ᠵᠦᠷᠢᠴᠡᠯ ᠵᠠᠭᠤᠷᠠᠯᠳᠤᠭᠠᠨ᠎ᠢ ᠰᠢᠢᠳᠪᠦᠷᠢᠯᠡᠬᠦ 《ᠲᠦᠷᠭᠡᠨ᠎ᠦ ᠵᠠᠮ》 ᠪᠠᠢᠭᠤᠯᠬᠤ ᠳ᠋ᠤ ᠲᠤᠭᠠᠴᠢᠯᠠᠯᠳᠠ ᠪᠡᠷ ᠬᠦᠴᠦᠨ ᠤᠯᠭᠤᠨ᠎ᠠ
2026-01-10 11:22:13
ᠵᠣᠬᠢᠶᠠᠭ᠍ᠴᠢ᠄
ᠸᠠᠩ ᠬᠤᠤ
ᠣᠩᠱᠢᠭ᠍ᠰᠠᠨ ᠣᠳᠠᠭ᠎ᠠ᠄
★★★☆☆

ᠲᠦᠷᠦᠭᠦᠬᠡᠨ᠂ ᠦᠬᠠᠶ ᠬᠣᠲᠠ᠎ᠶ᠋ᠢᠨ ᠤᠳᠠ ᠵᠢᠨ ᠲᠤᠬᠤᠢ ᠲᠣᠭᠣᠷᠢᠭ᠎ᠤᠨ ᠶᠡᠷᠦᠩᠬᠡᠢᠯᠡᠨ ᠵᠠᠰᠠᠬᠤ ᠲᠥᠪ ᠨᠢ ᠶᠡᠷᠦᠩᠬᠡᠢᠯᠡᠨ ᠵᠠᠰᠠᠬᠤ ᠪᠠ ᠲᠤᠤᠷᠵᠢᠯ᠎ᠤᠨ ᠮᠡᠳᠡᠭᠡ ᠵᠠᠩᠭᠢ᠎ᠶ᠋ᠢᠨ ᠲᠠᠪᠴᠠᠩ᠎ᠢᠶᠠᠷ ᠳᠠᠮᠵᠢᠭᠤᠯᠤᠨ᠂ ᠣᠢᠷ᠎ᠠ᠎ᠶ᠋ᠢᠨ ᠬᠤᠭᠤᠴᠠᠭᠠᠨ᠎ᠤ ᠣᠷᠣᠨ ᠪᠦᠰᠡ᠎ᠶ᠋ᠢᠨ ᠳᠣᠲᠣᠷᠠᠬᠢ ᠣᠷᠣᠭ ᠬᠤᠷᠢᠮ ᠢᠨᠠᠭ ᠳᠤᠷᠠᠯᠠᠯ ᠬᠡᠷ ᠪᠦᠯᠢ᠎ᠶ᠋ᠢᠨ ᠲᠥᠷᠥᠯ᠎ᠦᠨ ᠵᠥᠷᠢᠴᠡᠯ ᠵᠠᠭᠤᠷᠠᠯᠳᠤᠭᠠᠨ ᠨᠡᠮᠡᠭ᠌ᠳᠡᠬᠦ᠌ ᠬᠠᠨᠳᠤᠰᠢ᠎ᠲᠠᠶ ᠪᠠᠢᠬᠤ᠎ᠶ᠋ᠢ ᠬᠢᠨᠠᠨ ᠢᠯᠡᠷᠡᠭᠦᠯᠪᠡ᠃ ᠤᠳᠠ ᠵᠢᠨ ᠲᠤᠬᠤᠢ ᠲᠣᠭᠣᠷᠢᠭ᠎ᠤᠨ ᠶᠡᠷᠦᠩᠬᠡᠢᠯᠡᠨ ᠵᠠᠰᠠᠬᠤ ᠲᠥᠪ᠎ᠨᠢ ᠡᠭᠦᠨ᠎ᠢ ᠦᠨᠳᠦᠰᠦᠯᠡᠨ ᠬᠤᠯᠪᠤᠭᠳᠠᠯ ᠪᠥᠬᠥᠶ ᠵᠡᠭᠡᠯᠢ ᠭᠤᠳᠤᠮᠵᠢ᠂ ᠨᠡᠢᠭᠡᠮ ᠲᠣᠭᠣᠷᠢᠭ᠎ᠲᠤ 《ᠲᠦᠭ᠌ᠰᠢᠭᠦᠷᠢ᠎ᠶ᠋ᠢ ᠤᠷᠢᠳᠴᠢᠯᠠᠨ ᠰᠡᠷᠡᠮᠵᠢᠯᠡᠭᠦᠯᠬᠦ᠌ ᠰᠠᠨᠠᠭᠤᠯᠤᠮᠵᠢ᠎ᠶ᠋ᠢᠨ ᠪᠢᠴᠢᠭ》 ᠢ᠋ ᠬᠠᠨᠳᠤᠯᠭ᠎ᠠ ᠲᠠᠶ᠎ᠪᠠᠷ ᠲᠠᠷᠬᠠᠭᠠᠪᠠ᠃ ᠰᠠᠨᠠᠭᠤᠯᠤᠮᠵᠢ᠎ᠶ᠋ᠢ ᠣᠯᠤᠭ᠍ᠰᠠᠨ᠎ᠤ ᠳᠠᠷᠠᠭ᠎ᠠ᠂ ᠲᠤᠤᠷᠵᠢᠯ᠎ᠤᠨ ᠬᠠᠮᠢᠶᠠᠷᠤᠯᠲᠠ᠎ᠶ᠋ᠢᠨ ᠠᠵᠢᠯᠲᠠᠨ ᠡᠴᠡ ᠬᠠᠤᠯᠢ ᠴᠠᠭᠠᠵᠠ᠎ᠶ᠋ᠢᠨ ᠭᠠᠵᠠᠷ᠎ᠤᠨ ᠠᠵᠢᠯᠲᠠᠨ᠂ ᠠᠷᠠᠳ᠎ᠤᠨ ᠴᠠᠭᠳᠠᠭ᠎ᠠ ᠲᠤᠰᠠᠯᠠᠭ᠍ᠴᠢ ᠴᠠᠭ᠍ᠳᠠᠭ᠎ᠠ ᠵᠢᠴᠢ ᠠᠰᠠᠷ᠎ᠤᠨ ᠳᠠᠷᠤᠭ᠎ᠠ᠎ᠶ᠋ᠢᠨ ᠬᠦᠴᠦᠨ᠎ᠲᠡᠶ ᠬᠣᠯᠪᠣᠭᠠᠯᠠᠨ᠂ ᠬᠠᠷᠠᠯᠲᠠᠳᠤ ᠡᠲᠡᠭᠡᠳ᠎ᠢ ᠨᠠᠷᠢᠯᠢᠭ ᠣᠨᠣᠴᠠᠲᠠᠶ᠎ᠪᠠᠷ ᠡᠷᠭᠢᠨ ᠦᠵᠡᠵᠦ᠍᠂ ᠤᠷᠢᠳᠴᠢᠯᠠᠨ ᠣᠷᠣᠯᠴᠠᠵᠤ᠂ ᠳᠠᠯᠳᠠ ᠠᠶᠤᠯ ᠲᠦᠭ᠌ᠰᠢᠭᠦᠷᠢ᠎ᠶ᠋ᠢ ᠴᠤᠬᠤᠢᠵᠦ ᠪᠠᠢᠬᠤ ᠬᠤᠭᠤᠴᠠᠭᠠᠨ ᠳ᠋ᠤᠨᠢ ᠠᠮᠵᠢᠯᠲᠠ᠎ᠲᠠᠶ᠎ᠪᠠᠷ ᠰᠢᠢᠳᠪᠤᠷᠢᠯᠡᠪᠡ᠃

《ᠲᠠᠪᠴᠠᠩ ᠨᠢ ᠶᠠᠭ ᠯᠠ 〈ᠭᠡᠲᠡᠭᠡᠴᠢ〉 ᠪᠠ 〈ᠴᠢᠩᠨᠠᠭ᠍ᠴᠢ〉 ᠱᠢᠭ᠋ ᠪᠠᠢᠵᠤ᠂ ᠪᠢᠳᠡᠨ᠎ᠢ ᠠᠶᠤᠯ ᠲᠦᠭ᠌ᠰᠢᠭᠦᠷᠢ᠎ᠶ᠋ᠢᠨ ᠡᠮᠦᠨ᠎ᠡ ᠨᠢ ᠤᠷᠤᠭ᠍ᠰᠢᠯᠠᠭᠤᠯᠳᠠᠭ》 ᠭᠡᠵᠦ᠍ ᠨᠢᠭᠡᠨ ᠲᠤᠤᠷᠵᠢᠯ᠎ᠤᠨ ᠠᠵᠢᠯᠳᠠᠨ ᠬᠡᠯᠡᠨ᠎ᠡ᠃ ᠡᠨᠡ ᠪᠣᠯ ᠦᠬᠠᠢ ᠬᠤᠳᠠ᠎ᠶ᠋ᠢᠨ ᠬᠢᠨ ᠶᠡᠷᠦᠩᠬᠡᠢᠯᠡᠨ ᠵᠠᠰᠠᠬᠤ ᠪᠠ ᠲᠤᠤᠷᠵᠢᠯ᠎ᠤᠨ ᠮᠡᠳᠡᠭᠡ ᠵᠠᠩᠭᠢ᠎ᠶ᠋ᠢᠨ ᠲᠠᠪᠴᠠᠩ᠎ᠤᠨ ᠭᠦᠨᠵᠡᠭᠡᠢ ᠬᠡᠷᠡᠭ᠌ᠯᠡᠭᠡ᠎ᠶ᠋ᠢ ᠪᠦᠬᠦ᠌ ᠬᠦᠴᠦᠨ᠎ᠢᠶᠡᠷ ᠠᠬᠢᠭᠤᠯᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠢᠶᠡᠷ ᠨᠡᠢᠭᠡᠮ᠎ᠦᠨ ᠵᠠᠰᠠᠯᠲᠠ᠎ᠶ᠋ᠢᠨ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠦᠭ᠌ᠰᠡᠨ ᠠᠮᠢᠳᠤᠯᠢᠭ ᠬᠤᠷᠢᠶᠠᠩᠭᠤᠢ ᠳᠦᠷᠰᠦ ᠪᠣᠯᠤᠨ᠎ᠠ᠃

ᠥᠪᠡᠷᠲᠡᠭᠡᠨ ᠵᠠᠰᠠᠬᠤ ᠣᠷᠣᠨ᠎ᠤ ᠶᠡᠷᠦᠩᠬᠡᠢᠯᠡᠨ ᠵᠠᠰᠠᠬᠤ ᠪᠠ ᠲᠤᠤᠷᠵᠢᠯ᠎ᠤᠨ ᠮᠡᠳᠡᠭᠡ ᠵᠠᠩᠭᠢ᠎ᠶ᠋ᠢᠨ ᠲᠠᠪᠴᠠᠩ ᠠᠱᠢᠭ᠍ᠯᠠᠯᠲᠠ᠎ᠳᠤ ᠤᠷᠤᠬ᠍ᠰᠠᠨ᠎ᠡᠴᠡ ᠨᠠᠭᠠᠰᠢ᠂ ᠦᠬᠠᠢ ᠬᠤᠳᠠ᠎ᠶ᠋ᠢᠨ ᠬᠢᠨ ᠲᠡᠭᠦᠨ᠎ᠢ ᠶᠡᠷᠦᠩᠬᠡᠢᠯᠡᠨ ᠵᠠᠰᠠᠬᠤ ᠲᠥᠪ᠎ᠦᠨ ᠵᠢᠷᠤᠮᠵᠢᠭ᠍ᠰᠠᠨ ᠪᠠᠢᠭᠤᠯᠤᠯᠲᠠ᠎ᠶ᠋ᠢᠨ ᠲᠦᠪᠱᠢᠨ᠎ᠢ ᠳᠡᠭᠡᠭ᠌ᠰᠢᠯᠡᠭᠦᠯᠬᠦ᠌ ᠬᠦᠴᠦᠲᠡᠢ ᠭᠠᠷᠳᠠᠴᠠ ᠪᠣᠯᠭᠠᠵᠤ ᠂ ᠲᠠᠪᠴᠠᠩ᠎ᠢ ᠰᠠᠢᠲᠤᠷ ᠬᠡᠷᠡᠭ᠌ᠯᠡᠬᠦ᠌᠂ ᠰᠠᠢᠲᠤᠷ ᠬᠠᠮᠢᠶᠠᠷᠬᠤ᠎ᠪᠠᠷ ᠬᠠᠷᠠᠯᠲᠠ ᠪᠣᠯᠭᠠᠵᠤ᠂ ᠵᠠᠰᠠᠯᠲᠠ᠎ᠶ᠋ᠢᠨ ᠵᠠᠭ᠍ᠪᠤᠷ᠎ᠢ ᠰᠠᠨᠠᠭᠠᠴᠢᠯᠠᠭᠠᠲᠤ ᠪᠤᠰᠤ᠎ᠪᠠᠷ ᠠᠷᠭᠠᠴᠠᠭᠠᠵᠤ ᠪᠠᠢᠭ᠍ᠰᠠᠨ᠎ᠡᠴᠡ ᠰᠠᠨᠠᠭᠠᠴᠢᠯᠠᠭ᠎ᠠ᠎ᠡᠴᠡ᠎ᠪᠠᠨ ᠲᠥᠰᠦᠭᠡᠯᠡᠬᠦ᠌᠂ ᠲᠤᠷᠱᠢᠯᠭ᠎ᠠ᠎ᠪᠠᠷ᠎ᠢᠶᠠᠨ ᠮᠠᠭᠠᠳᠯᠠᠬᠤ᠎ᠡᠴᠡ ᠲᠣᠭ᠎ᠠ ᠪᠠᠷᠢᠮᠲᠠ᠎ᠶ᠋ᠢᠨ ᠱᠢᠢᠳᠪᠦᠷᠢᠲᠦ ᠪᠤᠳᠤᠯᠭ᠎ᠠ ᠲᠣᠭ᠍ᠲᠠᠭᠠᠬᠤ ᠲᠡᠢᠰᠢ ᠬᠤᠪᠢᠷᠠᠭᠤᠯᠬᠤ᠎ᠶ᠋ᠢ ᠠᠬᠢᠭᠤᠯᠵᠤ ᠂ ᠦᠨᠳᠦᠰᠦᠨ ᠱᠠᠲᠤᠨ᠎ᠤ ᠨᠡᠢᠭᠡᠮ᠎ᠦᠨ ᠵᠠᠰᠠᠯᠲᠠ᠎ᠶ᠋ᠢᠨ 《ᠤᠶᠤᠨᠲᠤ ᠬᠥᠳᠡᠯᠭᠡᠭᠦᠷ》 ᠢ᠋ ᠪᠦᠬᠦ᠌ ᠬᠦᠴᠦ᠍᠎ᠪᠡᠷ᠎ᠢᠶᠡᠨ ᠴᠣᠭ᠍ᠴᠠᠯᠠᠪᠠ᠃

ᠮᠡᠳᠡᠭᠡ ᠵᠠᠩᠭᠢ᠎ᠶ᠋ᠢᠨ ᠲᠠᠪᠴᠠᠩ᠎ᠢ ᠳᠡᠯᠭᠡᠷᠡᠭᠦᠯᠬᠦ᠌ ᠨᠢ ᠲᠦᠷ ᠴᠠᠭ᠎ᠤᠨ ᠶᠠᠪᠤᠳᠠᠯ ᠪᠢᠰᠢ᠂ ᠬᠠᠷᠢᠨ ᠵᠠᠰᠠᠯᠲᠠ᠎ᠶ᠋ᠢᠨ ᠱᠢᠰᠲ᠋ᠧᠮ᠎ᠢ ᠳᠠᠬᠢᠨ ᠪᠠᠢᠭᠤᠯᠬᠤ᠎ᠳᠤ ᠬᠣᠯᠪᠣᠭ᠍ᠳᠠᠬᠤ ᠰᠠᠭᠤᠷᠢ ᠢᠨᠵᠧᠨᠧᠷᠢᠩ ᠪᠣᠯᠤᠨ᠎ᠠ᠃ ᠦᠬᠠᠶ ᠬᠣᠲᠠ᠎ᠶ᠋ᠢᠨ ᠨᠠᠮ᠎ᠤᠨ ᠬᠤᠷᠢᠶ᠎ᠠ ᠵᠢᠨ ᠤᠯᠤᠰ ᠲᠥᠷᠥ᠍ ᠬᠠᠤᠯᠢ ᠴᠠᠭᠠᠵᠠ᠎ᠶ᠋ᠢᠨ ᠬᠣᠷᠢᠶ᠎ᠠ ᠲᠦᠷᠦᠭᠦᠯᠡᠨ ᠶᠡᠷᠦᠩᠬᠡᠢᠯᠡᠨ ᠠᠳᠭᠤᠵᠤ᠂ 《ᠬᠣᠲᠠ᠎ᠶ᠋ᠢᠨ ᠱᠠᠲᠤ ᠡᠴᠡ ᠨᠢᠭᠡᠳᠦᠯᠲᠡᠶ ᠲᠥᠯᠥᠪᠵᠢᠬᠦᠯᠬᠦ᠂ ᠲᠤᠭᠤᠷᠢᠭ ᠤ᠋ᠨ ᠱᠠᠲᠤ ᠡᠴᠡ ᠭᠤᠤᠯᠯᠡᠨ ᠪᠠᠢᠯᠳᠤᠬᠤ᠂ ᠰᠠᠯᠠᠭ᠎ᠠ ᠮᠥᠴᠢᠷ ᠬᠠᠮᠵᠢᠯᠴᠠᠬᠤ᠂ ᠲᠦᠪ ᠡᠴᠡ ᠨᠠᠢᠳᠠᠪᠤᠷᠢᠵᠢᠭᠤᠯᠬᠤ》 ᠳᠡᠭᠡᠳᠦ ᠳᠤᠤᠷᠠᠳᠤ ᠱᠠᠲᠤ᠎ᠶ᠋ᠢ ᠨᠡᠪᠲᠡᠷᠡᠯᠴᠡᠭᠦᠯᠬᠦ᠌᠂ ᠵᠡᠷᠭᠡ᠎ᠪᠡᠷ ᠠᠳᠭᠤᠵᠤ ᠬᠠᠮᠲᠤ᠎ᠪᠠᠷ ᠬᠠᠮᠢᠶᠠᠷᠬᠤ ᠠᠵᠢᠯ᠎ᠤᠨ ᠪᠠᠢᠷᠢᠱᠢᠯ᠎ᠢ ᠢᠳᠡᠪᠬᠢᠲᠡᠶ ᠪᠠᠢᠭᠤᠯᠤᠨ ᠪᠦᠷᠢᠯᠳᠦᠭᠦᠯᠵᠦ᠍᠂ ᠲᠠᠪᠴᠠᠩ᠎ᠤᠨ ᠠᠵᠢᠯᠯᠠᠭᠠᠨ᠎ᠤ ᠠᠷᠭ᠎ᠠ ᠵᠠᠮ ᠲᠣᠳᠣᠷᠬᠠᠶ᠂ ᠯᠠᠪᠳᠠᠭᠤᠨ ᠪᠥᠭᠡᠳ ᠲᠦᠷᠭᠡᠨ ᠪᠠᠢᠬᠤ᠎ᠶ᠋ᠢ ᠦᠨᠡᠨ ᠬᠦ᠌ ᠪᠠᠲᠤᠯᠠᠪᠠ᠃ ᠦᠬᠠᠶ ᠬᠣᠲᠠ᠎ᠨᠢ ᠲᠣᠰ ᠬᠣᠲᠠ᠎ᠶ᠋ᠢᠨ 690 ᠲᠤᠤᠷᠵᠢᠯ ᠳ᠋ᠤ 《ᠲᠤᠤᠷᠵᠢᠯ᠎ᠤᠨ ᠨᠡᠪᠲᠡᠷᠡᠯᠴᠡᠭᠡ》 ᠭᠡᠬᠦ ᠱᠢᠯᠵᠢᠮᠡᠯ ᠦᠵᠦᠭᠦᠷᠯᠢᠭ ᠵᠢᠴᠢ ᠲᠤᠰᠭᠠᠶ ᠴᠢᠮᠡᠭᠡ ᠬᠣᠯᠪᠣᠭᠠᠨ᠎ᠤ ᠢᠵᠢ ᠦᠶ᠋ᠯᠡᠴᠢᠯᠡᠭᠡ᠎ᠶ᠋ᠢ ᠭᠦᠶ᠋ᠴᠡᠳ ᠲᠦᠬᠦᠷᠵᠢᠬᠦᠯᠵᠦ᠂ ᠲᠤᠤᠷᠵᠢᠯ᠎ᠤᠨ ᠠᠵᠢᠯᠲᠠᠨ᠎ᠤ ᠱᠢᠯᠵᠢᠮᠡᠯ ᠬᠣᠯᠪᠣᠭ᠎ᠠ᠎ᠪᠠᠷ ᠴᠤᠭ᠍ᠯᠠᠭᠤᠯᠬᠤ᠂ ᠴᠠᠭ ᠲᠤᠬᠠᠶ᠎ᠳᠤ᠎ᠨᠢ ᠳᠡᠭᠡᠭ᠌ᠰᠢ ᠮᠡᠳᠡᠭᠦᠯᠬᠦ᠌ ᠮᠡᠳᠡᠭᠡ ᠵᠠᠩᠭᠢᠵᠢᠯᠲᠠ᠎ᠶ᠋ᠢᠨ ᠠᠵᠢᠯ᠎ᠢ ᠪᠦᠷᠢᠨ ᠪᠥᠷᠬᠥᠭᠦᠯᠬᠦ᠌᠎ᠶ᠋ᠢ ᠪᠡᠶᠡᠯᠡᠭᠦᠯᠵᠦ᠍᠂ ᠬᠠᠲᠠᠭᠤ ᠲᠣᠨᠣᠭ᠎ᠤᠨ ᠲᠠᠯ᠎ᠡ ᠪᠡᠷ ᠲᠠᠪᠴᠠᠩ᠎ᠤᠨ ᠦᠨᠳᠦᠰᠦᠨ ᠱᠠᠲᠤᠨ᠎ᠳᠤ ᠵᠠᠯᠭᠠᠬᠤ 《ᠡᠴᠦᠰ᠎ᠦᠨ ᠨᠢᠭᠡ ᠮᠧᠲ᠋ᠷ》 ᠢ᠋ ᠨᠡᠪᠲᠡᠷᠡᠭᠦᠯᠵᠦ᠍᠂ ᠶᠡᠬᠡ ᠬᠡᠮᠵᠢᠶᠠᠨ᠎ᠤ᠂ ᠠᠮᠢᠳᠤ ᠰᠣᠷᠭᠣᠭ ᠲᠣᠭ᠎ᠠ ᠪᠠᠷᠢᠮᠲᠠ᠎ᠶ᠋ᠢ ᠳᠡᠭᠡᠭ᠌ᠰᠢ ᠳᠠᠮᠵᠢᠭᠤᠯᠬᠤ᠎ᠳᠤ ᠲᠣᠭ᠍ᠲᠠᠭᠤᠨ ᠨᠡᠪᠲᠡᠷᠡᠬᠦ᠌ ᠵᠠᠮ ᠬᠠᠩᠭᠠᠪᠠ᠃

ᠲᠠᠪᠴᠠᠩ᠎ᠤᠨ ᠠᠮᠢᠵᠢᠷᠠᠯ᠎ᠤᠨ ᠬᠦᠴᠦᠨ ᠨᠢ ᠬᠡᠷᠡᠭ᠌ᠯᠡᠯᠲᠡ᠎ᠳᠦ ᠪᠠᠢᠨ᠎ᠠ᠃ ᠦᠬᠠᠶ ᠬᠣᠲᠠ 《ᠬᠡᠷᠡᠭ᠌ᠯᠡᠬᠦ᠌᠎ᠪᠡᠷ ᠭᠤᠤᠯ ᠪᠣᠯᠭᠠᠵᠤ᠂ ᠪᠣᠳᠠᠲᠤ ᠪᠠᠢᠯᠳᠤᠭᠠᠨ᠎ᠢᠶᠡᠷ ᠬᠥᠲᠥᠯᠥᠨ ᠳᠠᠭᠠᠭᠤᠯᠬᠤ》 ᠶ᠋ᠢ ᠪᠠᠷᠢᠮᠲᠠᠯᠠᠵᠤ᠂ ᠲᠠᠪᠴᠠᠩ᠎ᠢ 《ᠬᠡᠷᠡᠭ᠌ᠯᠡᠬᠦ᠌》 ᠡᠴᠡ 《ᠦᠷ᠎ᠡ ᠪᠦᠳᠦᠮᠵᠢᠳᠠᠢ ᠬᠡᠷᠡᠭ᠌ᠯᠡᠬᠦ》 ᠶ᠋ᠢ ᠠᠬᠢᠭᠤᠯᠪᠠ᠃ ᠲᠠᠪᠴᠠᠩ᠎ᠢ ᠠᠵᠢᠯᠯᠠᠭᠤᠯᠬᠤ᠂ ᠬᠡᠷᠡᠭ᠎ᠢ ᠲᠡᠮᠳᠡᠭᠯᠡᠨ ᠣᠷᠣᠭᠤᠯᠬᠤ᠂ ᠲᠣᠭᠣᠷᠢᠨ ᠪᠠᠢᠴᠠᠭᠠᠵᠤ ᠰᠤᠷᠪᠤᠯᠵᠢᠯᠠᠬᠤ ᠵᠡᠷᠭᠡ ᠭᠤᠤᠯᠯᠠᠬᠤ ᠴᠢᠳᠠᠮᠵᠢ᠎ᠲᠠᠶ ᠤᠶᠠᠯᠳᠤᠭᠤᠯᠤᠨ᠂ ᠬᠣᠲᠠ᠂ ᠲᠣᠭᠣᠷᠢᠭ᠂ ᠪᠠᠯᠭᠠᠰᠤ (ᠵᠡᠭᠡᠯᠢ ᠭᠤᠳᠤᠮᠵᠢ)᠂ ᠲᠣᠰᠭᠣᠨ (ᠨᠡᠢᠭᠡᠮ ᠲᠣᠭᠣᠷᠢᠭ)᠂ ᠲᠤᠤᠷᠵᠢᠯ᠎ᠤᠨ ᠠᠵᠢᠯᠳᠠᠨ ᠵᠡᠷᠭᠡ ᠲᠠᠪᠤᠨ ᠱᠠᠲᠤ᠎ᠶ᠋ᠢ ᠬᠠᠮᠤᠷᠤᠭ᠍ᠰᠠᠨ ᠲᠤᠰᠭᠠᠶ ᠵᠦᠶ᠋ᠯ᠎ᠦᠨ ᠪᠣᠯᠪᠠᠰᠤᠷᠠᠯ᠎ᠢ 40 ᠭᠠᠷᠤᠶ ᠤᠳᠠᠭ᠎ᠠ ᠵᠣᠬᠢᠶᠠᠨ ᠪᠠᠢᠭᠤᠯᠵᠤ᠂ ᠨᠢᠭᠡᠳᠦᠭᠡᠷ ᠹᠷᠣᠨᠲ᠎ᠤᠨ ᠠᠵᠢᠯᠲᠠᠨ᠎ᠤ 《ᠬᠥᠮᠦᠨ ᠪᠦᠬᠦᠨ ᠬᠢᠵᠦ᠍ ᠴᠢᠳᠠᠬᠤ᠂ ᠬᠥᠮᠦᠨ ᠪᠦᠬᠦᠨ ᠬᠡᠷᠡᠭ᠌ᠯᠡᠵᠦ᠍ ᠴᠢᠳᠠᠬᠤ》 ᠶ᠋ᠢ ᠦᠨᠡᠨ ᠬᠦ᠌ ᠪᠠᠲᠤᠯᠠᠪᠠ᠃ ᠵᠥᠷᠢᠴᠡᠯ ᠵᠠᠭᠤᠷᠠᠯᠳᠤᠭᠠᠨ᠎ᠤ ᠠᠳᠠᠯᠢ ᠪᠤᠰᠤ ᠲᠥᠷᠥᠯ ᠢᠯᠭᠠᠯ ᠤ᠋ᠨ ᠮᠡᠳᠡᠭᠡ ᠵᠠᠩᠭᠢ ᠴᠤᠭ᠍ᠯᠠᠭᠤᠯᠬᠤ ᠪᠠᠷᠢᠮᠵᠢᠶ᠎ᠠ ᠪᠠ ᠲᠡᠮᠳᠡᠭᠯᠡᠨ ᠣᠷᠣᠭᠤᠯᠬᠤ ᠵᠢᠷᠤᠮᠵᠢᠯ᠎ᠢ ᠨᠠᠷᠢᠯᠢᠬ᠍ᠵᠢᠭᠤᠯᠤᠨ ᠲᠣᠳᠣᠷᠬᠠᠢᠯᠠᠵᠤ᠂ 《ᠰᠦᠯᠵᠢᠶᠡᠨ ᠳᠡᠭᠡᠷ᠎ᠡ ᠲᠦᠯᠦᠪᠯᠡᠭᠡ ᠶᠤᠰᠤᠭᠠᠷ ᠰᠢᠯᠵᠢᠬᠦᠯᠬᠦ᠂ ᠰᠦᠯᠵᠢᠶᠡᠨ ᠭᠠᠳᠠᠨ᠎ᠠ ᠵᠡᠷᠭᠡ ᠪᠡᠷ ᠱᠠᠯᠠᠪᠳᠠᠭᠤᠯᠤᠨ ᠭᠦᠶ᠋ᠴᠡᠳᠭᠡᠬᠦ᠌》 ᠬᠤᠤᠰ ᠳᠦᠷᠢᠮᠲᠦ ᠪᠢᠲᠡᠭᠦᠦ ᠴᠠᠭᠠᠷᠢᠭ᠎ᠤᠨ ᠬᠠᠮᠢᠶᠠᠷᠤᠯᠲᠠ᠎ᠶ᠋ᠢᠨ ᠲᠣᠭ᠍ᠲᠠᠴᠠ᠎ᠶ᠋ᠢ ᠪᠠᠢᠭᠤᠯᠪᠠ᠃ ᠰᠠᠭᠤᠷᠢ ᠲᠣᠭ᠎ᠠ ᠪᠠᠷᠢᠮᠲᠠ ᠣᠨᠣᠪᠴᠢ ᠥᠬᠡᠶ᠂ ᠠᠮᠢᠳᠤᠯᠢᠭ ᠪᠤᠰᠤ ᠪᠠᠢᠭ᠎ᠠ ᠵᠠᠰᠠᠯᠲᠠ᠎ᠶ᠋ᠢᠨ ᠡᠮᠵᠡᠭ ᠭᠠᠵᠠᠷ᠎ᠲᠤ ᠴᠢᠭ᠌ᠯᠡᠭᠦᠯᠦᠨ᠂ ᠬᠠᠮᠢᠶ᠎ᠠ ᠪᠥᠬᠥᠶ ᠰᠠᠯᠠᠭ᠎ᠠ ᠮᠥᠴᠢᠷ᠎ᠲᠡᠶ ᠰᠠᠨᠠᠭᠠᠴᠢᠯᠠᠭ᠎ᠠ᠎ᠡᠴᠡ᠎ᠪᠠᠨ ᠵᠣᠯᠭᠠᠯᠳᠤᠭᠤᠯᠵᠤ ᠲᠣᠭ᠎ᠠ ᠪᠠᠷᠢᠮᠲᠠ᠎ᠶ᠋ᠢᠨ ᠳᠡᠮᠵᠢᠯᠭᠡ᠎ᠶ᠋ᠢ ᠴᠢᠷᠮᠠᠢᠨ ᠣᠯᠵᠤ᠂ ᠪᠥᠬᠥ᠌ ᠲᠤᠤᠷᠵᠢᠯ᠎ᠤᠨ ᠠᠵᠢᠯᠲᠠᠳ᠎ᠢ ᠳᠠᠢᠴᠢᠯᠠᠨ ᠬᠥᠮᠦᠨ ᠠᠮᠠ᠎ᠶ᠋ᠢᠨ ᠮᠡᠳᠡᠭᠡ ᠵᠠᠩᠭᠢ᠎ᠶ᠋ᠢ ᠬᠠᠷᠭᠤᠭᠤᠯᠬᠤ ᠪᠠ ᠲᠠᠨᠢᠵᠤ ᠠᠪᠬᠤ ᠠᠵᠢᠯ᠎ᠢ ᠥᠷᠨᠢᠭᠦᠯᠪᠡ᠃ ᠦᠯᠡᠳᠡᠭᠡᠯ ᠦᠭᠡᠢ ᠱᠦᠭᠦᠷᠳᠡᠬᠦ ᠮᠠᠶᠢᠭ ᠤ᠋ᠨ ᠵᠢᠭ᠍ᠰᠠᠭᠠᠨ ᠪᠠᠢᠴᠠᠭᠠᠯᠲᠠ ᠪᠠ ᠨᠠᠷᠢᠯᠢᠭ ᠣᠨᠣᠴᠠᠲᠠᠶ᠎ᠪᠠᠷ ᠲᠡᠮᠳᠡᠭᠯᠡᠨ ᠣᠷᠣᠭᠤᠯᠬᠤ᠎ᠪᠠᠷ ᠳᠡᠮᠵᠢᠨ᠂ ᠲᠣᠰ ᠬᠣᠲᠠ ᠬᠠᠷᠢᠶ᠎ᠠ ᠣᠷᠣᠨ᠎ᠤ 50 ᠭᠠᠷᠤᠶ ᠲᠦᠮᠡᠨ ᠬᠥᠮᠦᠨ ᠠᠮᠠ᠎ᠶ᠋ᠢᠨ ᠮᠡᠳᠡᠭᠡ ᠵᠠᠩᠭᠢ᠎ᠶ᠋ᠢ ᠲᠠᠨᠢᠵᠤ ᠠᠪᠬᠤ᠎ᠶ᠋ᠢ ᠪᠡᠶᠡᠯᠡᠭᠦᠯᠪᠡ᠃

ᠲᠠᠪᠴᠠᠩ᠎ᠤᠨ ᠲᠣᠭ᠎ᠠ ᠪᠠᠷᠢᠮᠲᠠ᠎ᠶ᠋ᠢᠨ ᠲᠠᠰᠤᠷᠠᠯᠲᠠ ᠥᠬᠡᠶ ᠬᠤᠷᠠᠮᠳᠤᠬᠤ ᠪᠠ ᠴᠢᠳᠠᠮᠵᠢ᠎ᠶ᠋ᠢᠨ ᠭᠦᠨᠵᠡᠭᠡᠢᠷᠡᠨ ᠬᠡᠷᠡᠭ᠌ᠯᠡᠭ᠌ᠳᠡᠬᠦ᠌᠎ᠶ᠋ᠢ ᠳᠠᠭᠠᠯᠳᠤᠨ᠂ ᠦᠨᠳᠦᠰᠦᠨ ᠱᠠᠲᠤᠨ᠎ᠤ ᠵᠠᠰᠠᠯᠲᠠ᠎ᠳᠤ ᠴᠢᠳᠠᠮᠵᠢ ᠣᠯᠭᠣᠭ᠍ᠰᠠᠨ 《ᠣᠶᠤᠨ ᠤᠬᠠᠭᠠᠨ》 ᠤ᠋ ᠦᠢᠯᠡᠳᠦᠯ ᠡᠳᠦᠷ ᠢᠷᠡᠬᠦᠶ᠎ᠡ ᠲᠣᠪᠣᠢᠮ᠎ᠠ ᠪᠣᠯᠵᠣ ᠪᠠᠢᠨ᠎ᠠ᠃ ᠣᠳᠣᠬᠠᠨ ᠪᠣᠯᠲᠠᠯ᠎ᠠ᠂ ᠲᠣᠰ ᠬᠣᠲᠠ᠎ᠶ᠋ᠢᠨ ᠲᠠᠪᠴᠠᠩ ᠨᠢᠭᠡᠨᠲᠡ 2600 ᠭᠠᠷᠤᠶ ᠵᠥᠷᠢᠴᠡᠯ ᠵᠠᠭᠤᠷᠠᠯᠳᠤᠭᠠᠨ᠎ᠢ ᠲᠡᠮᠳᠡᠭᠯᠡᠵᠦ ᠣᠷᠣᠭᠤᠯᠤᠭ᠍ᠰᠠᠨ ᠪᠥᠭᠡᠳ ᠠᠮᠵᠢᠯᠲᠠ᠎ᠲᠠᠶ ᠱᠢᠶ᠋ᠳᠪᠦᠷᠢᠯᠡᠵᠠᠶ᠃

《ᠨᠢᠭᠡᠨ ᠵᠥᠷᠢᠴᠡᠯ ᠵᠠᠭᠤᠷᠠᠯᠳᠤᠭᠠᠨ᠎ᠢ ᠰᠦᠯᠵᠢᠶᠡᠨ ᠳᠡᠭᠡᠷ᠎ᠡ ᠲᠡᠮᠳᠡᠭᠯᠡᠨ ᠣᠷᠣᠭᠤᠯᠬᠤ ᠪᠠ ᠪᠢᠲᠡᠭᠦᠦ ᠴᠠᠭᠠᠷᠢᠭ᠎ᠵᠢᠡᠷ ᠰᠢᠢᠳᠪᠦᠷᠢᠯᠡᠬᠦ᠎ᠡᠴᠡ ᠶᠡᠬᠡ ᠬᠡᠮᠵᠢᠶᠡᠨ᠎ᠦ ᠬᠥᠮᠦᠨ ᠠᠮᠠ᠎ᠶ᠋ᠢᠨ ᠲᠣᠭ᠎ᠠ ᠪᠠᠷᠢᠮᠲᠠ᠎ᠶ᠋ᠢ ᠬᠥᠳᠡᠯᠦᠩᠭᠦᠶ᠎ᠪᠡᠷ ᠬᠠᠮᠢᠶᠠᠷᠬᠤ ᠪᠠ ᠣᠨᠣᠪᠴᠢᠲᠠᠶ᠎ᠪᠠᠷ ᠲᠠᠨᠢᠵᠤ ᠠᠪᠬᠤ ᠬᠦᠷᠲᠡᠯ᠎ᠡ᠂ ᠳᠠᠬᠢᠭᠠᠳ ᠣᠷᠣᠨ ᠪᠦᠰᠡ᠎ᠶ᠋ᠢᠨ ᠠᠶᠤᠯ ᠲᠦᠭ᠌ᠰᠢᠭᠦᠷᠢ᠎ᠶ᠋ᠢ ᠪᠦᠬᠦᠯᠢ ᠴᠣᠭ᠍ᠴᠠ᠎ᠪᠠᠷ ᠰᠤᠳᠤᠯᠤᠨ ᠮᠠᠭᠠᠳᠯᠠᠬᠤ ᠪᠠ ᠣᠶᠤᠨᠴᠢ᠎ᠪᠠᠷ ᠤᠷᠢᠳᠴᠢᠯᠠᠨ ᠰᠡᠷᠡᠮᠵᠢᠯᠡᠭᠦᠯᠬᠦ᠌ ᠬᠦᠷᠲᠡᠯ᠎ᠡ᠂ ᠮᠠᠨ᠎ᠤ ᠬᠣᠲᠠ ᠶᠡᠷᠦᠩᠬᠡᠢᠯᠡᠨ ᠵᠠᠰᠠᠬᠤ ᠪᠠ ᠲᠤᠤᠷᠵᠢᠯ᠎ᠤᠨ ᠮᠡᠳᠡᠭᠡ ᠵᠠᠩᠭᠢ᠎ᠶ᠋ᠢᠨ ᠲᠠᠪᠴᠠᠩ᠎ᠢ ᠭᠦᠨᠵᠡᠭᠡᠶ ᠬᠡᠷᠡᠭ᠌ᠯᠡᠬᠦ᠌᠎ᠪᠡᠷ ᠳᠠᠮᠵᠢᠭᠤᠯᠤᠨ᠂ ᠵᠥᠷᠢᠴᠡᠯ ᠵᠠᠭᠤᠷᠠᠯᠳᠤᠭᠠᠨ᠎ᠢ ᠰᠢᠢᠳᠪᠦᠷᠢᠯᠡᠬᠦ ᠦᠷ᠎ᠡ ᠪᠦᠲᠦᠮᠵᠢ ᠪᠠ ᠨᠡᠢᠭᠡᠮ᠎ᠦᠨ ᠠᠮᠤᠷ ᠲᠦᠪᠱᠢᠨ᠎ᠦ ᠰᠡᠷᠭᠡᠢᠯᠡᠨ ᠡᠵᠡᠮᠳᠡᠬᠦ᠌ ᠣᠨᠣᠪᠴᠢ᠎ᠶ᠋ᠢᠨ ᠬᠡᠮᠵᠢᠶ᠎ᠡ᠎ᠶ᠋ᠢ ᠳᠡᠭᠡᠭ᠌ᠰᠢᠯᠡᠭᠦᠯᠦᠭ᠌ᠰᠡᠨ᠎ᠢᠶᠡᠷ ᠪᠠᠷᠠᠬᠤ ᠥᠬᠡᠶ᠂ ᠭᠤᠷᠪᠠᠨ ᠱᠠᠲᠤᠨ᠎ᠤ ᠶᠡᠷᠦᠩᠬᠡᠢᠯᠡᠨ ᠵᠠᠰᠠᠬᠤ ᠲᠥᠪ᠎ᠦᠨ ᠵᠢᠷᠤᠮᠵᠢᠭ᠍ᠰᠠᠨ ᠪᠠᠢᠭᠤᠯᠤᠯᠲᠠ᠂ ᠪᠣᠳᠠᠲᠤ ᠪᠠᠢᠯᠳᠤᠭᠠᠨ᠎ᠦ ᠠᠵᠢᠯᠯᠠᠭᠠᠨ᠎ᠤ ᠲᠦᠪᠱᠢᠨ᠎ᠢ ᠨᠠᠩ ᠬᠦᠴᠦᠲᠡᠶ ᠠᠬᠢᠭᠤᠯᠵᠠᠢ》 ᠭᠡᠵᠦ ᠦᠬᠠᠶ ᠬᠣᠲᠠ᠎ᠶ᠋ᠢᠨ ᠨᠠᠮ᠎ᠤᠨ ᠬᠤᠷᠢᠶ᠎ᠠ ᠵᠢᠨ ᠤᠯᠤᠰ ᠲᠥᠷᠥ᠍ ᠬᠠᠤᠯᠢ ᠴᠠᠭᠠᠵᠠ᠎ᠶ᠋ᠢᠨ ᠬᠤᠷᠢᠶ᠎ᠠ ᠵᠢᠨ ᠬᠤᠯᠪᠤᠭᠳᠠᠯ ᠪᠥᠬᠥᠶ ᠬᠠᠷᠢᠭᠤᠴᠠᠯᠭᠠᠲᠠᠨ ᠲᠠᠨᠢᠯᠴᠠᠭᠤᠯᠪᠠ᠃

ᠲᠤᠭᠠᠴᠢᠯᠠᠯᠳᠠ ᠪᠡᠷ ᠬᠦᠴᠦᠨ ᠣᠯᠭᠣᠬᠰᠠᠨ ᠵᠢᠡᠷ ᠦᠷ᠎ᠡ ᠪᠦᠲᠦᠮᠵᠢ ᠢᠯᠡᠷᠬᠡᠶ ᠪᠤᠯᠪᠠ᠃ ᠦᠬᠠᠶ ᠬᠣᠲᠠ ᠲᠠᠪᠴᠠᠩ᠎ᠤᠨ ᠲᠣᠭ᠎ᠠ ᠪᠠᠷᠢᠮᠲᠠ᠎ᠶ᠋ᠢᠨ ᠶᠠᠰᠤ ᠴᠢᠨᠠᠷ᠎ᠢ ᠬᠦᠴᠦᠯᠡᠨ ᠳᠡᠭᠡᠭ᠌ᠰᠢᠯᠡᠭᠦᠯᠵᠦ᠍᠂ ᠵᠥᠷᠢᠴᠡᠯ ᠵᠠᠭᠤᠷᠠᠯᠳᠤᠭᠠᠨ᠎ᠢ ᠪᠥᠬᠥ᠌ ᠬᠡᠮᠵᠢᠶ᠎ᠡ᠎ᠪᠡᠷ ᠴᠤᠭ᠍ᠯᠠᠭᠤᠯᠤᠨ᠂ ᠰᠠᠯᠠᠭ᠎ᠠ ᠮᠥᠴᠢᠷ ᠠᠯᠤᠰᠯᠠᠨ ᠬᠠᠮᠵᠢᠯᠴᠠᠨ ᠭᠦᠨᠵᠡᠭᠡᠶ ᠠᠭᠤᠰᠤᠯᠴᠠᠬᠤ᠎ᠶ᠋ᠢ ᠠᠬᠢᠭᠤᠯᠵᠤ᠂ 《ᠣᠶᠤᠨᠴᠢ ᠶᠡᠬᠡ ᠲᠠᠷᠢᠬᠢ》 ᠶ᠋ᠢ ᠨᠠᠩ ᠣᠶᠤᠨᠯᠢᠭ᠂ 《ᠮᠡᠳᠡᠷᠡᠯ᠎ᠦᠨ ᠦᠵᠦᠭᠦᠷ》 ᠢ᠋ ᠨᠠᠩ ᠰᠡᠷᠭᠡᠭ᠂ ᠵᠠᠭᠤᠷᠠᠯᠳᠤᠭᠠᠨ᠎ᠢ ᠱᠢᠶ᠋ᠳᠪᠦᠷᠢᠯᠡᠬᠦ᠌ 《ᠲᠦᠷᠭᠡᠨ᠎ᠦ ᠵᠠᠮ》 ᠢ᠋ ᠨᠠᠩ ᠰᠠᠭᠠᠳ ᠥᠬᠡᠶ ᠨᠡᠪᠲᠡᠷᠡᠭᠦᠯᠵᠤ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号