ᠭᠤᠤ ᠶᠤᠸᠠᠢ ᠷᠦᠩ ᠄ ᠬᠦᠢᠲᠡᠨ ᠰᠡᠷᠢᠭᠦᠨ ᠢᠳᠡᠰᠢᠨ ᠨᠣᠭᠣᠭ᠎ᠠ᠎ᠵᠢ 《ᠬᠠᠯᠠᠭᠤᠨ》 ᠠᠵᠤ ᠦᠢᠯᠡᠰ ᠪᠣᠯᠭᠠᠨ ᠬᠦᠭᠵᠢᠭᠦᠯᠦᠨ᠎ᠡ
2025-09-08 09:07:40
ᠵᠣᠬᠢᠶᠠᠭ᠍ᠴᠢ᠄
ᠹᠠᠩ ᠶᠤᠸᠠᠨ
ᠣᠩᠱᠢᠭ᠍ᠰᠠᠨ ᠣᠳᠠᠭ᠎ᠠ᠄
★★★☆☆

8 ᠰᠠᠷ᠎ᠠ᠎ᠶ᠋ᠢᠨ 7 ᠎ᠤ᠋ ᠥᠷᠯᠥᠭᠡ ᠎ᠶ᠋ᠢᠨ 6 ᠴᠠᠭ᠎ᠲᠤ᠂ ᠬᠥᠬᠡᠬᠣᠲᠠ᠎ᠶ᠋ᠢᠨ ᠦᠴᠦᠸᠠᠨ ᠱᠢᠶᠠᠨ ᠎ᠤ ᠬᠣᠭᠣᠯᠠᠢ ᠠᠭᠤᠯᠠ ᠱᠢᠶᠠᠩ ᠎ᠤᠨ ᠬᠣᠭᠣᠯᠠᠢ ᠠᠭᠤᠯᠠ ᠲᠣᠰᠭᠣᠨ ᠰᠡᠷᠢᠭᠦᠨ ᠲᠠᠭᠠᠯᠠᠮᠵᠢᠳᠠᠢ᠃ ᠿᠢ ᠱᠢᠨ ᠲᠠᠷᠢᠮᠠᠯ ᠎ᠤᠨ ᠲᠤᠰᠭᠠᠶ ᠬᠣᠷᠱᠢᠶ᠎ᠠ᠎ᠶ᠋ᠢᠨ ᠬᠦᠶ᠋ᠲᠡᠨ ᠰᠡᠷᠢᠭᠦᠨ ᠢᠳᠡᠱᠢᠨ ᠨᠣᠭᠣᠭ᠎ᠠ ᠎ᠶ᠋ᠢᠨ ᠰᠠᠭᠤᠷᠢᠨ ᠎ᠳᠤ  ᠬᠥᠷ ᠬᠥᠭ᠌ᠵᠢᠶᠡᠨ ᠎ᠢᠶᠡᠷ ᠪᠢᠯᠬᠠᠵᠤ᠂ ᠠᠵᠢᠯᠴᠢᠳ ᠪᠤᠱᠢᠭᠤ ᠱᠠᠯᠠᠮᠠᠭᠠᠢ ᠠᠵᠢᠯᠯᠠᠵᠤ᠂ ᠱᠢᠪᠠᠷ ᠱᠢᠷᠣᠢ ᠪᠣᠯᠤᠨ ᠥᠷᠯᠥᠭᠡ ᠎ᠶ᠋ᠢᠨ ᠱᠢᠭᠦᠳᠡᠷᠢ ᠎ᠨᠠᠭᠠᠯᠳᠤᠭᠰᠠᠨ 《ᠵᠠᠢᠷᠮᠠᠭ ᠯᠤᠤᠪᠠᠩ 》 ᠎ᠢ᠋ ᠦᠨᠳᠦᠰᠦ ᠎ᠪᠡᠷ ᠨᠢ ᠦᠭ᠌ᠲᠡᠭᠡᠵᠦ᠍᠂ ᠬᠠᠵᠠᠭᠤ᠎ᠳᠠᠬᠢ ᠰᠠᠭ᠍ᠰᠤ ᠤᠳᠠᠯ ᠦᠭᠡᠢ ᠲᠦᠭᠦᠷᠡᠪᠡ᠃

《ᠪᠤᠰᠢᠭᠤᠯᠠ ! ᠡᠨᠳᠡ ᠲᠡᠷᠭᠡᠨ᠎ᠳᠦ ᠲᠡᠭᠡᠭᠡ᠃ 〈ᠵᠠᠢᠷᠮᠠᠭ ᠯᠤᠤᠪᠠᠩ 〉 ᠬᠠᠯᠠᠭᠤᠨ᠎ᠡᠴᠡ ᠠᠶᠤᠨ᠎ᠠ᠂ ᠤᠷᠢᠤᠨ ᠵᠢᠨᠷ ᠬᠦᠶ᠋ᠲᠡᠨ ᠬᠡᠯᠬᠢᠶᠡᠲᠦ ᠲᠡᠷᠭᠡᠨ᠎ᠳᠦ ᠭᠠᠷᠭᠠᠭᠠᠷᠠᠢ 》᠃ ᠬᠣᠷᠱᠢᠶᠠᠨ᠎ᠤ ᠬᠠᠷᠢᠭᠤᠴᠠᠯᠭᠠᠲᠠᠨ ᠭᠤᠤ ᠶᠤᠸᠠᠢ ᠷᠦᠩ ᠎ᠤᠨ ᠲᠠᠭᠤᠨ ᠥᠷᠯᠥᠭᠡ᠎ᠶ᠋ᠢᠨ ᠮᠠᠨᠠᠨ ᠎ᠢ ᠨᠡᠪᠳᠡᠯᠦᠨ ᠬᠠᠩᠭᠢᠨᠠᠨ᠎ᠠ᠃ ᠲᠡᠷᠡ ᠲᠠᠷᠢᠶᠠᠨ ᠲᠠᠯᠠᠩ ᠪᠣᠯᠤᠨ ᠲᠦᠭᠦᠷᠭᠡᠭᠰᠡᠨ ᠰᠠᠭ᠍ᠰᠤ᠎ᠶ᠋ᠢᠨ ᠬᠣᠭᠣᠷᠣᠨᠳᠣ ᠲᠦᠷᠭᠡᠨ ᠠᠯᠬᠤᠯᠠᠵᠤ᠂ ᠶᠠᠰᠤ ᠴᠢᠨᠠᠷ᠎ᠢ ᠪᠠᠢᠴᠠᠭᠠᠬᠤ᠎ᠶ᠋ᠢᠨ ᠳᠠᠭᠠᠤ ᠠᠵᠢᠯᠴᠢᠳ᠎ᠢ ᠵᠢᠯᠣᠭᠣᠳᠤᠨ ᠢᠳᠡᠱᠢᠨ ᠨᠣᠭᠣᠭ᠎ᠠ ᠎ᠶ᠋ᠢ ᠲᠡᠷᠭᠡᠨ᠎ᠳᠦ ᠲᠡᠭᠡᠭᠡᠪᠡ᠃

ᠣᠳᠣᠬᠠᠨ᠎ᠳᠤ᠂ ᠲᠣᠰ ᠢᠳᠡᠱᠢᠨ ᠨᠣᠭᠣᠭ᠎ᠠ᠎ᠶ᠋ᠢᠨ ᠰᠠᠭᠤᠷᠢᠨ᠎ᠤ ᠳᠠᠷᠢᠭ᠍ᠰᠠᠨ 《ᠵᠠᠢᠷᠮᠠᠭ ᠯᠤᠤᠪᠠᠩ》᠂ ᠵᠢᠵᠢᠭ ᠴᠠᠭᠠᠨ ᠨᠣᠭᠣᠭ᠎ᠠ᠂ ᠪᠥᠭᠡᠷᠡᠩᠬᠡᠶ ᠡᠰᠢᠲᠦ ᠨᠣᠭᠣᠭ᠎ᠠ᠎ᠨᠢ ᠲᠡᠭᠦᠬᠦ᠌ ᠬᠤᠭᠤᠴᠠᠭᠠᠨ᠎ᠳᠤ ᠣᠷᠣᠵᠤ᠂ ᠬᠣᠷᠱᠢᠶ᠎ᠠ ᠵᠢᠨ ᠬᠢᠨ 《ᠵᠣᠯ ᠵᠢᠷᠭᠠᠯ ᠎ᠤᠨ ᠶᠠᠭᠠᠷᠠᠯᠲᠤ ᠪᠠᠢᠳᠠᠯ》 ᠳ᠋ᠠᠭᠠᠨ ᠰᠣᠭ᠍ᠲᠣᠭᠤᠷᠠᠵᠤ ᠪᠠᠢᠯ᠎ᠠ᠃ 《ᠣᠲᠣ ᠰᠠᠭᠤᠷᠢᠨ ᠎ᠤ ᠬᠦᠶ᠋ᠲᠡᠨ ᠰᠡᠷᠢᠭᠦᠨ ᠢᠳᠡᠱᠢᠨ ᠨᠣᠭᠣᠭ᠎ᠠ ᠳᠠᠷᠢᠬᠤ ᠬᠡᠪᠴᠢᠶ᠎ᠡ 3000 ᠮᠤ᠌᠎ᠳᠦ ᠬᠦᠷᠴᠦ᠍᠂ ᠡᠰᠢᠨ ᠱᠢᠯᠦᠬᠡᠶ ᠨᠣᠭᠣᠭ᠎ᠠ᠂ ᠭᠡᠷ᠎ᠤᠨ ᠢᠳᠠᠷ᠎ᠠ᠂ ᠪᠸᠢ ᠪᠸᠢ ᠨᠠᠩᠭᠤᠸᠠ ᠵᠡᠷᠭᠡ 20 ᠭᠠᠷᠤᠶ ᠲᠥᠷᠥᠯ ᠵᠦᠶ᠋ᠯ ᠪᠣᠶ᠃ ᠵᠠᠯᠭᠠᠭᠠᠳ ᠡᠳᠦᠷ ᠪᠦᠷᠢ ᠪᠠᠷᠤᠭ 10 ᠲᠣᠨ ᠱᠢᠨ᠎ᠡ ᠰᠣᠷᠭᠣᠭ ᠢᠳᠡᠰᠢᠨ ᠨᠣᠭᠣᠭ᠎ᠠ ᠭᠠᠷᠤᠨ᠎ᠠ》 ᠭᠡᠵᠦ ᠭᠤᠤ ᠶᠤᠸᠠᠢ ᠷᠦᠩ ᠬᠡᠯᠡᠪᠡ᠃

ᠥᠨᠥᠳᠦᠷ᠎ᠦᠨ ᠡᠯᠪᠡᠭ ᠬᠤᠷᠢᠶᠠᠯᠲᠠ᠎ᠶ᠋ᠢᠨ ᠪᠠᠢᠳᠠᠯ ᠎ᠢ ᠠᠷᠪᠠᠨ ᠵᠢᠯ᠎ᠦᠨ ᠡᠮᠦᠨ᠎ᠠ ᠭᠤᠤ ᠶᠤᠸᠠᠢ ᠷᠦᠩ ᠶᠡᠷᠦ ᠪᠤᠳᠤᠵᠤ ᠤᠯᠤᠭᠰᠠᠨ ᠦᠭᠡᠢ᠃

2015 ᠣᠨ᠎ᠳᠤ᠂ ᠭᠤᠤ ᠶᠤᠸᠠᠢ ᠷᠦᠩ ᠬᠤᠲᠠ᠎ᠶ᠋ᠢᠨ ᠲᠣᠭ᠍ᠲᠠᠭᠤᠨ ᠠᠵᠢᠯ᠎ᠢᠶᠠᠨ ᠬᠠᠶᠠᠵᠤ᠂ ᠣᠷᠣ ᠳᠡᠪᠢᠰᠭᠡᠷ᠎ᠢᠶᠡᠨ ᠠᠪᠴᠤ ᠲᠦᠷᠦᠭᠰᠡᠨ ᠨᠤᠲᠤᠭ ᠬᠣᠭᠣᠯᠠᠢ ᠠᠭᠤᠯᠨ ᠲᠣᠰᠭᠣᠨ᠎ᠳᠠᠭᠠᠨ ᠪᠤᠴᠠᠬᠤ ᠦᠶ᠎ᠡ᠎ᠳᠦ᠂ ᠬᠥᠮᠦᠰ ᠣᠢᠯᠠᠭᠠᠵᠤ ᠶᠠᠳᠠᠨ᠄ 《ᠠᠷᠠᠢ ᠭᠡᠵᠦ᠍ ᠱᠢᠯᠭᠠᠵᠤ ᠭᠠᠷᠤᠭᠠᠳ᠂ 〈ᠲᠡᠮᠦᠷ ᠠᠶᠠᠭ᠎ᠠ〉 ᠤᠯᠴᠢᠬᠠᠭᠠᠳ ᠶᠠᠭᠠᠬᠢᠭᠠᠳ ᠪᠠᠰᠠ ᠲᠣᠰᠭᠣᠨ᠎ᠳᠠᠭᠠᠨ ᠪᠤᠴᠠᠵᠤ ᠲᠠᠷᠢᠶ᠎ᠠ ᠲᠠᠷᠢᠴᠢᠬᠠᠪᠠ?》 ᠭᠡᠵᠡᠭᠡᠨ᠎ᠡ᠃ ᠰᠡᠵᠢᠭ᠌ᠯᠡᠯ᠎ᠦᠨ ᠡᠮᠦᠨ᠎ᠡ᠂ ᠭᠤᠤ ᠶᠤᠸᠠᠢ ᠷᠦᠩ ᠄ 《ᠬᠠᠷᠢᠵᠤ ᠢᠷᠡᠭ᠌ᠰᠡᠨ ᠶᠤᠮ ᠴᠢᠨᠢ᠂ ᠵᠠᠮ ᠨᠡᠭᠡᠭᠡᠨ ᠤᠷᠤᠭ᠍ᠰᠢᠯᠠᠬᠤ ᠯᠡ ᠬᠡᠷᠡᠭ᠌ᠲᠡᠢ ᠂ ᠶᠠᠭᠠᠬᠢᠭ᠍ᠰᠠᠨ ᠴᠤ᠌ ᠳᠤᠲᠠᠭᠤ ᠲᠤᠷᠭᠤᠨ ᠵᠣᠭ᠍ᠰᠣᠵᠤ ᠪᠣᠯᠬᠤ ᠦᠭᠡᠢ 》 ᠭᠡᠵᠦ ᠰᠢᠢᠳᠪᠡ᠃

ᠲᠡᠷᠡ ᠨᠤᠲᠤᠭ᠎ᠤᠨ᠎ᠢᠶᠠᠨ ᠬᠦᠢᠳᠡᠨ ᠰᠡᠷᠢᠭᠦᠨ ᠠᠭᠤᠷ ᠠᠮᠢᠰᠭᠤᠯ᠎ᠳᠤ ᠯᠤᠲᠤ ᠶᠡᠬᠡ ᠠᠵᠤ ᠦᠢᠯᠡᠰ᠎ᠦᠨ ᠠᠵᠠ ᠲᠣᠬᠢᠶᠠᠯ ᠬᠠᠳᠠᠭᠠᠯᠠᠭ᠍ᠳᠠᠵᠤ ᠪᠠᠢᠬᠤ᠎ᠶ᠋ᠢ ᠪᠠᠲᠤ ᠢᠲᠡᠭᠡᠵᠦ᠍ ᠪᠠᠢᠯ᠎ᠠ ᠄ ᠵᠤᠨ᠎ᠤ ᠤᠯᠠᠷᠢᠯ᠎ᠳᠤ ᠰᠡᠷᠢᠭᠦᠨ ᠲᠠᠭᠠᠯᠠᠮᠵᠢᠲᠠᠢ᠂ ᠡᠳᠦᠷ ᠰᠥᠨᠢ᠎ᠶ᠋ᠢᠨ ᠳᠤᠯᠠᠭᠠᠨ᠎ᠤ ᠵᠥᠷᠢᠢ᠎ᠡ ᠶᠡᠬᠡ᠂ ᠲᠠᠷᠢᠵᠥ᠍ ᠭᠠᠷᠭᠠᠭ᠍ᠰᠠᠨ ᠢᠳᠡᠱᠢᠨ ᠨᠣᠭᠣᠭ᠎ᠠ᠎ᠶ᠋ᠢᠨ ᠡᠪᠡᠳᠴᠢᠨ ᠬᠣᠷᠣᠬᠠᠢ᠎ᠶ᠋ᠢᠨ ᠬᠦᠨᠦᠭᠡᠯ ᠪᠠᠭ᠎ᠠ᠂ ᠠᠮᠲᠠ ᠨᠢ ᠬᠡᠦᠷᠡᠭ ᠰᠢᠬᠢᠷᠯᠢᠭ ᠪᠠᠢᠵᠤ᠂ ᠤᠷᠬᠢᠯ ᠎ᠤᠨ ᠬᠤᠭᠤᠴᠠᠭ᠎ᠠ᠎ᠶ᠋ᠢ ᠵᠥᠷᠢᠭᠦᠯᠦᠨ ᠵᠠᠬ᠎ᠠ ᠳᠡᠯᠭᠡᠭᠦᠷ᠎ᠲᠦ ᠭᠠᠷᠭᠠᠵᠤ ᠪᠣᠯᠤᠨ᠎ᠠ᠃

ᠤᠢᠯᠡᠰ ᠪᠣᠰᠭᠠᠬᠤ᠎ᠳᠤ ᠬᠦᠴᠢᠷ᠂ ᠡᠬᠢᠯᠡᠭᠦᠯᠬᠦ᠎ᠳᠦ ᠨᠠᠩ ᠴᠤ᠌ ᠬᠦᠴᠢᠷ᠃ ᠰᠠᠭᠤᠷᠢᠨ᠎ᠢ ᠠᠩᠬ᠎ᠠ ᠪᠠᠢᠭᠤᠯᠬᠤ ᠦᠶ᠎ᠡ᠎ᠳᠦ ᠬᠦᠶ᠋ᠲᠡᠨ ᠰᠡᠷᠢᠭᠦᠨ ᠢᠳᠡᠱᠢᠨ ᠨᠣᠭᠣᠭ᠎ᠠ ᠳᠠᠷᠢᠬᠤ ᠲᠠᠯᠠᠪᠠᠶ ᠨᠢ ᠵᠥᠪᠬᠡᠨ 100 ᠮᠥ᠍ ᠪᠠᠢᠪᠠ᠃ ᠬᠠᠷ᠎ᠠ ᠱᠢᠷᠣᠶ᠎ᠡᠴᠡ ᠰᠢᠵᠢᠷ ᠠᠯᠲᠠ ᠣᠯᠤᠶ᠎ᠠ ᠭᠡᠪᠡᠯ ᠡᠷᠬᠡᠪᠰᠢ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠡᠴᠡ ᠬᠠᠷᠢᠭᠤᠯᠲᠠ ᠠᠪᠬᠤ ᠬᠡᠷᠡᠭ᠌ᠲᠡᠶ ᠭᠡᠳᠡᠭ᠎ᠢ ᠭᠤᠤ ᠶᠤᠸᠠᠢ ᠷᠦᠩ ᠭᠦᠨ ᠣᠢᠯᠠᠭᠠᠵᠤ ᠪᠠᠢᠯ᠎ᠠ᠃ ᠲᠡᠭᠡᠭᠡᠳ ᠲᠡᠷᠡ ᠨᠣᠮ ᠪᠢᠴᠢᠭ ᠪᠣᠯᠤᠨ ᠲᠠᠷᠢᠶᠠᠨ ᠭᠠᠵᠠᠷ᠎ᠲᠤ ᠭᠦᠨᠵᠡᠭᠡᠢᠷᠡᠵᠦ᠂ ᠨᠢᠭᠡ ᠯᠡ ᠰᠡᠳᠭᠢᠯ᠎ᠢᠶᠡᠷ ᠰᠢᠷᠭᠠᠭᠤ ᠰᠤᠳᠤᠯᠵᠤ᠂ ᠵᠣᠷᠢᠭ᠍ᠲᠠᠶ᠎ᠪᠠᠷ ᠦᠢᠯᠡᠳᠦᠯᠭᠡᠵᠢᠭᠦᠯᠪᠡ —

ᠢᠳᠡᠱᠢᠨ ᠨᠣᠭᠣᠭ᠎ᠠ᠎ᠳᠤ 《ᠱᠢᠮ᠎ᠡ ᠲᠡᠵᠢᠭᠡᠯᠲᠦ ᠬᠣᠭᠣᠯᠠ 》 ᠨᠠᠢᠷᠠᠭᠤᠯᠤᠨ ᠥᠭ᠌ᠴᠦ᠂ ᠣᠷᠭᠠᠨᠢᠭ ᠪᠣᠷᠳᠤᠭᠤᠷ᠂ ᠠᠮᠢᠳᠤ ᠪᠣᠳᠠᠰ᠎ᠤᠨ ᠪᠠᠺᠲ᠋ᠧᠷᠢᠲᠤ ᠪᠣᠷᠳᠤᠭᠤᠷ᠂ ᠱᠢᠪᠲᠦᠷᠲᠦ ᠬᠦᠴᠢᠯ᠎ᠤᠨ ᠪᠣᠷᠳᠤᠭᠤᠷ᠂ ᠤᠰᠤᠨ᠎ᠳᠤ ᠠᠭᠤᠰᠭᠤ ᠪᠣᠷᠳᠤᠭᠤᠷ ᠵᠡᠷᠭᠡ᠎ᠶ᠋ᠢ ᠶᠡᠷᠦᠩᠬᠡᠢᠯᠡᠨ ᠬᠡᠷᠡᠭ᠌ᠯᠡᠵᠦ᠍᠂ ᠨᠣᠭᠣᠭ᠎ᠠ ᠨᠢᠭᠡᠪᠦᠷᠢ᠎ᠳᠦ ᠨᠠᠩ ᠡᠯᠪᠡᠭ ᠱᠢᠮ᠎ᠡ ᠲᠡᠵᠢᠭᠡᠯ ᠪᠠ ᠦᠨᠦᠷ ᠠᠮᠲᠠ᠎ᠶ᠋ᠢ ᠬᠠᠳᠠᠭᠠᠯᠠᠪᠠ; ᠪᠦᠷᠬᠦᠭᠦᠯ᠎ᠦᠨ ᠳᠤᠤᠷ᠎ᠠ ᠳᠤᠰᠤᠯᠠᠭᠠᠨ ᠤᠰᠤᠯᠠᠬᠤ ᠤᠰᠤ ᠪᠣᠷᠲᠣᠭᠣᠷ᠎ᠢ ᠨᠢᠭᠡ ᠴᠣᠭ᠍ᠴᠠᠵᠢᠭᠤᠯᠬᠤ ᠮᠡᠷᠭᠡᠵᠢᠯ᠎ᠢ ᠬᠡᠷᠡᠭ᠌ᠵᠢᠭᠦᠯᠵᠦ᠍᠂ ᠳᠤᠰᠤᠯ ᠤᠰᠤ ᠨᠢᠭᠡᠪᠦᠷᠢ᠂ ᠮᠥᠬᠥᠯᠢᠭ ᠪᠣᠷᠲᠣᠭᠣᠷ ᠨᠢᠭᠡᠪᠦᠷᠢ᠎ᠶ᠋ᠢ ᠨᠠᠷᠢᠯᠢᠭ ᠣᠨᠣᠪᠴᠢᠲᠠᠶ᠎ᠪᠠᠷ ᠨᠣᠭᠣᠭ᠎ᠠ᠎ᠶ᠋ᠢᠨ ᠦᠨᠳᠦᠰᠦ ᠳ᠋ᠦ《ᠰᠢᠮᠡᠵᠢᠭᠦᠯᠪᠡ 》; ᠡᠯ᠎ᠡ ᠲᠦᠷᠦᠯ᠎ᠦᠨ ᠲᠠᠷᠢᠶᠠᠯᠠᠩ᠎ᠤᠨ ᠮᠠᠱᠢᠨ᠎ᠢ ᠣᠷᠣᠭᠤᠯᠤᠨ ᠠᠪᠴᠢᠷᠠᠵᠤ᠂ ᠨᠠᠷᠢᠯᠢᠭ ᠲᠠᠷᠢᠬᠤ᠎ᠡᠴᠡ ᠥᠨᠳᠥᠷ ᠦᠷ᠎ᠡ ᠪᠦᠲᠦᠮᠵᠢᠲᠡᠢ ᠬᠤᠷᠢᠶᠠᠬᠤ ᠬᠦᠷᠲᠡᠯᠡᠬᠢ ᠪᠦᠬᠦ᠌ ᠶᠠᠪᠤᠴᠠ᠎ᠶ᠋ᠢᠨ ᠮᠠᠱᠢᠨᠴᠢᠯᠠᠯᠲᠠ᠎ᠶ᠋ᠢ ᠪᠡᠶᠡᠯᠡᠭᠦᠯᠵᠦ᠍᠂ ᠮᠠᠰᠢᠨᠴᠢᠯᠠᠯᠳᠠ ᠵᠢᠨ 《ᠲᠡᠮᠦᠷ ᠦᠬᠡᠷ 》 ᠵᠢᠡᠷ ᠬᠦᠨᠳᠦ ᠨᠦᠰᠡᠷ ᠠᠵᠢᠯ᠎ᠢ ᠠᠭᠠᠵᠢᠮ᠎ᠢᠶᠠᠷ ᠣᠷᠣᠯᠠᠭᠤᠯᠪᠠ᠃

2022 ᠣᠨ᠎ᠳᠤ᠂ ᠰᠠᠭᠤᠷᠢᠨ᠎ᠤ ᠳᠠᠷᠢᠭ᠍ᠰᠠᠨ ᠡᠰᠢᠨ ᠱᠢᠯᠦᠬᠡᠢ ᠨᠤᠭᠤᠭ᠎ᠠ ᠎ᠨᠢ 《ᠬᠠᠭᠠᠷᠠᠯ᠎ᠤᠨ ᠡᠪᠡᠳᠴᠢᠨ》 ᠣᠯᠵᠤ᠂ ᠡᠰᠢ ᠨᠠᠪᠴᠢ ᠨᠢ ᠮᠠᠭᠤᠬᠠᠢ ᠤᠷᠭᠤᠭᠰᠠᠨ ᠡᠴᠡ ᠪᠤᠯᠵᠤ ᠪᠣᠷᠣᠯᠠᠭᠤᠯᠭ᠎ᠠ᠎ᠨᠢ ᠰᠠᠭᠠᠳ᠎ᠲᠤ ᠤᠴᠠᠷᠠᠪᠠ᠃ ᠬᠦᠴᠢᠷᠳᠡᠯ᠎ᠦᠨ ᠡᠮᠦᠨ᠎ᠡ᠂ ᠭᠤᠤ ᠶᠤᠸᠠᠢ ᠷᠦᠩ ᠥᠪᠥᠷ ᠮᠣᠩᠭᠣᠯ᠎ᠤᠨ ᠲᠠᠷᠢᠶᠠᠯᠠᠩ᠎ᠤᠨ ᠱᠢᠨᠵᠢᠯᠡᠬᠦ᠌ ᠤᠬᠠᠭᠠᠨ᠎ᠤ ᠬᠦᠷᠢᠶᠡᠯᠡᠩ ᠎ᠦᠨ ᠲᠤᠰᠭᠠᠢ ᠮᠡᠷᠭᠡᠵᠢᠯᠲᠡᠨ᠎ᠲᠡᠶ ᠦᠳᠲᠡᠷ ᠲᠦᠷᠭᠡᠨ ᠬᠣᠯᠪᠣᠭᠠᠯᠠᠵᠤ᠂ 《ᠬᠠᠭᠠᠷᠠᠯ 》 ᠲᠠᠢ ᠨᠢᠭᠡ ᠤᠳᠠᠭᠠᠨ᠎ᠤ ᠬᠣᠯᠬᠢᠶ᠎ᠠ ᠪᠠᠢᠯᠳᠤᠭᠠᠨ ᠥᠷᠨᠢᠭᠦᠯᠪᠡ᠃ ᠪᠦᠬᠦᠯᠢ ᠬᠣᠶᠠᠷ ᠵᠢᠯ ᠎ᠦᠨ ᠬᠤᠭᠤᠴᠠᠭᠠᠨ᠎ᠳᠤ᠂ ᠭᠤᠤ ᠶᠤᠸᠠᠢ ᠷᠦᠩ ᠱᠢᠨᠵᠢᠯᠡᠬᠦ᠌ ᠤᠬᠠᠭᠠᠨ᠎ᠤ ᠰᠤᠳᠤᠯᠭᠠᠲᠠᠳ᠎ᠲᠠᠶ ᠳᠠᠬᠢᠨ ᠳᠠᠪᠲᠠᠨ ᠲᠤᠷᠱᠢᠯᠲᠠ ᠬᠢᠵᠦ᠍᠂ ᠬᠥᠷᠥᠰᠥ᠍ ᠱᠢᠷᠣᠶ᠂ ᠤᠰᠤᠯᠠᠯᠲᠠ᠂ ᠨᠡᠮᠡᠯᠲᠡ ᠪᠣᠷᠲᠣᠭᠣᠷ ᠎ᠢ ᠲᠠᠰᠤᠷᠠᠯᠲᠠ ᠥᠬᠡᠶ ᠲᠣᠬᠢᠷᠠᠭᠤᠯᠵᠤ᠂ ᠡᠴᠦᠰ᠎ᠲᠡᠬᠡᠨ ᠵᠠᠩᠭᠢᠯᠠᠭ᠎ᠠ᠎ᠶ᠋ᠢ ᠣᠯᠪᠠ —ᠣᠨᠴᠠ ᠲᠣᠭ᠍ᠲᠠᠭ᠍ᠰᠠᠨ ᠪᠢᠴᠢᠯ ᠡᠯᠧᠮᠧᠨ᠋ᠲ ᠳᠤᠲᠠᠭ᠍ᠳᠠᠵᠤ ᠪᠠᠢᠪᠠ᠃

ᠰᠠᠭᠤᠷᠢ ᠪᠣᠷᠲᠣᠭᠣᠷ ᠎ᠤᠨ ᠨᠠᠢᠷᠠᠯᠭ᠎ᠠ᠎ᠶ᠋ᠢ ᠥᠭᠡᠷᠡᠴᠢᠯᠡᠨ ᠰᠠᠢᠵᠢᠷᠠᠭᠤᠯᠵᠤ᠂ ᠱᠢᠨᠵᠢᠯᠡᠬᠦ᠌ ᠤᠬᠠᠭᠠᠨᠴᠢ᠎ᠪᠠᠷ ᠪᠢᠴᠢᠯ ᠡᠯᠧᠮᠧᠨ᠋ᠲ ᠎ᠢ ᠨᠢ ᠨᠥᠬᠥᠪᠥᠷᠢᠯᠡᠭ᠌ᠰᠡᠨ᠎ᠦ ᠳᠠᠷᠠᠭ᠎ᠠ᠂ ᠥᠩᠭᠡᠷᠡᠭ᠌ᠰᠡᠨ᠎ᠦ《ᠬᠠᠭᠠᠷᠠᠯ》ᠤ᠋ᠨ ᠬᠦᠴᠢᠷ ᠠᠰᠠᠭᠤᠳᠠᠯ ᠲᠡᠦᠬᠡ ᠪᠣᠯᠵᠠᠶ᠃ ᠣᠳᠣᠬᠠᠨ᠎ᠳᠤ᠂ ᠰᠠᠭᠤᠷᠢᠨ᠎ᠤ ᠳᠠᠷᠢᠭ᠍ᠰᠠᠨ ᠡᠰᠢ ᠰᠦᠷᠡᠯ᠎ᠦᠨ 95 % ᠎ᠡᠴᠡ ᠳᠡᠭᠡᠭ᠌ᠰᠢᠬᠢ ᠨᠢ ᠭᠥᠯᠢᠭᠡᠷ ᠪᠥᠭᠡᠳ ᠬᠠᠲᠠᠭᠤ᠂ ᠠᠰᠬᠠᠨ ᠢᠳᠡᠷᠡᠭᠦᠨ ᠤᠷᠭᠤᠵᠤ᠂ ᠴᠢᠨᠠᠷ ᠴᠢᠨᠰᠠᠭ᠎ᠠ ᠨᠢ ᠢᠯᠡᠳᠲᠡ ᠳᠡᠭᠡᠭ᠌ᠰᠢᠯᠡᠪᠡ᠃

ᠠᠵᠠ ᠲᠣᠬᠢᠶᠠᠯ ᠬᠡᠵᠢᠶᠡᠳᠡ ᠪᠡᠯᠡᠳᠭᠡᠯ᠎ᠲᠡᠶ ᠬᠥᠮᠦᠨ᠎ᠢ ᠢᠪᠡᠭᠡᠳᠡᠭ᠃ 2023 ᠣᠨ᠎ᠳᠤ ᠂ ᠨᠢᠭᠡᠨ ᠭᠡᠨᠡᠳᠲᠡ᠎ᠶ᠋ᠢᠨ ᠲᠣᠬᠢᠶᠠᠯ᠎ᠢᠶᠠᠷ᠂ ᠭᠤᠤ ᠶᠤᠸᠠᠢ ᠷᠦᠩ ᠡᠰᠢᠨ ᠱᠢᠯᠦᠬᠡᠶ ᠨᠤᠭᠤᠭ᠎ᠠ ᠵᠢᠨ ᠴᠠᠭᠠᠷᠠᠭ᠍ᠰᠠᠨ ᠬᠤᠳᠠᠯᠳᠤᠭᠠᠴᠢᠨ᠎ᠲᠠᠶ ᠠᠭᠤᠯᠵᠠᠪᠠ᠃ ᠲᠡᠷᠡ ᠬᠣᠷᠱᠢᠶᠠᠨ᠎ᠤ ᠡᠰᠢᠨ ᠱᠢᠯᠦᠬᠡᠶ ᠨᠤᠭᠤᠭ᠎ᠠ ᠵᠢᠨ ᠴᠢᠨᠠᠷ᠎ᠢ ᠦᠵᠡᠮᠡᠭ᠌ᠴᠡ ᠲᠣᠭᠣᠵᠠᠶ — ᠥᠩᠭᠡ ᠨᠢ ᠬᠤᠷᠴᠠ ᠭᠡᠭᠡᠨ᠂ ᠠᠮᠲᠠ ᠨᠢ ᠬᠡᠤᠷᠡᠬᠡᠢ᠂ ᠬᠠᠳᠠᠭᠠᠯᠠᠵᠤ ᠵᠥᠭᠡᠭᠡᠪᠦᠷᠢᠯᠡᠬᠦ᠌᠎ᠳᠦ ᠳᠠᠭᠠᠭᠠᠮᠠᠭᠠᠶ ᠪᠠᠢᠯ᠎ᠠ᠃ ᠬᠣᠶᠠᠷ ᠲᠠᠯ᠎ᠠ᠎ᠪᠠᠷ᠎ᠢᠶᠠᠨ ᠬᠡᠯᠡᠮᠡᠭᠴᠡ ᠬᠡᠯᠡ ᠲᠠᠭᠠᠷᠠᠵᠤ᠂ ᠲᠤᠰᠭᠠᠶ ᠪᠣᠷᠣᠯᠠᠭᠤᠯᠭ᠎ᠠ᠎ᠶ᠋ᠢᠨ ᠠᠷᠭ᠎ᠠ ᠵᠠᠮ ᠮᠠᠰᠢ ᠲᠦᠷᠭᠡᠨ ᠵᠢᠡᠷ ᠨᠡᠭᠡᠭᠡᠭ᠌ᠳᠡᠪᠡ᠃ ᠡᠭᠦᠨ᠎ᠡᠴᠡ ᠡᠬᠢᠯᠡᠨ᠂ ᠰᠠᠭᠤᠷᠢᠨ ᠤ᠋ ᠦᠶ᠋ᠯᠡᠳᠪᠦᠷᠢᠯᠡᠭ᠌ᠰᠡᠨ ᠡᠰᠢᠨ ᠱᠢᠯᠦᠬᠡᠢ ᠨᠤᠭᠤᠭ᠎ᠠ ᠪᠥᠬᠥ᠌ ᠤᠯᠤᠰ᠎ᠲᠤ ᠪᠣᠷᠣᠯᠠᠭᠤᠯᠭ᠎ᠠ ᠰᠠᠢᠲᠠᠶ ᠪᠣᠯᠤᠭ᠍ᠰᠠᠨ᠎ᠢᠶᠠᠷ ᠪᠠᠷᠠᠬᠤ ᠥᠬᠡᠶ ᠪᠠᠰᠠ ᠮᠠᠯᠠᠢᠱᠢᠶ᠎ᠠ ᠵᠢᠨ ᠵᠠᠬ᠎ᠠ ᠳᠡᠯᠭᠡᠭᠦᠷ᠎ᠲᠦ ᠠᠮᠵᠢᠯᠲᠠ᠎ᠲᠠᠶ᠎ᠪᠠᠷ ᠤᠷᠤᠭ᠍ᠰᠠᠨ ᠪᠠᠢᠨ᠎ᠠ᠃ ᠣᠳᠣᠬᠠᠨ᠎ᠳᠤ᠂ ᠰᠠᠭᠤᠷᠢᠨ ᠡᠴᠡ ᠵᠢᠯ ᠪᠦᠷᠢ 3000 ᠲᠣᠨ ᠱᠢᠨ᠎ᠡ ᠰᠣᠷᠭᠣᠭ ᠢᠳᠡᠱᠢᠨ ᠨᠣᠭᠣᠭ᠎ᠠ ᠦᠢᠯᠡᠳᠪᠦᠷᠢᠯᠡᠵᠦ᠍ ᠪᠠᠢᠨ᠎ᠠ᠃

ᠵᠠᠬ᠎ᠠ ᠳᠡᠯᠭᠡᠭᠦᠷ᠎ᠦᠨ ᠵᠥᠪᠱᠢᠶᠡᠷᠡᠯ ᠨᠢ ᠨᠤᠲᠤᠭ᠎ᠤᠨ ᠠᠬ᠎ᠠ ᠳᠡᠭᠦᠦ᠍᠎ᠨᠡᠷ᠎ᠦᠨ ᠬᠠᠷᠮᠠᠨ᠎ᠳᠠᠬᠢ ᠵᠤᠭᠤᠰ ᠮᠦᠩᠭᠦ ᠪᠤᠯᠵᠤ ᠬᠤᠪᠢᠷᠠᠪᠠ᠃ ᠭᠤᠤ ᠶᠤᠸᠠᠢ ᠷᠦᠩ ᠰᠡᠳᠭᠢᠯ ᠳᠤᠯᠠᠭᠠᠴᠡᠭᠤᠯᠤᠮ᠎ᠠ ᠲᠠᠩᠰᠠ ᠪᠤᠳᠤᠵᠤ ᠦᠵᠡᠵᠡᠶ᠄ ᠢᠳᠡᠱᠢᠨ ᠨᠣᠭᠣᠭ᠎ᠠ᠎ᠶ᠋ᠢᠨ ᠰᠠᠭᠤᠷᠢᠨ ᠳ᠋ᠤ᠂ 30 ᠭᠠᠷᠤᠶ ᠨᠤᠲᠤᠭ᠎ᠤᠨ ᠠᠬ᠎ᠠ ᠳᠡᠭᠦᠦ᠍᠎ᠨᠡᠷ ᠲᠣᠭ᠍ᠲᠠᠭᠤᠨ᠎ᠢᠶᠠᠷ ᠠᠵᠢᠯ ᠣᠯᠵᠤ᠂ ᠵᠢᠯ᠎ᠦᠨ ᠬᠥᠮᠦᠨ ᠳᠤᠮᠳᠠᠴᠢ᠎ᠶ᠋ᠢᠨ ᠣᠷᠣᠯᠭ᠎ᠠ᠎ᠨᠢ ᠪᠠᠷᠤᠭ 4 ᠲᠦᠮᠡᠨ ᠲᠥᠭᠥᠷᠢᠭ᠎ᠲᠦ ᠬᠦᠷᠴᠡᠶ; ᠵᠢᠯ ᠪᠦᠷᠢ᠎ᠶ᠋ᠢᠨ ᠬᠤᠷᠢᠶᠠᠯᠲᠠ᠎ᠶ᠋ᠢᠨ ᠤᠯᠠᠷᠢᠯ᠎ᠳᠤ᠂ ᠰᠠᠭᠤᠷᠢᠨ ᠤ᠋ ᠬᠢᠨ 1000 ᠭᠠᠷᠤᠢ ᠬᠥᠮᠦᠨ ᠤᠳᠠᠭ᠎ᠠ᠎ᠶ᠋ᠢᠨ ᠲᠠᠷᠢᠶᠠᠴᠢᠳ᠎ᠲᠤ ᠲᠦᠷ ᠴᠠᠭ ᠎ᠤᠨ ᠠᠵᠢᠯ ᠣᠯᠭᠣᠵᠤ᠂ ᠬᠥᠮᠦᠨ ᠳᠤᠮᠳᠠᠴᠢ ᠎ᠶ᠋ᠢᠨ ᠡᠳᠦᠷ᠎ᠦᠨ ᠣᠷᠣᠯᠭ᠎ᠠ ᠨᠢ 150 ᠲᠥᠭᠥᠷᠢᠭ᠎ᠲᠦ ᠬᠦᠷᠴᠦ᠍ ᠪᠤᠢ᠃

ᠨᠡᠩ ᠡᠷᠬᠢᠮ ᠨᠠᠨᠳᠢᠨ ᠨᠢ ᠭᠡᠪᠡᠯ᠂ ᠭᠤᠤ ᠶᠤᠸᠠᠢ ᠷᠦᠩ ᠮᠡᠷᠭᠡᠵᠢᠯ᠎ᠢᠶᠡᠨ ᠨᠤᠲᠤᠭ᠎ᠤᠨ ᠠᠬ᠎ᠠ ᠳᠡᠭᠦᠦ᠍᠎ᠨᠡᠷ ᠲᠠᠭᠠᠨ ᠥᠴᠦᠬᠡᠨ ᠴᠦ᠍ ᠬᠠᠷᠠᠮᠨᠠᠯ ᠦᠭᠡᠢ ᠤᠯᠠᠮᠵᠢᠯᠠᠪᠠ᠃ ᠲᠥᠮᠥᠰᠥ᠍᠂ ᠯᠠᠩᠭᠤᠸᠠ᠎ᠶ᠋ᠢᠨ ᠤᠰᠤ ᠪᠤᠷᠳᠤᠭᠤᠷ ᠎ᠢ ᠨᠢᠭᠡ ᠴᠤᠬ᠍ᠴᠠᠵᠢᠭᠤᠯᠤᠨ ᠬᠠᠮᠢᠶᠠᠷᠬᠤ ᠠᠷᠭ᠎ᠠ᠎ᠡᠴᠡ᠂ ᠬᠦᠢᠳᠡᠨ ᠰᠡᠷᠢᠭᠦᠨ ᠢᠳᠡᠱᠢᠨ ᠨᠣᠭᠣᠭ᠎ᠠ᠎ᠵᠢᠨ ᠴᠢᠬᠢ ᠪᠣᠢᠵᠢᠭᠤᠯᠬᠤ᠂ ᠱᠢᠯᠵᠢᠭᠦᠯᠦᠨ ᠵᠠᠢᠯᠠᠬᠤ᠂ ᠲᠠᠷᠢᠶᠠᠨ ᠭᠠᠵᠠᠷ᠎ᠤᠨ ᠬᠠᠮᠢᠶᠠᠷᠤᠯᠲᠠ ᠵᠡᠷᠭᠡ ᠪᠦᠬᠦᠢᠯᠡ ᠲᠠᠷᠢᠮᠠᠯ᠎ᠤᠨ ᠮᠡᠷᠭᠡᠵᠢᠯ᠂ ᠲᠥᠮᠥᠰᠥ᠍᠂ ᠨᠡᠷᠡᠨ ᠬᠤᠸᠠᠷ᠎ᠤᠨ ᠡᠪᠡᠳᠴᠢᠨ ᠬᠣᠷᠣᠬᠠᠢ᠎ᠶ᠋ᠢᠨ ᠬᠥᠨᠥᠭᠡᠯ᠎ᠢ ᠰᠡᠷᠭᠡᠢᠯᠡᠨ ᠡᠵᠡᠮᠳᠡᠬᠦ᠌ ᠠᠷᠭ᠎ᠠ ᠬᠦᠷᠲᠡᠯ᠎ᠡ᠂ ᠲᠡᠷᠡ ᠠᠯᠢ ᠤᠯᠠᠨ ᠤᠯᠠᠨ ᠲᠦᠮᠡᠨ᠎ᠲᠡᠶ ᠤᠢ᠍ᠢᠷᠠᠳᠤᠭ᠍ᠰᠠᠨ᠂ ᠬᠦᠴᠢᠷ ᠠᠰᠠᠭᠤᠳᠠᠯ᠎ᠢ ᠱᠢᠢᠳᠪᠦᠷᠢᠯᠡᠬᠦ᠌ ᠪᠣᠯᠪᠠᠰᠤᠷᠠᠯ ᠵᠢᠡᠷ ᠲᠠᠷᠢᠶᠠᠴᠢᠳ ᠎ᠲᠤ ᠱᠢᠨᠵᠢᠯᠡᠬᠦ᠌ ᠤᠬᠠᠭᠠᠨᠴᠢ᠎ᠪᠠᠷ ᠲᠠᠷᠢᠶ᠎ᠠ ᠲᠠᠷᠢᠵᠤ ᠤᠨᠠᠯᠲᠠ᠎ᠶ᠋ᠢ ᠨᠡᠮᠡᠭ᠌ᠳᠡᠭᠦᠯᠵᠦ᠍ ᠦᠷ᠎ᠡ ᠠᠱᠢᠭ ᠎ᠢ ᠨᠡᠮᠡᠭ᠌ᠳᠡᠭᠦᠯᠬᠦ᠌ ᠳᠠᠪᠠᠭᠤᠯᠢᠭ᠎ᠢ ᠤᠢ᠍ᠢᠯᠠᠭᠠᠭᠤᠯᠵᠤ᠂ ᠤᠯᠠᠨ᠎ᠤ 《ᠪᠢ ᠰᠤᠷᠤᠶ᠎ᠠ᠂ ᠪᠢ ᠬᠢᠵᠦ᠍ ᠴᠢᠳᠠᠨ᠎ᠠ 》 ᠭᠡᠬᠦ᠌ ᠳᠣᠲᠣᠭᠠᠳᠤ ᠬᠥᠳᠡᠯᠭᠡᠬᠦ᠌ ᠬᠦᠴᠦᠨ᠎ᠢ ᠬᠥᠭ᠌ᠵᠢᠭᠡᠵᠦ᠍᠂ ᠡᠷᠬᠢᠨ ᠲᠣᠭᠣᠷᠢᠨ ᠎ᠤ ᠲᠠᠷᠢᠶᠠᠴᠢᠨ ᠡᠷᠦᠭᠡ᠎ᠶ᠋ᠢ ᠲᠠᠢ᠌ᠴᠢᠯᠠᠨ ᠨᠡᠢ᠌ᠳᠡ 10 ᠲᠦᠮᠡᠨ ᠮᠦ᠍ ᠱᠢᠬᠠᠮ ᠬᠦᠢᠳᠡᠨ ᠰᠡᠷᠢᠭᠦᠨ ᠢᠳᠡᠱᠢᠨ ᠨᠣᠭᠣᠭ᠎ᠠ ᠲᠠᠷᠢᠪᠠ᠃

ᠥᠩᠭᠡᠷᠡᠭ᠌ᠰᠡᠨ᠎ᠳᠦ ᠮᠠᠰᠢ ᠣᠯᠠᠨ ᠰᠡᠵᠢᠭ᠌ᠯᠡᠯ᠎ᠢ᠋ ᠬᠦᠷᠳᠡᠭᠰᠡᠨ ᠭᠤᠤ ᠶᠤᠸᠠᠢ ᠷᠦᠩ ᠣᠲᠣ ᠨᠢᠭᠡᠨᠲᠡ ᠮᠢᠩᠭ᠎ᠠ ᠲᠦᠮᠡᠨ ᠨᠤᠲᠤᠭ᠎ᠤᠨ ᠠᠬ᠎ᠠ ᠳᠡᠭᠦᠦ᠍᠎ᠨᠡᠷ᠎ᠢ ᠳᠠᠢᠴᠢᠯᠠᠨ ᠣᠷᠣᠯᠭ᠎ᠠ᠎ᠶ᠋ᠢ ᠨᠢ ᠨᠡᠮᠡᠭ᠌ᠳᠡᠭᠦᠯᠬᠦ᠌ 《ᠳᠠᠭᠠᠭᠤᠯᠤᠭ᠍ᠴᠢ》 ᠪᠣᠯᠵᠠᠶ᠃ ᠢᠷᠡᠭᠡᠳᠦᠢ᠎ᠶ᠋ᠢ ᠪᠠᠷᠠᠯᠠᠬᠤᠶ᠎ᠠ᠂ ᠲᠡᠷᠡ᠄《ᠠᠵᠤ ᠦᠢᠯᠡᠰ᠎ᠦᠨ ᠬᠡᠯᠬᠢᠶ᠎ᠡ᠎ᠶ᠋ᠢ ᠴᠢᠬᠢ ᠪᠣᠢᠵᠢᠭᠤᠯᠬᠤ᠂ ᠡᠳ᠋ᠱᠢᠭᠦᠯᠬᠦ᠌ ᠂ ᠲᠡᠭᠦᠬᠦ᠌ ᠲᠡᠢᠰᠢ ᠤᠷᠲᠤᠳᠭᠠᠵᠤ᠂ ᠭᠤᠷᠪᠠᠳᠤᠭᠠᠷ ᠠᠵᠤ ᠦᠢᠯᠡᠰ᠎ᠦᠨ ᠠᠭᠤᠰᠤᠯᠴᠠᠨ ᠬᠥᠭ᠌ᠵᠢᠬᠦ᠌ ᠵᠠᠮ᠎ᠢ ᠬᠠᠢᠨ ᠰᠦᠪᠡᠭ᠌ᠴᠢᠯᠡᠬᠦ᠌ ᠬᠡᠷᠡᠭ᠌ᠲᠡᠢ᠃ ᠪᠠᠰᠠ ᠨᠡᠩ ᠤᠯᠠᠨ ᠬᠥᠮᠦᠨ᠎ᠢ ᠳᠠᠢ᠌ᠴᠢᠯᠠᠨ ᠡᠨᠡ ᠬᠦ᠌ 〈ᠨᠤᠲᠤᠭ ᠎ᠤᠨ ᠦᠢᠯᠡᠰ〉 ᠲᠤ᠌ ᠣᠷᠣᠯᠴᠠᠭᠤᠯᠵᠤ᠂ ᠬᠥᠳᠡᠭᠡ ᠲᠣᠰᠭᠣᠨ ᠎ᠢ ᠬᠥᠭ᠌ᠵᠢᠭᠦᠯᠦᠨ ᠮᠠᠨᠳᠤᠭᠤᠯᠬᠤ᠎ᠳᠤ ᠬᠦᠴᠦᠨ ᠨᠡᠮᠡᠷᠢᠯᠡᠬᠦ᠌〈ᠬᠠᠮᠤᠭ᠎ᠤᠨ ᠭᠤᠶᠤ ᠠᠮᠢᠳᠤᠷᠠᠯ 〉 ᠢ᠋ ᠴᠣᠭ᠍ᠴᠠᠯᠠᠬᠤ ᠬᠡᠷᠡᠭ᠌ᠲᠡᠢ 》 ᠭᠡᠵᠦ ᠢᠳᠡᠭᠡᠯ ᠲᠦᠭᠦᠷᠡᠩ ᠬᠡᠯᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号