ᠦᠪᠦᠷ ᠮᠤᠩᠭᠤᠯ᠎ᠤᠨ ᠳᠣᠲᠣᠭᠠᠳᠤ᠎ᠶ᠋ᠢ ᠬᠠᠮᠠᠭᠠᠯᠠᠬᠤ ᠲᠢᠩᠬᠢᠮ 159 ᠬᠢᠯᠢ ᠠᠯᠤᠰᠯᠠᠨ ᠵᠣᠭᠣᠰ ᠮᠦᠷᠦᠢᠴᠡᠭᠰᠡᠨ ᠬᠡᠷᠡᠭ᠎ᠢ ᠲᠠᠩᠨᠠᠨ ᠰᠢᠢᠳᠪᠦᠷᠢᠯᠡᠵᠡᠢ
2026-01-10 11:34:15
ᠵᠣᠬᠢᠶᠠᠭ᠍ᠴᠢ᠄
ᠰᠢᠨᠡᠪᠢᠯᠢᠭ
ᠣᠩᠱᠢᠭ᠍ᠰᠠᠨ ᠣᠳᠠᠭ᠎ᠠ᠄
★★★☆☆

1  ᠰᠠᠷ᠎ᠠ᠎ᠶ᠋ᠢᠨ 9 ᠤ᠋  ᠡᠳᠦᠷ᠂ ᠥᠪᠡᠷᠲᠡᠭᠡᠨ ᠵᠠᠰᠠᠬᠤ ᠣᠷᠣᠨ᠎ᠤ ᠳᠣᠲᠣᠭᠠᠳᠤ᠎ᠶ᠋ᠢ ᠬᠠᠮᠠᠭᠠᠯᠠᠬᠤ ᠲᠢᠩᠬᠢᠮ ᠰᠣᠨᠢᠨ ᠮᠡᠳᠡᠭᠡ ᠨᠡᠢᠲᠡᠯᠡᠬᠦ᠌ ᠬᠤᠷᠠᠯ ᠬᠢᠵᠦ ᠬᠢᠯᠢ ᠠᠯᠤᠰᠯᠠᠨ ᠵᠣᠭᠣᠰ ᠮᠦᠷᠦᠢᠴᠡᠬᠦ ᠳ᠋ᠸ᠋  ᠴᠣᠬᠢᠯᠲᠠ ᠥᠭ᠌ᠴᠦ ᠴᠡᠭᠴᠡᠯᠡᠨ ᠵᠠᠰᠠᠬᠤ ᠠᠵᠢᠯ᠎ᠤᠨ ᠦᠷ᠎ᠡ ᠪᠦᠲᠦᠮᠵᠢ᠎ᠶ᠋ᠢ ᠨᠡᠢᠳᠡᠯᠡᠪᠡ᠃

2025 ᠣᠨ᠎ᠳᠤ᠂ ᠦᠪᠦᠷ ᠮᠤᠩᠭᠤᠯ ᠤ᠋ᠨ ᠡᠯ᠎ᠡ ᠱᠠᠲᠤᠨ᠎ᠤ ᠳᠣᠲᠣᠭᠠᠳᠤ᠎ᠶ᠋ᠢ ᠬᠠᠮᠠᠭᠠᠯᠠᠬᠤ ᠪᠠᠢᠭᠤᠯᠭ᠎ᠠ ᠡᠯ᠎ᠡ ᠲᠥᠷᠥᠯ᠎ᠦᠨ ᠬᠢᠯᠢ ᠠᠯᠤᠰᠯᠠᠨ ᠵᠣᠭᠣᠰ ᠮᠦᠷᠦᠢᠴᠡᠭᠰᠡᠨ ᠵᠢᠴᠢ ᠬᠣᠯᠪᠣᠭ᠍ᠳᠠᠯ ᠪᠦᠬᠦᠢ ᠬᠡᠷᠡᠭ᠎ᠢ ᠨᠡᠢᠲᠡ 159 ᠳᠡᠩᠨᠡᠨ ᠱᠢᠶ᠋ᠳᠪᠦᠷᠢᠯᠡᠵᠦ᠍᠂ 631 ᠶᠠᠯ᠎ᠠ ᠵᠢᠨ ᠰᠡᠵᠢᠭ᠌ᠳᠡᠨ᠎ᠢ ᠪᠠᠷᠢᠪᠴᠢᠯᠠᠵᠤ᠂ ᠬᠡᠷᠡᠭ᠎ᠲᠦ ᠬᠣᠯᠪᠣᠭ᠍ᠳᠠᠭ᠍ᠰᠠᠨ ᠵᠤᠭᠤᠰ᠎ᠢ 7000 ᠭᠠᠷᠤᠶ ᠲᠦᠮᠡᠨ ᠲᠥᠭᠥᠷᠢᠭ ᠪᠠᠢᠴᠠᠭᠠᠨ ᠬᠤᠷᠢᠶᠠᠮᠵᠢᠯᠠᠵᠦ᠂ ᠨᠢᠭᠡ ᠪᠦᠯᠦᠭ ᠵᠣᠭᠣᠰ ᠮᠦᠷᠦᠢᠴᠡᠬᠦ ᠳ᠋ᠸ᠋  ᠬᠣᠯᠪᠣᠭ᠍ᠳᠠᠭ᠍ᠰᠠᠨ ᠬᠥᠮᠦᠰ᠂ ᠰᠦᠯᠵᠢᠶᠡᠨ ᠤ᠋ ᠳᠠᠪᠴᠠᠩ᠂ ᠲᠠᠩᠰᠠᠨ ᠡᠷᠦᠬᠡ᠎ᠶ᠋ᠢ ᠴᠡᠭᠴᠡᠯᠡᠨ ᠪᠢᠲᠡᠭᠦᠮᠵᠢᠯᠡᠵᠦ᠍ ᠬᠠᠮᠢᠶᠠᠷᠤᠨ ᠡᠵᠡᠮᠳᠡᠪᠡ᠃

ᠲᠠᠨᠢᠯᠴᠠᠭᠤᠯᠭ᠎ᠠ ᠵᠢ ᠦᠨᠳᠦᠰᠦᠯᠡᠪᠡᠯ᠂ ᠥᠪᠥᠷ ᠮᠣᠩᠭᠣᠯ᠎ᠤᠨ ᠳᠣᠲᠣᠭᠠᠳᠤ᠎ᠶ᠋ᠢ ᠬᠠᠮᠠᠭᠠᠯᠠᠬᠤ ᠪᠠᠢᠭᠤᠯᠭ᠎ᠠ ᠬᠣᠯᠪᠣᠭ᠍ᠳᠠᠯ ᠪᠥᠬᠥᠶ ᠪᠦᠷᠢᠯᠳᠦᠬᠦᠨ ᠨᠢᠬᠡᠴᠢ᠎ᠲᠡᠶ ᠨᠢᠭ᠍ᠲᠠ ᠬᠠᠮᠵᠢᠯᠴᠠᠨ᠂ ᠡᠯ᠎ᠡ ᠲᠥᠷᠥᠯ᠎ᠦᠨ ᠮᠡᠳᠡᠭᠡ ᠵᠠᠩᠭᠢ᠎ᠶ᠋ᠢᠨ ᠡᠬᠢ ᠪᠠᠶᠠᠯᠢᠭ᠎ᠢ ᠨᠢᠭᠡᠳᠦᠯᠲᠡᠶ ᠲᠥᠯᠥᠪᠵᠢᠬᠦᠯᠦᠨ ᠠᠱᠢᠭ᠍ᠯᠠᠵᠤ᠂ ᠵᠣᠭᠣᠰ ᠮᠦᠷᠦᠢᠴᠡᠬᠦ ᠳ᠋ᠸ᠋ ᠬᠣᠯᠪᠣᠭ᠍ᠳᠠᠭ᠍ᠰᠠᠨ ᠰᠦᠪᠡᠭ᠌ᠴᠢ᠎ᠶ᠋ᠢ ᠴᠤᠭ᠍ᠯᠠᠭᠤᠯᠤᠨ ᠵᠢᠭ᠍ᠰᠠᠭᠠᠬᠤ᠂ ᠵᠠᠳᠠᠯᠤᠨ ᠰᠤᠳᠤᠯᠵᠤ ᠮᠠᠭᠠᠳᠯᠠᠬᠤ᠎ᠶ᠋ᠢ ᠤᠯᠠᠮ ᠨᠢᠭᠡ ᠠᠯᠬᠤᠮ ᠴᠢᠩᠭᠠᠳᠭᠠᠵᠤ᠂ ᠬᠢᠯᠢ ᠠᠯᠤᠰᠯᠠᠨ  ᠵᠣᠭᠣᠰ ᠮᠦᠷᠦᠢᠴᠡᠬᠦ ᠬᠠᠤᠯᠢ᠎ᠠᠴᠠ ᠵᠥᠷᠢᠴᠡᠭ᠌ᠰᠡᠨ ᠶᠠᠯᠠᠲᠤ ᠠᠵᠢᠯᠯᠠᠭ᠎ᠠ᠎ᠶ᠋ᠢᠨ ᠬᠠᠨᠳᠤᠰᠢ᠎ᠶ᠋ᠢ ᠪᠥᠬᠥ᠌ ᠲᠠᠯ᠎ᠠ᠎ᠪᠠᠷ ᠡᠵᠡᠮᠱᠢᠪᠡ᠃ 2025 ᠣᠨ᠎ᠡᠴᠨ  ᠨᠠᠭᠠᠰᠢ᠂ ᠵᠣᠭᠣᠰ ᠮᠦᠷᠦᠢᠴᠡᠬᠦ ᠳ᠋ᠸ᠋  ᠬᠣᠯᠪᠣᠭ᠍ᠳᠠᠭ᠍ᠰᠠᠨ ᠡᠯ᠎ᠡ ᠲᠥᠷᠥᠯ᠎ᠦᠨ ᠰᠦᠪᠡᠭ᠌ᠴᠢ ᠰᠤᠷᠠᠭ ᠵᠠᠩᠭᠢ᠎ᠶ᠋ᠢ ᠨᠡᠢᠲᠡ 1000 ᠭᠠᠷᠤᠶ ᠬᠤᠪᠢ ᠴᠤᠭ᠍ᠯᠠᠭᠤᠯᠵᠤ᠂ ᠬᠢᠯᠢ ᠠᠯᠤᠰᠯᠠᠨ  ᠵᠣᠭᠣᠰ ᠮᠦᠷᠦᠢᠴᠡᠬᠦ ᠬᠠᠤᠯᠢ᠎ᠠᠴᠠ ᠵᠥᠷᠢᠴᠡᠭ᠌ᠰᠡᠨ ᠶᠠᠯᠠᠲᠤ ᠠᠵᠢᠯᠯᠠᠭ᠎ᠠ᠎ᠳᠤ ᠪᠥᠬᠥ᠌ ᠲᠠᠯ᠎ᠠ᠎ᠪᠠᠷ ᠴᠣᠬᠢᠯᠲᠠ ᠥᠭ᠌ᠴᠦ ᠴᠡᠭᠴᠡᠯᠡᠨ ᠵᠠᠰᠠᠬᠤ᠎ᠳᠤ ᠬᠦᠴᠦᠲᠡᠶ ᠲᠤᠯᠭᠠᠭᠤᠷᠢᠯᠠᠯ ᠬᠠᠩᠭᠠᠪᠠ᠃ ᠡᠭᠦᠨ᠎ᠦ ᠬᠠᠮᠲᠤ᠂ ᠲᠤᠮᠤ ᠬᠡᠷᠡᠭ᠎ᠦᠨ ᠪᠣᠭᠣᠮᠲᠠ ᠱᠢᠪᠲᠤᠯᠬᠤ᠎ᠶ᠋ᠢ ᠴᠢᠩᠭ᠎ᠠ ᠠᠩᠬᠠᠷᠴᠤ᠌᠂ ᠳᠣᠲᠣᠭᠠᠳᠤ᠎ᠶ᠋ᠢ ᠬᠠᠮᠠᠭᠠᠯᠠᠬᠤ ᠶᠠᠮᠤᠨ᠂ ᠥᠪᠡᠷᠲᠡᠭᠡᠨ ᠵᠠᠰᠠᠬᠤ ᠣᠷᠣᠨ᠎ᠤ ᠳᠣᠲᠣᠭᠠᠳᠤ᠎ᠶ᠋ᠢ ᠬᠠᠮᠠᠭᠠᠯᠠᠬᠤ ᠲᠢᠩᠬᠢᠮ᠎ᠦᠨ ᠫᠠᠢᠰᠠ ᠡᠯᠭᠦᠨ ᠱᠠᠯᠠᠪᠳᠠᠭᠤᠯᠤᠨ ᠱᠢᠶ᠋ᠳᠪᠦᠷᠢᠯᠡᠭᠦᠯᠦᠭ᠌ᠰᠡᠨ ᠬᠢᠯᠢ ᠠᠯᠤᠰᠯᠠᠨ ᠵᠣᠭᠣᠰ ᠮᠦᠷᠦᠢᠴᠡᠭᠰᠡᠨ ᠲᠤᠮᠤ  ᠴᠢᠬᠤᠯᠠ  ᠬᠡᠷᠡᠭ᠎ᠲᠦ ᠠᠩᠬᠠᠷᠤᠯ᠎ᠢᠶᠠᠨ ᠲᠥᠪᠯᠡᠷᠡᠭᠦᠯᠵᠦ᠍᠂ ᠲᠤᠰᠭᠠᠶ ᠬᠡᠷᠡᠭ᠎ᠢᠶᠡᠷ ᠬᠥᠲᠥᠯᠥᠨ ᠳᠠᠭᠠᠭᠤᠯᠬᠤ ᠪᠠ ᠲᠤᠰᠭᠠᠶ ᠴᠣᠬᠢᠯᠲᠠ ᠥᠭ᠌ᠬᠦ᠎ᠶ᠋ᠢ ᠤᠶᠠᠯᠳᠤᠭᠤᠯᠬᠤ᠎ᠶ᠋ᠢ ᠪᠠᠷᠢᠮᠲᠠᠯᠠᠵᠤ᠂ ᠳᠠᠪᠠᠭᠤᠯᠢᠭ ᠬᠦᠴᠦᠨ᠎ᠢᠶᠡᠨ ᠲᠥᠪᠯᠡᠷᠡᠭᠦᠯᠦᠨ ᠭᠤᠤᠯᠳᠠᠯᠭ᠎ᠠ ᠲᠠᠶ ᠪᠣᠭᠣᠮᠲᠠ ᠱᠢᠪᠲᠤᠯᠵᠤ᠂ ᠤᠷᠢᠳ ᠬᠣᠵᠢᠳ 21 ᠬᠦᠨᠳᠦ ᠶᠡᠬᠡ ᠬᠡᠷᠡᠭ᠎ᠢ ᠳᠡᠩᠨᠡᠨ ᠢᠯᠡᠷᠡᠭᠦᠯᠪᠡ᠃ ᠲᠡᠷᠡᠴᠢᠯᠡᠨ ᠬᠢᠯᠢ ᠠᠯᠤᠰᠯᠠᠨ  ᠵᠣᠭᠣᠰ ᠮᠦᠷᠦᠢᠴᠡᠬᠦ  ᠶᠠᠯᠠᠲᠤ ᠠᠵᠢᠯᠯᠠᠭ᠎ᠠ᠎ᠳᠤ ᠨᠠᠷᠢᠯᠢᠭ ᠣᠨᠣᠴᠠᠲᠠᠶ᠎ᠪᠠᠷ ᠴᠣᠬᠢᠯᠲᠠ ᠥᠭ᠌ᠴᠦ᠂ ᠵᠣᠭᠣᠰ ᠮᠦᠷᠦᠢᠴᠡᠬᠦ᠎ᠳᠤ ᠬᠣᠯᠪᠣᠭ᠍ᠳᠠᠭ᠍ᠰᠠᠨ ᠰᠦᠪᠡᠭ᠌ᠴᠢ᠎ᠶ᠋ᠢ ᠶᠡᠷᠦᠩᠬᠡᠢᠯᠡᠨ ᠰᠤᠳᠤᠯᠤᠨ ᠮᠠᠭᠠᠳᠯᠠᠬᠤ ᠲᠣᠭ᠍ᠲᠠᠴᠠ᠎ᠶ᠋ᠢ ᠪᠠᠢᠭᠤᠯᠵᠤ᠂ ᠰᠦᠯᠵᠢᠶ᠎ᠡ᠎ᠵᠢᠨ ᠲᠣᠭᠣᠷᠢᠨ ᠪᠠᠢᠴᠠᠭᠠᠬᠤ᠂ ᠣᠯᠠᠨ ᠲᠦᠮᠡᠨ ᠬᠡᠷᠡᠭ ᠮᠡᠳᠡᠭᠦᠯᠬᠦ᠌᠂ ᠰᠠᠯᠠᠭ᠎ᠠ ᠮᠥᠴᠢᠷ᠎ᠦᠨ ᠱᠢᠯᠵᠢᠭᠦᠯᠦᠨ ᠲᠤᠱᠢᠶᠠᠬᠰᠠᠨ ᠰᠦᠪᠡᠭ᠌ᠴᠢ᠎ᠳ᠋ᠸ᠋ ᠲᠦᠷᠬᠡᠨ ᠲᠤᠰᠬᠠᠯ ᠭᠠᠷᠭᠠᠵᠤ᠂ ᠭᠦᠨᠵᠡᠭᠡᠶ ᠬᠠᠷᠭᠤᠭᠤᠯᠤᠨ ᠪᠠᠢᠴᠠᠭᠠᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号