ᠠᠢ ᠯᠢ ᠬᠤᠸᠠ ᠬᠠᠨᠳᠢᠪᠯᠠᠭᠰᠡᠳᠢ ᠲᠣᠬᠣᠨᠢᠭᠤᠯᠪᠠ
1 ᠰᠠᠷ᠎ᠠ᠎ᠶᠢᠨ 9 ᠤ᠋ ᠡᠳᠦᠷ᠂ ᠠᠯᠠᠱᠠ ᠠᠢᠮᠠᠭ᠎ᠤᠨ ᠵᠠᠩ ᠠᠪᠤᠭᠠᠢ ᠪᠣᠯᠣᠨ ᠣᠷᠳᠣᠰ ᠬᠤᠳᠠ᠎ᠶᠢᠨ ᠬᠤᠤ ᠠᠪᠤᠭᠠᠢ ᠬᠥᠬᠡᠬᠣᠲᠠ᠎ᠳᠤ ᠴᠢᠰᠤ ᠡᠭᠦᠰᠭᠡᠬᠦ ᠭᠤᠤᠯ ᠡᠰᠢᠶᠡᠨ ᠠᠮᠵᠢᠯᠲᠠ᠎ᠲᠠᠢ ᠬᠠᠨᠳᠢᠪᠯᠡᠪᠠ᠃
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶ᠎ᠠ᠎ᠶᠢᠨ ᠳᠡᠳ᠋ ᠡᠷᠬᠢᠯᠡᠭᠴᠢ᠂ ᠥᠪᠡᠷᠲᠡᠭᠡᠨ ᠵᠠᠰᠠᠬᠤ ᠣᠷᠣᠨ᠎ᠤ ᠤᠯᠠᠭᠠᠨ ᠵᠠᠭᠠᠯᠮᠠᠶ᠋ᠢᠲᠠᠨᠤ ᠨᠡᠢᠭᠡᠮᠯᠢᠭ᠎ᠦᠨ ᠨᠡᠷ᠎ᠡ ᠬᠦᠨᠳᠦᠲᠦ ᠳᠡᠳ᠋ ᠳᠠᠷᠤᠭ᠎ᠠ ᠠᠢ ᠯᠢ ᠬᠤᠸᠠ ᠲᠤᠬᠠᠢ᠎ᠶᠢᠨ ᠲᠠᠯᠠᠪᠠᠶ᠎ᠳᠤ ᠬᠠᠨᠳᠢᠪᠯᠠᠭᠰᠠᠳ᠎ᠢ ᠲᠣᠬᠣᠨᠢᠭᠤᠯᠵᠤ᠂ ᠲᠡᠳᠡᠨ᠎ᠦ ᠶᠡᠬᠡ ᠬᠠᠢᠷ᠎ᠠ ᠵᠢ ᠢᠯᠡᠷᠡᠬᠦᠯᠦᠭᠰᠡᠨ ᠠᠵᠢᠯᠯᠠᠭ᠎ᠠ᠎ᠶᠢ ᠳᠡᠭᠡᠳᠦ ᠬᠡᠮᠵᠢᠶ᠎ᠡ᠎ᠪᠡᠷ ᠮᠠᠭᠲᠠᠨ ᠰᠠᠢᠰᠢᠶᠠᠵᠤ ᠪᠠᠢᠬᠤ ᠪᠠ ᠡᠷᠬᠢᠮ ᠳᠡᠭᠡᠳᠦ ᠬᠦᠨᠳᠦᠳᠬᠡᠯ ᠳᠡᠪᠰᠢᠭᠦᠯᠵᠦ ᠪᠠᠢᠬᠤ᠎ᠪᠠᠨ ᠢᠯᠡᠳᠬᠡᠪᠡ᠃ ᠳᠠᠷᠠᠭ᠎ᠠ ᠨᠢ ᠴᠢᠰᠤᠨ᠎ᠤ ᠡᠪᠡᠳᠴᠢᠨ᠎ᠲᠠᠢ 4 ᠬᠡᠦᠬᠡᠳ᠎ᠢ ᠪᠤᠯᠭᠤᠭᠠᠨ ᠦᠵᠡᠪᠡ᠃
ᠣᠳᠣᠬᠠᠨ᠎ᠳᠤ᠂ ᠪᠥᠬᠥ ᠣᠷᠣᠨ᠎ᠳᠤ ᠨᠢᠭᠡᠨᠲᠡ 6.9 ᠲᠦᠮᠡ ᠰᠢᠬᠠᠮ ᠰᠠᠢᠨ ᠳᠤᠷᠠᠴᠤᠳ ᠳᠤᠮᠳᠠᠳᠤ᠎ᠶᠢᠨ ᠴᠢᠮᠦᠭᠡ᠎ᠶᠢᠨ ᠬᠥᠮᠥᠷᠭᠡ᠎ᠳᠦ ᠣᠷᠣᠯᠴᠠᠵᠤ᠂ ᠡᠯ᠎ᠡ ᠦᠨᠳᠦᠰᠦᠲᠡᠨ᠎ᠦ 233 ᠬᠠᠨᠳᠢᠪᠯᠡᠭ᠍ᠴᠢ ᠴᠢᠰᠤ ᠡᠭᠦᠰᠭᠡᠬᠦ ᠭᠤᠤᠯ ᠡᠰᠢᠶᠡᠨ ᠠᠮᠵᠢᠯᠲᠠ᠎ᠲᠠᠢ ᠬᠠᠨᠳᠢᠪᠯᠡᠵᠤ᠂ ᠬᠠᠢᠷ᠎ᠠ ᠬᠠᠯᠠᠮᠵᠢᠬᠦᠷᠬᠡᠬᠦ ᠠᠵᠢᠯᠯᠠᠭ᠎ᠠ᠎ᠪᠠᠷ᠎ᠢᠶᠠᠨ 《ᠳᠥᠷᠪᠡ᠎ᠶᠢ ᠬᠠᠮᠳᠤᠳᠬᠠᠬᠤ》 ᠢ᠋ᠢᠨ ᠭᠦᠨᠵᠡᠭᠡᠢ ᠠᠭᠤᠯᠤᠭᠳᠠᠬᠤᠨ᠎ᠢ ᠲᠠᠢᠯᠪᠤᠷᠢᠯᠠᠵᠤ᠂ ᠰᠠᠢᠨ ᠰᠠᠢᠬᠠᠨ ᠥᠭᠡᠳᠡᠯᠡᠨ ᠳᠠᠪᠰᠢᠬᠤ ᠢᠳᠡᠪᠬᠢ ᠬᠦᠴᠦᠨ᠂ ᠪᠤᠰᠤᠳ᠎ᠲᠦ ᠠᠰᠢᠭ᠋ ᠲᠤᠰᠠᠬᠦᠷᠲᠡᠭᠡᠬᠦ ᠡᠷᠬᠢᠮ ᠳᠡᠭᠡᠳᠦ ᠰᠢᠨ᠎ᠡ ᠬᠡᠪ ᠰᠤᠷᠲᠠᠯ᠎ᠢ ᠪᠠᠳᠠᠷᠠᠭᠤᠯᠪᠠ᠃