2025 ᠣᠨ᠎ᠳᠤ ᠥᠪᠥᠷ ᠮᠣᠩᠭᠣᠯ 3343 ᠴᠢᠬᠤᠯᠠ ᠶᠡᠬᠡ ᠲᠥᠷᠥᠯ ᠵᠦᠶ᠋ᠯ᠎ᠢ ᠬᠡᠷᠡᠭ᠌ᠵᠢᠭᠦᠯᠪᠡ
2026-01-10 11:37:14
ᠵᠣᠬᠢᠶᠠᠭ᠍ᠴᠢ᠄
ᠳᠡᠯᠭᠡᠷᠬᠦᠦ
ᠣᠩᠱᠢᠭ᠍ᠰᠠᠨ ᠣᠳᠠᠭ᠎ᠠ᠄
★★★☆☆

2025 ᠣᠨ᠎ᠳᠤ ᠥᠪᠥᠷ ᠮᠣᠩᠭᠣᠯ 3343 ᠴᠢᠬᠤᠯᠠ ᠶᠡᠬᠡ ᠲᠦᠷᠦᠯ ᠵᠦᠢᠯ᠎ᠢ ᠬᠡᠷᠡᠭ᠌ᠵᠢᠭᠦᠯᠵᠦ᠍᠂ ᠨᠢᠭᠡᠨᠲᠡ 9800 ᠭᠠᠷᠤᠢ ᠳ᠋ᠦᠩᠱᠢᠭᠤᠷ ᠲᠥᠭᠥᠷᠢᠭ᠎ᠦᠨ ᠪᠦᠲᠦᠭᠡᠨ ᠪᠠᠢᠭᠤᠯᠤᠯᠲᠠ ᠶ᠋ᠢᠨ ᠪᠡᠯᠡ ᠣᠷᠣᠭᠤᠯᠤᠯᠲᠠ ᠶ᠋ᠢ ᠪᠡᠶᠡᠯᠡᠭᠦᠯᠵᠦ᠍᠂ ᠳᠡᠭᠡᠷ᠎ᠠ ᠵᠢᠯ᠎ᠤᠨ ᠠᠳᠠᠯᠢ ᠬᠤᠭᠤᠴᠠᠭᠠᠨ᠎ᠤ ᠬᠢ᠎ᠡᠴᠡ ᠪᠠᠨ 7% ᠱᠢᠬᠠᠮ ᠨᠡᠮᠡᠭ᠌ᠳᠡᠵᠡᠢ᠃

2025 ᠣᠨ᠎ᠠᠴᠠ ᠨᠠᠭᠠᠰᠢ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ ᠭᠤᠤᠯᠳᠠᠯᠭ᠎ᠠ᠎ᠲᠠᠶ ᠲᠥᠷᠥᠯ ᠵᠦᠶ᠋ᠯ᠎ᠦᠨ ᠪᠥᠲᠥᠭᠡᠨ ᠪᠠᠢᠭᠤᠯᠤᠯᠲᠠ ᠶ᠋ᠢ ᠠᠬᠢᠭᠤᠯᠬᠤ ᠲᠤᠬᠠᠶ ᠱᠢᠷᠢᠰ ᠪᠠᠢᠷᠢᠯᠠᠭᠤᠯᠤᠯᠲᠠ ᠬᠢᠵᠠᠢ᠃ ᠦᠵᠦ᠍ ᠲᠥᠯᠥᠪᠯᠡᠭᠡ ᠶ᠋ᠢᠨ ᠳᠤᠤᠷ᠎ᠠ᠂ ᠥᠪᠡᠷᠲᠡᠭᠡᠨ ᠵᠠᠰᠠᠬᠤ ᠣᠷᠣᠨ᠎ᠤ ᠬᠥᠭ᠌ᠵᠢᠭᠦᠯᠦᠯᠲᠡ ᠪᠠ ᠥᠭᠡᠷᠡᠴᠢᠯᠡᠯᠲᠡ ᠶ᠋ᠢᠨ ᠵᠥᠪᠯᠡᠯ᠎ᠡᠴᠡ ᠡᠯ᠎ᠡ ᠠᠵᠢᠯ ᠲᠥᠷᠥᠯ᠎ᠦᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠂ ᠬᠢᠨᠠᠨ ᠵᠥᠪᠱᠢᠶᠡᠷᠡᠬᠦ᠌ ᠰᠠᠯᠠᠭ᠎ᠠ ᠮᠥᠴᠢᠷ᠂ ᠬᠦᠴᠦᠨ ᠵᠦᠶ᠋ᠯ᠎ᠦᠨ ᠪᠠᠲᠤᠯᠠᠭ᠎ᠠ ᠶ᠋ᠢᠨ ᠰᠠᠯᠠᠭ᠎ᠠ ᠮᠥᠴᠢᠷ᠎ᠲᠡᠶ ᠬᠠᠮᠲᠤᠷᠠᠨ ᠭᠤᠷᠪᠠᠨ ᠱᠠᠲᠤᠨ᠎ᠤ ᠬᠠᠮᠲᠤᠷᠠᠨ ᠬᠥᠳᠡᠯᠦᠯᠴᠡᠬᠦ᠌ ᠴᠢᠬᠤᠯᠠ ᠶᠡᠬᠡ ᠲᠥᠷᠥᠯ ᠵᠦᠶ᠋ᠯ᠎ᠢ ᠤᠬᠠᠭᠠᠯᠠᠨ ᠲᠥᠯᠥᠪᠯᠡᠬᠦ᠌ ᠱᠢᠰᠲ᠋ᠧᠮ᠎ᠢ ᠲᠡᠭᠦᠯᠳᠡᠷᠵᠢᠭᠦᠯᠦᠨ ᠪᠦᠷᠢᠨᠱᠢᠭᠦᠯᠵᠠᠢ᠃ 2025 ᠣᠨ᠎ᠤ 2 ᠰᠠᠷ᠎ᠠ᠎ᠳᠤ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠢᠬᠤᠯᠠ ᠶᠡᠬᠡ ᠲᠥᠷᠥᠯ ᠵᠦᠶ᠋ᠯ᠎ᠢ ᠲᠥᠯᠥᠪᠵᠢᠭᠦᠯᠬᠦ᠌ ᠠᠵᠢᠯᠯᠠᠭ᠎ᠠ ᠶ᠋ᠢᠨ ᠬᠡᠷᠡᠭ᠌ᠵᠢᠭᠦᠯᠬᠦ᠌ ᠲᠥᠰᠦᠯ》 (ᠳᠣᠷᠣᠭ᠍ᠰᠢ 《ᠬᠡᠷᠡᠭ᠌ᠵᠢᠭᠦᠯᠬᠦ᠌ ᠲᠥᠰᠦᠯ》 ᠭᠡᠵᠦ᠍ ᠲᠣᠪᠴᠢᠯᠠᠨ᠎ᠠ) ᠢ᠋ ᠳᠠᠷᠤᠮᠠᠯᠯᠠᠨ ᠲᠠᠷᠬᠠᠭᠠᠵᠠᠢ᠃ ᠥᠪᠥᠷ ᠮᠣᠩᠭᠣᠯ᠎ᠤᠨ 22 ᠰᠠᠯᠠᠭ᠎ᠠ ᠮᠥᠴᠢᠷ᠂ 12 ᠠᠢᠮᠠᠭ ᠬᠣᠲᠠ 《ᠬᠡᠷᠡᠭ᠌ᠵᠢᠭᠦᠯᠬᠦ᠌ ᠲᠥᠰᠦᠯ》 ᠢ᠋ ᠦᠨᠳᠦᠰᠦᠯᠡᠨ ᠲᠣᠰ ᠲᠣᠰ᠎ᠤᠨ ᠠᠵᠢᠯ᠎ᠤᠨ ᠲᠥᠰᠦᠯ᠎ᠢᠶᠡᠨ ᠳᠠᠷᠤᠮᠠᠯᠯᠠᠨ ᠲᠠᠷᠬᠠᠭᠠᠵᠤ᠂ ᠠᠵᠢᠯ᠎ᠤᠨ ᠡᠭᠦᠷᠭᠡ᠎ᠪᠡᠨ ᠨᠠᠷᠢᠯᠢᠭ᠍ᠵᠢᠭᠤᠯᠤᠨ᠂ ᠠᠵᠢᠯ᠎ᠤᠨ ᠬᠠᠷᠠᠯᠲᠠ ᠪᠠᠨ ᠬᠡᠮᠵᠢᠶᠡᠵᠢᠭᠦᠯᠵᠦ᠍᠂ ᠠᠵᠢᠯ᠎ᠤᠨ ᠬᠠᠷᠢᠭᠤᠴᠠᠯᠭ᠎ᠠ᠎ᠪᠠᠨ ᠪᠣᠳᠠᠲᠠᠢᠵᠢᠭᠤᠯᠤᠨ᠂ 《1 ᠬᠡᠷᠡᠭ᠌ᠵᠢᠭᠦᠯᠬᠦ᠌ ᠲᠥᠰᠦᠯ + N ᠠᠵᠢᠯ᠎ᠤᠨ ᠲᠥᠰᠦᠯ》 ᠢ᠋ ᠪᠣᠶ ᠪᠣᠯᠭᠠᠵᠠᠢ᠃

ᠥᠪᠥᠷ ᠮᠣᠩᠭᠣᠯ᠎ᠤᠨ ᠡᠯ᠎ᠡ ᠱᠠᠲᠤ ᠡᠯ᠎ᠡ ᠰᠠᠯᠠᠭ᠎ᠠ ᠮᠥᠴᠢᠷ᠎ᠦᠨ᠎ᠬᠢᠨ ᠤᠯᠤᠰ᠎ᠤᠨ ᠴᠢᠬᠤᠯᠠ ᠶᠡᠬᠡ ᠪᠥᠲᠥᠭᠡᠨ ᠪᠠᠢᠭᠤᠯᠤᠯᠲᠠ ᠶ᠋ᠢᠨ ᠲᠥᠷᠥᠯ ᠵᠦᠶ᠋ᠯ᠎ᠦᠨ ᠬᠥᠮᠥᠷᠭᠡ᠎ᠳᠦ ᠲᠦᠱᠢᠭ᠌ᠯᠡᠨ᠂ ᠪᠣᠶ ᠪᠥᠬᠥᠶ ᠲᠥᠷᠥᠯ ᠵᠦᠶ᠋ᠯ᠎ᠢ ᠬᠥᠮᠥᠷᠭᠡ᠎ᠳᠦ ᠣᠷᠣᠭᠤᠯᠤᠨ ᠬᠥᠳᠡᠯᠦᠩᠭᠦᠶ ᠬᠠᠮᠢᠶᠠᠷᠴᠤ᠌᠂ ᠲᠤᠰᠭᠠᠶ ᠬᠥᠮᠦᠨ᠎ᠢᠶᠡᠷ ᠬᠠᠷᠢᠭᠤᠴᠠᠭᠤᠯᠤᠨ᠂ ᠲᠤᠢᠯ᠎ᠤᠨ ᠣᠨᠣᠪᠴᠢᠲᠠᠶ᠎ᠪᠠᠷ ᠲᠣᠬᠢᠷᠠᠭᠤᠯᠵᠤ ᠂ ᠵᠣᠬᠢᠴᠠᠭᠤᠯᠤᠨ ᠬᠠᠮᠲᠤᠷᠠᠨ ᠬᠥᠳᠡᠯᠦᠯᠴᠡᠬᠦ᠌᠂ ᠮᠡᠳᠡᠭᠡ ᠵᠠᠩᠭᠢ ᠶ᠋ᠢ ᠬᠠᠮᠲᠤ᠎ᠪᠠᠷ ᠭᠥᠷᠳᠡᠬᠦ᠌ ᠶ᠋ᠢ ᠪᠥᠬᠥ᠌ ᠲᠠᠯ᠎ᠠ᠎ᠪᠠᠷ ᠴᠢᠩᠭᠠᠳᠭᠠᠨ᠂ ᠲᠥᠷᠥᠯ ᠵᠦᠶ᠋ᠯ᠎ᠢ ᠲᠥᠰᠦᠪᠯᠡᠬᠦ᠌ ᠪᠠ ᠵᠠᠳᠠᠯᠬᠤ ᠶ᠋ᠢᠨ ᠱᠢᠰᠲ᠋ᠧᠮᠲᠦ ᠴᠢᠨᠠᠷ᠂ ᠴᠢᠭ᠌ᠯᠡᠭᠦᠯᠦᠯᠲᠦ ᠴᠢᠨᠠᠷ᠂ ᠪᠦᠲᠦᠮᠵᠢᠲᠦ ᠴᠢᠨᠠᠷ᠎ᠢ ᠳᠡᠭᠡᠭ᠌ᠰᠢᠯᠡᠭᠦᠯᠵᠦ᠍᠂ ᠴᠢᠬᠤᠯᠠ ᠶᠡᠬᠡ ᠲᠥᠷᠥᠯ ᠵᠦᠶ᠋ᠯ᠎ᠦᠨ ᠪᠥᠲᠥᠭᠡᠨ ᠪᠠᠢᠭᠤᠯᠤᠯᠲᠠ ᠶ᠋ᠢᠨ ᠬᠤᠷᠳᠤᠴᠠ᠎ᠪᠠᠨ ᠲᠦᠷᠭᠡᠳᠭᠡᠬᠦ᠌  ᠶ᠋ᠢ ᠠᠬᠢᠭᠤᠯᠵᠠᠢ᠃

ᠣᠳᠣᠬᠠᠨ᠎ᠳᠤ᠂ ᠦᠪᠦᠷ ᠮᠤᠡᠭᠭᠤᠯ ᠶᠠᠭ 《ᠡᠪᠦᠯ᠎ᠦᠨ ᠤᠯᠠᠷᠢᠯ᠎ᠤᠨ ᠢᠨᠵᠧᠨᠧᠷᠢᠩ》 ᠢ᠋ ᠬᠡᠷᠡᠭ᠌ᠵᠢᠭᠦᠯᠵᠦ᠍᠂ 《ᠨᠢᠭᠡ ᠲᠦᠷᠦᠯ ᠵᠦᠢᠯ᠎ᠳᠤ ᠨᠢᠭᠡ ᠲᠥᠰᠦᠯ ᠭᠡᠷᠡᠭᠵᠢᠬᠦᠯᠬᠦ》 ᠪᠡᠷ ᠲᠦᠷᠦᠯ ᠵᠦᠢᠯ᠎ᠦᠨ ᠪᠦᠳᠦᠭᠡᠨ ᠪᠠᠢᠭᠤᠯᠤᠯᠲᠠ ᠶ᠋ᠢᠨ ᠤᠷᠤᠭ᠍ᠰᠢᠲᠠᠢ  ᠶᠠᠪᠤᠭᠳᠠᠬᠤ ᠵᠢ ᠪᠠᠲᠤᠯᠠᠬᠤ ᠶ᠋ᠢ ᠪᠠᠷᠢᠮᠲᠠᠯᠠᠵᠤ᠂ 2026 ᠣᠨ᠎ᠤ ᠨᠢᠭᠡᠳᠦᠭᠡᠷ ᠤᠯᠠᠷᠢᠯ᠎ᠤᠨ 《ᠰᠠᠢ᠌ᠨ ᠡᠬᠢᠯᠡᠯᠲᠡ》 ᠵᠢ ᠨᠢᠭᠡᠳᠦᠯᠲᠡᠢ ᠲᠥᠯᠥᠪᠵᠢᠭᠦᠯᠦᠨ ᠰᠠᠢᠲᠤᠷ ᠬᠢᠬᠦ᠌᠎ᠳᠦ ᠲᠤᠯᠭᠠᠭᠤᠷᠢᠯᠠᠯ ᠬᠠᠩᠭᠠᠵᠤ ᠪᠤᠢ᠃ ᠡᠬᠦᠨ᠎ᠤ ᠬᠠᠮᠳᠤ ᠲᠥᠷᠥᠯ ᠵᠦᠶ᠋ᠯ᠎ᠦᠨ ᠨᠥᠭᠡᠴᠡᠯᠡᠬᠦ᠌ ᠪᠠ ᠡᠷᠭᠢᠯᠳᠦᠭᠦᠯᠦᠨ ᠦᠷᠭᠦᠯᠵᠢᠯᠡᠭᠦᠯᠬᠦ᠌ ᠲᠣᠭ᠍ᠲᠠᠴᠠ ᠶ᠋ᠢ ᠲᠠᠰᠤᠷᠠᠯᠲᠠ ᠤᠢ᠍ᠭᠡᠢ ᠲᠡᠭᠦᠯᠳᠡᠷᠵᠢᠭᠦᠯᠵᠦ᠍᠂ 《ᠨᠢᠭᠡ ᠪᠦᠯᠦᠭ᠎ᠢ ᠬᠡᠷᠡᠭᠵᠢᠬᠦᠯᠬᠦ᠂ ᠡᠮᠦᠨᠡᠬᠢ ᠬᠤᠭᠤᠴᠠᠭᠠᠨ᠎ᠤ ᠨᠢᠭᠡ ᠪᠦᠯᠦᠭ᠎ᠢ ᠬᠡᠷᠡᠭᠵᠢᠬᠦᠯᠬᠦ᠂ ᠨᠢᠭᠡ ᠪᠦᠯᠦᠭ᠎ᠢ ᠨᠥᠭᠡᠴᠡᠯᠡᠬᠦ᠌᠂ ᠨᠢᠭᠡ ᠪᠦᠯᠦᠭ᠎ᠢ ᠲᠥᠯᠥᠪᠯᠡᠬᠦ᠌》 ᠠᠵᠢᠯ᠎ᠤᠨ ᠪᠠᠢᠷᠢᠱᠢᠯ᠎ᠢ ᠪᠣᠶ ᠪᠣᠯᠭᠠᠵᠤ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ ᠶ᠋ᠢᠨ ᠴᠢᠬᠤᠯᠠ ᠶᠡᠬᠡ ᠲᠥᠷᠥᠯ ᠵᠦᠶ᠋ᠯ᠎ᠦᠨ ᠪᠦᠲᠦᠭᠡᠨ ᠪᠠᠢᠭᠤᠯᠤᠯᠲᠠ ᠶ᠋ᠢᠨ ᠪᠡᠯᠡ ᠣᠷᠣᠭᠤᠯᠤᠯᠲᠠ᠎ᠶ᠋ᠢ 6 ᠲᠦᠮᠡᠨ ᠳ᠋ᠦᠩᠱᠢᠭᠤᠷ ᠲᠥᠭᠥᠷᠢᠭ᠎ᠲᠦ ᠬᠦᠷᠬᠡᠬᠦ᠎ᠪᠡᠷ ᠬᠦᠴᠦᠯᠡᠵᠦ ᠪᠤᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号