ᠮᠠᠨ ᠤ᠋ ᠤᠷᠤᠨ 20 ᠭᠠᠷᠤᠢ ᠳ᠋ᠦᠩᠱᠢᠭᠤᠷ ᠲᠦᠭᠦᠷᠢᠭ ᠤᠷᠤᠭᠤᠯᠤᠨ ᠮᠠᠯ ᠠᠵᠤ ᠠᠬᠤᠢ ᠶ᠋ᠢᠨ ᠰᠠᠭᠤᠷᠢ ᠵᠢ ᠪᠡᠭᠢᠵᠢᠭᠦᠯᠪᠡ
2026-01-11 10:35:13
ᠵᠣᠬᠢᠶᠠᠭ᠍ᠴᠢ᠄
ᠼᠠᠢ ᠬᠤᠡᠭ
ᠣᠩᠱᠢᠭ᠍ᠰᠠᠨ ᠣᠳᠠᠭ᠎ᠠ᠄
★★★☆☆

ᠦᠪᠤᠷ ᠮᠤᠩᠭᠤᠯ ᠤ᠋ᠨ ᠦᠪᠡᠷᠲᠡᠭᠡᠨ ᠵᠠᠰᠠᠬᠤ ᠤᠷᠤᠨ ᠤ᠋ ᠲᠠᠷᠢᠶᠠᠯᠠᠡᠭ ᠮᠠᠯ ᠠᠵᠤ ᠠᠬᠤᠢ ᠪᠡ ᠬᠦᠳᠡᠭᠡ ᠲᠤᠰᠬᠤᠨ ᠮᠠᠯᠵᠢᠬᠤ ᠤᠷᠤᠨ ᠤ᠋ ᠲᠢᠡᠭᠬᠢᠮ ᠡᠴᠡ ᠤᠢᠯᠠᠭᠠᠭᠰᠠᠨ ᠶ᠋ᠢᠡᠷ᠂ 2025 ᠤᠨ ᠳ᠋ᠦ ᠮᠠᠨ ᠤ᠋ ᠤᠷᠤᠨ ᠲᠦᠷᠦ ᠶ᠋ᠢᠨ ᠪᠤᠳᠤᠯᠭ᠎ᠠ ᠪᠡᠷ ᠬᠦᠲᠦᠯᠦᠨ ᠵᠢᠯᠤᠭᠤᠳᠬᠤ ᠵᠢ ᠴᠢᠡᠭᠭᠠᠳᠬᠠᠵᠤ᠂ ᠦᠷ᠎ᠡ ᠶ᠋ᠢᠨ ᠦᠢᠯᠡᠰ ᠪᠠ ᠡᠪᠡᠰᠦᠨ ᠤ᠋ ᠦᠢᠯᠡᠰ ᠤ᠋ᠨ ᠵᠠᠡᠭᠬᠢᠯᠠᠭ᠎ᠠ ᠶ᠋ᠢᠨ ᠦᠢᠯᠡᠳᠦᠯ ᠢ᠋ ᠳᠤᠪᠤᠢᠯᠭᠠᠨ᠂ 20 ᠭᠠᠷᠤᠢ ᠳ᠋ᠦᠩᠱᠢᠭᠤᠷ ᠲᠦᠭᠦᠷᠢᠭ ᠤᠷᠤᠭᠤᠯᠤᠨ ᠮᠠᠯ ᠠᠵᠤ ᠠᠬᠤᠢ ᠶ᠋ᠢᠨ ᠰᠠᠭᠤᠷᠢ ᠵᠢ ᠪᠡᠭᠢᠵᠢᠭᠦᠯᠵᠤ᠂ ᠮᠠᠯ ᠠᠵᠤ ᠠᠬᠤᠢ ᠶ᠋ᠢᠨ ᠶᠠᠰᠤ ᠴᠢᠨᠠᠷ ᠢ᠋ ᠳᠡᠭᠡᠭᠰᠢᠯᠡᠭᠦᠯᠤᠨ ᠦᠷ᠎ᠡ ᠠᠰᠢᠭ ᠢ᠋ ᠨᠡᠮᠡᠭᠳᠡᠭᠦᠯᠬᠦ ᠵᠢ ᠪᠦᠬᠦ ᠲᠠᠯ᠎ᠠ ᠪᠡᠷ ᠠᠬᠢᠭᠤᠯᠪᠠ᠃

ᠮᠠᠨ ᠤ᠋ ᠤᠷᠤᠨ ᠲᠦᠷᠦ᠍ ᠶ᠋ᠢᠨ ᠪᠤᠳᠤᠯᠭ᠎ᠠ ᠶ᠋ᠢᠨ ᠪᠠᠲᠤᠯᠠᠭ᠎ᠠ ᠵᠢ ᠴᠢᠩᠭᠠᠳᠭᠠᠨ᠂ ᠥᠪᠡᠷᠲᠡᠭᠡᠨ ᠵᠠᠰᠠᠬᠤ ᠣᠷᠣᠨ ᠤ᠋ ᠠᠷᠠᠳ ᠤ᠋ᠨ ᠲᠥᠯᠥᠭᠡᠯᠡᠭ᠌ᠴᠢᠳ ᠤ᠋ᠨ ᠶᠡᠬᠡ ᠬᠤᠷᠠᠯ ᠤ᠋ᠨ ᠪᠠᠢᠩᠭᠤ ᠶ᠋ᠢᠨ ᠬᠣᠷᠢᠶ᠎ᠠ ᠡᠴᠡ《ᠤᠯᠤᠰ ᠤ᠋ᠨ ᠴᠢᠬᠤᠯᠠ ᠮᠠᠯ ᠤ᠋ᠨ ᠠᠱᠢᠭ ᠱᠢᠮ᠎ᠡ ᠲᠠᠷᠢᠶᠠᠯᠠᠩ ᠤ᠋ᠨ ᠪᠦᠲᠦᠭᠡᠭ᠌ᠳᠡᠬᠦᠨ ᠤ᠋ ᠦᠶ᠋ᠯᠡᠳᠪᠦᠷᠢᠯᠡᠯ ᠤ᠋ᠨ ᠰᠠᠭᠤᠷᠢᠨ ᠤ᠋ ᠪᠦᠳᠦᠬᠡᠨ ᠪᠠᠢᠭᠤᠯᠤᠯᠳᠠ ᠵᠢ ᠠᠬᠢᠭᠤᠯᠬᠤ ᠲᠦᠷᠢᠮ》᠂ 《ᠮᠢᠬᠠᠨ ᠤ᠋ ᠦᠶ᠋ᠯᠡᠰ ᠤ᠋ᠨ ᠴᠢᠨᠠᠷ ᠰᠠᠢᠲᠠᠶ ᠬᠥᠭ᠌ᠵᠢᠯᠲᠡ ᠵᠢ ᠠᠬᠢᠭᠤᠯᠬᠤ ᠲᠦᠷᠢᠮ》᠂ 《ᠰᠦ ᠶ᠋ᠢᠨ ᠦᠶ᠋ᠯᠡᠰ ᠤ᠋ᠨ ᠴᠢᠨᠠᠷ ᠰᠠᠢᠲᠠᠶ ᠬᠥᠭ᠌ᠵᠢᠯᠲᠡ ᠵᠢ ᠠᠬᠢᠭᠤᠯᠬᠤ ᠲᠦᠷᠢᠮ》 ᠢ᠋ ᠬᠢᠨᠠᠨ ᠵᠥᠪᠯᠡᠵᠦ᠍ ᠪᠠᠲᠤᠯᠠᠨ ᠬᠡᠷᠡᠭᠵᠢᠭᠦᠯᠵᠦ᠂ ᠣᠷᠣᠨ ᠨᠤᠲᠤᠭ ᠤ᠋ᠨ ᠬᠠᠤᠯᠢ ᠲᠣᠭ᠍ᠲᠠᠭᠠᠬᠤ ᠬᠡᠯᠪᠡᠷᠢ ᠪᠡᠷ ᠠᠵᠤ ᠦᠶ᠋ᠯᠡᠰ ᠤ᠋ᠨ ᠴᠢᠨᠠᠷ ᠰᠠᠢᠲᠠᠶ ᠬᠥᠭ᠌ᠵᠢᠯᠲᠡ ᠵᠢ ᠠᠬᠢᠭᠤᠯᠪᠠ᠃ ᠪᠠᠰᠠ ᠦᠷ᠎ᠡ ᠶ᠋ᠢᠨ ᠦᠶ᠋ᠯᠡᠰ ᠢ᠋ ᠬᠥᠭ᠌ᠵᠢᠭᠦᠯᠬᠦ᠌ 18 ᠵᠤᠷᠪᠤᠰ᠂ ᠡᠪᠡᠰᠦᠨ ᠤ᠋ ᠠᠵᠤ ᠦᠶ᠋ᠯᠡᠰ ᠢ᠋ ᠬᠥᠭ᠌ᠵᠢᠭᠦᠯᠬᠦ᠌ 11 ᠵᠤᠷᠪᠤᠰ᠂ ᠲᠦᠬᠦᠭᠡᠷᠦᠮᠵᠢᠲᠦ ᠮᠠᠯ ᠠᠵᠤ ᠠᠬᠤᠶ ᠶ᠋ᠢᠨ 6 ᠵᠤᠷᠪᠤᠰ᠂ ᠰᠦ ᠶ᠋ᠢᠨ ᠠᠵᠤ ᠦᠶ᠋ᠯᠡᠰ ᠤ᠋ᠨ ᠴᠢᠨᠠᠷ ᠰᠠᠢᠲᠠᠶ ᠬᠥᠭ᠌ᠵᠢᠯᠲᠡ ᠶ᠋ᠢᠨ ᠠᠷᠭ᠎ᠠ ᠬᠡᠮᠵᠢᠶ᠎ᠡ ᠨᠤᠭᠦᠳ ᠵᠡᠷᠭᠡ ᠬᠠᠮ ᠲᠥᠷᠥ ᠶ᠋ᠢᠨ ᠪᠣᠳᠣᠯᠭ᠎ᠠ ᠵᠢ ᠲᠣᠭ᠍ᠲᠠᠭᠠᠨ ᠨᠡᠢᠲᠡᠯᠡᠵᠦ᠍᠂ ᠮᠠᠯ ᠠᠵᠤ ᠠᠬᠤᠶ ᠶ᠋ᠢᠨ ᠬᠥᠭ᠌ᠵᠢᠯᠲᠡ ᠳ᠋ᠤ ᠬᠦᠴᠦᠷᠬᠡᠭ ᠶᠡᠬᠡ ᠬᠥᠳᠡᠯᠭᠡᠬᠦ᠌ ᠬᠦᠴᠦᠨ ᠨᠡᠮᠡᠷᠢᠯᠡᠪᠡ᠃

2025 ᠤᠨ ᠳ᠋ᠦ ᠮᠠᠨ ᠤ᠋ ᠤᠷᠤᠨ ᠰᠢᠯᠢᠳᠡᠭ ᠡᠭᠦᠯᠳᠡᠷ ᠤ᠋ᠨ ᠮᠠᠯ ᠢ᠋ ᠦᠷᠡᠵᠢᠭᠦᠯᠦᠨ ᠪᠣᠢᠵᠢᠭᠤᠯᠬᠤ ᠵᠢ ᠴᠢᠩᠭᠠᠳᠭᠠᠵᠤ᠂ ᠮᠠᠨ ᠤ᠋ ᠤᠯᠤᠰ ᠤ᠋ᠨ ᠠᠩᠬᠠᠳᠠᠭ᠍ᠴᠢ ᠪᠦᠷᠢᠮᠦᠰᠦᠨ ᠪᠡᠶ᠎ᠡ ᠪᠡᠨ ᠳᠠᠭᠠᠭᠠᠭ᠍ᠰᠠᠨ ᠮᠡᠳᠡᠯᠭᠡ ᠶ᠋ᠢᠨ ᠦᠮᠴᠢᠯᠡᠯ ᠤ᠋ᠨ ᠡᠷᠬᠡ ᠲᠡᠶ ᠲᠤᠰᠭᠠᠢᠵᠢᠭ᠍ᠰᠠᠨ ᠮᠢᠬᠠᠨ ᠤ᠋ ᠦᠬᠡᠷ ᠤ᠋ᠨ ᠱᠢᠨ᠎ᠡ ᠡᠭᠦᠯᠳᠡᠷ ᠪᠣᠯᠬᠤ ᠬᠤᠸᠠᠰᠢ ᠦᠬᠡᠷ ᠢ᠋ ᠪᠣᠢᠵᠢᠭᠤᠯᠪᠠ᠃ ᠤᠯᠤᠰ ᠤ᠋ᠨ ᠲᠠᠰ ᠤ᠋ᠨ ᠡᠭᠦᠯᠳᠡᠷ ᠪᠣᠢᠵᠢᠭᠤᠯᠬᠤ 23 ᠭᠤᠤᠯ ᠲᠠᠯᠠᠪᠠᠶ᠂ ᠪᠤᠬ᠎ᠠ ᠲᠠᠵᠢᠬᠡᠬᠦ 7 ᠥᠷᠲᠡᠭᠡ ᠲᠠᠢ ᠪᠤᠯᠵᠤ᠂ ᠵᠢᠯ ᠳ᠋ᠤ 20 ᠲᠦᠮᠡᠨ ᠱᠢᠯᠢᠳᠡᠭ ᠡᠭᠦᠯᠳᠡᠷ ᠤ᠋ᠨ ᠤᠬᠤᠨ᠎ᠠ᠂ 1500 ᠲᠦᠮᠡᠨ ᠰᠢᠷᠬᠡᠭ ᠰᠢᠯᠢᠳᠡᠭ ᠡᠬᠦᠯᠳᠡᠷ ᠤ᠋ᠨ ᠢᠴᠡᠭᠡᠯ ᠦᠷ᠎ᠡ᠂ 5 ᠲᠦᠮᠡᠨ ᠰᠢᠷᠬᠡᠭ ᠰᠠᠭᠠᠯᠢ ᠶ᠋ᠢᠨ ᠦᠨᠢᠶᠡᠨ ᠤ᠋ ᠭᠦᠢᠰᠦ  ᠢᠯᠭᠠᠯ ᠢ᠋ ᠡᠵᠡᠮᠳᠡᠭᠰᠡᠨ ᠬᠦᠪᠦᠷᠠᠯ ᠬᠠᠡᠭᠭᠠᠬᠤ ᠴᠢᠳᠠᠪᠤᠷᠢ ᠵᠢ ᠪᠦᠷᠢᠯᠳᠦᠭᠦᠯᠪᠡ᠃

ᠮᠠᠨ ᠤ᠋ ᠤᠷᠤᠨ ᠡᠪᠡᠰᠦ ᠪᠣᠷᠳᠣᠭᠠᠨ ᠤ᠋ ᠬᠠᠩᠭᠠᠯᠭ᠎ᠠ ᠵᠢ ᠴᠢᠩᠭᠠᠳᠭᠠᠵᠤ᠂ ᠲᠡᠵᠢᠭᠡᠯ ᠡᠪᠡᠰᠦᠨ ᠤ᠋ ᠲᠠᠷᠢᠮᠠᠯ ᠤ᠋ᠨ ᠲᠠᠯᠠᠪᠠᠢ ᠵᠢ 2000 ᠲᠦᠮᠡᠨ ᠮᠦ᠍ ᠡᠴᠡ ᠳᠡᠭᠡᠭ᠌ᠰᠢ ᠳ᠋ᠤ ᠲᠣᠭ᠍ᠲᠠᠪᠤᠷᠢᠵᠢᠭᠤᠯᠤᠨ᠂ ᠲᠡᠵᠢᠭᠡᠯ ᠡᠪᠡᠰᠦ ᠶ᠋ᠢᠨ ᠬᠠᠩᠭᠠᠯᠭ᠎ᠠ ᠶ᠋ᠢᠨ ᠶᠡᠷᠦᠩᠬᠡᠢ ᠬᠡᠮᠵᠢᠶ᠎ᠡ 7500 ᠲᠦᠮᠡᠨ ᠲᠣᠨ ᠢ᠋ ᠳᠠᠪᠠᠵᠤ᠂ 31 ᠥᠨᠳᠥᠷ ᠪᠠᠷᠢᠮᠵᠢᠶᠠᠲᠤ ᠲᠡᠵᠢᠭᠡᠯ ᠡᠪᠡᠰᠦᠨ ᠤ᠋ ᠠᠵᠤ ᠦᠢᠯᠡᠰ ᠤ᠋ᠨ ᠬᠦᠷᠢᠶᠡᠯᠡᠩ ᠲᠣᠭᠣᠷᠢᠭ᠂ 150 ᠪᠦᠷᠢᠨ ᠨᠠᠢᠷᠠᠯᠭ᠎ᠠ ᠶ᠋ᠢᠨ ᠲᠡᠵᠢᠭᠡᠯ ᠪᠤᠷᠳᠤᠭ᠎ᠠ ᠡᠳ᠋ᠰᠢᠭᠦᠯᠦᠨ ᠪᠤᠯᠪᠠᠰᠤᠷᠠᠭᠤᠯᠬᠤ 《ᠲᠦᠪ ᠦᠢᠯᠡᠳᠭᠡᠯ ᠤ᠋ᠨ ᠭᠠᠵᠠᠷ》 ᠢ᠋ ᠪᠠᠢᠭᠤᠯᠪᠠ᠃ ᠡᠭᠦᠨ ᠤ᠋ ᠬᠠᠮᠲᠤ ᠲᠦᠩᠯᠢᠶᠣᠤ ᠬᠣᠲᠠ ᠶ᠋ᠢᠨ ᠬᠤᠤᠯᠢᠨ ᠭᠤᠤᠯ ᠲᠠᠯ᠎ᠠ ᠨᠤᠲᠤᠭ ᠤ᠋ᠨ ᠲᠠᠷᠢᠶᠠᠯᠠᠬᠤ ᠵᠢ ᠵᠣᠭ᠍ᠰᠣᠭᠠᠬᠤ ᠣᠷᠣᠨ᠂ ᠺᠠᠢᠯᠦ᠍ ᠱᠢᠶᠠᠨ ᠤ᠋ ᠱᠢᠶᠣᠤ ᠵᠢᠶᠧ ᠵᠢᠶ ᠪᠠᠯᠭᠠᠰᠤ ᠶ᠋ᠢᠨ ᠮᠠᠭᠤᠲᠠᠭᠰᠠᠨ ᠨᠤᠲᠤᠭ ᠪᠡᠯᠴᠢᠭᠡᠷ ᠤ᠋ᠨ ᠤᠷᠤᠨ ᠤ᠋ 13.9 ᠲᠦᠮᠡᠨ ᠮᠦ᠍ ᠶ᠋ᠢᠨ ᠬᠢᠶᠠᠭ ᠡᠪᠡᠰᠦ ᠶ᠋ᠢᠨ ᠦᠶ᠋ᠯᠡᠳᠪᠦᠷᠢᠯᠡᠯ ᠤ᠋ᠨ ᠰᠠᠭᠤᠷᠢᠨ ᠢ᠋ ᠪᠦᠳᠦᠬᠡᠨ ᠪᠠᠢᠭᠤᠯᠵᠤ᠂ ᠪᠦᠬᠦ᠌ ᠤᠯᠤᠰ ᠤ᠋ᠨ ᠬᠠᠮᠤᠭ ᠤ᠋ᠨ ᠶᠡᠬᠡ ᠬᠢᠶᠠᠭ ᠡᠪᠡᠰᠦᠨ ᠤ᠋ ᠦᠷ᠎ᠡ ᠪᠤᠢᠵᠢᠭᠤᠯᠬᠤ ᠰᠠᠭᠤᠷᠢᠨ ᠲᠠᠢ ᠪᠤᠯᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号