ᠣᠢᠷ᠎ᠠ᠎ᠳᠤ᠂ ᠰᠤᠷᠭᠠᠨ ᠬᠥᠮᠦᠵᠢᠯ᠎ᠦᠨ ᠶᠠᠮᠤᠨ ᠡᠴᠡ 《2025 ᠣᠨ᠎ᠤ ᠠᠩᠬᠠᠳᠠᠭ᠍ᠴᠢ ᠪᠦᠯᠦᠭ᠎ᠤᠨ ᠠᠯᠪᠠᠨ ᠵᠢᠷᠤᠮ᠎ᠤᠨ ᠰᠤᠷᠭᠠᠨ ᠬᠥᠮᠦᠵᠢᠯ᠎ᠦᠨ ᠴᠢᠨᠠᠷ ᠰᠠᠢᠲᠠᠢ ᠪᠥᠭᠡᠳ ᠲᠡᠩᠴᠡᠭᠦᠷᠢᠲᠡᠢ ᠬᠥᠭᠵᠢᠯᠳᠡ ᠵᠢᠨ ᠰᠢᠶᠠᠨ (ᠬᠣᠲᠠ᠂ ᠲᠣᠭᠣᠷᠢᠭ᠋) ᠢ᠋ ᠬᠢᠨᠠᠨ ᠲᠣᠭᠲᠠᠭᠠᠭᠰᠠᠨ ᠦᠷ᠎ᠡ ᠳ᠋ᠦᠩ᠎ᠢ ᠨᠡᠢᠲᠡᠯᠡᠬᠦ ᠲᠤᠬᠠᠢ ᠰᠤᠷᠭᠠᠨ ᠬᠥᠮᠦᠵᠢᠯ᠎ᠦᠨ ᠶᠠᠮᠤᠨ᠎ᠤ ᠮᠡᠳᠡᠭᠳᠡᠯ》 ᠢ᠋ ᠳᠠᠷᠤᠮᠠᠯᠯᠠᠨ ᠲᠠᠷᠬᠠᠭᠠᠵᠤ᠂ ᠪᠥᠬᠥ ᠤᠯᠤᠰ᠎ᠤᠨ 326 ᠰᠢᠶᠠᠨ ᠰᠤᠷᠭᠠᠨ ᠬᠥᠮᠦᠵᠢᠯ᠎ᠦᠨ ᠶᠠᠮᠤᠨ᠎ᠤ 2025 ᠣᠨ᠎ᠤ ᠲᠥᠷᠤᠬᠥᠤ ᠪᠦᠯᠦᠭ᠎ᠤᠨ ᠠᠯᠪᠠᠨ ᠵᠢᠷᠤᠮ᠎ᠤᠨ ᠰᠤᠷᠭᠠᠨ ᠬᠥᠮᠦᠵᠢᠯ᠎ᠦᠨ ᠴᠢᠨᠠᠷ ᠰᠠᠢᠲᠠᠢ ᠪᠥᠭᠡᠳ ᠲᠡᠩᠴᠡᠭᠦᠷᠢᠲᠡᠢ ᠬᠥᠭᠵᠢᠯᠳᠡ ᠵᠢᠨ ᠰᠢᠶᠠᠨ᠎ᠤ᠋ ᠬᠢᠨᠠᠨ ᠳᠤᠭᠳᠠᠭᠠᠯᠳᠠ ᠵᠢ ᠦᠩᠬᠡᠷᠡᠭᠡᠪᠡ᠃ ᠡᠬᠦᠨ ᠳ᠋ᠤ ᠦᠪᠦᠷ ᠮᠤᠩᠭᠤᠯ᠎ᠤᠨ15 ᠬᠣᠰᠢᠭᠤ ᠰᠢᠶᠠᠨ (ᠲᠣᠭᠣᠷᠢᠭ᠋) ᠵᠢᠭᠰᠠᠭᠠᠭᠳᠠᠭᠰᠠᠨ ᠪᠠᠢᠨ᠎ᠠ᠃
15 ᠬᠤᠰᠢᠭᠤ ᠰᠢᠶᠠᠨ ᠳ᠋ᠤ ᠬᠥᠬᠡᠬᠣᠲᠠ ᠵᠢᠨ ᠴᠢᠩ ᠱᠦᠢ ᠾᠧ ᠰᠢᠶᠠᠨ᠂ ᠪᠤᠭᠤᠲᠤ ᠬᠣᠲᠠ ᠵᠢᠨ ᠵᠢᠦᠶᠤᠸᠠᠨ ᠲᠣᠭᠣᠷᠢᠭ᠋᠂ ᠭᠦᠶᠠᠩ ᠰᠢᠶᠠᠨ᠂ ᠪᠠᠶᠠᠠᠠᠤᠪᠤᠭ᠎ᠠ ᠠᠭᠤᠷᠬᠠᠢ᠎ᠶᠢᠨ ᠣᠷᠣᠨ᠂ ᠤᠯᠠᠭᠠᠨᠬᠠᠳᠠ ᠬᠣᠲᠠ ᠵᠢᠨ ᠶᠤᠸᠠᠨ ᠪᠦᠦ ᠱᠠᠨ ᠲᠣᠭᠣᠷᠢᠭ᠋᠂ ᠯᠢᠨᠰᠢ ᠰᠢᠶᠠᠨ᠂ ᠠᠷᠤ ᠬᠣᠷᠴᠢᠨ ᠬᠣᠰᠢᠭᠤ᠂ ᠣᠷᠳᠣᠰ ᠬᠣᠲᠠ ᠵᠢᠨ ᠳ᠋ᠦᠩᠱᠧᠩ ᠲᠣᠭᠣᠷᠢᠭ᠋᠂ ᠣᠲᠣᠭ᠎ᠤᠨ ᠡᠮᠦᠨᠡᠲᠦ ᠬᠣᠰᠢᠭᠤ᠂ ᠬᠠᠩᠭᠢᠨ ᠬᠣᠰᠢᠭᠤ᠂ ᠪᠠᠶᠠᠨᠨᠠᠭᠤᠷ ᠬᠣᠲᠠ ᠵᠢᠨ ᠤᠷᠠᠳ᠎ᠤᠨ ᠬᠣᠢᠲᠤ ᠬᠣᠰᠢᠭᠤ᠂ ᠰᠢᠯᠢ᠎ᠶᠢᠨ ᠭᠣᠣᠯ ᠠᠢᠮᠠᠭ᠎ᠤᠨ ᠠᠪᠠᠭ᠎ᠠ ᠬᠣᠰᠢᠭᠤ᠂ ᠬᠥᠪᠡᠭᠡᠲᠦ ᠰᠢᠷ᠎ᠠ ᠬᠣᠰᠢᠭᠤ᠂ ᠠᠯᠠᠱᠠ ᠠᠢᠮᠠᠭ᠎ᠤᠨ ᠠᠯᠠᠱᠠ ᠵᠡᠭᠦᠨ ᠬᠣᠰᠢᠭᠤ᠂ ᠡᠵᠡᠨ᠎ᠡ ᠬᠣᠰᠢᠭᠤ ᠪᠠᠭᠳᠠᠵᠠᠢ᠃ ᠣᠳᠣᠬᠠᠨ ᠪᠣᠯᠲᠠᠯ᠎ᠠ᠂ ᠦᠪᠦᠷ ᠮᠤᠩᠭᠤᠯ᠎ᠤᠨ 23 ᠬᠣᠰᠢᠭᠤ ᠰᠢᠶᠠᠨ (ᠲᠣᠭᠣᠷᠢᠭ᠋) ᠬᠢᠨᠠᠨ ᠳᠤᠭᠳᠠᠭᠠᠯᠳᠠ ᠵᠢ ᠦᠩᠬᠡᠷᠡᠭᠡᠵᠦ᠂ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠲᠥᠯᠦᠪᠵᠢᠭᠦᠯᠭᠡ᠎ᠶᠢᠨ ᠲᠣᠭᠲᠠᠭᠰᠠᠨ ᠬᠠᠷᠠᠯᠲᠠᠡᠭᠦᠷᠭᠡ ᠪᠠᠨ ᠠᠮᠵᠢᠯᠲᠠ᠎ᠲᠠᠢ ᠪᠡᠶᠡᠯᠡᠭᠦᠯᠪᠡ᠃ ᠡᠨᠡ ᠬᠦ᠌ ᠦᠷ᠎ᠡ ᠪᠦᠲᠦᠭᠡᠯ᠎ᠨᠢ ᠮᠠᠨ᠎ᠤ ᠣᠷᠣᠨ᠎ᠤ ᠰᠤᠷᠭᠠᠨ ᠬᠥᠮᠦᠵᠢᠯ᠎ᠢ ᠤᠷᠢᠳ ᠵᠢᠡᠷ ᠬᠥᠭᠵᠢᠭᠦᠯᠬᠦ ᠪᠠᠢᠯᠳᠤᠬᠤ ᠪᠣᠳᠣᠯᠭ᠎ᠠ᠎ᠶᠢ ᠪᠠᠷᠢᠮᠲᠠᠯᠠᠵᠤ᠂ ᠰᠠᠭᠤᠷᠢ ᠰᠤᠷᠭᠠᠨ ᠬᠥᠮᠦᠵᠢᠯ᠎ᠦᠨ ᠶᠡᠷᠦᠩᠬᠡᠢᠯᠡᠭᠰᠡᠨ ᠥᠭᠡᠷᠡᠴᠢᠯᠡᠯᠲᠡ᠎ᠶᠢ ᠭᠦᠨᠵᠡᠭᠡᠢᠷᠡᠭᠦᠯᠦᠭᠰᠡᠨ ᠠᠮᠢᠳᠤᠯᠢᠭ᠋ ᠦᠢᠯᠡᠳᠦᠯᠭᠡ ᠪᠣᠯᠣᠨ᠎ᠠ᠂ ᠨᠡᠩ ᠴᠤ᠌ ᠰᠤᠷᠭᠠᠨ ᠬᠥᠮᠦᠵᠢᠯ᠎ᠦᠨ ᠡᠷᠬᠡ ᠲᠡᠭᠰᠢ ᠪᠠᠢᠬᠤ᠎ᠶᠢ ᠠᠬᠢᠭᠤᠯᠵᠤ᠂ ᠲᠦᠭ ᠲᠦᠮᠡᠨ ᠠᠢᠯ ᠡᠷᠦᠬᠡ᠎ᠳᠦ ᠠᠰᠢᠭ᠋ ᠬᠦᠷᠲᠡᠭᠡᠭᠰᠡᠨ ᠠᠷᠠᠳ᠎ᠤᠨ ᠠᠮᠢᠳᠤᠷᠠᠯ᠎ᠤᠨ ᠬᠠᠷᠢᠭᠤᠯᠲᠠ᠎ᠶᠢᠨ ᠬᠠᠭᠤᠳᠠᠰᠤ ᠪᠣᠯᠣᠨ᠎ᠠ᠃
ᠬᠤᠢᠰᠢᠳᠠ᠂ ᠮᠠᠨ᠎ᠤ ᠣᠷᠣᠨ ᠡᠭᠦᠨ᠎ᠢᠶᠡᠷ ᠰᠢᠨ᠎ᠡ ᠭᠠᠷᠤᠭ᠎ᠠ ᠪᠣᠯᠭᠠᠵᠤ᠂ 《ᠪᠦᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠠᠯᠪᠠᠨ ᠵᠢᠷᠤᠮ᠎ᠤᠨ ᠰᠤᠷᠭᠠᠨ ᠬᠥᠮᠦᠵᠢᠯ᠎ᠦᠨ ᠬᠠᠤᠯᠢ》 ᠵᠢᠴᠢ ᠰᠤᠷᠭᠠᠨ ᠬᠥᠮᠦᠵᠢᠯ᠎ᠦᠨ ᠶᠠᠮᠤᠨ᠎ᠤ ᠪᠠᠢᠷᠢᠯᠠᠭᠤᠯᠤᠯᠲᠠ᠎ᠶᠢᠨ ᠱᠠᠭᠠᠷᠳᠠᠯᠭ᠎ᠠ᠎ᠶᠢ ᠭᠦᠨᠵᠡᠭᠡᠢ ᠲᠤᠭᠤᠰᠢᠯᠠᠭᠤᠯᠵᠤ᠂ ᠴᠢᠨᠠᠷ ᠰᠠᠢᠲᠠᠢ ᠲᠡᠩᠴᠡᠭᠦᠷᠢᠲᠡᠢ ᠬᠥᠭᠵᠢᠯᠲᠡ᠎ᠶᠢᠨ ᠬᠠᠷᠠᠯᠲᠠ᠎ᠶᠢ ᠪᠠᠳᠤ ᠡᠵᠡᠮᠳᠡᠵᠤ᠂ ᠣᠷᠣᠨ ᠪᠦᠰᠡ᠂ ᠬᠤᠳᠠ ᠬᠥᠳᠡᠭᠡ᠂ ᠰᠤᠷᠭᠠᠭᠤᠯᠢ᠎ᠶᠢᠨ ᠬᠣᠭᠣᠷᠣᠨᠳᠣᠬᠢ ᠰᠤᠷᠭᠠᠨ ᠬᠥᠮᠦᠵᠢᠯ᠎ᠦᠨ ᠵᠥᠷᠢᠶ᠎ᠡ᠎ᠶᠢ ᠦᠷᠭᠦᠯᠵᠢᠯᠡᠨ ᠪᠠᠭᠠᠰᠬᠠᠵᠤ᠂ ᠤᠯᠠᠨ ᠲᠦᠮᠡᠨ᠎ᠦ ᠰᠤᠷᠭᠠᠨ ᠬᠥᠮᠦᠵᠢᠯ᠎ᠦᠨ ᠬᠦᠷᠲᠡᠮᠵᠢ᠎ᠶᠢᠨ ᠲᠥᠷᠥᠭᠳᠡᠯ ᠪᠣᠯᠣᠨ ᠵᠢᠷᠭᠠᠯᠲᠤ ᠲᠥᠷᠥᠭᠳᠡᠯ᠎ᠢ ᠳᠠᠰᠤᠷᠠᠯᠳᠠ ᠦᠭᠡᠢ ᠳᠡᠭᠡᠭᠰᠢᠯᠡᠭᠦᠯᠦᠨ᠎ᠠ᠃