ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ ᠪᠠᠢᠩᠭᠤ᠎ᠶ᠋ᠢᠨ ᠬᠣᠷᠢᠶ᠎ᠠ ᠬᠤᠷᠠᠯ ᠬᠤᠷᠠᠯᠳᠤᠭᠤᠯᠵᠤ ᠶᠡᠷᠦᠩᠬᠡᠢ ᠱᠦᠵᠢ ᠰᠢ ᠵᠢᠨ ᠫᠢᠩ᠎ᠦᠨ ᠲᠥᠪ ᠤ᠋ᠨ ᠤᠯᠤᠰ ᠲᠦᠷᠦ᠍᠎ᠶ᠋ᠢᠨ ᠲᠣᠪᠴᠢᠶᠠᠨ᠎ᠤ ᠠᠷᠠᠳᠴᠢᠯᠠᠯ᠎ᠤᠨ ᠠᠮᠢᠳᠤᠷᠠᠯ᠎ᠤᠨ ᠬᠤᠷᠠᠯ ᠳᠡᠭᠡᠷᠡᠬᠢ ᠴᠢᠬᠤᠯᠠ ᠶᠠᠷᠢᠶ᠎ᠠ ᠵᠢ ᠰᠤᠷᠤᠯᠴᠠᠨ ᠲᠤᠭᠤᠱᠢᠯᠠᠭᠤᠯᠪᠠ
2026-01-10 10:42:44
ᠵᠣᠬᠢᠶᠠᠭ᠍ᠴᠢ᠄
ᠯᠢ ᠬᠠᠨ
ᠣᠩᠱᠢᠭ᠍ᠰᠠᠨ ᠣᠳᠠᠭ᠎ᠠ᠄
★★★☆☆

ᠸᠠᠩ ᠸᠧᠶ ᠵᠥᠩ ᠬᠤᠷᠠᠯ ᠢ᠋ ᠡᠷᠭᠢᠯᠡᠵᠠᠢ


1 ᠰᠠᠷ᠎ᠠ᠎ᠶ᠋ᠢᠨ 9 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢᠩᠭᠤ᠎ᠶ᠋ᠢᠨ ᠬᠣᠷᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠵᠢᠨ ᠫᠢᠩ᠎ᠦᠨ ᠲᠥᠪ᠎ᠦᠨ ᠤᠯᠤᠰ ᠲᠥᠷᠥ᠎ᠶ᠋ᠢᠨ ᠲᠣᠪᠴᠢᠶᠠᠨ᠎ᠤ ᠠᠷᠠᠳᠴᠢᠯᠠᠯ᠎ᠤᠨ ᠠᠮᠢᠳᠤᠷᠠᠯ᠎ᠤᠨ ᠬᠤᠷᠠᠯ ᠳᠡᠭᠡᠷᠡᠬᠢ ᠴᠢᠬᠤᠯᠠ ᠶᠠᠷᠢᠶ᠎ᠠ᠎ᠶ᠋ᠢ ᠤᠯᠠᠮᠵᠢᠯᠠᠨ ᠰᠤᠷᠤᠯᠴᠠᠵᠤ᠂ ᠲᠤᠭᠤᠱᠢᠯᠠᠭᠤᠯᠤᠨ ᠨᠠᠢᠳᠠᠪᠤᠷᠢᠵᠢᠭᠤᠯᠬᠤ ᠠᠵᠢᠯ᠎ᠢ ᠰᠤᠳᠤᠯᠤᠨ ᠪᠠᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ ᠱᠦᠵᠢ ᠸᠠᠩ ᠸᠧᠶ ᠵᠥᠩ ᠬᠤᠷᠠᠯ᠎ᠢ ᠡᠷᠭᠢᠯᠡᠪᠡ᠃

ᠬᠤᠷᠠᠯ᠎ᠡᠴᠡ᠂ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠶᠠᠷᠢᠶ᠎ᠠ ᠨᠢ ᠲᠥᠪ᠎ᠦᠨ ᠨᠠᠢ᠍ᠮᠠᠨ ᠲᠣᠭ᠍ᠲᠠᠭᠠᠯ᠎ᠤᠨ ᠵᠣᠷᠢᠭ ᠰᠠᠨᠠᠭ᠎ᠠ᠎ᠶ᠋ᠢ ᠴᠥᠬᠥᠷᠡᠰᠢ ᠦᠭᠡᠢ ᠨᠠᠢᠳᠠᠪᠤᠷᠢᠵᠢᠭᠤᠯᠵᠤ᠂ ᠰᠤᠷᠲᠠᠯ᠎ᠤᠨ ᠪᠠᠢᠭᠤᠯᠤᠯᠲᠠ᠎ᠶ᠋ᠢ ᠪᠠᠢᠩᠭᠤᠵᠢᠭᠤᠯᠵᠤ ᠤᠷᠲᠤ ᠬᠤᠭᠤᠴᠠᠭ᠎ᠠ ᠪᠦᠲᠦᠮᠵᠢᠲᠡᠢ ᠪᠠᠢᠯᠭᠠᠬᠤ ᠵᠢ ᠠᠬᠢᠭᠤᠯᠬᠤ᠎ᠳᠤ ᠴᠢᠬᠤᠯᠠ ᠵᠢᠷᠤᠮᠯᠠᠯ ᠬᠠᠩᠭᠠᠵᠠᠢ᠃ ᠪᠥᠬᠥ᠌ ᠣᠷᠣᠨ᠎ᠤ ᠥᠷᠭᠡᠨ ᠣᠯᠠᠨ ᠨᠠᠮ᠎ᠤᠨ ᠭᠡᠱᠢᠭᠦᠨ ᠤᠳᠤᠷᠢᠳᠭᠤ ᠺᠠᠳ᠋ᠷ ᠢᠯᠠᠩᠭᠤᠶ᠎ᠠ ᠮᠤᠵᠢ᠎ᠶ᠋ᠢᠨ ᠲᠠᠰ᠎ᠤᠨ ᠤᠳᠤᠷᠢᠳᠭᠤ ᠨᠥᠬᠥᠳ ᠶᠡᠷᠦᠩᠬᠡᠶ ᠱᠦᠵᠢ ᠰᠢ ᠵᠢᠨ ᠫᠢᠩ᠎ᠦᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠨᠠᠷᠢᠨ ᠬᠢᠨᠠᠮᠠᠭᠠᠶ ᠰᠤᠷᠤᠯᠴᠠᠨ ᠲᠤᠭᠤᠱᠢᠯᠠᠭᠤᠯᠵᠤ᠂ ᠪᠠᠲᠤ ᠢᠲᠡᠭᠡᠬᠦ᠌᠂ ᠪᠣᠳᠠᠲᠠᠶ᠎ᠶ᠋ᠢ ᠡᠷᠬᠢᠮᠯᠡᠬᠦ᠌᠂ ᠬᠠᠷᠢᠭᠤᠴᠠᠯᠭ᠎ᠠ ᠡᠭᠦᠷᠭᠡᠯᠡᠬᠦ᠌᠂ ᠥᠪᠡᠷ᠎ᠢ᠎ᠪᠡᠨ ᠱᠠᠭᠠᠷᠳᠠᠬᠤ ᠲᠤᠬᠠᠢ ᠴᠢᠬᠤᠯᠠ ᠱᠠᠭᠠᠷᠳᠠᠯᠭ᠎ᠠ᠎ᠶ᠋ᠢ ᠭᠦᠨᠵᠡᠭᠡᠶ ᠣᠢᠯᠠᠭᠠᠵᠤ᠂ ᠤᠬᠠᠮᠰᠠᠷ᠎ᠡᠴᠡ᠎ᠪᠠᠨ ᠦᠶ᠋ᠯᠡᠳᠦᠯᠭᠡᠵᠢᠭᠦᠯᠵᠦ᠍᠂ ᠣᠷᠣᠨ ᠳᠠᠶᠠᠭᠠᠷ ᠲᠤ᠌ ᠲᠦᠷᠢᠮ ᠲᠣᠭ᠍ᠲᠠᠭᠠᠯ᠎ᠢ ᠵᠢᠷᠤᠮᠯᠠᠨ ᠰᠠᠬᠢᠯᠭ᠎ᠠ ᠪᠠᠲᠤ᠎ᠶ᠋ᠢ ᠰᠠᠬᠢᠬᠤ᠂ ᠠᠵᠢᠯ  ᠬᠢᠵᠦ᠍  ᠦᠶ᠋ᠯᠡᠰ  ᠪᠤᠰᠭᠠᠬᠤ  ᠰᠠᠢᠨ  ᠰᠠᠢᠬᠠᠨ  ᠬᠡᠪ  ᠰᠤᠷᠲᠠᠯ ᠎ᠢ  ᠪᠦᠷᠢᠯᠳᠦᠭᠦᠯᠬᠦ᠌ ᠎ᠶ᠋ᠢ  ᠬᠥᠲᠥᠯᠥᠨ  ᠳᠠᠭᠠᠭᠤᠯᠬᠤ  ᠬᠡᠷᠡᠭ᠌ᠲᠡᠶ ᠃  ᠰᠤᠷᠤᠯᠴᠠᠯᠭ᠎ᠠ  ᠵᠢ  ᠶᠡᠬᠡ  ᠪᠡᠷ  ᠡᠷᠬᠢᠮᠯᠡᠵᠤ ᠂  ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠂ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠢ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠨᠠᠷᠢᠨ ᠣᠢᠯᠠᠭᠠᠵᠤ᠂ ᠤᠯᠤᠰ ᠳᠦᠷᠦ᠍᠎ᠶ᠋ᠢᠨ ᠴᠢᠳᠠᠪᠤᠷᠢ᠎ᠪᠠᠨ ᠳᠠᠰᠤᠷᠠᠯᠳᠠ ᠦᠬᠡᠢ ᠳᠡᠭᠡᠭ᠌ᠰᠢᠯᠡᠭᠦᠯᠵᠦ᠍᠂ ᠢᠲᠡᠭᠡᠯ ᠪᠢᠱᠢᠷᠡᠯ ᠢᠳᠡᠭᠡᠯ ᠵᠤᠷᠢᠭ᠎ᠢᠶᠡᠨ ᠪᠠᠲᠤᠳᠭᠠᠬᠤ ᠲᠠᠯ᠎ᠠ᠎ᠪᠠᠷ ᠳᠠᠭᠤᠷᠢᠶᠠᠯ ᠪᠣᠯᠬᠤ ᠬᠡᠷᠡᠭ᠌ᠲᠡᠢ᠃ ᠭᠦᠨᠵᠡᠭᠡᠢ ᠪᠠᠢᠴᠠᠭᠠᠨ ᠰᠤᠳᠤᠯᠵᠤ᠂ ᠪᠣᠳᠠᠲᠤ ᠪᠠᠢᠳᠠᠯ᠎ᠢ ᠪᠠᠢᠴᠠᠭᠠᠨ᠂ ᠪᠣᠳᠠᠲᠠᠢ ᠠᠷᠭ᠎ᠠ ᠭᠠᠷᠭᠠᠵᠤ᠂ ᠪᠣᠳᠠᠲᠤ ᠶᠠᠪᠤᠳᠠᠯ ᠬᠢᠵᠦ᠍᠂ ᠪᠣᠳᠠᠲᠤ ᠦᠷ᠎ᠡ ᠪᠦᠲᠦᠮᠵᠢ᠎ᠶ᠋ᠢ ᠡᠷᠬᠢᠮᠯᠡᠨ᠂ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠲᠤᠬᠠᠢ ᠵᠥᠪ ᠦᠵᠡᠯᠲᠡ᠎ᠶ᠋ᠢ ᠪᠤᠢ ᠪᠣᠯᠭᠠᠨ ᠦᠢᠯᠡᠳᠦᠯᠭᠡᠵᠢᠭᠦᠯᠵᠦ᠍᠂ ᠦᠨᠡᠨ᠎ᠢ ᠪᠠᠷᠢᠮᠲᠠᠯᠠᠨ ᠪᠣᠳᠠᠳᠠᠢ᠎ᠶ᠋ᠢ ᠡᠷᠬᠢᠮᠯᠡᠬᠦ᠌ ᠵᠢ ᠠᠵᠢᠯᠯᠠᠭ᠎ᠠ ᠲᠡᠬᠡᠷ᠎ᠡ ᠪᠠᠨ ᠢᠯᠡᠷᠡᠬᠦᠯᠬᠦ ᠬᠡᠷᠡᠭ᠌ᠲᠡᠢ᠃ ᠦᠨᠡᠨ ᠬᠦ᠌ ᠠᠳᠭᠤᠨ ᠪᠣᠳᠠᠲᠠᠢ ᠠᠵᠢᠯᠯᠠᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ 《1571》 ᠠᠵᠢᠯ᠎ᠤᠨ ᠪᠠᠢᠷᠢᠯᠠᠭᠤᠯᠤᠯᠲᠠ᠎ᠶ᠋ᠢᠨ ᠲᠣᠭᠣᠷᠢᠨ᠎ᠳᠤ ᠬᠡᠷᠡᠭ᠌ᠵᠢᠭᠦᠯᠬᠦ᠌ ᠴᠢᠨᠠᠷ᠎ᠢᠶᠠᠷ ᠴᠢᠩᠭ᠎ᠠ ᠰᠡᠳᠭᠢᠮᠵᠢ ᠠᠷᠭ᠎ᠠ ᠬᠡᠮᠵᠢᠶ᠎ᠠ᠎ᠶ᠋ᠢ ᠰᠤᠳᠤᠯᠤᠨ ᠳᠤᠷᠠᠳᠴᠤ᠌᠂ ᠵᠣᠷᠢᠭ᠍ᠲᠠᠢ᠎ᠪᠠᠷ ᠠᠰᠠᠭᠤᠳᠠᠯ᠎ᠳᠤ ᠱᠢᠭᠤᠳ ᠬᠠᠨᠳᠤᠵᠤ᠂ ᠵᠣᠷᠢᠭ᠍ᠲᠠᠢ᠎ᠪᠠᠷ ᠬᠦᠴᠢᠷ᠎ᠢ ᠲᠤᠭᠤᠯᠤᠨ ᠪᠡᠷᠬᠡ᠎ᠶ᠋ᠢ ᠳᠠᠪᠠᠵᠤ᠂ ᠠᠵᠢᠯ ᠶᠠᠪᠤᠳᠠᠯ᠎ᠢ ᠰᠦᠪᠡᠭ᠌ᠴᠢᠯᠡᠨ ᠠᠵᠢᠯ ᠶᠠᠪᠤᠳᠠᠯ ᠬᠢᠬᠦ᠌ ᠲᠠᠯ᠎ᠠ᠎ᠪᠠᠷ ᠬᠠᠷᠢᠭᠤᠴᠠᠯᠭ᠎ᠠ ᠡᠭᠦᠷᠭᠡᠯᠡᠬᠦ᠌ ᠬᠡᠷᠡᠭ᠌ᠲᠡᠢ᠃ ᠠᠷᠢᠭᠤᠨ ᠴᠢᠬᠡᠴᠢ ᠪᠠᠢᠵᠤ᠂ ᠠᠷᠠᠳᠴᠢᠯᠠᠯ ᠲᠥᠪᠯᠡᠷᠡᠯ᠎ᠦᠨ ᠶᠣᠰᠣ᠎ᠶ᠋ᠢ ᠤᠬᠠᠮᠰᠠᠷ᠎ᠡᠴᠡ᠎ᠪᠠᠨ ᠲᠤᠭᠤᠱᠢᠯᠠᠭᠤᠯᠵᠤ᠂ ᠤᠬᠠᠮᠰᠠᠷ᠎ᠡᠴᠡ᠎ᠪᠠᠨ ᠲᠦᠷᠢᠮ ᠲᠣᠭ᠍ᠲᠠᠭᠠᠯ ᠶᠣᠰᠣᠭᠠᠷ ᠠᠵᠢᠯ ᠶᠠᠪᠤᠳᠠᠯ ᠭᠦᠢᠴᠡᠳᠭᠡᠵᠤ᠂ ᠡᠯ᠎ᠡ ᠵᠦᠢᠯ᠎ᠦᠨ ᠲᠥᠪ ᠪᠤᠰᠤ ᠰᠤᠷᠲᠠᠯ ᠪᠠ ᠢᠯᠵᠢᠷᠠᠮᠠᠯ ᠦᠵᠡᠭ᠌ᠳᠡᠯ᠎ᠲᠡᠶ ᠡᠷᠡᠰ ᠲᠡᠮᠡᠴᠡᠵᠦ᠍᠂ ᠲᠦᠷᠢᠮ ᠲᠣᠭ᠍ᠲᠠᠭᠠᠯ᠎ᠢ ᠵᠢᠷᠤᠮᠯᠠᠨ ᠰᠠᠬᠢᠯᠭ᠎ᠠ ᠪᠠᠲᠤ᠎ᠶ᠋ᠢ ᠰᠠᠬᠢᠬᠤ ᠲᠠᠯ᠎ᠠ᠎ᠪᠠᠷ ᠴᠢᠩᠭ᠎ᠠ ᠱᠠᠭᠠᠷᠳᠠᠬᠤ ᠬᠡᠷᠡᠭ᠌ᠲᠡᠢ ᠭᠡᠵᠤ ᠵᠢᠭᠠᠵᠤ ᠭᠠᠷᠭᠠᠪᠠ᠃

ᠬᠤᠷᠠᠯ᠎ᠡᠴᠡ᠂ ᠶᠡᠷᠦᠩᠬᠡᠢ ᠱᠦᠵᠢ ᠰᠢ ᠵᠢᠨ ᠫᠢᠩ᠎ᠦᠨ 《ᠬᠥᠳᠡᠭᠡ ᠠᠵᠤ ᠠᠬᠤᠢ ᠬᠥᠳᠡᠭᠡ ᠲᠣᠰᠭᠣᠨ ᠲᠠᠷᠢᠶᠠᠴᠢᠨ》 ᠤ᠋ ᠠᠵᠢᠯ᠎ᠢ ᠰᠠᠢᠲᠤᠷ ᠬᠢᠬᠦ᠌ ᠲᠤᠬᠠᠢ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠤᠭᠤᠱᠢᠯᠠᠭᠤᠯᠵᠤ᠂ ᠲᠥᠪ᠎ᠦᠨ ᠬᠥᠳᠡᠭᠡ ᠲᠣᠰᠭᠣᠨ᠎ᠤ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠨᠠᠢᠳᠠᠪᠤᠷᠢᠵᠢᠭᠤᠯᠵᠤ᠂ 《ᠮᠠᠯ ᠠᠵᠤ ᠠᠬᠤᠢ ᠲᠠᠷᠢᠶᠠᠯᠠᠩ ᠬᠥᠳᠡᠭᠡ ᠲᠣᠰᠭᠣᠨ ᠮᠠᠯᠵᠢᠬᠤ ᠣᠷᠣᠨ ᠮᠠᠯᠴᠢᠨ ᠲᠠᠷᠢᠶᠠᠴᠢᠨ》 ᠤ᠋ ᠠᠵᠢᠯ᠎ᠳᠠᠬᠢ ᠨᠠᠮ ᠤ᠋ᠨ ᠪᠦᠬᠦ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠪᠠᠷᠢᠮᠲᠠᠯᠠᠨ ᠴᠢᠩᠭᠠᠳᠭᠠᠵᠤ᠂ ᠬᠥᠳᠡᠭᠡ ᠲᠣᠰᠭᠣᠨ᠎ᠢ ᠪᠦᠬᠦ᠌ ᠲᠠᠯ᠎ᠠ᠎ᠪᠠᠷ ᠬᠥᠭ᠌ᠵᠢᠭᠦᠯᠦᠨ ᠮᠠᠨᠳᠤᠭᠤᠯᠬᠤ᠎ᠶ᠋ᠢ ᠯᠠᠪᠳᠠᠭᠤᠨ ᠪᠠᠲᠤᠲᠠᠢ ᠠᠬᠢᠭᠤᠯᠵᠤ᠂ ᠬᠥᠳᠡᠭᠡ ᠠᠵᠤ ᠠᠬᠤᠢ ᠬᠥᠳᠡᠭᠡ ᠲᠣᠰᠭᠣᠨ᠎ᠤ ᠣᠳᠣᠬᠢᠴᠢᠯᠠᠯᠲᠠ᠎ᠶ᠋ᠢ ᠠᠬᠢᠭᠤᠯᠬᠤ ᠳ᠋ᠤ ᠯᠠᠪᠳᠠᠭᠤᠨ ᠪᠠᠲᠤᠲᠠᠢ ᠠᠯᠬᠤᠮ᠎ᠢ ᠠᠯᠬᠤᠬᠤ ᠬᠡᠷᠡᠭ᠌ᠲᠡᠢ᠃ ᠤᠯᠤᠰ᠎ᠤᠨ ᠴᠢᠬᠤᠯᠠ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠦ ᠦᠶ᠋ᠯᠡᠳᠪᠦᠷᠢᠯᠡᠯ᠎ᠦᠨ ᠰᠠᠭᠤᠷᠢᠨ᠎ᠤ ᠪᠥᠲᠥᠭᠡᠨ ᠪᠠᠢᠭᠤᠯᠤᠯᠲᠠ᠎ᠶ᠋ᠢ ᠪᠥᠬᠥ᠌ ᠬᠦᠴᠦᠨ᠎ᠢᠶᠡᠷ᠎ᠢᠶᠡᠨ ᠠᠬᠢᠭᠤᠯᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠥᠲᠥᠭᠡᠨ ᠪᠠᠢᠭᠤᠯᠤᠯᠲᠠ᠂ ᠬᠠᠷ᠎ᠠ ᠬᠥᠷᠥᠰᠥᠲᠦ ᠭᠠᠵᠠᠷ᠎ᠢ ᠬᠠᠮᠠᠭᠠᠯᠠᠨ ᠠᠱᠢᠭ᠍ᠯᠠᠬᠤ ᠪᠠ ᠬᠤᠵᠢᠷᠯᠢᠭ ᠭᠠᠵᠠᠷ᠎ᠢ ᠶᠡᠷᠦᠩᠬᠡᠢᠯᠡᠨ ᠵᠠᠰᠠᠬᠤ ᠠᠵᠢᠯ᠎ᠢ ᠨᠢᠭᠡᠳᠦᠯᠲᠡᠶ ᠲᠥᠯᠥᠪᠵᠢᠭᠦᠯᠦᠨ ᠰᠠᠢᠲᠤᠷ ᠠᠳᠭᠤᠵᠤ᠂ 《ᠮᠠᠯ᠎ᠤᠨ ᠡᠭᠦᠯᠳᠡᠷ ᠪᠠ ᠲᠠᠷᠢᠶᠠᠨ ᠦᠷ᠎ᠠ》 ᠵᠢᠨ ᠢᠨᠵᠧᠨᠧᠷᠢᠩ᠎ᠢ ᠲᠦᠷᠭᠡᠳᠭᠡᠨ ᠬᠡᠷᠡᠭ᠌ᠵᠢᠭᠦᠯᠵᠦ᠍᠂ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠢ ᠨᠠᠷᠢᠯᠢᠭ ᠡᠳ᠋ᠱᠢᠭᠦᠯᠦᠨ ᠪᠤᠯᠪᠠᠰᠤᠷᠠᠭᠤᠯᠬᠤ ᠪᠠ ᠲᠥᠷᠥᠯ ᠲᠡᠮᠳᠡᠭ᠎ᠦᠨ ᠪᠥᠲᠥᠭᠡᠨ ᠪᠠᠢᠭᠤᠯᠤᠯᠲᠠ᠎ᠶ᠋ᠢᠨ ᠨᠠᠩ ᠶᠡᠬᠡ ᠦᠷ᠎ᠡ ᠪᠦᠲᠦᠮᠵᠢ ᠤᠯᠬᠤ᠎ᠶ᠋ᠢ ᠠᠬᠢᠭᠤᠯᠬᠤ ᠬᠡᠷᠡᠭ᠌ᠲᠡᠶ᠃ ᠶᠠᠳᠠᠭᠤ᠎ᠡᠴᠡ ᠠᠩᠭᠢᠵᠢᠷᠠᠭᠤᠯᠬᠤ ᠪᠣᠭᠣᠮᠲᠠ ᠱᠢᠪᠲᠤᠯᠤᠭ᠍ᠰᠠᠨ ᠦᠷ᠎ᠡ ᠪᠦᠲᠦᠭᠡᠯ᠎ᠢ ᠦᠷᠭᠦᠯᠵᠢᠯᠡᠨ ᠪᠡᠬᠢᠵᠢᠭᠦᠯᠦᠨ ᠥᠷᠭᠡᠳᠭᠡᠵᠦ᠍᠂ ᠬᠡᠪᠴᠢᠶᠡᠵᠢᠯ᠎ᠦᠨ ᠴᠢᠨᠠᠷᠲᠠᠢ ᠪᠡᠷ ᠳᠠᠬᠢᠨ ᠶᠠᠳᠠᠭᠤᠷᠠᠬᠤ ᠦᠭᠡᠢ ᠪᠠ ᠶᠠᠳᠠᠭᠤᠷᠠᠬᠤ ᠦᠭᠡᠢ ᠪᠠᠢᠬᠤ ᠬᠣᠷᠢᠭ᠎ᠠ ᠱᠤᠭᠤᠮ᠎ᠢ ᠪᠠᠲᠤ ᠰᠠᠬᠢᠬᠤ ᠬᠡᠷᠡᠭ᠌ᠲᠡᠢ᠃ ᠠᠷᠭ᠎ᠠ ᠪᠦᠬᠦᠨ᠎ᠢ ᠰᠦᠪᠡᠭ᠌ᠴᠢᠯᠡᠨ ᠮᠠᠯᠴᠢᠨ ᠲᠠᠷᠢᠶᠠᠴᠢᠳ᠎ᠤᠨ ᠣᠷᠣᠯᠭ᠎ᠠ᠎ᠶ᠋ᠢ ᠳᠡᠭᠡᠭ᠌ᠰᠢᠯᠡᠭᠦᠯᠵᠦ᠍᠂ ᠭᠠᠵᠠᠷ ᠣᠷᠣᠨ᠎ᠤ ᠪᠠᠢᠳᠠᠯ᠎ᠳᠠᠭᠠᠨ ᠲᠣᠬᠢᠷᠠᠭᠤᠯᠤᠨ ᠮᠠᠯᠴᠢᠨ ᠲᠠᠷᠢᠶᠠᠴᠢᠳ᠎ᠤᠨ ᠣᠷᠣᠯᠭ᠎ᠠ᠎ᠶ᠋ᠢ ᠨᠡᠮᠡᠭ᠌ᠳᠡᠭᠦᠯᠬᠦ᠌ ᠲᠥᠯᠥᠪᠯᠡᠭᠡ᠎ᠶ᠋ᠢ ᠲᠣᠭ᠍ᠲᠠᠭᠠᠨ ᠬᠡᠷᠡᠭ᠌ᠵᠢᠭᠦᠯᠵᠦ᠍᠂ ᠬᠦᠳᠡᠯᠮᠦᠷᠢᠯᠡᠬᠦ᠎ᠪᠠᠷ ᠲᠡᠳᠬᠦᠮᠵᠢ᠎ᠶ᠋ᠢ ᠣᠷᠣᠯᠠᠭᠤᠯᠬᠤ᠎ᠶ᠋ᠢ ᠶᠡᠬᠡ ᠪᠡᠷ ᠬᠡᠷᠡᠭ᠌ᠵᠢᠭᠦᠯᠵᠦ᠍᠂ ᠬᠤᠰᠢᠭᠤ ᠱᠢᠶᠠᠨ᠎ᠤ ᠠᠷᠠᠳ᠎ᠢ ᠪᠠᠶᠠᠵᠢᠭᠤᠯᠬᠤ ᠠᠵᠤ ᠦᠶ᠋ᠯᠡᠰ ᠪᠠ ᠭᠠᠴᠡᠭ᠎ᠠ ᠲᠣᠰᠭᠣᠨ᠎ᠤ ᠬᠠᠮᠲᠤ᠎ᠶ᠋ᠢᠨ ᠠᠵᠤ ᠠᠬᠤᠶ᠎ᠶ᠋ᠢ ᠦᠷᠭᠦᠯᠵᠢᠯᠡᠨ ᠪᠤᠵᠠᠭᠠᠢᠷᠠᠭᠤᠯᠬᠤ ᠬᠡᠷᠡᠭ᠌ᠲᠡᠶ᠃ 《ᠮᠢᠩᠭ᠎ᠠ ᠲᠦᠮᠡ᠎ᠶ᠋ᠢᠨ ᠢᠨᠵᠧᠨᠧᠷᠢᠩ》 ᠤ᠋ᠨ ᠲᠤᠷᠱᠢᠯᠭ᠎ᠠ᠎ᠶ᠋ᠢ ᠰᠤᠷᠤᠯᠴᠠᠨ ᠬᠡᠷᠡᠭ᠌ᠯᠡᠵᠦ᠍᠂ ᠣᠷᠣᠱᠢᠨ ᠰᠠᠭᠤᠬᠤ᠎ᠳᠤ ᠲᠣᠬᠢᠷᠠᠮᠵᠢᠲᠠᠶ ᠦᠶ᠋ᠯᠡᠰ ᠪᠤᠰᠭᠠᠬᠤ᠎ᠳᠤ ᠲᠣᠬᠢᠷᠠᠮᠵᠢᠲᠠᠶ ᠪᠠ ᠦᠵᠡᠰᠭᠦᠯᠡᠩᠲᠦ ᠰᠠᠢᠬᠠᠨ ᠬᠥᠳᠡᠭᠡ ᠲᠣᠰᠭᠣᠨ᠎ᠤ ᠪᠥᠲᠥᠭᠡᠨ ᠪᠠᠢᠭᠤᠯᠤᠯᠲᠠ᠎ᠶ᠋ᠢ ᠯᠠᠪᠳᠠᠭᠤᠨ ᠪᠠᠲᠤᠲᠠᠶ ᠠᠬᠢᠭᠤᠯᠵᠤ᠂ ᠰᠠᠭᠤᠷᠢ ᠲᠥᠬᠥᠭᠡᠷᠦᠮᠵᠢ ᠪᠠ ᠣᠯᠠᠨ ᠨᠡᠢᠲᠡ᠎ᠶ᠋ᠢᠨ ᠦᠶ᠋ᠯᠡᠴᠢᠯᠡᠭᠡᠨ᠎ᠦ ᠳᠤᠲᠠᠭᠤᠳᠠᠯ᠎ᠢ ᠨᠥᠬᠥᠪᠥᠷᠢᠯᠡᠵᠦ᠍᠂ ᠬᠠᠭᠤᠴᠢᠨ ᠪᠤᠯᠬᠢ ᠵᠠᠩ ᠳᠠᠳᠭᠠᠯ᠎ᠢ ᠥᠭᠡᠷᠡᠴᠢᠯᠡᠬᠦ᠌᠎ᠶ᠋ᠢ ᠶᠡᠬᠡ᠎ᠪᠡᠷ ᠠᠬᠢᠭᠤᠯᠬᠤ ᠬᠡᠷᠡᠭ᠌ᠲᠡᠶ᠃ ᠮᠠᠯᠵᠢᠬᠤ ᠲᠠᠷᠢᠶᠠᠯᠠᠬᠤ ᠣᠷᠣᠨ᠎ᠤ ᠥᠭᠡᠷᠡᠴᠢᠯᠡᠯᠲᠡ᠎ᠶ᠋ᠢ ᠦᠷᠭᠦᠯᠵᠢᠯᠡᠨ ᠭᠦᠨᠵᠡᠭᠡᠢᠷᠡᠭᠦᠯᠵᠦ᠍᠂ ᠬᠣᠶᠠᠳᠤᠭᠠᠷ ᠡᠭᠡᠯᠵᠢ᠎ᠶ᠋ᠢᠨ ᠭᠠᠵᠠᠷ ᠱᠢᠷᠣᠶ᠎ᠶ᠋ᠢ ᠤᠷᠲᠤᠳᠭᠠᠨ ᠳᠠᠭᠠᠭᠠᠴᠢᠯᠠᠭᠤᠯᠬᠤ ᠲᠤᠷᠱᠢᠯᠲᠠ᠎ᠶ᠋ᠢᠨ ᠴᠡᠭ ᠤ᠋ᠨ ᠠᠵᠢᠯ᠎ᠢ ᠰᠠᠢᠲᠤᠷ ᠠᠳᠭᠤᠬᠤ ᠬᠡᠷᠡᠭ᠌ᠲᠡᠶ ᠭᠡᠵᠤ ᠴᠢᠬᠤᠯᠠᠴᠢᠯᠠᠪᠠ᠃

ᠬᠤᠷᠠᠯ᠎ᠡᠴᠡ ᠶᠡᠷᠦᠩᠬᠡᠢ ᠱᠦᠵᠢ ᠰᠢ ᠵᠢᠨ ᠫᠢᠩ᠎ᠦᠨ 2026 ᠣᠨ᠎ᠤ ᠱᠢᠨ᠎ᠡ ᠵᠢᠯ᠎ᠦᠨ ᠪᠠᠶᠠᠷ᠎ᠤᠨ ᠦᠭᠡ᠎ᠶ᠋ᠢ ᠤᠯᠠᠮᠵᠢᠯᠠᠨ ᠰᠤᠷᠤᠯᠴᠠᠵᠦ᠍᠂ ᠶᠡᠷᠦᠩᠬᠡᠢ ᠱᠦᠵᠢ ᠰᠢ ᠵᠢᠨ ᠫᠢᠩ᠎ᠦᠨ ᠬᠦᠰᠡᠯ ᠨᠠᠢᠳᠠᠯᠭ᠎ᠠ᠎ᠶ᠋ᠢ ᠠᠵᠢᠯ ᠬᠢᠵᠦ᠍ ᠦᠢᠯᠡᠰ ᠪᠤᠰᠭᠠᠬᠤ ᠬᠦᠴᠦᠷᠬᠡᠭ ᠶᠡᠬᠡ ᠬᠥᠳᠡᠯᠭᠡᠬᠦ᠌ ᠬᠦᠴᠦᠨ ᠪᠣᠯᠭᠠᠨ ᠬᠤᠪᠢᠷᠠᠭᠤᠯᠵᠤ᠂ ᠬᠥᠭ᠌ᠵᠢᠯᠲᠡ᠎ᠶ᠋ᠢᠨ ᠢᠲᠡᠭᠡᠯ ᠵᠣᠷᠢᠭ᠎ᠢᠶᠠᠨ ᠨᠡᠮᠡᠭ᠌ᠳᠡᠭᠦᠯᠵᠦ᠍᠂ ᠬᠠᠷᠢᠭᠤᠴᠠᠯᠭ᠎ᠠ ᠡᠭᠦᠷᠭᠡᠯᠡᠯ᠎ᠢᠶᠡᠨ ᠴᠢᠩᠭᠠᠳᠭᠠᠵᠤ᠂ ᠥᠪᠥᠷ ᠮᠣᠩᠭᠣᠯ᠎ᠤᠨ ᠶᠠᠪᠤᠳᠠᠯ᠎ᠢ ᠨᠡᠩ ᠰᠠᠢᠲᠤᠷ ᠬᠢᠬᠦ᠌᠎ᠪᠡᠷ ᠴᠢᠷᠮᠠᠢᠬᠤ ᠬᠡᠷᠡᠭ᠌ᠲᠡᠢ ᠭᠡᠵᠦ᠍ ᠴᠢᠬᠤᠯᠠᠴᠢᠯᠠᠪᠠ᠃ ᠬᠤᠷᠠᠯ ᠡᠴᠡ ᠶᠡᠷᠦᠩᠬᠡᠶ ᠱᠦᠵᠢ ᠰᠢ ᠵᠢᠨ ᠫᠢᠩ᠎ᠦᠨ ᠪᠥᠬᠥ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ᠎ᠦ ᠱᠢᠨ᠎ᠡ ᠵᠢᠯ᠎ᠦᠨ ᠴᠠᠢᠯᠠᠯᠭ᠎ᠠ ᠳᠡᠭᠡᠷᠡᠬᠢ ᠴᠢᠬᠤᠯᠠ ᠶᠠᠷᠢᠶ᠎ᠠ᠎ᠶ᠋ᠢ ᠤᠯᠠᠮᠵᠢᠯᠠᠨ ᠰᠤᠷᠤᠯᠴᠠᠵᠤ᠂ ᠡᠯ᠎ᠡ ᠱᠠᠲᠤᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ᠎ᠬᠢᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ 《1571》 ᠠᠵᠢᠯ᠎ᠤᠨ ᠪᠠᠢᠷᠢᠯᠠᠭᠤᠯᠤᠯᠲᠠ᠎ᠯᠤᠭ᠎ᠠ ᠨᠢᠭ᠍ᠲᠠ ᠤᠶᠠᠯᠳᠤᠭᠤᠯᠤᠨ᠂ ᠤᠯᠤᠰ ᠲᠥᠷᠥ᠎ᠶ᠋ᠢᠨ ᠵᠥᠪᠯᠡᠯᠭᠡ ᠬᠢᠬᠦ᠌᠂ ᠠᠷᠠᠳᠴᠢᠯᠠᠯ᠎ᠢᠶᠠᠷ ᠬᠢᠨᠠᠯᠲᠠ ᠲᠠᠯᠪᠢᠬᠤ᠂ ᠲᠥᠷᠥ᠎ᠶ᠋ᠢᠨ ᠶᠠᠪᠤᠳᠠᠯ᠎ᠳᠤ ᠣᠷᠣᠯᠴᠠᠨ ᠲᠥᠷᠥ᠎ᠶ᠋ᠢᠨ ᠶᠠᠪᠤᠳᠠᠯ᠎ᠢ ᠵᠥᠪᠯᠡᠬᠦ᠌ ᠲᠤᠰᠢᠶᠠᠯ ᠬᠠᠷᠢᠭᠤᠴᠠᠯᠭ᠎ᠠ᠎ᠪᠠᠨ ᠨᠠᠷᠢᠨ ᠬᠢᠨᠠᠮᠠᠭᠠᠶ ᠭᠦᠶ᠋ᠴᠡᠳᠭᠡᠵᠦ᠍᠂ ᠥᠪᠥᠷ ᠮᠣᠩᠭᠣᠯ᠎ᠤᠨ ᠴᠢᠨᠠᠷ ᠰᠠᠢᠲᠠᠶ ᠬᠥᠭ᠌ᠵᠢᠯᠲᠡ ᠵᠢᠨ ᠲᠦᠯᠦᠬᠡ ᠨᠠᠩ ᠪᠦᠲᠦᠮᠵᠢᠲᠡᠶ ᠰᠡᠳᠭᠢᠯ᠎ᠢ ᠨᠢᠬᠳᠠᠷᠠᠭᠤᠯᠤᠨ ᠬᠦᠴᠦᠨ ᠴᠢᠳᠠᠯ᠎ᠢ ᠲᠦᠪᠯᠡᠷᠡᠬᠦᠯᠬᠦ  ᠬᠡᠷᠡᠭ᠌ᠲᠡᠶ ᠭᠡᠵᠦ᠍  ᠴᠢᠬᠤᠯᠠᠴᠢᠯᠠᠪᠠ ᠃ ᠬᠤᠷᠠᠯ ᠎ᠡᠴᠡ ᠶᠡᠷᠦᠩᠬᠡᠶ ᠱᠦᠵᠢ  ᠰᠢ ᠵᠢᠨ ᠫᠢᠩ᠎ᠦᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠡᠳᠦᠷ᠎ᠦᠨ ᠰᠣᠨᠢᠨ᠎ᠤ ᠬᠡᠪᠯᠡᠯ ᠡᠬᠢᠯᠡᠭ᠌ᠰᠡᠨ 40 ᠵᠢᠯ᠎ᠦᠨ ᠣᠶ᠎ᠳᠤ ᠢᠯᠡᠭᠡᠭ᠌ᠰᠡᠨ ᠪᠠᠶᠠᠷ᠎ᠤᠨ ᠵᠠᠬᠢᠳᠠᠯ᠎ᠢ ᠤᠯᠠᠮᠵᠢᠯᠠᠨ ᠰᠤᠷᠤᠯᠴᠠᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠰᠤᠳᠤᠯᠤᠨ ᠨᠡᠭᠡᠭᠡᠬᠦ᠌᠂ ᠦᠷ᠎ᠡ ᠪᠦᠲᠦᠭᠡᠯ᠎ᠢ ᠤᠨᠳᠤᠤᠱᠢᠭᠤᠯᠬᠤ᠂ ᠴᠢᠳᠠᠪᠤᠷᠢᠲᠠᠨ᠎ᠢ ᠬᠥᠮᠦᠵᠢᠭᠦᠯᠬᠦ᠌᠂ ᠱᠢᠨᠵᠢᠯᠡᠬᠦ᠌ ᠤᠬᠠᠭᠠᠨ᠎ᠤ ᠮᠡᠳᠡᠯᠭᠡ᠎ᠶ᠋ᠢ ᠲᠦᠭᠡᠮᠡᠯᠵᠢᠭᠦᠯᠬᠦ᠌ ᠵᠡᠷᠭᠡ ᠠᠵᠢᠯ᠎ᠢ ᠨᠢᠭᠡᠳᠦᠯᠲᠡᠶ ᠲᠥᠯᠥᠪᠵᠢᠭᠦᠯᠦᠨ ᠰᠠᠢᠲᠤᠷ ᠬᠢᠵᠦ᠍᠂ ᠥᠪᠥᠷ ᠮᠣᠩᠭᠣᠯ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠲᠦᠪᠱᠢᠨ᠎ᠢ ᠲᠦᠷᠭᠡᠳᠭᠡᠨ ᠳᠡᠭᠡᠭ᠌ᠰᠢᠯᠡᠭᠦᠯᠬᠦ᠌ ᠬᠡᠷᠡᠭ᠌ᠲᠡᠶ ᠭᠡᠵᠦ᠍ ᠴᠢᠬᠤᠯᠠᠴᠢᠯᠠᠪᠠ᠃

ᠬᠤᠷᠠᠯ᠎ᠡᠴᠡ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠪᠥᠬᠥ᠌ ᠲᠠᠯ᠎ᠠ᠎ᠪᠠᠷ ᠬᠠᠤᠯᠢ᠎ᠪᠠᠷ ᠤᠯᠤᠰ᠎ᠢᠶᠠᠨ ᠵᠠᠰᠠᠬᠤ ᠵᠢ ᠤᠳᠤᠷᠢᠳᠬᠤ ᠠᠵᠢᠯ ᠎ᠤᠨ ᠲᠦᠷᠢᠮ》 ᠤ᠋ᠨ ᠵᠣᠷᠢᠭ ᠰᠠᠨᠠᠭ᠎ᠠ᠎ᠶ᠋ᠢ ᠤᠯᠠᠮᠵᠢᠯᠠᠨ ᠰᠤᠷᠤᠯᠴᠠᠵᠤ᠂ ᠰᠢ ᠵᠢᠨ ᠫᠢᠩ᠎ᠦᠨ ᠬᠠᠤᠯᠢ ᠪᠡᠷ ᠵᠠᠰᠠᠬᠤ ᠦᠵᠡᠯ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠦᠶ᠋ᠯᠡᠳᠦᠯᠭᠡᠵᠢᠭᠦᠯᠵᠦ᠍᠂ 《ᠲᠦᠷᠢᠮ》 ᠢ᠋ ᠨᠠᠷᠢᠨ ᠬᠢᠨᠠᠮᠠᠭᠠᠶ ᠰᠤᠷᠤᠯᠴᠠᠨ ᠲᠤᠭᠤᠱᠢᠯᠠᠭᠤᠯᠵᠤ᠂ ᠬᠠᠤᠯᠢ ᠪᠡᠷ ᠵᠠᠰᠬᠠᠤ ᠪᠠᠢᠭᠤᠯᠤᠯᠲᠠ᠎ᠳᠠᠬᠢ ᠨᠠᠮ᠎ᠤᠨ ᠪᠥᠬᠥ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠪᠠᠷᠢᠮᠲᠠᠯᠠᠨ ᠴᠢᠩᠭᠠᠳᠭᠠᠵᠤ᠂ ᠱᠢᠨᠵᠢᠯᠡᠬᠦ᠌ ᠤᠬᠠᠭᠠᠨᠴᠢ᠎ᠪᠠᠷ ᠬᠠᠤᠯᠢ ᠲᠣᠭ᠍ᠲᠠᠭᠠᠬᠤ᠂ ᠬᠠᠤᠯᠢ᠎ᠶ᠋ᠢ ᠴᠢᠩᠭ᠎ᠠ ᠬᠡᠷᠡᠭ᠌ᠵᠢᠭᠦᠯᠬᠦ᠌᠂ ᠲᠥᠪ ᠭᠤᠤᠯᠴᠢ᠎ᠪᠠᠷ ᠬᠠᠤᠯᠢ ᠪᠠᠷᠢᠬᠤ᠂ ᠪᠥᠬᠥ᠌ ᠠᠷᠠᠳ᠎ᠢᠶᠠᠷ᠎ᠢᠶᠠᠨ ᠬᠠᠤᠯᠢ᠎ᠶ᠋ᠢ ᠰᠠᠬᠢᠬᠤ᠎ᠶ᠋ᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠨᠠᠩ ᠥᠨᠳᠥᠷ ᠲᠦᠪᠱᠢᠨ ᠪᠥᠬᠥᠶ ᠬᠠᠤᠯᠢ ᠪᠡᠷ ᠵᠠᠰᠠᠬᠤ ᠥᠪᠥᠷ ᠮᠣᠩᠭᠣᠯ᠎ᠢ ᠲᠦᠷᠭᠡᠳᠭᠡᠨ ᠪᠠᠢᠭᠤᠯᠬᠤ ᠬᠡᠷᠡᠭ᠌ᠲᠡᠶ ᠭᠡᠵᠦ᠍ ᠴᠢᠬᠤᠯᠠᠴᠢᠯᠠᠪᠠ᠃

ᠬᠤᠷᠠᠯ᠎ᠡᠴᠡ ᠪᠥᠬᠥ᠌ ᠤᠯᠤᠰ᠎ᠤᠨ ᠣᠷᠣᠨ ᠨᠤᠲᠤᠭ᠎ᠤᠨ ᠭᠠᠳᠠᠭᠠᠳᠤ ᠶᠠᠪᠤᠳᠠᠯ᠎ᠤᠨ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ᠎ᠶ᠋ᠢ ᠤᠯᠠᠮᠵᠢᠯᠠᠨ ᠰᠤᠷᠤᠯᠴᠠᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠭᠠᠳᠠᠭᠠᠳᠤ ᠶᠠᠪᠤᠳᠠᠯ᠎ᠤᠨ ᠠᠵᠢᠯ᠎ᠤᠨ ᠬᠤᠷᠢᠶ᠎ᠠ ᠵᠢᠨ 2025 ᠣᠨ᠎ᠤ ᠠᠵᠢᠯ᠎ᠤᠨ ᠪᠠᠢᠳᠠᠯ ᠪᠣᠯᠤᠨ 2026 ᠣᠨ᠎ᠤ ᠠᠵᠢᠯ᠎ᠤᠨ ᠲᠣᠬᠢᠷᠠᠭᠤᠯᠤᠯᠲᠠ᠎ᠶ᠋ᠢᠨ ᠬᠠᠷᠢᠭᠤ ᠮᠡᠳᠡᠭᠦᠯᠦᠯᠲᠡ᠎ᠶ᠋ᠢ ᠰᠣᠨᠣᠰᠴᠤ᠌᠂ 《2026 ᠣᠨ᠎ᠤ ᠪᠥᠬᠥ᠌ ᠣᠷᠣᠨ᠎ᠤ ᠠᠯᠪᠠᠨ ᠶᠠᠪᠤᠳᠠᠯ᠎ᠢᠶᠠᠷ ᠲᠦᠷ ᠴᠠᠭ ᠤᠯᠤᠰ (ᠬᠢᠯᠢ) ᠡᠴᠡ ᠭᠠᠷᠬᠤ ᠲᠥᠯᠥᠪᠯᠡᠭᠡ》 ᠶ᠋ᠢ ᠬᠢᠨᠠᠨ ᠵᠥᠪᠯᠡᠵᠦ᠍᠂ ᠰᠢ ᠵᠢᠨ ᠫᠢᠩ᠎ᠦᠨ ᠭᠠᠳᠠᠭᠠᠳᠤ ᠬᠠᠷᠢᠯᠴᠠᠭᠠᠨ᠎ᠤ ᠦᠵᠡᠯ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠵᠤ᠂ ᠲᠥᠪ᠎ᠦᠨ ᠬᠦᠷᠰᠢ ᠵᠡᠷᠭᠡᠯᠡᠳᠡᠭᠡ ᠵᠢᠨ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ᠎ᠶ᠋ᠢ ᠨᠠᠷᠢᠨ ᠬᠢᠨᠠᠮᠠᠭᠠᠶ ᠨᠠᠢᠳᠠᠪᠤᠷᠢᠵᠢᠭᠤᠯᠵᠤ᠂ ᠡᠯ᠎ᠡ ᠵᠦᠶ᠋ᠯ᠎ᠦᠨ ᠭᠠᠳᠠᠭᠠᠳᠤ ᠶᠠᠪᠤᠳᠠᠯ᠎ᠤᠨ ᠠᠵᠢᠯ᠎ᠢ ᠯᠠᠪᠳᠠᠭᠤᠨ ᠪᠠᠲᠤᠲᠠᠶ ᠰᠠᠢᠲᠤᠷ ᠬᠢᠵᠦ᠍᠂ ᠭᠠᠳᠠᠭᠠᠳᠤ᠎ᠯᠤᠭ᠎ᠠ᠎ᠶ᠋ᠢᠨ ᠰᠣᠯᠢᠯᠴᠠᠭ᠎ᠠ ᠬᠠᠮᠲᠤᠷᠠᠯᠴᠠᠭ᠎ᠠ᠎ᠪᠠᠨ ᠦᠷᠭᠦᠯᠵᠢᠯᠡᠨ ᠥᠷᠭᠡᠳᠭᠡᠵᠦ᠍᠂ ᠤᠯᠤᠰ᠎ᠤᠨ ᠶᠡᠷᠦᠩᠬᠡᠶ ᠭᠠᠳᠠᠭᠠᠳᠤ ᠬᠠᠷᠢᠯᠴᠠᠭ᠎ᠠ ᠪᠣᠯᠤᠨ ᠪᠥᠬᠥ᠌ ᠣᠷᠣᠨ᠎ᠤ ᠴᠢᠨᠠᠷ ᠰᠠᠢᠲᠠᠶ ᠬᠥᠭ᠌ᠵᠢᠯᠲᠡ᠎ᠳᠦ ᠨᠠᠩ ᠰᠠᠢᠲᠤᠷ ᠦᠶ᠋ᠯᠡᠴᠢᠯᠡᠬᠦ᠌ ᠬᠡᠷᠡᠭ᠌ᠲᠡᠶ ᠭᠡᠵᠦ᠍ ᠴᠢᠬᠤᠯᠠᠴᠢᠯᠠᠪᠠ᠃

ᠬᠤᠷᠠᠯ᠎ᠡᠴᠡ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠠᠪᠤᠳᠤᠭᠠᠷ ᠬᠤᠷᠠᠯ ᠪᠣᠯᠤᠨ ᠤᠯᠤᠰ ᠲᠥᠷᠥ᠎ᠶ᠋ᠢᠨ ᠵᠥᠪᠯᠡᠯᠭᠡᠨ᠎ᠦ ᠠᠷᠪᠠᠨ ᠭᠤᠷᠪᠠᠳᠤᠭᠠᠷ ᠬᠤᠭᠤᠴᠠᠭᠠᠨ᠎ᠤ ᠬᠣᠷᠢᠶ᠎ᠠ ᠵᠢᠨ ᠳᠥᠷᠪᠡᠳᠦᠭᠡᠷ ᠬᠤᠷᠠᠯ᠎ᠤᠨ ᠪᠡᠯᠡᠳᠭᠡᠯ ᠠᠵᠢᠯ᠎ᠤᠨ ᠪᠠᠢᠳᠠᠯ᠎ᠤᠨ ᠬᠠᠷᠢᠭᠤ ᠮᠡᠳᠡᠭᠦᠯᠦᠯᠲᠡ᠎ᠶ᠋ᠢ ᠰᠣᠨᠣᠰᠴᠤ᠌᠂ ᠥᠪᠡᠷᠲᠡᠭᠡᠨ ᠵᠠᠰᠠᠬᠤ ᠣᠷᠣᠨ᠎ᠤ ᠬᠣᠶᠠᠷ ᠬᠤᠷᠠᠯ᠎ᠳᠤ ᠳᠡᠪᠱᠢᠭᠦᠯᠵᠦ᠍ ᠬᠢᠨᠠᠨ ᠵᠥᠪᠯᠡᠭᠦᠯᠬᠦ᠌᠎ᠪᠡᠷ ᠪᠠᠢᠭ᠎ᠠ ᠬᠣᠯᠪᠣᠭ᠍ᠳᠠᠯ ᠪᠥᠬᠥᠶ ᠪᠢᠴᠢᠭ ᠮᠠᠲ᠋ᠧᠷᠢᠶᠠᠯ᠎ᠢ ᠰᠤᠳᠤᠯᠤᠭ᠍ᠰᠠᠨ ᠪᠥᠭᠡᠳ ᠬᠣᠶᠠᠷ ᠬᠤᠷᠠᠯ᠎ᠢ ᠰᠠᠢᠲᠤᠷ ᠬᠤᠷᠠᠯᠳᠤᠭᠤᠯᠬᠤ ᠲᠤᠬᠠᠶ ᠱᠠᠭᠠᠷᠳᠠᠯᠭ᠎ᠠ ᠳᠤᠷᠠᠳᠴᠠᠶ᠃

ᠬᠤᠷᠠᠯ᠎ᠡᠴᠡ ᠪᠠᠰᠠ ᠪᠤᠰᠤᠳ ᠵᠦᠢᠯ᠎ᠢ ᠰᠤᠳᠤᠯᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号