ᠦᠪᠦᠷ ᠮᠤᠡᠭᠭᠤᠯ ᠤ᠋ᠨ ᠥᠪᠡᠷᠲᠡᠭᠡᠨ ᠵᠠᠰᠠᠬᠤ ᠣᠷᠣᠨ ᠤ᠋ ᠵᠠᠮ ᠬᠠᠷᠢᠯᠴᠠᠭ᠎ᠠ ᠲᠡᠭᠡᠭᠡᠪᠦᠷᠢ ᠢ᠋ᠢᠨ ᠲᠢᠡᠭᠬᠢᠮ ᠡᠴᠡ ᠤᠢᠯᠠᠭᠠᠭᠰᠠᠨ ᠢ᠋ᠢᠡᠷ᠂ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠣᠷᠢᠶ᠎ᠠ ᠢ᠋ᠢᠨ 《1571》 ᠠᠵᠢᠯ ᠤ᠋ᠨ ᠪᠠᠢᠷᠢᠯᠠᠭᠤᠯᠤᠯᠲᠠ ᠢ᠋ᠢ ᠨᠠᠢᠳᠠᠪᠤᠷᠢᠵᠢᠭᠤᠯᠬᠤ ᠢ᠋ᠢᠨ ᠲᠦᠯᠦᠭᠡ ᠥᠪᠡᠷᠲᠡᠭᠡᠨ ᠵᠠᠰᠠᠬᠤ ᠣᠷᠣᠨ ᠤ᠋ ᠵᠠᠮ ᠬᠠᠷᠢᠯᠴᠠᠭ᠎ᠠ ᠲᠡᠭᠡᠭᠡᠪᠦᠷᠢ ᠢ᠋ᠢᠨ ᠲᠢᠩᠬᠢᠮ᠂ ᠡᠳ᠋ ᠤ᠋ᠨ ᠵᠠᠰᠠᠭ ᠤ᠋ᠨ ᠲᠢᠩᠬᠢᠮ ᠪᠣᠯᠤᠨ ᠪᠠᠢᠭᠠᠯᠢ ᠢ᠋ᠢᠨ ᠡᠬᠢ ᠪᠠᠶᠠᠯᠢᠭ ᠤ᠋ᠨ ᠲᠢᠩᠬᠢᠮ ᠤᠢᠷ᠎ᠠ ᠳ᠋ᠤ 《ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠱᠢᠨ᠎ᠡ ᠨᠢᠭᠡ ᠡᠭᠡᠯᠵᠢ ᠢ᠋ᠢᠨ ᠮᠠᠯᠵᠢᠬᠤ ᠲᠠᠷᠢᠶᠠᠯᠠᠬᠤ ᠣᠷᠣᠨ ᠤ᠋ ᠵᠠᠰᠠᠮᠠᠯ ᠵᠠᠮ ᠢ᠋ ᠲᠡᠰ ᠲᠡᠪᠰᠢᠬᠦᠯᠬᠦ ᠠᠵᠢᠯᠯᠠᠭᠠᠨ ᠤ᠋ ᠬᠡᠷᠡᠭ᠌ᠵᠢᠭᠦᠯᠬᠦ᠌ ᠲᠥᠰᠦᠯ》 ᠢ᠋ ᠳᠠᠷᠤᠮᠠᠯᠯᠠᠨ ᠲᠠᠷᠬᠠᠭᠠᠪᠠ᠃
ᠲᠤᠰ ᠲᠥᠰᠦᠯ ᠳ᠋ᠤ᠂ 2027 ᠣᠨ ᠪᠤᠯᠲᠠᠯ᠎ᠠ ᠮᠠᠯᠵᠢᠬᠤ ᠲᠠᠷᠢᠶᠠᠯᠠᠬᠤ ᠣᠷᠣᠨ ᠳ᠋ᠤ 1 ᠲᠦᠮᠡᠨ ᠺᠢᠯᠣᠮᠧᠲ᠋ᠷ ᠵᠠᠰᠠᠮᠠᠯ ᠵᠠᠮ ᠢ᠋ ᠱᠢᠨ᠎ᠡ ᠪᠡᠷ ᠵᠠᠰᠠᠬᠤ ᠪᠤᠶᠤ ᠥᠭᠡᠷᠡᠴᠢᠯᠡᠨ ᠵᠠᠰᠠᠵᠤ᠂ ᠰᠤᠮᠤ ᠱᠢᠶᠠᠩ ᠪᠠᠯᠭᠠᠰᠤᠨ ᠳ᠋ᠤ ᠭᠤᠷᠪᠠᠳᠤᠭᠠᠷ ᠳᠡᠰ ᠵᠢᠴᠢ ᠲᠡᠭᠦᠨ ᠡᠴᠡ ᠳᠡᠭᠡᠭ᠌ᠰᠢᠬᠢ ᠵᠠᠰᠠᠮᠠᠯ ᠵᠠᠮ ᠨᠡᠪᠲᠡᠷᠡᠬᠦ᠌ ᠨᠤᠷᠮ᠎ᠠ ᠵᠢ 97% ᠳ᠋ᠤ ᠬᠦᠷᠭᠡᠨ᠂ ᠪᠠᠢᠭᠤᠯᠤᠮᠵᠢᠲᠤ ᠭᠠᠴᠠᠭ᠎ᠠ ᠲᠣᠰᠭᠣᠨ ᠳ᠋ᠤ ᠬᠤᠤᠰ ᠲᠡᠷᠭᠡᠨ ᠵᠠᠮ ᠲᠠᠢ ᠵᠠᠰᠠᠮᠠᠯ ᠵᠠᠮ ᠨᠡᠪᠲᠡᠷᠡᠬᠦ᠌ ᠨᠤᠷᠮ᠎ᠠ ᠵᠢ 48% ᠳ᠋ᠤ ᠬᠦᠷᠭᠡᠵᠤ᠂ ᠨᠡᠯᠢᠶᠡᠳ ᠤᠯᠠᠨ ᠬᠥᠮᠦᠨ ᠠᠮᠠ ᠲᠠᠢ ᠪᠥᠭᠡᠳ 100 ᠡᠴᠡ ᠳᠡᠭᠡᠭ᠌ᠰᠢ ᠪᠠᠢᠩᠭᠤ ᠰᠠᠭᠤᠭ᠎ᠠ ᠬᠥᠮᠦᠨ ᠠᠮᠠ ᠲᠠᠢ ᠪᠠᠢᠭᠠᠯᠢᠯᠢᠭ ᠲᠣᠰᠭᠣᠨ (ᠳᠤᠭᠤᠢᠯᠠᠩ) ᠳ᠋ᠤ ᠬᠠᠲᠠᠭᠤᠷᠠᠭᠤᠯᠤᠭ᠍ᠰᠠᠨ ᠵᠠᠮ ᠨᠡᠪᠲᠡᠷᠡᠬᠦ᠌ ᠨᠤᠷᠮ᠎ᠠ ᠵᠢ 92% ᠲᠦ᠍ ᠬᠦᠷᠭᠡᠨ᠎ᠠ; 1 ᠲᠦᠮᠡᠨ ᠺᠢᠯᠣᠮᠧᠲᠷ ᠤ᠋ᠨ ᠠᠷᠠᠴᠢᠯᠠᠨ ᠬᠠᠮᠠᠭᠠᠯᠠᠬᠤ ᠢᠨᠵᠧᠨᠧᠷᠢᠩ ᠢ᠋ ᠬᠡᠷᠡᠭ᠌ᠵᠢᠭᠦᠯᠤᠨ᠂ ᠮᠠᠯᠵᠢᠬᠤ ᠲᠠᠷᠢᠶᠠᠯᠠᠬᠤ ᠣᠷᠣᠨ ᠤ᠋ ᠵᠠᠰᠠᠮᠠᠯ ᠵᠠᠮ ᠤ᠋ᠨ ᠱᠢᠯᠢᠳᠡᠭ ᠪᠠ ᠳᠤᠮᠳᠠ ᠵᠡᠷᠭᠡ ᠢ᠋ᠢᠨ ᠨᠣᠷᠮ᠎ᠠ ᠢ᠋ᠢ 85% ᠡᠴᠡ ᠳᠡᠭᠡᠭ᠌ᠰᠢ ᠪᠠᠢᠯᠭᠠᠬᠤ ᠢ᠋ᠢ ᠪᠠᠲᠤᠯᠠᠵᠤ᠂ ᠮᠠᠯᠵᠢᠬᠤ ᠲᠠᠷᠢᠶᠠᠯᠠᠬᠤ ᠣᠷᠣᠨ ᠤ᠋ ᠵᠠᠰᠠᠮᠠᠯ ᠵᠠᠮ ᠤ᠋ᠨ 100 ᠰᠠᠭᠤᠷᠢ ᠨᠤᠷᠠᠬᠤ ᠠᠶᠤᠯᠲᠠᠢ ᠬᠥᠭᠥᠷᠭᠡ ᠢ᠋ᠢ ᠥᠭᠡᠷᠡᠴᠢᠯᠡᠨ ᠵᠠᠰᠠᠵᠤ᠂ 3000 ᠺᠢᠯᠣᠮᠧᠲᠷ ᠠᠮᠤᠷ ᠲᠦᠪᠱᠢᠨ ᠤ᠋ ᠢᠨᠵᠧᠨᠧᠷᠢᠩ ᠢ᠋ ᠬᠡᠷᠡᠭ᠌ᠵᠢᠭᠦᠯᠦᠨᠡ; ᠪᠠᠢᠭᠤᠯᠤᠮᠵᠢᠲᠤ ᠭᠠᠴᠠᠭ᠎ᠠ ᠲᠣᠰᠭᠣᠨ ᠳ᠋ᠤ ᠨᠡᠢᠲᠡ ᠢ᠋ᠢᠨ ᠵᠠᠮ ᠬᠠᠷᠢᠯᠴᠠᠭ᠎ᠠ ᠨᠡᠪᠲᠡᠷᠡᠬᠦ ᠨᠣᠷᠮ᠎ᠠ ᠢ᠋ᠢ 32% ᠲᠦ᠍ ᠬᠦᠷᠭᠡᠵᠦ᠍᠂ ᠨᠥᠬᠥᠴᠡᠯ ᠪᠦᠷᠢᠯᠳᠦᠭᠦᠯᠦᠭ᠌ᠰᠡᠨ ᠬᠤᠰᠢᠭᠤ ᠱᠢᠶᠠᠨ ᠤ᠋ ᠱᠠᠲᠤᠨ ᠤ᠋ ᠵᠠᠰᠠᠭ ᠵᠠᠬᠢᠷᠭᠠᠨ ᠤ᠋ ᠣᠷᠣᠨ ᠳ᠋ᠤ ᠬᠥᠳᠡᠭᠡ ᠲᠣᠰᠭᠣᠨ ᠤ᠋ ᠠᠶᠠᠨᠴᠢᠨ ᠪᠠ ᠪᠠᠷᠠᠭ᠎ᠠ ᠱᠢᠤᠳᠠᠨ ᠢ᠋ ᠠᠭᠤᠰᠤᠯᠴᠠᠭᠤᠯᠤᠨ ᠬᠥᠭ᠌ᠵᠢᠬᠦᠯᠬᠦ᠌ ᠢ᠋ᠢ ᠨᠡᠢᠳᠡᠮ ᠪᠥᠷᠬᠥᠭᠦᠯᠵᠤ᠂ ᠬᠣᠲᠠ ᠬᠥᠳᠡᠭᠡ ᠢ᠋ᠢᠨ ᠵᠠᠮ ᠬᠠᠷᠢᠯᠴᠠᠭ᠎ᠠ ᠲᠡᠭᠡᠭᠡᠪᠦᠷᠢ ᠢ᠋ᠢᠨ ᠨᠢᠭᠡ ᠴᠣᠭ᠍ᠴᠠᠵᠢᠨ ᠬᠥᠭ᠌ᠵᠢᠭᠰᠡᠨ ᠲᠦᠪᠰᠢᠨ 4A ᠲᠠᠰ ᠵᠢᠴᠢ ᠲᠡᠭᠦᠨ ᠡᠴᠡ ᠳᠡᠭᠡᠭ᠌ᠰᠢ ᠬᠦᠷᠬᠦ ᠬᠣᠱᠢᠭᠤ ᠱᠢᠶᠠᠨ ᠤ᠋ ᠬᠠᠷᠢᠴᠠᠯ ᠢ᠋ 92% ᠲᠦ᠍ ᠬᠦᠷᠭᠡᠨ᠎ᠠ ᠭᠡᠵᠤ ᠳᠤᠷᠠᠳᠴᠠᠢ᠃
ᠲᠤᠰ ᠲᠥᠰᠦᠯ ᠳ᠋ᠤ᠂ 2035 ᠣᠨ ᠪᠤᠯᠲᠠᠯ᠎ᠠ 《ᠬᠡᠪᠴᠢᠶ᠎ᠡ ᠪᠦᠲᠦᠴᠡ ᠵᠦᠶ ᠵᠣᠬᠢᠰᠲᠠᠶ᠂ ᠲᠥᠬᠥᠭᠡᠷᠦᠮᠵᠢ ᠢ᠋ᠢᠨ ᠶᠠᠰᠤ ᠴᠢᠨᠠᠷ ᠱᠢᠯᠢᠳᠡᠭ ᠰᠠᠢᠨ᠂ ᠵᠠᠰᠠᠯᠲᠠ ᠵᠢᠷᠤᠮᠵᠢᠭᠤᠨ ᠪᠦᠲᠦᠮᠵᠢᠲᠡᠶ᠂ ᠲᠡᠭᠡᠭᠡᠪᠦᠷᠢ ᠢ᠋ᠢᠨ ᠦᠶ᠋ᠯᠡᠴᠢᠯᠡᠭᠡ ᠴᠢᠨᠠᠷ ᠰᠠᠢᠲᠠᠶ》 ᠮᠠᠯᠵᠢᠬᠤ ᠲᠠᠷᠢᠶᠠᠯᠠᠬᠤ ᠣᠷᠣᠨ ᠤ᠋ ᠵᠠᠰᠠᠮᠠᠯ ᠵᠠᠮ ᠤ᠋ᠨ ᠵᠠᠮ ᠬᠠᠷᠢᠯᠴᠠᠭᠠᠨ ᠤ᠋ ᠲᠡᠭᠡᠭᠡᠪᠦᠷᠢ ᠢ᠋ᠢᠨ ᠱᠢᠰᠲ᠋ᠧᠮ ᠢ᠋ ᠪᠦᠷᠢᠯᠳᠦᠭᠦᠯᠵᠦ᠍᠂ 《ᠳᠥᠷᠪᠡᠨ ᠰᠠᠢᠨ ᠬᠥᠳᠡᠭᠡ ᠲᠣᠰᠭᠣᠨ ᠤ᠋ ᠵᠠᠰᠠᠮᠠᠯ ᠵᠠᠮ》 ᠤ᠋ᠨ ᠴᠢᠨᠠᠷ ᠰᠠᠢᠲᠠᠶ ᠬᠥᠭ᠌ᠵᠢᠯᠲᠡ ᠢ᠋ᠢᠨ ᠪᠠᠢᠷᠢᠱᠢᠯ ᠢ᠋ ᠦᠨᠳᠦᠰᠦᠨ ᠳ᠋ᠡᠭᠡᠨ ᠪᠦᠷᠢᠯᠳᠦᠭᠦᠯᠵᠦ᠍᠂ ᠵᠠᠮ ᠬᠠᠷᠢᠯᠴᠠᠭᠠᠨ ᠤ᠋ ᠬᠦᠴᠦᠷᠬᠡᠭ ᠤᠯᠤᠰ ᠤ᠋ᠨ ᠪᠥᠲᠥᠭᠡᠨ ᠪᠠᠢᠭᠤᠯᠤᠯᠲᠠ ᠪᠠ ᠬᠥᠳᠡᠭᠡ ᠲᠣᠰᠭᠣᠨ ᠤ᠋ ᠣᠳᠣᠬᠢᠴᠢᠯᠠᠭ᠍ᠰᠠᠨ ᠬᠥᠭ᠌ᠵᠢᠯᠲᠡ ᠢ᠋ᠢᠨ ᠬᠡᠷᠡᠭ᠌ᠴᠡᠭᠡ ᠢ᠋ᠢ ᠦᠨᠳᠦᠰᠦᠨ ᠳ᠋ᠡᠭᠡᠨ ᠬᠠᠩᠭᠠᠨ᠎ᠠ ᠭᠡᠵᠤ ᠵᠢᠭᠠᠵᠤ ᠭᠠᠷᠭᠠᠪᠠ᠃
ᠲᠤᠰ ᠲᠥᠰᠦᠯ ᠳ᠋ᠤ ᠵᠠᠰᠠᠮᠠᠯ ᠵᠠᠮ ᠤ᠋ᠨ ᠲᠤᠤᠷ ᠤ᠋ᠨ ᠶᠠᠰᠤ ᠴᠢᠨᠠᠷ᠂ ᠠᠮᠤᠷ ᠲᠦᠪᠱᠢᠨ᠂ ᠲᠡᠭᠡᠭᠡᠪᠦᠷᠢ᠂ ᠵᠠᠰᠠᠯᠲᠠ ᠢ᠋ᠢᠨ ᠴᠢᠳᠠᠪᠤᠷᠢ᠂ ᠶᠠᠪᠤᠵᠤ ᠰᠠᠭᠤᠬᠤ ᠦᠢᠯᠡᠴᠢᠯᠡᠭᠡ᠂ ᠡᠶ᠎ᠡ ᠨᠠᠢᠷᠠᠮᠳᠠᠭᠤ ᠬᠥᠳᠡᠭᠡ ᠲᠣᠰᠭᠣᠨ᠂ ᠠᠵᠤ ᠦᠶ᠋ᠯᠡᠰ ᠲᠤ᠌ ᠬᠦᠴᠦᠨ ᠨᠡᠮᠡᠷᠢᠯᠡᠬᠦ᠌᠂ ᠠᠵᠢᠯ ᠣᠯᠭᠣᠵᠤ ᠣᠷᠣᠯᠭ᠎ᠠ ᠢ᠋ᠢ ᠨᠡᠮᠡᠭ᠌ᠳᠡᠭᠦᠯᠬᠦ᠌ ᠵᠡᠷᠭᠡ 8 ᠶᠡᠬᠡ ᠠᠵᠢᠯᠯᠠᠭ᠎ᠠ ᠢ᠋ᠢ ᠪᠠᠢᠷᠢᠯᠠᠭᠤᠯᠵᠤ᠂ ᠮᠠᠯᠵᠢᠬᠤ ᠲᠠᠷᠢᠶᠠᠯᠠᠬᠤ ᠣᠷᠣᠨ ᠤ᠋ ᠵᠠᠰᠠᠮᠠᠯ ᠵᠠᠮ ᠤ᠋ᠨ ᠪᠥᠬᠥ᠌ ᠲᠠᠯ᠎ᠠ ᠪᠡᠷ ᠲᠠᠰ ᠳᠡᠪᠱᠢᠬᠦ᠌ ᠢ᠋ᠢ ᠱᠢᠰᠲ᠋ᠧᠮ ᠲᠠᠢ ᠠᠬᠢᠭᠤᠯᠬᠤ ᠪᠤᠯᠤᠨ᠎ᠠ᠃ ᠪᠠᠰᠠ ᠡᠯ᠎ᠡ ᠵᠦᠶ᠋ᠯ ᠤ᠋ᠨ ᠡᠭᠦᠷᠭᠡ ᠬᠠᠷᠠᠯᠲᠠ ᠢ᠋ᠢ ᠬᠤᠭᠤᠴᠠᠭ᠎ᠠ ᠶᠣᠰᠣᠭᠠᠷ ᠪᠡᠶᠡᠯᠡᠭᠦᠯᠬᠦ᠌ ᠢ᠋ᠢ ᠦᠨᠡᠨ ᠬᠦ᠌ ᠪᠠᠲᠤᠯᠠᠬᠤ ᠢ᠋ᠢᠨ ᠲᠥᠯᠥᠭᠡ ᠬᠠᠷᠢᠭᠤᠴᠠᠯᠭ᠎ᠠ ᠢ᠋ᠢᠨ ᠬᠤᠪᠢᠶᠠᠷᠢᠯᠠᠯ᠂ ᠪᠠᠯᠠ ᠮᠥᠩᠭᠥ ᠢ᠋ᠢᠨ ᠪᠠᠲᠤᠯᠠᠭ᠎ᠠ ᠵᠡᠷᠭᠡ 5 ᠲᠠᠯ᠎ᠠ ᠢ᠋ᠢᠨ ᠪᠠᠲᠤᠯᠠᠭ᠎ᠠ ᠢ᠋ᠢᠨ ᠠᠷᠭ᠎ᠠ ᠬᠡᠮᠵᠢᠶ᠎ᠡ ᠵᠢ ᠲᠣᠭ᠍ᠲᠠᠭᠠᠵᠤ᠂ ᠡᠯ᠎ᠡ ᠵᠦᠶ᠋ᠯ ᠤ᠋ᠨ ᠠᠵᠢᠯ ᠤ᠋ᠨ ᠡᠭᠦᠷᠭᠡ ᠢ᠋ᠢ ᠪᠤᠳᠠᠳᠠᠢ ᠳ᠋ᠤ ᠨᠠᠢᠳᠠᠪᠤᠷᠢᠵᠢᠭᠤᠯᠵᠤ ᠦᠷ᠎ᠡ ᠪᠦᠲᠦᠮᠵᠢ ᠤᠯᠬᠤ ᠳ᠋ᠤ ᠬᠦᠴᠦᠨ ᠵᠦᠶ᠋ᠯ ᠤ᠋ᠨ ᠪᠠᠲᠤᠯᠠᠭ᠎ᠠ ᠬᠠᠩᠭᠠᠵᠡᠢ᠃