ᠾᠧ ᠸᠧᠢ ᠪᠠᠢᠴᠠᠭᠠᠨ ᠰᠤᠳᠤᠯᠬᠤ ᠳᠤᠭᠤᠢᠯᠠᠩ ᠳᠠᠭᠠᠭᠤᠯᠤᠨ ᠥᠪᠥᠷ ᠮᠣᠩᠭᠣᠯ᠎ᠳᠤ ᠪᠠᠢᠴᠠᠭᠠᠨ ᠰᠤᠳᠤᠯᠪᠠ
2026-01-11 10:20:17
ᠵᠣᠬᠢᠶᠠᠭ᠍ᠴᠢ᠄
ᠰᠦᠩ ᠱᠤᠸᠠᠩ
ᠣᠩᠱᠢᠭ᠍ᠰᠠᠨ ᠣᠳᠠᠭ᠎ᠠ᠄
★★★☆☆

ᠸᠠᠩ ᠸᠧᠶ ᠵᠥᠩ   ᠪᠤᠤ ᠭᠠᠩ ᠪᠠᠷᠠᠳᠠᠨ ᠠᠭᠤᠯᠵᠠᠪᠠ


1 ᠰᠠᠷ᠎ᠠ᠎ᠶ᠋ᠢᠨ 7 ᠡᠴᠡ 9 ᠎ᠤ᠋ ᠡᠳᠦᠷ ᠪᠣᠯᠲᠠᠯ᠎ᠠ᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ ᠵᠢᠨ ᠳᠡᠳ᠋ ᠬᠤᠷᠢᠶᠠᠨ ᠳᠠᠷᠤᠭ᠎ᠠ᠂ ᠲᠠᠷᠢᠶᠠᠴᠢᠨ ᠠᠵᠢᠯᠴᠢᠨ᠎ᠤ ᠠᠷᠠᠳᠴᠢᠯᠠᠭ᠍ᠰᠠᠨ ᠨᠠᠮ᠎ᠤᠨ ᠲᠥᠪ ᠬᠤᠷᠢᠶ᠎ᠠ ᠵᠢᠨ ᠲᠡᠷᠢᠭᠦᠯᠡᠭ᠌ᠴᠢ ᠾᠧ ᠸᠧᠢ ᠪᠠᠢᠴᠠᠭᠠᠨ ᠰᠤᠳᠤᠯᠬᠤ ᠳᠤᠭᠤᠢᠯᠠᠩ ᠳᠠᠭᠠᠭᠤᠯᠤᠨ ᠥᠪᠥᠷ ᠮᠣᠩᠭᠣᠯ᠎ᠳᠤ 《ᠱᠢᠨ᠎ᠡ ᠡᠨᠧᠷᠭᠢ᠎ᠶ᠋ᠢ ᠣᠨᠳᠣᠣᠱᠢᠭᠤᠯᠤᠨ ᠬᠡᠷᠡᠭ᠌ᠯᠡᠬᠦ᠌᠎ᠶ᠋ᠢ ᠠᠬᠢᠭᠤᠯᠵᠤ ᠤᠢᠷ᠎ᠠ ᠤᠭᠳᠠᠷᠭᠤᠢ ᠵᠢᠨ᠎ᠠᠵᠤ ᠠᠬᠤᠢ᠎ᠶ᠋ᠢᠨ ᠪᠣᠬᠢᠷᠲᠤᠯ ᠦᠭᠡᠢ ᠬᠥᠭ᠌ᠵᠢᠯᠲᠡ᠎ᠶ᠋ᠢ ᠠᠬᠢᠭᠤᠯᠬᠤ》 ᠵᠢᠨ ᠲᠣᠭᠣᠷᠢᠨ᠎ᠳᠤ ᠲᠤᠰᠭᠠᠢ ᠰᠡᠳᠦᠪᠲᠦ ᠪᠠᠢᠴᠠᠭᠠᠨ ᠰᠤᠳᠤᠯᠤᠯᠲᠠ ᠥᠷᠨᠢᠭᠦᠯᠪᠡ᠃ 1 ᠰᠠᠷ᠎ᠠ᠎ᠶ᠋ᠢᠨ 8 ᠎ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠱᠦᠵᠢ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ ᠵᠢᠨ ᠡᠷᠬᠢᠯᠡᠭ᠌ᠴᠢ ᠸᠠᠩ ᠸᠧᠶ ᠵᠥᠩ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭ᠌ᠴᠢ ᠪᠦᠦ ᠭᠠᠩ ᠬᠥᠬᠡᠬᠣᠲᠠ᠎ᠳᠤ ᠾᠧ ᠸᠧᠶ᠎ᠲᠡᠶ ᠪᠠᠷᠠᠳᠠᠨ ᠠᠭᠤᠯᠵᠠᠪᠠ᠃

ᠪᠠᠢᠴᠠᠭᠠᠨ ᠰᠤᠳᠤᠯᠬᠤ ᠳᠤᠭᠤᠢᠯᠠᠩ ᠥᠪᠥᠷ ᠮᠣᠩᠭᠣᠯ᠎ᠳᠤ ᠪᠠᠢᠬᠤ ᠬᠤᠭᠤᠴᠠᠭᠠᠨ᠎ᠳᠤ ᠤᠷᠢᠳ ᠬᠣᠵᠢᠳ ᠬᠥᠬᠡᠬᠣᠲᠠ᠂ ᠤᠯᠠᠭᠠᠨᠬᠠᠳᠠ ᠬᠣᠲᠠ᠎ᠶ᠋ᠢᠨ ᠬᠡᠰᠡᠭ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠬᠦᠷᠢᠶᠡᠯᠡᠩ ᠭᠠᠵᠠᠷ᠂ ᠠᠵᠤ ᠦᠶ᠋ᠯᠡᠰ᠎ᠦᠨ ᠬᠦᠷᠢᠶᠡᠯᠡᠩ ᠲᠣᠭᠣᠷᠢᠭ᠂ ᠠᠵᠤ ᠠᠬᠤᠢᠯᠠᠯ᠎ᠳᠤ ᠭᠦᠨᠵᠡᠭᠡᠢᠷᠡᠨ ᠲᠤᠬᠠᠶ᠎ᠶ᠋ᠢᠨ ᠭᠠᠵᠠᠷ᠎ᠲᠤᠨᠢ ᠱᠢᠨᠵᠢᠯᠡᠨ ᠪᠠᠢᠴᠠᠭᠠᠵᠤ᠂ ᠱᠢᠨ᠎ᠡ ᠡᠨᠧᠷᠭᠢ᠂ ᠤᠢᠷ᠎ᠠ ᠤᠭᠳᠠᠷᠭᠤᠢ ᠵᠢᠨ ᠠᠵᠤ ᠠᠬᠤᠶ᠂ ᠠᠭᠠᠷ᠎ᠤᠨ ᠠᠶᠠᠯᠠᠯ ᠰᠠᠨᠰᠠᠷ᠎ᠤᠨ ᠠᠶᠠᠯᠠᠯ ᠵᠡᠷᠭᠡ ᠬᠦᠷᠢᠶᠡᠨ᠎ᠳᠡᠬᠢ ᠬᠠᠷᠢᠯᠴᠠᠨ ᠠᠬᠢᠭᠤᠯᠵᠤ ᠬᠠᠮᠵᠢᠯᠴᠠᠨ ᠬᠥᠭ᠌ᠵᠢᠭᠰᠡᠨ ᠪᠠᠢᠳᠠᠯ᠎ᠢ ᠨᠠᠷᠢᠨ ᠣᠢᠯᠠᠭᠠᠵᠤ᠂ ᠥᠷᠭᠡᠨ᠎ᠢᠶᠡᠷ ᠰᠠᠨᠠᠯ ᠰᠠᠨᠠᠭᠤᠯᠭ᠎ᠠ ᠰᠣᠨᠣᠰᠪᠠ᠃

1 ᠰᠠᠷ᠎ᠠ᠎ᠶ᠋ᠢᠨ 9 ᠎ᠤ᠋ ᠡᠳᠦᠷ᠂ ᠪᠠᠢᠴᠠᠭᠠᠨ ᠰᠤᠳᠤᠯᠬᠤ ᠳᠤᠭᠤᠢᠯᠠᠩ ᠶᠠᠷᠢᠯᠴᠠᠬᠤ ᠬᠤᠷᠠᠯ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ᠎ᠤ ᠬᠠᠮᠢᠶ᠎ᠠ ᠪᠥᠬᠥᠶ ᠠᠵᠢᠯ᠎ᠤᠨ ᠪᠠᠢᠳᠠᠯ᠎ᠤᠨ ᠬᠠᠷᠢᠭᠤ ᠮᠡᠳᠡᠭᠦᠯᠦᠯᠲᠡ᠎ᠶ᠋ᠢ ᠰᠣᠨᠣᠰᠤᠭ᠍ᠰᠠᠨ᠎ᠤ ᠳᠠᠷᠠᠭ᠎ᠠ ᠾᠧ ᠸᠧᠶ ᠥᠪᠥᠷ ᠮᠣᠩᠭᠣᠯ᠎ᠤᠨ ᠱᠢᠨ᠎ᠡ ᠬᠡᠯᠪᠡᠷᠢ᠎ᠶ᠋ᠢᠨ ᠡᠨᠧᠷᠭᠢ᠎ᠶ᠋ᠢᠨ ᠱᠢᠰᠲ᠋ᠧᠮ᠎ᠦᠨ ᠪᠠᠢᠭᠤᠯᠤᠯᠲᠠ᠎ᠶ᠋ᠢ ᠠᠬᠢᠭᠤᠯᠬᠤ ᠲᠠᠯ᠎ᠠ᠎ᠪᠠᠷ᠎ᠬᠢ ᠰᠠᠢᠨ ᠲᠤᠷᠱᠢᠯᠭ᠎ᠠ ᠰᠠᠢᠨ ᠠᠷᠭ᠎ᠠ ᠬᠢᠳᠡᠯ᠎ᠢ ᠭᠦᠶ᠋ᠴᠡᠳ ᠨᠤᠲᠠᠯᠠᠪᠠ᠃ ᠲᠡᠷᠡ᠂ ᠶᠡᠷᠦᠩᠬᠡᠢ ᠱᠦᠵᠢ ᠰᠢ ᠵᠢᠨ ᠫᠢᠩ᠎ᠦᠨ ᠱᠢᠷᠢᠰ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠣᠢᠯᠠᠭᠠᠵᠤ᠂ ᠲᠤᠮᠳᠠᠳᠤ ᠤᠯᠤᠰ᠎ᠤᠨ ᠡᠪ ᠬᠠᠮᠳᠤ ᠨᠠᠮ᠎ᠤᠨ ᠲᠥᠪ ᠬᠤᠷᠢᠶ᠎ᠠ ᠵᠢᠨ ᠪᠠᠢᠷᠢᠯᠠᠭᠤᠯᠤᠭᠰᠠᠨ ᠱᠢᠨ᠎ᠡ᠎ᠪᠡᠷ ᠮᠠᠨᠳᠤᠭ᠍ᠰᠠᠨ ᠲᠤᠯᠭᠠᠭᠤᠷᠢ ᠠᠵᠤ ᠦᠢᠯᠡᠰ᠎ᠢ ᠡᠬᠦᠳᠬᠦ᠂ ᠱᠢᠨ᠎ᠡ ᠬᠥᠳᠡᠯᠭᠡᠬᠦ᠌ ᠡᠨᠧᠷᠭᠢ᠎ᠶ᠋ᠢ ᠲᠦᠷᠭᠡᠳᠬᠡᠨ ᠪᠣᠢᠵᠢᠭᠤᠯᠤᠨ ᠪᠤᠵᠠᠭᠠᠢᠷᠠᠭᠤᠯᠬᠤ ᠴᠢᠬᠤᠯᠠ ᠪᠠᠢᠯᠳᠤᠬᠤ ᠪᠤᠳᠤᠯᠭ᠎ᠠ᠎ᠶ᠋ᠢᠨ ᠠᠴᠢ ᠬᠣᠯᠪᠣᠭ᠍ᠳᠠᠯ᠎ᠢ ᠭᠦᠨᠵᠡᠭᠡᠢ ᠣᠢᠯᠠᠭᠠᠬᠤ ᠬᠡᠷᠡᠭ᠌ᠲᠡᠢ᠃ ᠪᠠᠢᠯᠳᠤᠬᠤ ᠪᠣᠳᠣᠯᠭ᠎ᠠ᠎ᠶ᠋ᠢᠨ ᠭᠤᠤᠯᠳᠠᠯᠭ᠎ᠠ᠎ᠶ᠋ᠢ ᠡᠵᠡᠮᠳᠡᠵᠦ᠍᠂ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭᠠᠨ᠎ᠤ ᠵᠣᠭ᠍ᠰᠣᠯᠲᠠ ᠦᠵᠡᠯᠲᠡ ᠠᠷᠭ᠎ᠠ᠎ᠶ᠋ᠢ ᠪᠠᠷᠢᠮᠲᠠᠯᠠᠵᠤ᠂ ᠵᠠᠩᠭᠢᠯᠠᠭ᠎ᠠ᠎ᠶ᠋ᠢᠨ ᠬᠦᠷᠢᠶ᠎ᠠ ᠴᠠᠷᠠᠭ᠎ᠠ᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠭᠤᠤᠯ ᠱᠢᠪᠲᠤᠯᠬᠤ ᠴᠢᠭ᠌ᠯᠡᠯ᠎ᠢᠶᠡᠨ ᠲᠣᠳᠣᠷᠬᠠᠢᠯᠠᠵᠤ᠂ ᠳᠠᠪᠠᠭᠤᠯᠢᠭ ᠡᠬᠢ ᠪᠠᠶᠠᠯᠢᠭ᠎ᠢᠶᠠᠨ ᠲᠥᠪᠯᠡᠷᠡᠭᠦᠯᠵᠦ᠍᠂ ᠱᠢᠨ᠎ᠡ ᠡᠨᠧᠷᠭᠢ᠂ ᠱᠢᠨ᠎ᠡ ᠮᠠᠲ᠋ᠧᠷᠢᠶᠠᠯ᠂ ᠤᠢᠷ᠎ᠠ ᠤᠭᠳᠠᠷᠭᠤᠢ ᠵᠢᠨ ᠠᠵᠤ ᠠᠬᠤᠶ᠂ ᠠᠭᠠᠷ᠎ᠤᠨ ᠠᠶᠠᠯᠠᠯ ᠰᠠᠨᠰᠠᠷ᠎ᠤᠨ ᠠᠶᠠᠯᠠᠯ ᠵᠡᠷᠭᠡ ᠪᠠᠢᠯᠳᠤᠬᠤ ᠪᠣᠳᠣᠯᠭ᠎ᠠ᠎ᠶ᠋ᠢᠨ ᠴᠢᠨᠠᠷᠲᠠᠶ ᠱᠢᠨ᠎ᠡ᠎ᠪᠡᠷ ᠮᠠᠨᠳᠤᠭ᠍ᠰᠠᠨ ᠠᠵᠤ ᠦᠶ᠋ᠯᠡᠰ᠎ᠦᠨ ᠪᠦᠯᠦᠭ᠌ᠵᠢᠨ ᠬᠥᠭ᠌ᠵᠢᠬᠦ᠌᠎ᠶ᠋ᠢ ᠲᠦᠷᠭᠡᠳᠭᠡᠬᠦ᠌ ᠬᠡᠷᠡᠭ᠌ᠲᠡᠶ᠃ ᠪᠠᠢᠯᠳᠤᠬᠤ ᠪᠤᠳᠤᠯᠭ᠎ᠠ᠎ᠶ᠋ᠢᠨ ᠪᠠᠢᠷᠢ ᠲᠣᠭ᠍ᠲᠠᠭᠠᠯᠲᠠ᠎ᠲᠠᠶ ᠨᠢᠭ᠍ᠲᠠ ᠤᠶᠠᠯᠳᠤᠭᠤᠯᠵᠤ᠂ ᠥᠪᠥᠷ ᠮᠣᠩᠭᠣᠯ᠎ᠤᠨ ᠬᠠᠷᠢᠴᠠᠩᠭᠤᠢ ᠳᠠᠪᠠᠭᠤᠯᠢᠭ᠎ᠢ ᠪᠠᠳᠠᠷᠠᠭᠤᠯᠵᠤ᠂ ᠢᠳᠡᠪᠬᠢᠲᠡᠢ᠎ᠪᠡᠷ ᠬᠠᠷᠢᠭᠤᠴᠠᠯᠭ᠎ᠠ ᠡᠭᠦᠷᠭᠡᠯᠡᠵᠦ᠍᠂ ᠰᠠᠨᠠᠭᠠᠴᠢᠯᠠᠭ᠎ᠠ᠎ᠡᠴᠡ᠎ᠪᠠᠨ ᠵᠢᠳᠬᠦᠯ ᠴᠢᠷᠮᠠᠢᠯᠭ᠎ᠠ ᠭᠠᠷᠭᠠᠵᠤ᠂ ᠥᠪᠡᠷᠮᠢᠴᠡ ᠣᠨᠴᠠᠯᠢᠭ᠎ᠢᠶᠠᠷ ᠢᠯᠡ ᠲᠣᠳᠣ᠂ ᠦᠷᠢᠰᠦᠯᠳᠦᠬᠦ᠌ ᠬᠦᠴᠦᠨ᠎ᠢᠶᠡᠷ ᠴᠢᠩᠭ᠎ᠠ ᠱᠢᠨ᠎ᠡ᠎ᠪᠡᠷ ᠮᠠᠨᠳᠤᠭ᠍ᠰᠠᠨ ᠠᠵᠤ ᠦᠢᠯᠡᠰ᠎ᠦᠨ ᠬᠥᠭ᠌ᠵᠢᠯᠲᠡ᠎ᠶ᠋ᠢᠨ ᠵᠠᠮ᠎ᠢ ᠰᠦᠪᠡᠭ᠌ᠴᠢᠯᠡᠨ ᠭᠠᠷᠭᠠᠵᠤ᠂ ᠠᠭᠠᠷ᠎ᠤᠨ ᠤᠷᠤᠨ ᠭᠠᠵᠠᠷ ᠲᠡᠬᠡᠷᠡᠬᠢ ᠤᠷᠤᠨ ᠵᠢᠡᠷ ᠰᠠᠭᠤᠷᠢ ᠪᠣᠯᠭᠠᠵᠤ᠂ ᠪᠣᠬᠢᠷᠲᠤᠯ ᠦᠭᠡᠢ ᠴᠠᠬᠢᠯᠭᠠᠨ ᠬᠦᠴᠦᠨ᠎ᠢᠶᠡᠷ ᠲᠤᠯᠭᠠᠭᠤᠷᠢᠯᠠᠯ ᠪᠣᠯᠭᠠᠵᠤ᠂ ᠱᠢᠨ᠎ᠡ ᠡᠨᠧᠷᠭᠢ᠎ᠪᠡᠷ ᠲᠤᠯᠭᠠᠭᠤᠷᠢ ᠪᠣᠯᠭᠠᠭ᠍ᠰᠠᠨ 《ᠠᠭᠠᠷ ᠰᠠᠨᠰᠠᠷ ᠭᠠᠵᠠᠷ ᠲᠡᠬᠡᠷᠡᠬᠢ᠎ᠵᠢ ᠨᠢᠭᠡ ᠴᠤᠬ᠍ᠴᠠᠵᠢᠭᠤᠯᠤᠭᠰᠠᠨ》 ᠪᠠᠢᠯᠳᠤᠬᠤ ᠪᠤᠳᠤᠯᠭ᠎ᠠ᠎ᠶ᠋ᠢᠨ ᠴᠢᠨᠠᠷᠲᠠᠢ ᠱᠢᠨ᠎ᠡ᠎ᠪᠡᠷ ᠮᠠᠨᠳᠤᠭ᠍ᠰᠠᠨ ᠠᠵᠤ ᠦᠢᠯᠡᠰ᠎ᠦᠨ ᠱᠢᠰᠲᠸᠮ᠎ᠢ ᠬᠦᠴᠦᠯᠡᠨ ᠪᠠᠢᠭᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠪᠦᠬᠦ᠌ ᠲᠠᠯ᠎ᠠ᠎ᠪᠠᠷ ᠠᠬᠢᠭᠤᠯᠬᠤ᠎ᠳᠤ ᠪᠠᠲᠤ ᠴᠢᠩᠭ᠎ᠠ ᠲᠤᠯᠭᠠᠭᠤᠷᠢᠯᠠᠯ ᠬᠠᠩᠭᠠᠬᠤ ᠬᠡᠷᠡᠭ᠌ᠲᠡᠢ ᠭᠡᠵᠦ ᠵᠢᠭᠠᠵᠤ ᠭᠠᠷᠭᠠᠪᠠ᠃

ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠳᠡᠳ᠋ ᠨᠠᠷᠢᠨ ᠪᠢᠴᠢᠭ᠎ᠦᠨ ᠳᠠᠷᠤᠭ᠎ᠠ᠂ ᠲᠠᠷᠢᠶᠠᠴᠢᠨ ᠠᠵᠢᠯᠴᠢᠨ᠎ᠤ ᠠᠷᠠᠳᠴᠢᠯᠠᠭ᠍ᠰᠠᠨ ᠨᠠᠮ᠎ᠤᠨ ᠲᠥᠪ ᠬᠤᠷᠢᠶ᠎ᠠ ᠵᠢᠨ ᠲᠤᠰᠭᠠᠢ ᠲᠤᠱᠢᠶᠠᠯᠳᠦ ᠳᠡᠳ᠋ ᠲᠡᠷᠢᠭᠦᠯᠡᠭ᠌ᠴᠢ ᠸᠠᠩ ᠯᠦ᠍ ᠪᠠᠢᠴᠠᠭᠠᠨ ᠰᠤᠳᠤᠯᠤᠯᠲᠠ᠎ᠳᠤ ᠣᠷᠣᠯᠴᠠᠪᠠ᠃ ᠥᠪᠡᠷᠲᠡᠭᠡᠨ ᠵᠠᠰᠠᠬᠤ ᠣᠷᠣᠨ᠎ᠤ ᠤᠳᠤᠷᠢᠳᠤᠯᠭ᠎ᠠ ᠬᠦᠦᠳᠠᠭᠤᠯᠠ᠂ ᠢᠦᠶ ᠯᠢ ᠱᠢᠨ᠂ ᠡᠸ᠋ ᠶᠠᠨ ᠭᠠᠩ᠂ ᠴᠢ᠊ ᠪᠠᠲᠤ᠂ ᠲᠠᠩ ᠢ ᠬᠤᠯᠪᠤᠬᠳᠠᠯ ᠪᠥᠬᠥᠶ ᠠᠵᠢᠯᠯᠠᠭ᠎ᠠ᠎ᠳᠤ ᠣᠷᠣᠯᠴᠠᠵᠠᠶ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号