ᠲᠤᠱᠢᠶᠠᠯ᠎ᠳᠤ ᠲᠣᠮᠢᠯᠠᠬᠤ᠎ᠪᠠᠷ ᠪᠠᠢᠭ᠎ᠠ ᠺᠠᠳ᠋ᠷ᠎ᠢ ᠢᠯᠡ ᠨᠡᠢᠲᠡᠯᠡᠬᠦ᠌ ᠲᠤᠬᠠᠢ ᠠᠯᠪᠡᠨ ᠵᠠᠷᠯᠠᠯ
2026-01-10 13:50:00
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠰᠤᠳᠤᠯᠬᠤ᠎ᠪᠠᠷ ᠳᠠᠮᠵᠢᠨ᠂ ᠳᠡᠪᠱᠢᠭᠦᠯᠬᠦ᠌ ᠪᠠ ᠤᠯᠠᠮ ᠨᠢᠭᠡ ᠠᠯᠬᠤᠮ ᠬᠡᠷᠡᠭ᠌ᠯᠡᠬᠦ᠌᠎ᠪᠡᠷ ᠪᠠᠢᠭ᠎ᠠ ᠳᠣᠣᠷᠠᠬᠢ 11 ᠨᠡᠷᠡᠰ ᠺᠠᠳ᠋ᠷ᠎ᠢ ᠢᠯᠡ ᠨᠡᠢᠲᠡᠯᠡᠬᠦ᠌᠎ᠪᠡᠷ ᠲᠣᠭ᠍ᠲᠠᠪᠠ᠃

ᠨᠢᠭᠡ᠂ ᠢᠯᠡ ᠨᠡᠢᠲᠡᠯᠡᠬᠦ᠌ ᠨᠡᠷᠡᠰ

ᠶᠣᠣ ᠶᠠ ᠫᠢᠩ᠂ ᠡᠮᠡᠭ᠌ᠲᠡᠶ᠂ ᠬᠢᠲᠠᠳ ᠦᠨᠳᠦᠰᠦᠲᠡᠨ᠂ 1967 ᠣᠨ᠎ᠤ 8 ᠰᠠᠷ᠎ᠠ᠎ᠳᠤ ᠳᠦᠷᠦᠵᠡᠶ᠂ ᠶᠡᠬᠡ ᠰᠤᠷᠭᠠᠭᠤᠯᠢ ᠵᠢᠨ ᠰᠤᠷᠤᠯᠭ᠎ᠠ ᠵᠢᠨ ᠨᠠᠮᠳᠠᠷ ᠲᠠᠢ᠂ ᠰᠤᠷᠭᠠᠨ ᠬᠥᠮᠦᠵᠢᠯ᠎ᠦᠨ ᠤᠬᠠᠭᠠᠨ᠎ᠤ ᠪᠠᠴᠸᠯᠸᠷ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠭᠡᠱᠢᠭᠦᠨ᠂ ᠣᠲᠣ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠳᠡᠳ᠋ ᠨᠠᠷᠢᠨ ᠪᠢᠴᠢᠭ᠎ᠦᠨ ᠳᠠᠷᠤᠭ᠎ᠠ᠂ ᠪᠠᠢᠭᠤᠯᠭ᠎ᠠ᠎ᠶ᠋ᠢᠨ ᠨᠠᠮ᠎ᠤᠨ ᠤᠳᠤᠷᠢᠳᠭᠤ ᠳᠤᠭᠤᠢᠯᠠᠩ᠎ᠤᠨ ᠪᠦᠷᠢᠯᠳᠦᠬᠦᠨ᠎ᠦ ᠲᠤᠱᠢᠶᠠᠯ᠎ᠢ ᠡᠭᠦᠷᠭᠡᠯᠡᠵᠦ᠍ ᠪᠣᠶ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠪᠠᠢᠭᠤᠯᠭ᠎ᠠ᠎ᠶ᠋ᠢᠨ ᠳᠣᠲᠣᠭᠠᠳᠤ᠎ᠶ᠋ᠢᠨ ᠪᠠᠢᠭᠤᠯᠤᠮᠵᠢ᠎ᠶ᠋ᠢᠨ ᠵᠢᠩᠬᠢᠨᠢ ᠲᠤᠱᠢᠶᠠᠯ᠎ᠤᠨ ᠵᠢᠱ᠌ᠢᠭ᠌ᠳᠡᠭ᠌ᠴᠢ᠎ᠪᠡᠷ ᠨᠡᠷ᠎ᠡ ᠳᠤᠷᠠᠳᠭᠤ᠎ᠪᠠᠷ ᠪᠣᠶ;

ᠵᠣᠣ ᠱ᠌ᠢ ᠳ᠋ᠸ᠂ ᠡᠷᠡᠭ᠌ᠲᠡᠶ᠂ ᠳᠠᠭᠤᠷ ᠦᠨᠳᠦᠰᠦᠲᠡᠨ᠂ 1970 ᠣᠨ᠎ᠤ 5 ᠰᠠᠷ᠎ᠠ᠎ᠳᠤ ᠳᠦᠷᠦᠵᠡᠶ᠂ ᠶᠡᠬᠡ ᠰᠤᠷᠭᠠᠭᠤᠯᠢ ᠵᠢᠨ ᠰᠤᠷᠤᠯᠭ᠎ᠠ ᠵᠢᠨ ᠨᠠᠮᠳᠠᠷ ᠲᠠᠢ᠂ ᠪᠠᠢᠭᠠᠯᠢ᠎ᠶ᠋ᠢᠨ ᠱᠢᠨᠵᠢᠯᠡᠬᠦ᠌ ᠤᠬᠠᠭᠠᠨ᠎ᠤ ᠪᠠᠴᠸᠯᠸᠷ᠂ ᠳᠡᠭᠡᠳᠦ ᠵᠡᠷᠭᠡ᠎ᠶ᠋ᠢᠨ ᠢᠨᠵᠧᠨᠧᠷ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠭᠡᠱᠢᠭᠦᠨ᠂ ᠣᠲᠣ ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠣᠷᠴᠢᠨ ᠲᠣᠭᠣᠷᠢᠨ᠎ᠤ ᠲᠢᠩᠬᠢᠮ᠎ᠦᠨ ᠨᠠᠮ᠎ᠤᠨ ᠤᠳᠤᠷᠢᠳᠭᠤ ᠳᠤᠭᠤᠢᠯᠠᠩ᠎ᠤᠨ ᠪᠦᠷᠢᠯᠳᠦᠬᠦᠨ᠂ ᠳᠡᠳ᠋ ᠲᠢᠩᠬᠢᠮ᠎ᠦᠨ ᠳᠠᠷᠤᠭ᠎ᠠ᠎ᠶ᠋ᠢᠨ ᠲᠤᠱᠢᠶᠠᠯ᠎ᠢ ᠡᠭᠦᠷᠭᠡᠯᠡᠵᠦ᠍ ᠪᠣᠶ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠪᠠᠢᠭᠤᠯᠭ᠎ᠠ᠎ᠶ᠋ᠢᠨ ᠳᠣᠲᠣᠭᠠᠳᠤ᠎ᠶ᠋ᠢᠨ ᠪᠠᠢᠭᠤᠯᠤᠮᠵᠢ᠎ᠶ᠋ᠢᠨ ᠵᠢᠩᠬᠢᠨᠢ ᠲᠤᠱᠢᠶᠠᠯ᠎ᠤᠨ ᠵᠢᠱ᠌ᠢᠭ᠌ᠳᠡᠭ᠌ᠴᠢ᠎ᠪᠡᠷ ᠨᠡᠷ᠎ᠡ ᠳᠤᠷᠠᠳᠭᠤ᠎ᠪᠠᠷ ᠪᠣᠶ;

ᠬᠤᠤ ᠮᠢᠩ ᠱᠧᠩ᠂ ᠡᠷᠡᠭ᠌ᠲᠡᠶ᠂ ᠮᠣᠩᠭᠣᠯ ᠦᠨᠳᠦᠰᠦᠲᠡᠨ᠂ 1974 ᠣᠨ᠎ᠤ 10 ᠰᠠᠷ᠎ᠠ᠎ᠳᠤ ᠳᠦᠷᠦᠵᠡᠶ᠂ ᠥᠪᠥᠷ ᠮᠣᠩᠭᠣᠯ᠎ᠤᠨ ᠨᠠᠮ᠎ᠤᠨ ᠰᠤᠷᠭᠠᠭᠤᠯᠢ᠎ᠶ᠋ᠢᠨ ᠠᠰᠫᠢᠷᠠᠨᠲ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠭᠡᠱᠢᠭᠦᠨ᠂ ᠣᠲᠣ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠳᠡᠳ᠋ ᠨᠠᠷᠢᠨ ᠪᠢᠴᠢᠭ᠎ᠦᠨ ᠳᠠᠷᠤᠭ᠎ᠠ᠂ ᠪᠠᠢᠭᠤᠯᠭ᠎ᠠ᠎ᠶ᠋ᠢᠨ ᠨᠠᠮ᠎ᠤᠨ ᠤᠳᠤᠷᠢᠳᠭᠤ ᠳᠤᠭᠤᠢᠯᠠᠩ᠎ᠤᠨ ᠪᠦᠷᠢᠯᠳᠦᠬᠦᠨ᠂ ᠠᠯᠪᠠᠨ ᠲᠢᠩᠬᠢᠮ᠎ᠦᠨ ᠳᠡᠳ᠋ ᠡᠷᠬᠢᠯᠡᠭ᠌ᠴᠢ (ᠤᠯᠤᠰ ᠲᠥᠷᠥ᠎ᠶ᠋ᠢᠨ ᠵᠥᠪᠯᠡᠯᠭᠡᠨ᠎ᠦ ᠠᠯᠪᠠᠨ ᠲᠢᠩᠬᠢᠮ᠎ᠦᠨ ᠡᠳᠦᠷ ᠲᠤᠲᠤᠮ᠎ᠤᠨ ᠠᠵᠢᠯ᠎ᠢ ᠡᠷᠭᠢᠯᠡᠨ᠎ᠡ) ᠶ᠋ᠢᠨ ᠲᠤᠱᠢᠶᠠᠯ᠎ᠢ ᠡᠭᠦᠷᠭᠡᠯᠡᠵᠦ᠍ ᠪᠣᠶ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠪᠠᠢᠭᠤᠯᠭ᠎ᠠ᠎ᠶ᠋ᠢᠨ ᠳᠣᠲᠣᠭᠠᠳᠤ ᠪᠠᠢᠭᠤᠯᠤᠮᠵᠢ᠎ᠶ᠋ᠢᠨ ᠵᠢᠩᠬᠢᠨᠢ ᠲᠤᠱᠢᠶᠠᠯ᠎ᠳᠤ ᠲᠣᠮᠢᠯᠠᠬᠤ᠎ᠪᠠᠷ ᠪᠣᠶ;

ᠸᠠᠩ ᠴᠠᠩ ᠴᠢᠩ᠂ ᠡᠷᠡᠭ᠌ᠲᠡᠢ᠂ ᠬᠢᠳᠡᠳ ᠦᠨᠳᠦᠰᠦᠳᠡᠨ᠂ 1969 ᠤᠨ ᠤ᠋ 7 ᠰᠠᠷ᠎ᠠ ᠳ᠋ᠤ ᠲᠦᠷᠦᠵᠠᠢ᠂ ᠶᠡᠭᠡ ᠰᠤᠷᠭᠠᠭᠤᠯᠢ ᠵᠢᠨ ᠰᠤᠷᠤᠯᠭ᠎ᠠ ᠵᠢᠨ ᠨᠠᠮᠳᠠᠷ ᠲᠠᠢ᠂ ᠤᠳᠬ᠎ᠠ ᠵᠤᠬᠢᠶᠠᠯ ᠤ᠋ᠨ ᠪᠠᠴᠸᠯᠸᠷ᠂ ᠯᠸᠺᠲ᠋ᠤᠷ᠂ ᠲᠤᠮᠳᠠᠳᠤ ᠤᠯᠤᠰ ᠤ᠋ᠨ ᠡᠪ ᠬᠠᠮᠳᠤ ᠨᠠᠮ ᠤ᠋ᠨ ᠭᠡᠰᠢᠬᠦᠨ᠂ ᠤᠳᠤ ᠦᠪᠡᠷᠳᠡᠭᠡᠨ ᠵᠠᠰᠠᠬᠤ ᠤᠷᠤᠨ ᠤ᠋ ᠤᠯᠤᠰ ᠲᠦᠷᠦ ᠵᠢᠨ ᠵᠦᠪᠯᠡᠯᠭᠡᠨ ᠤ᠋ ᠲᠡᠳ᠋ ᠨᠠᠷᠢᠨ ᠪᠢᠴᠢᠭ ᠤ᠋ᠨ ᠲᠠᠷᠤᠭ᠎ᠠ᠂ ᠪᠠᠢᠭᠤᠯᠭ᠎ᠠ ᠵᠢᠨ ᠨᠠᠮ ᠤ᠋ᠨ ᠤᠳᠤᠷᠢᠳᠬᠤ ᠲᠤᠭᠤᠢᠯᠠᠩ ᠤ᠋ᠨ ᠪᠦᠷᠢᠯᠳᠦᠬᠦᠨ ᠤ᠋ ᠲᠤᠰᠢᠶᠠᠯ ᠢ᠋ ᠡᠬᠦᠷᠭᠡᠯᠡᠵᠤ ᠪᠤᠢ᠂ ᠦᠪᠡᠷᠳᠡᠭᠡᠨ ᠵᠠᠰᠠᠬᠤ ᠤᠷᠤᠨ ᠤ᠋ ᠤᠯᠤᠰ ᠲᠦᠷᠦ ᠵᠢᠨ ᠵᠦᠪᠯᠡᠯᠭᠡᠨ ᠤ᠋ ᠪᠠᠢᠭᠤᠯᠭ᠎ᠠ ᠵᠢᠨ ᠲᠤᠳᠤᠭᠠᠳᠤ ᠵᠢᠨ ᠪᠠᠢᠭᠤᠯᠤᠮᠵᠢ ᠵᠢᠨ ᠵᠢᠨᠭᠭᠢᠨᠢ ᠲᠤᠰᠢᠶᠠᠯ ᠤ᠋ᠨ ᠵᠢᠱ᠌ᠢᠭᠳᠡᠭᠴᠢ ᠪᠡᠷ ᠨᠠᠷ᠎ᠠ ᠲᠤᠷᠠᠳᠬᠤ ᠪᠡᠷ ᠪᠤᠢ;

ᠰᠤ᠌ ᠼᠦᠢ ᠹᠠᠩ᠂ ᠡᠮᠡᠭ᠌ᠲᠡᠶ᠂ ᠬᠢᠲᠠᠳ ᠦᠨᠳᠦᠰᠦᠲᠡᠨ᠂ 1970 ᠣᠨ᠎ᠤ 10 ᠰᠠᠷ᠎ᠠ᠎ᠳᠤ ᠳᠦᠷᠦᠵᠡᠶ᠂ ᠲᠥᠪ᠎ᠦᠨ ᠨᠠᠮ᠎ᠤᠨ ᠰᠤᠷᠭᠠᠭᠤᠯᠢ᠎ᠶ᠋ᠢᠨ ᠶᠡᠬᠡ ᠰᠤᠷᠭᠠᠭᠤᠯᠢ᠎ᠶᠢᠨ ᠰᠤᠷᠤᠯᠭ᠎ᠠ᠎ᠶᠢᠨ ᠨᠠᠮᠳᠠᠷ ᠲᠠᠢ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠭᠡᠱᠢᠭᠦᠨ᠂ ᠣᠲᠣ ᠣᠷᠳᠣᠰ ᠬᠣᠲᠠ᠎ᠶ᠋ᠢᠨ ᠤᠯᠤᠰ ᠲᠥᠷᠥ᠎ᠶ᠋ᠢᠨ ᠵᠥᠪᠯᠡᠯᠭᠡᠨ᠎ᠦ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ᠂ ᠳᠡᠳ᠋ ᠲᠡᠷᠢᠭᠦᠯᠡᠭ᠌ᠴᠢ᠎ᠶ᠋ᠢᠨ ᠲᠤᠱᠢᠶᠠᠯ᠎ᠢ ᠡᠭᠦᠷᠭᠡᠯᠡᠵᠦ᠍ ᠪᠣᠶ᠂ ᠠᠢᠮᠠᠭ ᠬᠣᠲᠠ᠎ᠶ᠋ᠢᠨ ᠤᠯᠤᠰ ᠲᠥᠷᠥ᠎ᠶ᠋ᠢᠨ ᠵᠥᠪᠯᠡᠯᠭᠡᠨ᠎ᠦ ᠲᠡᠷᠢᠭᠦᠯᠡᠭ᠌ᠴᠢ᠎ᠶ᠋ᠢᠨ ᠵᠢᠱ᠌ᠢᠭ᠌ᠳᠡᠭ᠌ᠴᠢ᠎ᠪᠡᠷ ᠨᠡᠷ᠎ᠡ ᠳᠤᠷᠠᠳᠭᠤ᠎ᠪᠠᠷ ᠪᠣᠶ;

ᠵᠣᠣ ᠭᠦᠸᠧ ᠬᠤᠸᠠ᠂ ᠡᠷᠡᠭ᠌ᠲᠡᠶ᠂ ᠬᠢᠲᠠᠳ ᠦᠨᠳᠦᠰᠦᠲᠡᠨ᠂ 1975 ᠣᠨ᠎ᠤ 8 ᠰᠠᠷ᠎ᠠ᠎ᠳᠤ ᠳᠦᠷᠦᠵᠡᠶ᠂ ᠶᠡᠬᠡ ᠰᠤᠷᠭᠠᠭᠤᠯᠢ᠎ᠶᠢᠨ ᠰᠤᠷᠤᠯᠭ᠎ᠠ᠎ᠶᠢᠨ ᠨᠠᠮᠳᠠᠷ ᠲᠠᠢ᠂ ᠬᠠᠤᠯᠢ ᠴᠠᠭᠠᠵᠠ᠎ᠶ᠋ᠢᠨ ᠤᠬᠠᠭᠠᠨ᠎ᠤ ᠮᠠᠰᠲ᠋ᠧᠷ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠭᠡᠱᠢᠭᠦᠨ᠂ ᠣᠲᠣ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠪᠠᠢᠴᠠᠭᠠᠬᠤ ᠬᠣᠷᠢᠶ᠎ᠠ ᠵᠢᠨ ᠨᠠᠮ᠎ᠤᠨ ᠤᠳᠤᠷᠢᠳᠭᠤ ᠳᠤᠭᠤᠢᠯᠠᠩ᠎ᠤᠨ ᠪᠦᠷᠢᠯᠳᠦᠬᠦᠨ᠂ ᠳᠡᠳ᠋ ᠪᠠᠢᠴᠠᠭᠠᠬᠤ ᠳᠠᠷᠤᠭ᠎ᠠ᠂ ᠬᠣᠶᠠᠳᠤᠭᠠᠷ ᠳᠡᠰ᠎ᠤᠨ ᠳᠡᠭᠡᠳᠦ ᠵᠡᠷᠭᠡ᠎ᠶ᠋ᠢᠨ ᠪᠠᠢᠴᠠᠭᠠᠬᠤ ᠲᠤᠱᠢᠶᠠᠯᠲᠠᠨ᠎ᠤ ᠲᠤᠱᠢᠶᠠᠯ᠎ᠢ ᠡᠭᠦᠷᠭᠡᠯᠡᠵᠦ᠍ ᠪᠣᠶ᠂ ᠠᠢᠮᠠᠭ ᠬᠣᠲᠠ᠎ᠶ᠋ᠢᠨ ᠨᠠᠮ᠎ᠤᠨ ᠬᠣᠷᠢᠶ᠎ᠠ᠎ᠶᠢᠨ ᠳᠡᠳ᠋ ᠲᠤᠱᠢᠶᠠᠯ᠎ᠳᠤ ᠲᠣᠮᠢᠯᠠᠬᠤ᠎ᠪᠠᠷ ᠪᠣᠶ;

ᠶᠠᠩ ᠵᠢᠶᠧ᠂ ᠡᠷᠡᠭ᠌ᠲᠡᠶ᠂ ᠬᠢᠲᠠᠳ ᠦᠨᠳᠦᠰᠦᠲᠡᠨ᠂ 1972 ᠣᠨ᠎ᠤ 1 ᠰᠠᠷ᠎ᠠ᠎ᠳᠤ ᠳᠦᠷᠦᠵᠡᠶ᠂ ᠠᠵᠢᠯ᠎ᠤᠨ ᠪᠠᠢᠷᠢ ᠳᠡᠭᠡᠷ᠎ᠠ᠎ᠪᠠᠨ ᠰᠤᠷᠤᠯᠴᠠᠭᠰᠠᠨ ᠠᠰᠫᠢᠷᠠᠨᠲ᠂ ᠪᠠᠢᠭᠠᠯᠢ᠎ᠶ᠋ᠢᠨ ᠱᠢᠨᠵᠢᠯᠡᠬᠦ᠌ ᠤᠬᠠᠭᠠᠨ᠎ᠤ ᠳ᠋ᠣᠺᠲ᠋ᠣᠷ᠂ ᠳᠡᠭᠡᠳᠦ ᠵᠡᠷᠭᠡ᠎ᠶ᠋ᠢᠨ ᠲᠠᠷᠢᠶᠠᠯᠠᠩ᠎ᠤᠨ ᠮᠡᠷᠭᠡᠵᠢᠯᠲᠡᠨ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠭᠡᠱᠢᠭᠦᠨ᠂ ᠣᠲᠣ ᠬᠥᠯᠥᠨ ᠪᠣᠢᠷ ᠬᠣᠲᠠ᠎ᠶ᠋ᠢᠨ ᠬᠠᠢᠯᠠᠷ ᠲᠣᠭᠣᠷᠢᠭ᠎ᠤᠨ ᠨᠠᠮ᠎ᠤᠨ ᠬᠣᠷᠢᠶ᠎ᠠ᠎ᠶᠢᠨ ᠱᠦᠵᠢ᠂ ᠨᠢᠭᠡᠳᠦᠭᠡᠷ ᠳᠡᠰ᠎ᠤᠨ ᠪᠠᠢᠴᠠᠭᠠᠨ ᠰᠤᠳᠤᠯᠤᠭ᠍ᠴᠢ᠎ᠶ᠋ᠢᠨ ᠲᠤᠱᠢᠶᠠᠯ᠎ᠢ ᠡᠭᠦᠷᠭᠡᠯᠡᠵᠦ᠍ ᠪᠣᠶ᠂ ᠲᠤᠰᠭᠠᠶ ᠣᠷᠣᠨ᠎ᠤ ᠲᠠᠰ᠎ᠤᠨ ᠬᠣᠲᠠ᠎ᠶ᠋ᠢᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠳᠡᠳ᠋ ᠡᠷᠬᠢᠯᠡᠭ᠌ᠴᠢ᠎ᠶ᠋ᠢᠨ ᠵᠢᠱ᠌ᠢᠭ᠌ᠳᠡᠭ᠌ᠴᠢ᠎ᠪᠡᠷ ᠨᠡᠷ᠎ᠡ ᠳᠤᠷᠠᠳᠭᠤ᠎ᠪᠠᠷ ᠪᠣᠶ;

ᠵᠠᠩ ᠶᠠᠨ ᠴᠧᠨ᠂ ᠡᠷᠡᠭ᠌ᠲᠡᠶ᠂ ᠬᠢᠲᠠᠳ ᠦᠨᠳᠦᠰᠦᠲᠡᠨ᠂ 1967 ᠣᠨ᠎ᠤ 4 ᠰᠠᠷ᠎ᠠ᠎ᠳᠤ ᠳᠦᠷᠦᠵᠡᠶ ᠂ ᠶᠡᠬᠡ ᠰᠤᠷᠭᠠᠭᠤᠯᠢ᠎ᠶᠢᠨ ᠰᠤᠷᠤᠯᠭ᠎ᠠ᠎ᠶᠢᠨ ᠨᠠᠮᠳᠠᠷ ᠲᠠᠢ᠂ ᠲᠠᠷᠢᠶᠠᠯᠠᠩ᠎ᠤᠨ ᠮᠡᠷᠭᠡᠵᠢᠯ᠎ᠢ ᠳᠡᠯᠭᠡᠷᠡᠭᠦᠯᠬᠦ᠌ ᠮᠠᠰᠲ᠋ᠧᠷ᠂ ᠳᠡᠭᠡᠳᠦ ᠵᠡᠷᠭᠡ᠎ᠶ᠋ᠢᠨ ᠠᠵᠤ ᠠᠬᠤᠢᠴᠢ᠂ ᠨᠠᠮ ᠪᠦᠯᠦᠭ᠎ᠦᠨ ᠪᠤᠰᠤ ᠬᠥᠮᠦᠰ᠂ ᠣᠲᠣ ᠱᠢᠯᠢ᠎ᠶ᠋ᠢᠨ ᠭᠤᠤᠯ ᠠᠢᠮᠠᠭ᠎ᠤᠨ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠤᠰᠬᠤᠨ ᠮᠠᠯᠵᠢᠬᠤ ᠤᠷᠤᠨ᠎ᠤ ᠲᠣᠪᠴᠢᠶ᠎ᠠ (ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ ᠲᠣᠪᠴᠢᠶ᠎ᠠ)᠎ᠶ᠋ᠢᠨ ᠳᠠᠷᠤᠭ᠎ᠠ᠂ ᠬᠣᠶᠠᠳᠤᠭᠠᠷ ᠳᠡᠰ᠎ᠤᠨ ᠲᠣᠭᠣᠷᠢᠨ ᠪᠠᠢᠴᠠᠭᠠᠭ᠍ᠴᠢ᠎ᠶ᠋ᠢᠨ ᠲᠤᠱᠢᠶᠠᠯ᠎ᠢ ᠡᠭᠦᠷᠭᠡᠯᠡᠵᠦ᠍ ᠪᠣᠶ᠂ ᠠᠢᠮᠠᠭ ᠬᠣᠲᠠ᠎ᠶ᠋ᠢᠨ ᠤᠯᠤᠰ ᠲᠥᠷᠥ᠎ᠶ᠋ᠢᠨ ᠵᠥᠪᠯᠡᠯᠭᠡᠨ᠎ᠦ ᠳᠡᠳ᠋ ᠲᠡᠷᠢᠭᠦᠯᠡᠭ᠌ᠴᠢ᠎ᠶ᠋ᠢᠨ ᠵᠢᠱ᠌ᠢᠭ᠌ᠳᠡᠭ᠌ᠴᠢ᠎ᠪᠡᠷ ᠨᠡᠷ᠎ᠡ ᠳᠤᠷᠠᠳᠭᠤ᠎ᠪᠠᠷ ᠪᠣᠶ;

ᠢᠦᠢ ᠶᠦᠩ ᠴᠥᠩ᠂ ᠡᠷᠡᠭ᠌ᠲᠡᠶ᠂ ᠬᠢᠲᠠᠳ ᠦᠨᠳᠦᠰᠦᠲᠡᠨ᠂ 1969 ᠣᠨ᠎ᠤ 9 ᠰᠠᠷ᠎ᠠ᠎ᠳᠤ ᠳᠦᠷᠦᠵᠡᠶ᠂ ᠥᠪᠥᠷ ᠮᠣᠩᠭᠣᠯ᠎ᠤᠨ ᠨᠠᠮ᠎ᠤᠨ ᠰᠤᠷᠭᠠᠭᠤᠯᠢ᠎ᠶ᠋ᠢᠨ ᠠᠰᠫᠢᠷᠠᠨᠲ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠭᠡᠱᠢᠭᠦᠨ᠂ ᠣᠲᠣ ᠣᠷᠳᠣᠰ ᠬᠣᠲᠠ᠎ᠶ᠋ᠢᠨ ᠬᠢᠨᠠᠨ ᠪᠤᠳᠤᠬᠤ ᠲᠣᠪᠴᠢᠶ᠎ᠠ᠎ᠶ᠋ᠢᠨ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ᠂ ᠲᠣᠪᠴᠢᠶᠠᠨ ᠳᠠᠷᠤᠭ᠎ᠠ᠂ ᠨᠢᠭᠡᠳᠦᠭᠡᠷ ᠳᠡᠰ᠎ᠤᠨ ᠪᠠᠢᠴᠠᠭᠠᠨ ᠰᠤᠳᠤᠯᠤᠭ᠍ᠴᠢ᠎ᠶ᠋ᠢᠨ ᠲᠤᠱᠢᠶᠠᠯ᠎ᠢ ᠡᠭᠦᠷᠭᠡᠯᠡᠵᠦ᠍ ᠪᠣᠶ᠂ ᠠᠢᠮᠠᠭ ᠬᠣᠲᠠ᠎ᠶ᠋ᠢᠨ ᠤᠯᠤᠰ ᠲᠥᠷᠥ᠎ᠶ᠋ᠢᠨ ᠵᠥᠪᠯᠡᠯᠭᠡᠨ᠎ᠦ ᠳᠡᠳ᠋ ᠲᠡᠷᠢᠭᠦᠯᠡᠭ᠌ᠴᠢ᠎ᠶ᠋ᠢᠨ ᠵᠢᠱ᠌ᠢᠭ᠌ᠳᠡᠭ᠌ᠴᠢ᠎ᠪᠡᠷ ᠨᠡᠷ᠎ᠡ ᠳᠤᠷᠠᠳᠭᠤ᠎ᠪᠠᠷ ᠪᠣᠶ;

ᠯᠠᠩ ᠰᠥᠩ ᠴᠢᠩ᠂ ᠡᠷᠡᠭ᠌ᠲᠡᠶ᠂ ᠬᠢᠲᠠᠳ ᠦᠨᠳᠦᠰᠦᠲᠡᠨ᠂ 1974 ᠣᠨ᠎ᠤ 10 ᠰᠠᠷ᠎ᠠ᠎ᠳᠤ ᠳᠦᠷᠦᠵᠡᠶ᠂ ᠥᠪᠥᠷ ᠮᠣᠩᠭᠣᠯ᠎ᠤᠨ ᠨᠠᠮ᠎ᠤᠨ ᠰᠤᠷᠭᠠᠭᠤᠯᠢ᠎ᠶ᠋ᠢᠨ ᠠᠰᠫᠢᠷᠠᠨᠲ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠭᠡᠱᠢᠭᠦᠨ᠂ ᠣᠲᠣ ᠱᠢᠯᠢ᠎ᠶ᠋ᠢᠨ ᠭᠤᠤᠯ ᠠᠢᠮᠠᠭ᠎ᠤᠨ ᠠᠷᠠᠳ᠎ᠤᠨ ᠳᠤᠮᠳᠠ ᠵᠡᠷᠭᠡ᠎ᠶ᠋ᠢᠨ ᠱᠢᠭᠦᠬᠦ᠌ ᠬᠣᠷᠢᠶᠠᠨ᠎ᠤ ᠨᠠᠮ᠎ᠤᠨ ᠤᠳᠤᠷᠢᠳᠭᠤ ᠳᠤᠭᠤᠢᠯᠠᠩ᠎ᠤᠨ ᠳᠡᠳ᠋ ᠱᠦᠵᠢ᠂ ᠪᠠᠢᠩᠭᠤ᠎ᠶ᠋ᠢᠨ ᠳᠡᠳ᠋ ᠬᠣᠷᠢᠶᠠᠨ ᠳᠠᠷᠤᠭ᠎ᠠ᠂ ᠬᠣᠶᠠᠳᠤᠭᠠᠷ ᠳᠡᠰ᠎ᠤᠨ ᠳᠡᠭᠡᠳᠦ ᠵᠡᠷᠭᠡ᠎ᠶ᠋ᠢᠨ ᠱᠢᠭᠦᠭᠴᠢ ᠵᠢᠨ ᠲᠤᠱᠢᠶᠠᠯ᠎ᠢ ᠡᠭᠦᠷᠭᠡᠯᠡᠵᠦ ᠪᠣᠶ᠂ ᠠᠢᠮᠠᠭ᠎ᠤᠨ ᠠᠷᠠᠳ᠎ᠤᠨ ᠳᠤᠮᠳᠠ ᠵᠡᠷᠭᠡ᠎ᠶ᠋ᠢᠨ ᠱᠢᠭᠦᠬᠦ᠌ ᠬᠣᠷᠢᠶᠠᠨ᠎ᠤ ᠬᠣᠷᠢᠶᠠᠨ ᠳᠠᠷᠤᠭ᠎ᠠ᠎ᠪᠠᠷ ᠨᠡᠷ᠎ᠡ ᠳᠤᠷᠠᠳᠭᠤ᠎ᠪᠠᠷ ᠪᠣᠶ;

ᠶᠦᠨ ᡁᠢ ᠬᠣᠩ᠂ ᠡᠷᠡᠭ᠌ᠲᠡᠶ᠂ ᠮᠣᠩᠭᠣᠯ ᠦᠨᠳᠦᠰᠦᠲᠡᠨ᠂ 1971 ᠣᠨ᠎ᠤ 2 ᠰᠠᠷ᠎ᠠ᠎ᠳᠤ ᠳᠦᠷᠦᠵᠡᠶ᠂ ᠶᠡᠬᠡ ᠰᠤᠷᠭᠠᠭᠤᠯᠢ᠎ᠶᠢᠨ ᠰᠤᠷᠤᠯᠭ᠎ᠠ᠎ᠶᠢᠨ ᠨᠠᠮᠳᠠᠷ ᠲᠠᠢ᠂ ᠬᠠᠤᠯᠢ᠎ᠶ᠋ᠢᠨ ᠤᠬᠠᠭᠠᠨ᠎ᠤ ᠪᠠᠴᠸᠯᠸᠷ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠭᠡᠱᠢᠭᠦᠨ᠂ ᠣᠲᠣ ᠪᠠᠶᠠᠨᠨᠠᠭᠤᠷ ᠬᠣᠲᠠ᠎ᠶ᠋ᠢᠨ ᠠᠷᠠᠳ᠎ᠤᠨ ᠪᠠᠢᠴᠠᠭᠠᠬᠤ ᠬᠣᠷᠢᠶᠠᠨ᠎ᠤ ᠨᠠᠮ᠎ᠤᠨ ᠤᠳᠤᠷᠢᠳᠭᠤ ᠳᠤᠭᠤᠢᠯᠠᠩ᠎ᠤᠨ ᠳᠡᠳ᠋ ᠱᠦᠵᠢ᠂ ᠳᠡᠳ᠋ ᠪᠠᠢᠴᠠᠭᠠᠬᠤ ᠳᠠᠷᠤᠭ᠎ᠠ᠂ ᠬᠣᠶᠠᠳᠤᠭᠠᠷ ᠳᠡᠰ᠎ᠤᠨ ᠳᠡᠭᠡᠳᠦ ᠵᠡᠷᠭᠡ᠎ᠶ᠋ᠢᠨ ᠪᠠᠢᠴᠠᠭᠠᠬᠤ ᠲᠤᠱᠢᠶᠠᠯᠲᠠᠨ᠎ᠤ ᠲᠤᠱᠢᠶᠠᠯ᠎ᠢ ᠡᠭᠦᠷᠭᠡᠯᠡᠵᠦ᠍ ᠪᠣᠶ᠂ ᠲᠤᠰᠭᠠᠶ ᠣᠷᠣᠨ᠎ᠤ ᠲᠠᠰ᠎ᠤᠨ ᠬᠣᠲᠠ᠎ᠶ᠋ᠢᠨ ᠠᠷᠠᠳ᠎ᠤᠨ ᠪᠠᠢᠴᠠᠭᠠᠬᠤ ᠬᠣᠷᠢᠶᠠᠨ᠎ᠤ ᠪᠠᠢᠴᠠᠭᠠᠬᠤ ᠳᠠᠷᠤᠭ᠎ᠠ᠎ᠶ᠋ᠢᠨ ᠵᠢᠱ᠌ᠢᠭ᠌ᠳᠡᠭ᠌ᠴᠢ᠎ᠪᠡᠷ ᠨᠡᠷ᠎ᠡ ᠳᠤᠷᠠᠳᠭᠤ᠎ᠪᠠᠷ ᠪᠣᠶ᠃

ᠬᠣᠶᠠᠷ᠂ ᠢᠯᠡ ᠨᠡᠢᠲᠡᠯᠡᠬᠦ᠌ ᠴᠠᠭ

2026 ᠣᠨ᠎ᠤ 1 ᠰᠠᠷ᠎ᠠ᠎ᠶ᠋ᠢᠨ 10 ᠎ᠡᠴᠡ 2026 ᠣᠨ᠎ᠤ 1 ᠰᠠᠷ᠎ᠠ᠎ᠶ᠋ᠢᠨ 16᠎ᠤ᠋ ᠡᠳᠦᠷ ᠪᠣᠯᠲᠠᠯ᠎ᠠ ᠢᠯᠡ ᠨᠡᠢᠲᠡᠯᠡᠨ᠎ᠡ᠃

ᠭᠤᠷᠪᠠ᠂ ᠬᠦᠯᠢᠶᠡᠨ ᠠᠪᠴᠤ ᠰᠢᠢᠳᠪᠦᠷᠢᠯᠡᠬᠦ ᠬᠡᠯᠪᠡᠷᠢ

ᠪᠠᠢᠭᠤᠯᠭ᠎ᠠ ᠨᠢᠬᠡᠴᠢ ᠪᠠ ᠬᠤᠪᠢ ᠬᠥᠮᠦᠨ ᠤᠲᠠᠰᠤ ᠢᠷᠡᠭᠦᠯᠬᠦ᠂ ᠵᠠᠬᠢᠳᠠᠯ ᠢᠷᠡᠭᠦᠯᠬᠦ᠂ ᠰᠤᠷᠪᠤᠯᠵᠢᠯᠠᠯ ᠬᠢᠬᠦ᠂ ᠰᠦᠯᠵᠢᠶ᠎ᠡ ᠵᠡᠷᠭᠡ ᠬᠡᠯᠪᠡᠷᠢ᠎ᠪᠡᠷ ᠳᠡᠭᠡᠷᠡᠬᠢ ᠢᠯᠡ ᠨᠡᠢᠲᠡᠯᠡᠭ᠌ᠰᠡᠨ ᠬᠥᠮᠦᠰ᠎ᠦᠨ ᠬᠣᠯᠪᠣᠭ᠍ᠳᠠᠯ ᠪᠥᠬᠥᠶ ᠪᠠᠢᠳᠠᠯ ᠪᠠ ᠠᠰᠠᠭᠤᠳᠠᠯ᠎ᠢ ᠲᠤᠰᠭᠠᠵᠤ ᠪᠣᠯᠤᠨ᠎ᠠ᠃ ᠲᠤᠰᠭᠠᠭ᠍ᠰᠠᠨ ᠠᠰᠠᠭᠤᠳᠠᠯ᠎ᠳᠤ ᠪᠠᠢᠴᠠᠭᠠᠯᠲᠠ ᠬᠢᠵᠦ ᠬᠢᠨᠠᠨ ᠲᠤᠳᠤᠯᠠᠬᠤ᠎ᠳᠤ ᠲᠥᠬᠥᠮ ᠪᠤᠯᠭᠠᠬᠤ᠎ᠶᠢᠨ ᠲᠥᠯᠥᠭᠡ᠂ ᠠᠰᠠᠭᠤᠳᠠᠯ᠎ᠢ ᠲᠤᠰᠭᠠᠬᠤ᠎ᠳᠠᠭᠠᠨ ᠬᠣᠯᠪᠣᠭ᠍ᠳᠠᠯ ᠪᠥᠬᠥᠶ ᠰᠦᠪᠡᠭ᠌ᠴᠢ ᠵᠢᠴᠢ ᠲᠣᠰ ᠬᠥᠮᠦᠨ᠎ᠦ ᠦᠨᠡᠨ ᠣᠪᠣᠭ ᠨᠡᠷ᠎ᠡ᠂ ᠬᠠᠷᠢᠯᠴᠠᠬᠤ ᠠᠷᠭ᠎ᠠ ᠪᠤᠶᠤ ᠠᠵᠢᠯᠯᠠᠵᠤ ᠪᠠᠢᠭ᠎ᠠ ᠪᠠᠢᠭᠤᠯᠭ᠎ᠠ ᠵᠡᠷᠭᠡ ᠮᠡᠳᠡᠭᠡ ᠵᠠᠩᠭᠢ᠎ᠪᠠᠨ ᠬᠠᠩᠭᠠᠭᠠᠷᠠᠶ᠂ ᠪᠢᠳᠡ ᠠᠵᠢᠯ᠎ᠤᠨ ᠰᠠᠬᠢᠯᠭ᠎ᠠ ᠪᠠᠲᠤ᠎ᠶ᠋ᠢ ᠴᠢᠩᠭ᠎ᠠ ᠵᠢᠷᠤᠮᠯᠠᠵᠤ᠂ ᠨᠢᠭᠤᠴᠠ᠎ᠶ᠋ᠢ ᠬᠠᠮᠠᠭᠠᠯᠠᠬᠤ ᠡᠭᠦᠷᠭᠡ᠎ᠪᠡᠨ ᠭᠦᠶ᠋ᠴᠡᠳᠭᠡᠵᠦ᠍᠂ ᠬᠢᠨᠠᠨ ᠲᠤᠳᠤᠯᠠᠭᠰᠠᠨ ᠪᠠᠢᠳᠠᠯ᠎ᠢ ᠴᠠᠭ ᠲᠤᠬᠠᠶ᠎ᠳᠤᠨᠢ ᠬᠠᠷᠢᠭᠤ ᠲᠤᠰᠭᠠᠨ᠎ᠠ᠃

ᠬᠦᠯᠢᠶᠡᠨ ᠠᠪᠴᠤ ᠰᠢᠢᠳᠪᠦᠷᠢᠯᠡᠬᠦ ᠴᠠᠭ᠄ ᠠᠵᠢᠯᠯᠠᠬᠤ ᠡᠳᠦᠷ᠎ᠦᠨ ᠦᠳᠡ᠎ᠶ᠋ᠢᠨ ᠡᠮᠦᠨ᠎ᠡ 9᠄ 00 — 12᠄ 00

ᠦᠳᠡ᠎ᠶ᠋ᠢᠨ ᠬᠣᠢᠨ᠎ᠠ 13᠄ 30  — 17᠄ 00

ᠬᠦᠯᠢᠶᠡᠨ ᠠᠪᠴᠤ ᠰᠢᠢᠳᠪᠦᠷᠢᠯᠡᠬᠦ ᠤᠲᠠᠰᠤ ᠄ (0471) 12380

ᠵᠠᠬᠢᠳᠠᠯ ᠢᠷᠡᠭᠦᠯᠬᠦ ᠬᠠᠶᠢᠭ᠄ ᠬᠥᠬᠡᠬᠣᠲᠠ᠎ᠶ᠋ᠢᠨ ᠰᠠᠢᠬᠠᠨ ᠲᠣᠭᠣᠷᠢᠭ᠎ᠤᠨ ᠴᠡᠯᠡᠭᠡᠷ ᠲᠠᠯ᠎ᠠ ᠵᠡᠭᠡᠯᠢ᠎ᠶ᠋ᠢᠨ 1 ᠳ᠋ᠤᠭᠡᠷ ᠨᠣᠮᠧᠷᠲᠦ  ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠵᠣᠬᠢᠶᠠᠨ ᠪᠠᠢᠭᠤᠯᠬᠤ ᠬᠡᠯᠲᠡᠰ᠎ᠦᠨ ᠢᠯᠡᠴᠢᠯᠡᠨ ᠮᠡᠳᠡᠭᠦᠯᠬᠦ᠌ ᠲᠥᠪ ( ᠱᠢᠤᠳᠠᠨ ᠨᠣᠮᠧᠷ ᠄ 010098)

ᠢᠯᠡᠴᠢᠯᠡᠨ ᠮᠡᠳᠡᠭᠦᠯᠬᠦ᠌ ᠰᠦᠯᠵᠢᠶᠡᠨ᠎ᠦ ᠬᠠᠶᠢᠭ᠄ 12380.nmgdj.gov.cn

ᠣᠨᠴᠠᠭᠠᠢᠯᠠᠨ ᠵᠠᠷᠯᠠᠪᠠ

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ  ᠬᠣᠷᠢᠶ᠎ᠠ᠎ᠶᠢᠨ ᠵᠣᠬᠢᠶᠠᠨ ᠪᠠᠢᠭᠤᠯᠬᠤ ᠬᠡᠯᠲᠡᠰ

2026 ᠣᠨ᠎ᠤ 1 ᠰᠠᠷ᠎ᠠ᠎ᠶ᠋ᠢᠨ 9᠎ᠤ᠋ ᠡᠳᠦᠷ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号