《ᠪᠢᠳᠡ ᠵᠦᠬᠠᠢ ᠳ᠋ᠤ ᠸᠠᠨ ᠽᠸ ᠠᠮᠢᠳᠤ ᠪᠣᠳᠠᠰ ᠤ᠋ᠨ ᠡᠮ ᠡᠮᠨᠡᠯᠭᠡ ᠶ᠋ᠢᠨ ᠰᠠᠭᠤᠷᠢᠨ ᠪᠠᠢᠭᠤᠯᠵᠤ᠂ ᠡᠮ ᠤ᠋ᠨ ᠵᠦᠢᠯᠡᠰ ᠤ᠋ᠨ ᠬᠢᠨᠠᠯᠲᠠ ᠬᠠᠮᠢᠶᠠᠷᠤᠯᠲᠠ ᠶ᠋ᠢᠨ ᠠᠵᠢᠯᠳᠠᠨ ᠲᠤᠰᠭᠠᠢᠯᠠᠨ ᠥᠪᠥᠷ ᠮᠣᠩᠭᠣᠯ ᠡᠴᠡ ᠢᠷᠡᠵᠦ᠍ ᠺᠣᠮᠫᠠᠨᠢ ᠶ᠋ᠢᠨ ᠡᠮᠦᠨ᠎ᠡ ᠤᠮᠠᠷ᠎ᠠ ᠶ᠋ᠢᠨ ᠪᠠᠢᠷᠢᠱᠢᠭᠤᠯᠤᠯᠲᠠ ᠳ᠋ᠤ ᠤᠷᠢᠳᠠᠴᠢ ᠦᠢᠯᠡᠴᠢᠯᠡᠭᠡ ᠬᠠᠩᠭᠠᠪᠠ᠂ ᠦᠨᠡᠬᠡᠷ ᠬᠠᠯᠠᠭᠤᠮᠰᠤᠭ ᠪᠠᠢᠨ᠎ᠠ》᠃ ᠣᠷᠣᠨ ᠪᠦᠰᠡ ᠠᠯᠤᠰᠯᠠᠭ᠍ᠰᠠᠨ ᠬᠢᠨᠠᠯᠲᠠ ᠬᠠᠮᠢᠶᠠᠷᠤᠯᠲᠠ ᠶ᠋ᠢᠨ ᠦᠶ᠋ᠯᠡᠴᠢᠯᠡᠭᠡᠨᠦ ᠱᠢᠨ᠎ᠡ ᠵᠢ ᠡᠭᠦᠳᠬᠦ᠌ ᠵᠠᠭ᠍ᠪᠤᠷ ᠤ᠋ᠨ ᠠᠱᠢᠭ ᠬᠦᠷᠲᠡᠭ᠌ᠴᠢ ᠪᠣᠯᠤᠭ᠍ᠰᠠᠨ ᠤ᠋ ᠬᠤᠪᠢ ᠳ᠋ᠤ᠂ 8 ᠰᠠᠷ᠎ᠠ ᠶ᠋ᠢᠨ 25 ᠤ᠋ ᠡᠳᠦᠷ᠂ ᠥᠪᠥᠷ ᠮᠣᠩᠭᠣᠯ ᠤ᠋ᠨ ᠱᠤᠸᠠᠩ ᠴᠢ ᠡᠮ ᠤ᠋ᠨ ᠦᠶ᠋ᠯᠡᠰ ᠤ᠋ᠨ ᠬᠤᠪᠢ ᠤᠷᠤᠭᠤᠯᠤᠭᠰᠠᠨ ᠬᠢᠵᠠᠭᠠᠷᠲᠤ ᠺᠣᠮᠫᠠᠨᠢ ᠶ᠋ᠢᠨ ᠶᠠᠰᠤ ᠴᠢᠨᠠᠷ ᠤ᠋ᠨ ᠶᠡᠷᠦᠩᠬᠡᠶ ᠬᠢᠨᠠᠭ᠍ᠴᠢ ᠮᠠ ᠱᠢᠶᠤᠤ ᠵᠢᠤᠸᠠᠨ ᠡᠭᠦᠨ ᠤ᠋ ᠲᠤᠬᠠᠢ ᠨᠤᠲᠠᠯᠠᠨ ᠰᠠᠢᠱᠢᠶᠠᠪᠠ᠃
2024 ᠣᠨ ᠤ᠋ 8 ᠰᠠᠷ᠎ᠠ ᠳ᠋ᠤ ᠂ ᠥᠪᠥᠷ ᠮᠣᠩᠭᠣᠯ ᠤ᠋ᠨ ᠡᠮ ᠤ᠋ᠨ ᠵᠦᠶ᠋ᠯᠡᠰ ᠤ᠋ᠨ ᠬᠢᠨᠠᠯᠲᠠ ᠬᠠᠮᠢᠶᠠᠷᠤᠯᠲᠠ ᠶ᠋ᠢᠨ ᠲᠣᠪᠴᠢᠶᠠᠵᠢᠨ ᠬᠢᠨ ᠣᠷᠣᠨ ᠪᠦᠰᠡ ᠠᠯᠤᠰᠯᠠᠭ᠍ᠰᠠᠨ ᠲᠠᠰ ᠱᠠᠲᠤ ᠠᠯᠤᠰᠯᠠᠭ᠍ᠰᠠᠨ ᠡᠮ ᠤ᠋ᠨ ᠵᠦᠶ᠋ᠯᠡᠰ ᠤ᠋ᠨ ᠬᠢᠨᠠᠯᠲᠠ ᠬᠠᠮᠢᠶᠠᠷᠤᠯᠲᠠ ᠶ᠋ᠢᠨ ᠬᠠᠮᠵᠢᠯᠴᠠᠬᠤ ᠠᠷᠭ᠎ᠠ ᠬᠡᠮᠵᠢᠶ᠎ᠡ ᠵᠢ ᠨᠡᠢᠲᠡᠯᠡᠵᠦ᠍᠂ ᠤᠯᠤᠰ ᠤ᠋ᠨ ᠡᠮ ᠤ᠋ᠨ ᠵᠦᠶ᠋ᠯᠡᠰ ᠤ᠋ᠨ ᠬᠢᠨᠠᠯᠲᠠ ᠬᠠᠮᠢᠶᠠᠷᠤᠯᠲᠠ ᠶ᠋ᠢᠨ ᠲᠣᠪᠴᠢᠶ᠎ᠠ᠂ ᠠᠢᠮᠠᠭ ᠬᠣᠲᠠ ᠬᠣᠱᠢᠭᠤ ᠱᠢᠶᠠᠨ ᠤ᠋ ᠡᠮ ᠤ᠋ᠨ ᠵᠦᠶ᠋ᠯᠡᠰ ᠤ᠋ᠨ ᠬᠢᠨᠠᠯᠲᠠ ᠬᠠᠮᠢᠶᠠᠷᠤᠯᠲᠠ ᠶ᠋ᠢᠨ ᠰᠠᠯᠠᠭ᠎ᠠ ᠮᠥᠴᠢᠷ ᠵᠢᠴᠢ ᠪᠤᠰᠤᠳ ᠮᠤᠵᠢ (ᠣᠷᠣᠨ᠂ ᠬᠣᠲᠠ) ᠶ᠋ᠢᠨ ᠡᠮ ᠤ᠋ᠨ ᠵᠦᠶ᠋ᠯᠡᠰ ᠤ᠋ᠨ ᠬᠢᠨᠠᠯᠲᠠ ᠬᠠᠮᠢᠶᠠᠷᠤᠯᠲᠠ ᠶ᠋ᠢᠨ ᠰᠠᠯᠠᠭ᠎ᠠ ᠮᠥᠴᠢᠷᠯᠦᠭᠡ ᠲᠠᠰ ᠱᠠᠲᠤ ᠠᠯᠤᠰᠯᠠᠭ᠍ᠰᠠᠨ ᠣᠷᠣᠨ ᠪᠦᠰᠡ ᠠᠯᠤᠰᠯᠠᠭ᠍ᠰᠠᠨ ᠬᠢᠨᠠᠯᠲᠠ ᠬᠠᠮᠢᠶᠠᠷᠤᠯᠲᠠ ᠶ᠋ᠢᠨ ᠬᠠᠮᠵᠢᠯᠴᠠᠬᠤ ᠪᠠᠨ ᠴᠢᠩᠭᠠᠳᠭᠠᠵᠤ᠂ ᠣᠷᠣᠨ ᠪᠦᠰᠡ ᠬᠠᠮᠲᠤᠷᠠᠨ ᠬᠥᠳᠡᠯᠦᠯᠴᠡᠬᠦ᠌ ᠵᠢ ᠴᠢᠩᠭᠠᠳᠭᠠᠪᠠ᠃
ᠥᠪᠥᠷ ᠮᠣᠩᠭᠣᠯ ᠤ᠋ᠨ ᠱᠤᠸᠠᠩ ᠴᠢ ᠡᠮ ᠤ᠋ᠨ ᠦᠶ᠋ᠯᠡᠰ ᠤ᠋ᠨ ᠬᠤᠪᠢ ᠣᠷᠣᠭᠤᠯᠤᠭ᠍ᠰᠠᠨ ᠬᠢᠵᠠᠭᠠᠷᠲᠤ ᠺᠣᠮᠫᠠᠨᠢ ᠲᠣᠰ ᠤᠳᠠᠭ᠎ᠠ ᠥᠪᠥᠷ ᠮᠣᠩᠭᠣᠯ ᠪᠠ ᠭᠤᠸᠠᠩᠳᠦ᠋ᠩ ᠬᠣᠶᠠᠷ ᠭᠠᠵᠠᠷ ᠤ᠋ᠨ ᠬᠠᠮᠲᠤᠷᠠᠭ᠍ᠰᠠᠨ ᠵᠢᠯᠣᠭᠣᠳᠣᠯᠭ᠎ᠠ ᠵᠢ ᠭᠥᠷᠳᠡᠭ᠌ᠰᠡᠨ ᠨᠢ ᠥᠪᠥᠷ ᠮᠣᠩᠭᠣᠯ ᠭᠤᠸᠠᠩᠳᠦ᠋ᠩ ᠤ᠋ᠨ ᠡᠮ ᠤ᠋ᠨ ᠵᠦᠶ᠋ᠯᠡᠰ ᠤ᠋ᠨ ᠬᠢᠨᠠᠯᠲᠠ ᠬᠠᠮᠢᠶᠠᠷᠤᠯᠲᠠ ᠶ᠋ᠢᠨ ᠬᠠᠮᠵᠢᠯᠴᠠᠭ᠎ᠠ ᠬᠥᠭ᠌ᠵᠢᠯᠲᠡ ᠶ᠋ᠢᠨ ᠱᠢᠨ᠎ᠡ ᠱᠠᠲᠤᠨ ᠳ᠋ᠤ ᠤᠷᠤᠭ᠍ᠰᠠᠨ ᠢ᠋ ᠬᠠᠷᠠᠭᠤᠯᠵᠤ ᠪᠠᠢᠨ᠎ᠠ᠃
ᠣᠢᠷ᠎ᠠ ᠶ᠋ᠢᠨ ᠵᠢᠯ ᠡᠴᠡ ᠨᠠᠭᠠᠰᠢ᠂ ᠥᠪᠥᠷ ᠮᠣᠩᠭᠣᠯ ᠥᠪᠡᠷᠮᠢᠴᠡ ᠣᠨᠴᠠᠯᠢᠭ ᠪᠥᠬᠥᠶ ᠣᠷᠣᠨ ᠪᠠᠢᠷᠢ ᠶ᠋ᠢᠨ ᠳᠠᠪᠠᠭᠤᠯᠢᠭ᠂ ᠡᠯᠪᠡᠭ ᠪᠠᠶᠠᠯᠢᠭ ᠪᠠᠢᠭᠠᠯᠢ ᠶ᠋ᠢᠨ ᠡᠮ ᠤ᠋ᠨ ᠮᠠᠲ᠋ᠧᠷᠢᠶᠠᠯ ᠤ᠋ᠨ ᠡᠬᠢ ᠪᠠᠶᠠᠯᠢᠭ ᠪᠠ ᠲᠠᠰᠤᠷᠠᠯᠲᠠ ᠥᠬᠡᠶ ᠱᠢᠯᠢᠳᠡᠭ᠌ᠵᠢᠵᠦ᠍ ᠪᠠᠢᠭ᠎ᠠ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ ᠳ᠋ᠤ ᠲᠦᠱᠢᠭ᠌ᠯᠡᠨ᠂ ᠴᠥᠭᠡᠨ ᠪᠤᠰᠤ ᠡᠮ ᠡᠮᠨᠡᠯᠭᠡ ᠶ᠋ᠢᠨ ᠠᠵᠤ ᠠᠬᠤᠢᠯᠠᠯ ᠢ᠋ ᠤᠷᠢᠨ ᠠᠪᠴᠢᠷᠠᠵᠤ ᠨᠤᠳᠤᠭᠰᠢᠭᠤᠯᠪᠠ᠃ ᠡᠭᠦᠨᠦ ᠠᠷᠤ ᠳ᠋ᠤ᠂ ᠡᠯ᠎ᠡ ᠡᠭᠦᠷᠭᠡ ᠴᠢᠳᠠᠪᠬᠢᠳᠤ ᠰᠠᠯᠠᠭ᠎ᠠ ᠮᠥᠴᠢᠷᠤᠨ ᠬᠢᠨᠤ 《ᠠᠵᠤ ᠠᠬᠤᠢᠯᠠᠯ ᠦᠢᠯᠡᠴᠢᠯᠡᠭᠡ ᠡᠷᠢᠬᠦ᠌》 ᠡᠴᠡ 《ᠦᠢᠯᠡᠴᠢᠯᠡᠭᠡ ᠵᠢ ᠰᠠᠨᠠᠭᠠᠴᠢᠯᠠᠭ᠎ᠠ ᠡᠴᠡ ᠪᠠᠨ ᠭᠡᠷ ᠲᠤᠨᠢ ᠬᠦᠷᠭᠡᠬᠦ᠌》 ᠤᠢ᠍ᠢᠯᠠᠭᠠᠭ᠍ᠳᠠᠬᠤᠨ ᠤ᠋ ᠬᠤᠪᠢᠷᠠᠯᠲᠠ ᠤᠷᠤᠰᠢᠵᠤ ᠪᠤᠢ᠃
ᠵᠡᠭᠦᠨᠭᠠᠷ ᠬᠣᠱᠢᠭᠤᠨ ᠤ᠋ ᠮᠧᠩ ᠶᠤᠸᠠᠨ ᠠᠮᠢ ᠠᠬᠤᠶ ᠶ᠋ᠢᠨ ᠬᠢᠵᠠᠭᠠᠷᠲᠤ ᠺᠣᠮᠫᠠᠨᠢᠨᠢ ᠲᠣᠰ ᠲᠣᠰᠭᠣᠨ ᠤ᠋ ᠬᠠᠮᠲᠤ ᠶ᠋ᠢᠨ ᠠᠵᠤ ᠠᠬᠤᠶ ᠪᠣᠯᠤᠭ᠍ᠰᠠᠨ ᠤ᠋ ᠬᠤᠪᠢ ᠳ᠋ᠤ᠂ ᠭᠣᠶᠣᠯᠠᠯ ᠤ᠋ᠨ ᠡᠳ᠋ ᠤ᠋ᠨ ᠲᠦᠭᠦᠬᠡᠶ ᠮᠠᠲ᠋ᠧᠷᠢᠶᠠᠯ ᠦᠶ᠋ᠯᠡᠳᠪᠦᠷᠢᠯᠡᠬᠦ᠌ ᠠᠵᠤ ᠠᠬᠤᠢᠯᠠᠯ ᠪᠣᠯᠤᠨ᠎ᠠ᠃ 7 ᠰᠠᠷ᠎ᠠ ᠶ᠋ᠢᠨ ᠳᠤᠮᠳᠠᠴᠢ ᠪᠡᠷ᠂ ᠥᠪᠥᠷ ᠮᠣᠩᠭᠣᠯ ᠤ᠋ᠨ ᠡᠮ ᠤ᠋ᠨ ᠵᠦᠶ᠋ᠯᠡᠰ ᠤ᠋ᠨ ᠬᠢᠨᠠᠯᠲᠠ ᠬᠠᠮᠢᠶᠠᠷᠤᠯᠲᠠ ᠶ᠋ᠢᠨ ᠲᠣᠪᠴᠢᠶ᠎ᠠ ᠶ᠋ᠢᠨ ᠡᠮ ᠤ᠋ᠨ ᠵᠦᠶ᠋ᠯᠡᠰ ᠤ᠋ᠨ ᠠᠮᠤᠷ ᠲᠦᠪᠱᠢᠨᠦ ᠶᠡᠷᠦᠩᠬᠡᠶ ᠬᠢᠨᠠᠭ᠍ᠴᠢ ᠴᠢᠨ ᠱᠦ᠍ ᠵᠧᠨ ᠪᠦᠯᠬᠦᠮ ᠳᠠᠭᠠᠭᠤᠯᠤᠨ ᠪᠠᠢᠴᠠᠭᠠᠨ ᠰᠤᠳᠤᠯᠤᠯᠲᠠ ᠬᠢᠵᠦ᠍᠂ ᠠᠵᠤ ᠠᠬᠤᠢᠯᠠᠯ ᠤ᠋ᠨ ᠲᠦᠭᠦᠬᠡᠶ ᠮᠠᠲ᠋ᠧᠷᠢᠶᠠᠯ ᠤ᠋ᠨ ᠢᠷᠡᠯᠲᠡ᠂ ᠦᠶ᠋ᠯᠡᠳᠪᠦᠷᠢᠯᠡᠯ ᠤ᠋ᠨ ᠤᠷ᠎ᠠ ᠮᠡᠷᠭᠡᠱᠢᠯ᠂ ᠦᠶ᠋ᠯᠡᠳᠪᠦᠷᠢ ᠶ᠋ᠢᠨ ᠬᠡᠷ ᠤ᠋ᠨ ᠪᠠᠢᠷᠢᠱᠢᠭᠤᠯᠤᠯᠲᠠ ᠪᠠ ᠲᠥᠬᠥᠭᠡᠷᠦᠮᠵᠢ ᠶ᠋ᠢᠨ ᠰᠣᠩᠭᠣᠯᠲᠠ ᠵᠡᠷᠭᠡ ᠪᠠᠢᠳᠠᠯ ᠢ᠋ ᠨᠠᠷᠢᠨ ᠣᠢᠯᠠᠭᠠᠭ᠍ᠰᠠᠨ ᠪᠥᠭᠡᠳ ᠲᠦᠭᠦᠬᠡᠶ ᠮᠠᠲ᠋ᠧᠷᠢᠶᠠᠯ ᠢ᠋ ᠡᠳ᠋ᠱᠢᠭᠦᠯᠦᠨ ᠬᠠᠳᠠᠭᠠᠯᠠᠬᠤ ᠨᠥᠬᠥᠴᠡᠯ᠂ ᠲᠥᠬᠥᠭᠡᠷᠦᠮᠵᠢ ᠶ᠋ᠢᠨ ᠡᠷᠡᠭᠦᠯ ᠬᠠᠮᠠᠭᠠᠯᠠᠯ ᠤ᠋ᠨ ᠱᠠᠭᠠᠷᠳᠠᠯᠭ᠎ᠠ᠂ ᠠᠷᠢᠭᠤᠨ ᠴᠡᠪᠡᠷ ᠦᠶ᠋ᠯᠡᠳᠪᠦᠷᠢ ᠶ᠋ᠢᠨ ᠲᠠᠰᠤᠭ ᠤ᠋ᠨ ᠲᠠᠰ ᠵᠡᠷᠭᠡ ᠲᠣᠭ᠍ᠲᠠᠭᠠᠯ ᠳ᠋ᠤ ᠨᠡᠢᠴᠡᠬᠦᠯᠬᠦ ᠵᠠᠩᠭᠢᠯᠠᠭ᠎ᠠ ᠶ᠋ᠢᠨ ᠭᠤᠤᠯᠳᠠᠯᠭ᠎ᠠ ᠶ᠋ᠢᠨ ᠲᠤᠬᠠᠶ ᠪᠣᠳᠠᠲᠠᠶ ᠰᠠᠨᠠᠭᠤᠯᠭ᠎ᠠ ᠭᠠᠷᠭᠠᠪᠠ᠃
ᠠᠵᠤ ᠠᠬᠤᠢᠯᠠᠯ ᠤ᠋ᠨ ᠬᠦᠴᠢᠷᠳᠡᠯ ᠤ᠋ᠨ ᠴᠡᠭ ᠪᠣᠯ ᠳᠠᠷᠤᠢ ᠦᠢᠯᠡᠴᠢᠯᠡᠭᠡᠨᠦ ᠲᠥᠪᠯᠡᠷᠡᠯ ᠤ᠋ᠨ ᠴᠡᠭ ᠮᠥᠨ᠃
ᠡᠮ᠂ ᠮᠠᠱᠢᠨ᠂ ᠭᠣᠶᠣᠯᠠᠯ ᠤ᠋ᠨ ᠬᠠᠮᠢᠶ᠎ᠠ ᠪᠥᠬᠥᠶ ᠠᠵᠤ ᠦᠶ᠋ᠯᠡᠰ ᠤ᠋ᠨ ᠴᠢᠨᠠᠷ ᠰᠠᠢᠲᠠᠶ ᠬᠥᠭ᠌ᠵᠢᠯᠲᠡ ᠵᠢ ᠬᠠᠪᠰᠤᠷᠬᠤ ᠶ᠋ᠢᠨ ᠲᠥᠯᠥᠭᠡ᠂ ᠥᠪᠥᠷ ᠮᠣᠩᠭᠣᠯ ᠤ᠋ᠨ ᠡᠮ ᠤ᠋ᠨ ᠵᠦᠶ᠋ᠯᠡᠰ ᠤ᠋ᠨ ᠬᠢᠨᠠᠯᠲᠠ ᠬᠠᠮᠢᠶᠠᠷᠤᠯᠲᠠ ᠶ᠋ᠢᠨ ᠲᠣᠪᠴᠢᠶ᠎ᠠ ᠠᠵᠤ ᠠᠬᠤᠢᠯᠠᠯ ᠤ᠋ᠨ ᠤᠷᠢᠳᠠᠴᠢ ᠦᠶ᠋ᠯᠡᠴᠢᠯᠡᠭᠡᠨᠦ ᠲᠣᠭ᠍ᠲᠠᠴᠠ ᠵᠢ ᠪᠠᠢᠭᠤᠯᠵᠤ᠂ ᠠᠵᠤ ᠠᠬᠤᠢᠯᠠᠯ ᠲᠠᠢ ᠰᠠᠨᠠᠭᠠᠴᠢᠯᠠᠭ᠎ᠠ ᠡᠴᠡ ᠪᠠᠨ ᠵᠣᠯᠭᠠᠭᠤᠯᠵᠤ᠂ ᠲᠡᠳᠡᠨᠦ ᠬᠥᠭ᠌ᠵᠢᠯᠲᠡ ᠶ᠋ᠢᠨ ᠲᠥᠯᠥᠪᠵᠢᠭᠦᠯᠭᠡ ᠪᠠ ᠪᠣᠳᠠᠲᠠᠶ ᠬᠡᠷᠡᠭ᠌ᠴᠡᠭᠡ ᠵᠢ ᠣᠢᠯᠠᠭᠠᠵᠤ᠂ ᠣᠨᠣᠪᠴᠢᠲᠠᠶ ᠵᠢᠯᠣᠭᠣᠳᠣᠯᠭ᠎ᠠ ᠬᠠᠩᠭᠠᠪᠠ᠃
ᠡᠨᠡ ᠵᠢᠯ ᠤ᠋ᠨ 3 ᠰᠠᠷ᠎ᠠ ᠶ᠋ᠢᠨ 18 ᠤ᠋ ᠡᠳᠦᠷ᠂ ᠥᠪᠥᠷ ᠮᠣᠩᠭᠣᠯ ᠤ᠋ᠨ ᠡᠮ ᠤ᠋ᠨ ᠵᠦᠶ᠋ᠯᠡᠰ ᠤ᠋ᠨ ᠬᠢᠨᠠᠯᠲᠠ ᠬᠠᠮᠢᠶᠠᠷᠤᠯᠲᠠ ᠶ᠋ᠢᠨ ᠲᠣᠪᠴᠢᠶ᠎ᠠ ᠶ᠋ᠢᠨ ᠨᠠᠮ ᠤ᠋ᠨ ᠤᠳᠤᠷᠢᠳᠭᠤ ᠳᠤᠭᠤᠢᠯᠠᠩ ᠤ᠋ᠨ ᠱᠦᠵᠢ᠂ ᠲᠣᠪᠴᠢᠶᠠᠨ ᠳᠠᠷᠤᠭ᠎ᠠ ᠱᠢᠤᠢ ᠲᠢᠶᠠᠨ ᠫᠢᠩ ᠪᠦᠯᠬᠦᠮ ᠳᠠᠭᠠᠭᠤᠯᠤᠨ ᠪᠤᠭᠤᠲᠤ ᠬᠣᠲᠠ ᠶ᠋ᠢᠨ ᠴᠤᠤ ᠵᠢᠤᠢ ᠨᠢᠳᠦᠨᠦ ᠡᠮᠨᠡᠯᠭᠡ ᠶ᠋ᠢᠨ ᠬᠣᠷᠢᠶ᠎ᠠ ᠳ᠋ᠤ ᠬᠦᠷᠴᠦ᠍ ᠡᠮᠴᠢᠯᠡᠭᠡᠨᠦ ᠪᠠᠢᠭᠤᠯᠤᠮᠵᠢ ᠶ᠋ᠢᠨ ᠡᠮ ᠨᠠᠢᠷᠠᠭᠤᠯᠵᠤ ᠬᠡᠷᠡᠭ᠌ᠯᠡᠬᠦ᠌ ᠪᠠ ᠡᠮ ᠨᠠᠢᠷᠠᠬᠤ ᠲᠠᠰᠤᠭ ᠢ᠋ ᠲᠠᠰ ᠳᠡᠪᠱᠢᠭᠦᠯᠦᠨ ᠥᠭᠡᠷᠡᠴᠢᠯᠡᠨ ᠪᠠᠢᠭᠤᠯᠤᠭ᠍ᠰᠠᠨ ᠪᠠᠢᠳᠠᠯ ᠢ᠋ ᠪᠠᠢᠴᠠᠭᠠᠨ ᠰᠤᠳᠤᠯᠵᠤ᠂ ᠡᠮ ᠨᠠᠢᠷᠠᠬᠤ ᠲᠠᠰᠤᠭ ᠤ᠋ᠨ ᠴᠢᠳᠠᠮᠵᠢ ᠶ᠋ᠢᠨ ᠬᠤᠪᠢᠶᠠᠷᠢᠯᠠᠯ᠂ ᠲᠥᠬᠥᠭᠡᠷᠦᠮᠵᠢ ᠶ᠋ᠢᠨ ᠲᠣᠬᠢᠷᠠᠭᠤᠯᠤᠯᠲᠠ ᠂ ᠠᠵᠢᠯᠯᠠᠭᠠᠨ ᠤ᠋ ᠶᠠᠪᠤᠴᠠ ᠪᠠ ᠠᠵᠢᠯᠲᠠᠨ ᠤ᠋ ᠲᠣᠬᠢᠷᠠᠭᠤᠯᠤᠯᠲᠠ ᠵᠡᠷᠭᠡ ᠪᠠᠢᠳᠠᠯ ᠤ᠋ᠨ ᠲᠤᠬᠠᠢ ᠭᠦᠨᠵᠡᠭᠡᠶ ᠤᠢᠯᠠᠭᠠᠬᠰᠠᠨ ᠪᠥᠭᠡᠳ ᠪᠠᠰᠠ ᠪᠠᠺᠲ᠋ᠧᠷᠢ ᠤᠰᠠᠳᠭᠠᠬᠤ ᠤᠷ᠎ᠠ ᠮᠡᠷᠭᠡᠵᠢᠯ ᠢ᠋ ᠱᠢᠯᠢᠳᠡᠭ᠌ᠵᠢᠭᠦᠯᠬᠦ᠌᠂ ᠣᠷᠴᠢᠨ ᠲᠣᠭᠣᠷᠢᠨ ᠢ᠋ ᠡᠵᠡᠮᠳᠡᠬᠦ᠌᠂ ᠶᠠᠰᠤ ᠴᠢᠨᠠᠷ ᠢ᠋ ᠬᠢᠨᠠᠨ ᠱᠢᠨᠵᠢᠬᠦ᠌ ᠵᠡᠷᠭᠡ ᠵᠠᠩᠭᠢᠯᠠᠭ᠎ᠠ ᠶ᠋ᠢᠨ ᠭᠣᠭ᠍ᠴᠣᠭᠠ ᠳ᠋ᠤ ᠮᠡᠷᠭᠡᠵᠢᠯ ᠤ᠋ᠨ ᠰᠠᠢᠵᠢᠷᠠᠭᠤᠯᠤᠯᠲᠠ ᠬᠢᠬᠦ᠌ ᠰᠠᠨᠠᠭᠤᠯᠭ᠎ᠠ ᠳᠤᠷᠠᠳᠪᠠ᠃
《 ᠡᠨᠡ ᠤᠳᠠᠭᠠᠨ ᠤ᠋ ᠵᠢᠯᠣᠭᠣᠳᠣᠯᠭ᠎ᠠ ᠨᠢ ᠮᠠᠰᠢ ᠴᠠᠭ ᠲᠤᠬᠠᠶ ᠳ᠋ᠤᠨᠢ ᠶᠠᠪᠤᠭ᠍ᠳᠠᠵᠤ᠂ ᠡᠮ ᠨᠠᠢᠷᠠᠬᠤ ᠲᠠᠰᠤᠭ ᠢ᠋ ᠲᠠᠰ ᠳᠡᠪᠱᠢᠭᠦᠯᠵᠦ᠍ ᠥᠭᠡᠷᠡᠴᠢᠯᠡᠬᠦ᠌ ᠡᠴᠡ ᠡᠮᠦᠨ᠎ᠡ ᠲᠤᠰᠭᠠᠶ ᠮᠡᠷᠭᠡᠵᠢᠯ ᠤ᠋ᠨ ᠰᠠᠨᠠᠯ ᠥᠭ᠌ᠴᠦ᠂ ᠪᠢᠳᠡᠨ ᠢ᠋ ᠬᠠᠪᠰᠤᠷᠴᠤ᠌ ᠮᠠᠰᠢ ᠣᠯᠠᠨ ᠴᠢᠬᠤᠯᠠ ᠪᠤᠰᠤ ᠣᠷᠣᠭᠤᠯᠤᠯᠲᠠ ᠡᠴᠡ ᠵᠠᠢᠯᠠᠭᠤᠯᠪᠠ》 ᠭᠡᠵᠦ᠍ ᠪᠤᠭᠤᠲᠤ ᠬᠤᠳᠠ ᠶ᠋ᠢᠨ ᠴᠤᠤ ᠵᠢᠤᠢ ᠨᠢᠳᠦᠨᠦ ᠡᠮᠨᠡᠯᠭᠡ ᠶ᠋ᠢᠨ ᠬᠣᠷᠢᠶᠠᠨ ᠤ᠋ ᠬᠡᠷᠡᠭ ᠮᠡᠳᠡᠭ᠌ᠴᠢᠳ ᠤ᠋ᠨ ᠳᠠᠷᠤᠭ᠎ᠠ ᠵᠠᠩ ᠪᠥᠸᠧ ᠵᠧᠦ ᠬᠡᠯᠡᠨ᠎ᠠ᠃
《ᠡᠮ ᠡᠮᠨᠡᠯᠭᠡ ᠶ᠋ᠢᠨ ᠠᠵᠤ ᠦᠢᠯᠡᠰ ᠤ᠋ᠨ ᠬᠥᠭ᠌ᠵᠢᠯᠲᠡ ᠵᠢ ᠠᠬᠢᠭᠤᠯᠬᠤ ᠳ᠋ᠤ ᠬᠢᠨᠠᠯᠲᠠ ᠬᠠᠮᠢᠶᠠᠷᠤᠯᠲᠠ ᠶ᠋ᠢᠨ ᠰᠠᠯᠠᠭ᠎ᠠ ᠮᠥᠴᠢᠷ ᠪᠣᠯᠤᠨ ᠠᠵᠤ ᠠᠬᠤᠢᠯᠠᠯ ᠬᠠᠮᠲᠤᠪᠠᠷ ᠴᠢᠷᠮᠠᠢᠬᠤ ᠴᠢᠬᠤᠯᠠᠲᠠᠢ᠃ ᠠᠵᠤ ᠠᠬᠤᠢᠯᠠᠯ ᠤ᠋ᠨ ᠬᠥᠭ᠌ᠵᠢᠯᠲᠡ ᠶ᠋ᠢᠨ ᠳᠤᠮᠳᠠᠬᠢ ᠬᠦᠴᠢᠷ ᠠᠰᠠᠭᠤᠳᠠᠯ᠂ ᠲᠦᠭ᠌ᠵᠢᠷᠡᠯ ᠤ᠋ᠨ ᠡᠮᠦᠨ᠎ᠡ ᠂ ᠪᠢᠳᠡ ᠰᠠᠨᠠᠭᠠᠴᠢᠯᠠᠭ᠎ᠠ ᠡᠴᠡ ᠪᠠᠨ ᠶᠠᠪᠤᠳᠠᠯ ᠤ᠋ᠨ ᠡᠮᠦᠨ᠎ᠡ ᠨᠢ ᠦᠢᠯᠡᠴᠢᠯᠡᠵᠦ᠍ ᠵᠢᠭᠠᠨ ᠵᠢᠯᠣᠭᠣᠳᠭᠤ ᠨᠢ ᠳᠠᠷᠤᠢ 〈ᠠᠵᠤ ᠠᠬᠤᠢᠯᠠᠯ ᠦᠢᠯᠡᠴᠢᠯᠡᠭᠡ ᠡᠷᠢᠵᠦ᠍〉 ᠪᠠᠢᠭ᠍ᠰᠠᠨ ᠡᠴᠡ ᠪᠠᠨ 〈ᠠᠵᠤ ᠠᠬᠤᠢᠯᠠᠯ ᠢ᠋ ᠡᠷᠢᠵᠦ ᠦᠢᠯᠡᠴᠢᠯᠡᠬᠦ〉 ᠬᠤᠪᠢᠷᠠᠯᠲᠠ ᠵᠢ ᠪᠦᠬᠦ᠌ ᠬᠦᠴᠦᠨ ᠢ᠋ᠶ᠋ᠡᠷ ᠢ᠋ᠶ᠋ᠡᠨ ᠠᠬᠢᠭᠤᠯᠬᠤ ᠶᠠᠪᠤᠳᠠᠯ ᠪᠣᠯᠤᠨ᠎ᠠ》 ᠭᠡᠵᠦ᠍ ᠱᠢᠤᠢ ᠲᠢᠶᠠᠨ ᠫᠢᠩ ᠬᠡᠯᠡᠵᠤ ᠭᠠᠷᠤᠯ᠎ᠠ᠃
ᠣᠢᠷ᠎ᠠ ᠶ᠋ᠢᠨ ᠵᠢᠯ ᠡᠴᠡ ᠨᠠᠭᠠᠰᠢ᠂ ᠥᠪᠥᠷ ᠮᠣᠩᠭᠣᠯ ᠤ᠋ᠨ ᠡᠮ ᠤ᠋ᠨ ᠵᠦᠶ᠋ᠯᠡᠰ ᠤ᠋ᠨ ᠬᠢᠨᠠᠯᠲᠠ ᠬᠠᠮᠢᠶᠠᠷᠤᠯᠲᠠ ᠶ᠋ᠢᠨ ᠲᠣᠪᠴᠢᠶᠠᠵᠢᠨ ᠬᠢᠨ ᠬᠢᠨᠠᠨ ᠬᠠᠮᠢᠶᠠᠷᠬᠤ ᠡᠷᠬᠡ ᠬᠠᠷᠢᠭᠤᠴᠠᠯᠭ᠎ᠠ ᠵᠢ ᠱᠢᠯᠤᠭᠤᠳᠭᠠᠬᠤ᠂ ᠪᠠᠢᠴᠠᠭᠠᠬᠤ ᠵᠠᠭ᠍ᠪᠤᠷ ᠲᠦ᠍ ᠱᠢᠨ᠎ᠡ ᠵᠢ ᠡᠭᠦᠳᠬᠦ᠌᠂ ᠬᠢᠨᠠᠯᠲᠠ ᠲᠠᠯᠪᠢᠬᠤ ᠪᠢᠲᠡᠭᠦᠦ ᠴᠠᠭᠠᠷᠢᠭ ᠢ᠋ ᠪᠠᠢᠭᠤᠯᠬᠤ ᠵᠡᠷᠭᠡ ᠲᠠᠯ᠎ᠠ ᠡᠴᠡ ᠬᠠᠮᠵᠢᠯᠴᠠᠨ ᠬᠦᠴᠦᠯᠡᠵᠦ᠍᠂ ᠡᠷᠬᠡ ᠬᠠᠷᠢᠭᠤᠴᠠᠯᠭ᠎ᠠ ᠲᠣᠳᠣᠷᠬᠠᠶ᠂ ᠪᠠᠷᠢᠮᠵᠢᠶ᠎ᠠ ᠨᠢᠭᠡᠳᠦᠯᠲᠡᠶ᠂ ᠦᠷ᠎ᠡ ᠪᠦᠲᠦᠮᠵᠢ ᠳᠡᠭᠡᠭ᠌ᠰᠢᠯᠡᠭ᠌ᠰᠡᠨ ᠡᠮ ᠤ᠋ᠨ ᠵᠦᠶ᠋ᠯᠡᠰ ᠤ᠋ᠨ ᠠᠮᠤᠷ ᠲᠦᠪᠱᠢᠨᠦ ᠬᠢᠨᠠᠯᠲᠠ ᠬᠠᠮᠢᠶᠠᠷᠤᠯᠲᠠ ᠶ᠋ᠢᠨ ᠱᠢᠨ᠎ᠡ ᠪᠠᠢᠷᠢᠱᠢᠯ ᠢ᠋ ᠪᠠᠢᠭᠤᠯᠪᠠ᠃ ᠡᠨᠡ ᠵᠢᠯ ᠤ᠋ᠨ ᠲᠦᠷᠦᠭᠦᠦ 7 ᠰᠠᠷ᠎ᠠ ᠳ᠋ᠤ ᠡᠮ ᠤ᠋ᠨ ᠵᠦᠶ᠋ᠯᠡᠰ ᠤ᠋ᠨ ᠬᠢᠨᠠᠯᠲᠠ ᠬᠠᠮᠢᠶᠠᠷᠤᠯᠲᠠ ᠶ᠋ᠢᠨ ᠰᠠᠯᠠᠭ᠎ᠠ ᠮᠥᠴᠢᠷ ᠤ᠋ᠨ ᠠᠵᠤ ᠠᠬᠤᠢᠯᠠᠯ ᠳ᠋ᠤ ᠬᠦᠷᠴᠦ ᠪᠠᠢᠴᠠᠭᠠᠯᠲᠠ ᠬᠢᠭ᠌ᠰᠡᠨ ᠲᠤᠭ᠎ᠠ ᠤᠳᠠᠭ᠎ᠠ ᠳᠡᠭᠡᠷ᠎ᠡ ᠵᠢᠯ ᠤ᠋ᠨ ᠠᠳᠠᠯᠢ ᠬᠤᠭᠤᠴᠠᠭᠠᠨ ᠤ᠋ ᠬᠢ ᠡᠴᠡ ᠶᠡᠬᠡ ᠪᠡᠷ ᠪᠠᠭᠤᠷᠠᠪᠠ᠃
《ᠬᠢᠨᠠᠯᠲᠠ ᠬᠠᠮᠢᠶᠠᠷᠤᠯᠲᠠ ᠶ᠋ᠢᠨ ᠡᠷᠬᠡ ᠬᠠᠷᠢᠭᠤᠴᠠᠯᠭ᠎ᠠ ᠵᠢ ᠲᠣᠳᠣᠷᠬᠠᠶ ᠪᠣᠯᠭᠠᠬᠤ ᠪᠣᠯ ᠳᠠᠷᠤᠶ ᠬᠠᠤᠯᠢ ᠬᠡᠷᠡᠭ᠌ᠵᠢᠭᠦᠯᠬᠦ᠌ ᠭᠤᠤᠯ ᠴᠣᠭ᠍ᠴᠠ᠂ ᠪᠠᠢᠴᠠᠭᠠᠬᠤ ᠵᠦᠶ᠋ᠯᠡᠰ᠂ ᠬᠠᠤᠯᠢ ᠬᠡᠷᠡᠭ᠌ᠵᠢᠭᠦᠯᠬᠦ᠌ ᠲᠠᠰᠤᠯᠤᠯᠲᠠ ᠶ᠋ᠢᠨ ᠵᠠᠭᠠᠭ ᠢ᠋ ᠵᠠᠭᠠᠭ᠍ᠯᠠᠨ ᠲᠣᠭ᠍ᠲᠠᠭᠠᠬᠤ ᠶᠠᠪᠤᠳᠠᠯ ᠪᠣᠯᠤᠨ᠎ᠠ᠃ ᠲᠣᠪᠴᠢᠶᠠᠨ ᠡᠴᠡ ᠬᠠᠤᠯᠢ ᠬᠡᠷᠡᠭ᠌ᠵᠢᠭᠦᠯᠬᠦ᠌ ᠭᠤᠤᠯ ᠴᠣᠭ᠍ᠴᠠ ᠵᠢ ᠬᠠᠤᠯᠢ ᠶᠣᠰᠣᠭᠠᠷ ᠨᠡᠢᠭᠡᠮ ᠨᠡᠢᠲᠡᠳᠦ ᠵᠠᠷᠯᠠᠨ ᠨᠡᠢᠲᠡᠯᠡᠵᠦ᠍᠂ ᠠᠵᠢᠯ ᠤ᠋ᠨ ᠠᠮᠠᠷᠠᠯᠲᠠ ᠪᠠᠨ ᠠᠪᠤᠬᠰᠠᠨ᠂ ᠱᠢᠯᠵᠢᠵᠦ᠍ ᠶᠠᠪᠤᠭ᠍ᠰᠠᠨ ᠬᠥᠮᠦᠰ ᠤ᠋ᠨ ᠬᠠᠤᠯᠢ ᠬᠡᠷᠡᠭ᠌ᠵᠢᠭᠦᠯᠬᠦ᠌ ᠬᠢᠷᠢ ᠬᠡᠮ ᠢ᠋ ᠢᠯᠭᠠᠷᠠᠭᠤᠯᠤᠨ ᠬᠦᠴᠦᠨ ᠥᠬᠡᠶ ᠪᠣᠯᠭᠠᠵᠤ᠂ ᠬᠠᠤᠯᠢ ᠬᠡᠷᠡᠭ᠌ᠵᠢᠭᠦᠯᠬᠦ᠌ ᠭᠤᠤᠯ ᠴᠣᠭ᠍ᠴᠠ ᠶ᠋ᠢᠨ 100% ᠪᠡᠷ ᠲᠣᠭ᠍ᠲᠠᠭᠠᠯ ᠳ᠋ᠤ ᠨᠡᠢᠴᠡᠬᠦ᠌ ᠵᠢ ᠦᠨᠡᠨ ᠬᠦ᠌ ᠪᠠᠲᠤᠯᠠᠪᠠ》 ᠭᠡᠵᠦ ᠥᠪᠥᠷ ᠮᠣᠩᠭᠣᠯ ᠤ᠋ᠨ ᠡᠮ ᠤ᠋ᠨ ᠵᠦᠶ᠋ᠯᠡᠰ ᠤ᠋ᠨ ᠬᠢᠨᠠᠯᠲᠠ ᠬᠠᠮᠢᠶᠠᠷᠤᠯᠲᠠ ᠶ᠋ᠢᠨ ᠲᠣᠪᠴᠢᠶ᠎ᠠ ᠶ᠋ᠢᠨ ᠲᠥᠷᠥ ᠶ᠋ᠢᠨ ᠪᠣᠳᠣᠯᠭ᠎ᠠ ᠬᠠᠤᠯᠢ ᠲᠣᠭ᠍ᠲᠠᠭᠠᠯ ᠪᠠ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠭᠠᠵᠠᠷ ᠤ᠋ᠨ ᠳᠠᠷᠤᠭ᠎ᠠ ᠯᠢᠦ ᠵᠣᠣ ᠰᠤᠷᠪᠤᠯᠵᠢᠯᠠᠭ᠍ᠴᠢ ᠳ᠋ᠤ ᠭᠡᠯᠡᠨ᠎ᠠ᠃
《ᠪᠢᠳᠡ ᠵᠠᠰᠠᠭ ᠵᠠᠬᠢᠷᠭᠠᠨ ᠤ᠋ ᠵᠥᠪᠱᠢᠶᠡᠷᠡᠯ ᠂ ᠵᠠᠰᠠᠭ ᠵᠠᠬᠢᠷᠭᠠᠨ ᠤ᠋ ᠱᠢᠢᠳᠭᠡᠯ᠂ ᠵᠠᠰᠠᠭ ᠵᠠᠬᠢᠷᠭᠠᠨ ᠤ᠋ ᠠᠯᠪᠠᠳᠠᠯᠭ᠎ᠠ ᠵᠡᠷᠭᠡ 7 ᠲᠥᠷᠥᠯ ᠤ᠋ᠨ 115 ᠵᠦᠶ᠋ᠯ ᠢ᠋ ᠬᠠᠮᠤᠷᠤᠭ᠍ᠰᠠᠨ ᠪᠥᠬᠥ᠌ ᠬᠡᠯᠬᠢᠶᠡᠨᠦ ᠬᠠᠤᠯᠢ ᠬᠡᠷᠡᠭ᠌ᠵᠢᠭᠦᠯᠬᠦ᠌ ᠨᠠᠷᠢᠨ ᠳᠠᠨᠭᠰᠠ ᠵᠢ ᠨᠠᠷᠢᠨ ᠨᠢᠮᠪᠠᠶ ᠨᠠᠢᠷᠠᠭᠤᠯᠤᠨ ᠵᠣᠬᠢᠶᠠᠵᠤ᠂ ᠡᠯ᠎ᠡ ᠱᠠᠲᠤᠨ ᠤ᠋ ᠠᠵᠤ ᠠᠬᠤᠢᠯᠠᠯ ᠳ᠋ᠤ ᠬᠣᠯᠪᠣᠭ᠍ᠳᠠᠭ᠍ᠰᠠᠨ ᠵᠠᠰᠠᠭ ᠵᠠᠬᠢᠷᠭᠠᠨ ᠤ᠋ ᠪᠠᠢᠴᠠᠭᠠᠯᠲᠠ ᠶ᠋ᠢᠨ ᠨᠠᠷᠢᠨ ᠳᠠᠨᠭᠰᠠ ᠵᠢ ᠪᠥᠬᠥ᠌ ᠲᠠᠯ᠎ᠠ ᠪᠡᠷ ᠡᠮᠬᠢᠯᠡᠭ᠌ᠰᠡᠨ ᠪᠥᠭᠡᠳ ᠣᠨ ᠤ᠋ ᠪᠠᠢᠴᠠᠭᠠᠯᠲᠠ ᠶ᠋ᠢᠨ ᠲᠥᠯᠥᠪᠯᠡᠭᠡ ᠲᠣᠭ᠍ᠲᠠᠭᠠᠵᠤ᠂ ᠲᠤᠱᠢᠶᠠᠯ ᠬᠠᠷᠢᠭᠤᠴᠠᠯᠭ᠎ᠠ ᠰᠣᠯᠪᠢᠴᠠᠭ᠍ᠰᠠᠨ ᠪᠠ ᠪᠠᠯᠠᠷᠬᠠᠶ ᠬᠡᠰᠡᠭ ᠢ᠋ ᠠᠷᠢᠯᠭᠠᠪᠠ》᠃ ᠯᠢᠦ ᠵᠣᠣ ᠶ᠋ᠢᠨ ᠦᠵᠡᠬᠦ᠌ ᠪᠡᠷ᠂ ᠡᠨᠡ ᠪᠣᠯ ᠬᠠᠤᠯᠢ ᠬᠡᠷᠡᠭ᠌ᠵᠢᠭᠦᠯᠬᠦ᠌ ᠠᠵᠢᠯᠲᠠᠨ ᠢ᠋ ᠭᠡᠳᠡᠷᠭᠦ᠌ ᠱᠢᠬᠠᠮᠳᠠᠭᠤᠯᠵᠤ ᠪᠠᠢᠭᠠᠳ ᠦᠨᠡᠨ ᠬᠦ᠌ 《ᠨᠠᠷᠢᠨ ᠳᠠᠨᠭᠰᠠ ᠡᠴᠡ ᠭᠠᠳᠠᠭᠤᠷ ᠡᠷᠬᠡ ᠥᠬᠡᠶ》 ᠪᠣᠯᠭᠠᠵᠤ ᠪᠠᠢᠭ᠎ᠠ ᠶᠠᠪᠤᠳᠠᠯ ᠮᠥᠨ᠃
ᠡᠭᠦᠨᠦ ᠬᠠᠮᠲᠤ᠂ ᠡᠮ ᠤ᠋ᠨ ᠵᠦᠶ᠋ᠯᠡᠰ ᠤ᠋ᠨ ᠬᠢᠨᠠᠯᠲᠠ ᠬᠠᠮᠢᠶᠠᠷᠤᠯᠲᠠ ᠶ᠋ᠢᠨ ᠰᠠᠯᠠᠭ᠎ᠠ ᠮᠥᠴᠢᠷ ᠪᠠᠰᠠ 《ᠨᠢᠭᠡ ᠯᠡ ᠤᠳᠠᠭ᠎ᠠ ᠶᠡᠷᠦᠩᠬᠡᠢᠯᠡᠨ ᠪᠠᠢᠴᠠᠭᠠᠬᠤ》 ᠥᠭᠡᠷᠡᠴᠢᠯᠡᠯᠲᠡ ᠵᠢ ᠨᠠᠢᠳᠠᠪᠤᠷᠢᠵᠢᠭᠤᠯᠬᠤ ᠵᠢ ᠢᠳᠡᠪᠬᠢᠲᠡᠶ ᠠᠬᠢᠭᠤᠯᠵᠤ᠂ ᠣᠯᠠᠨ ᠰᠠᠯᠠᠭ᠎ᠠ ᠮᠥᠴᠢᠷ᠂ ᠣᠯᠠᠨ ᠤᠴᠢᠷ ᠶᠠᠪᠤᠳᠠᠯ ᠤ᠋ᠨ ᠪᠠᠢᠴᠠᠭᠠᠯᠲᠠ ᠶ᠋ᠢᠨ ᠬᠡᠷᠡᠭ᠌ᠴᠡᠭᠡ ᠱᠠᠭᠠᠷᠳᠠᠯᠭ᠎ᠠ ᠵᠢ ᠨᠡᠢᠳᠭᠡᠵᠦ᠂ ᠬᠠᠮᠲᠤᠷᠠᠨ ᠪᠠᠢᠴᠠᠭᠠᠬᠤ ᠬᠡᠪᠴᠢᠶ᠎ᠡ᠂ ᠳᠠᠪᠲᠠᠮᠵᠢ ᠤᠳᠠᠭ᠎ᠠ ᠵᠢᠴᠢ ᠠᠵᠢᠯᠯᠠᠬᠤ ᠶᠠᠪᠤᠴᠠ ᠵᠢ ᠲᠣᠳᠣᠷᠬᠠᠢᠯᠠᠨ᠂ 《ᠨᠢᠭᠡ ᠯᠡ ᠤᠳᠠᠭ᠎ᠠ ᠪᠠᠢᠴᠠᠭᠠᠬᠤ᠂ ᠣᠯᠠᠨ ᠤᠴᠢᠷ ᠶᠠᠪᠤᠳᠠᠯ ᠢ᠋ ᠪᠠᠢᠴᠠᠭᠠᠬᠤ》 ᠵᠢ ᠪᠡᠶᠡᠯᠡᠭᠦᠯᠵᠦ᠍᠂ ᠠᠵᠤ ᠠᠬᠤᠢᠯᠠᠯ ᠤ᠋ᠨ ᠬᠡᠪ ᠤ᠋ᠨ ᠦᠶ᠋ᠯᠡᠳᠪᠦᠷᠢᠯᠡᠯ ᠡᠵᠡᠩᠨᠡᠯᠲᠡ ᠳ᠋ᠡᠬᠢ ᠬᠠᠷᠱᠢᠯᠠᠯ ᠢ᠋ ᠬᠠᠮᠤᠭ ᠤ᠋ᠨ ᠶᠡᠬᠡ ᠬᠡᠮᠵᠢᠶ᠎ᠡ ᠪᠡᠷ ᠪᠠᠭᠤᠷᠠᠭᠤᠯᠤᠨ᠂ ᠠᠵᠤ ᠠᠬᠤᠢᠯᠠᠯ ᠤ᠋ᠨ ᠳᠠᠷᠤᠭᠠᠰᠤ ᠵᠢ ᠦᠨᠡᠨ ᠬᠦ᠌ ᠬᠦᠨᠭᠭᠡᠷᠡᠭᠦᠯᠵᠦ᠂ ᠱᠢᠨ᠎ᠡ ᠵᠢ ᠡᠭᠦᠳᠬᠦ᠌ ᠳ᠋ᠤ ᠬᠠᠷᠰᠢ ᠰᠠᠭᠠᠳ ᠢ᠋ ᠠᠷᠢᠯᠭᠠᠨ᠂ ᠬᠥᠭ᠌ᠵᠢᠯᠲᠡᠳᠦ ᠵᠠᠮ ᠳᠡᠪᠢᠰᠴᠦ᠍ ᠥᠭ᠌ᠪᠡ᠃