〉 ᠵᠢ ᠰᠠᠢᠲᠤᠷ ᠬᠠᠮᠠᠭᠠᠯᠠᠬᠤ ᠵᠢᠨ ᠬᠠᠮᠲᠤ ᠱᠢᠷᠠ ᠪᠤᠷᠴᠠᠭ ᠤ᠋ᠨ ᠠᠵᠤ ᠦᠶ᠋ᠯᠡᠰ ᠤ᠋ᠨ ᠥᠷᠢᠰᠥᠯᠳᠦᠬᠦ᠌ ᠬᠦᠴᠦᠨ ᠢ᠋ ᠲᠠᠰᠤᠷᠠᠯᠲᠠ ᠥᠬᠡᠶ ᠳᠡᠭᠡᠭ᠌ᠰᠢᠯᠡᠭᠦᠯᠵᠦ᠍᠂ ᠬᠠᠷ᠎ᠠ ᠬᠥᠷᠥᠰᠥᠲᠦ ᠲᠠᠷᠢᠶᠠᠨ ᠭᠠᠵᠠᠷ ᠡᠴᠡ ᠬᠤᠷᠢᠶᠠᠭᠰᠠᠨ ᠰᠢᠷ᠎ᠡ ᠪᠤᠷᠴᠠᠭ ᠤ᠋ᠨ ᠠᠩᠬᠢᠯᠤᠮ᠎ᠠ ᠦᠨᠦᠷ ᠢ᠋ ᠨᠠᠩ ᠬᠣᠯᠠ ᠭᠠᠵᠠᠷ ᠲᠦ᠍ ᠬᠠᠩᠬᠤᠯᠤᠭᠤᠯᠵᠦ᠂ ᠤᠯᠤᠰ ᠤ᠋ᠨ ᠠᠮᠤ ᠪᠤᠳᠠᠭᠠᠨ ᠤ᠋ ᠠᠮᠤᠷ ᠲᠦᠪᠱᠢᠨ ᠪᠣᠯᠤᠨ ᠲᠠᠷᠢᠶᠠᠯᠠᠩ ᠤ᠋ᠨ ᠣᠳᠣᠬᠢᠴᠢᠯᠠᠯᠲᠠ ᠳ᠋ᠦ ᠪᠠᠲᠤ ᠪᠠᠬᠢ ᠤᠮᠠᠷᠠᠲᠤ ᠬᠢᠯᠢ ᠵᠢᠨ ᠬᠦᠴᠦᠨ ᠴᠢᠳᠠᠯ ᠢ᠋ ᠨᠡᠮᠡᠷᠢᠯᠡᠨ᠎ᠡ》 ᠭᠡᠵᠦ᠍ ᠬᠥᠯᠥᠨ ᠪᠣᠢᠷ ᠤ᠋ᠨ ᠠᠲᠠᠷ ᠬᠠᠭᠠᠯᠪᠤᠷᠢᠯᠠᠯᠲᠠ ᠵᠢᠨ ᠪᠦᠯᠦᠭᠯᠡᠯ ᠤ᠋ᠨ ᠬᠠᠷᠢᠭᠤᠴᠠᠯᠭᠠᠲᠠᠨ ᠬᠡᠯᠡᠨ᠎ᠠ᠃