ᠣᠢᠷ᠎ᠠ᠎ᠳᠤ᠂ ᠥᠪᠥᠷ ᠮᠣᠩᠭᠣᠯ᠎ᠤᠨ ᠤᠯᠤᠰ᠎ᠤᠨ ᠴᠢᠬᠤᠯᠠ ᠮᠠᠯ᠎ᠤᠨ ᠠᠰᠢᠭ᠋ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠦ ᠦᠢᠯᠡᠳᠪᠦᠷᠢᠯᠡᠯ᠎ᠦᠨ ᠰᠠᠭᠤᠷᠢᠨ᠎ᠢ ᠪᠦᠲᠦᠭᠡᠨ ᠪᠠᠶ᠋ᠢᠭᠤᠯᠬᠤ ᠲᠤᠬᠠᠢ ᠪᠠᠢᠯᠳᠤᠬᠤ ᠪᠣᠳᠣᠯᠭ᠎ᠠ᠎ᠶᠢᠨ ᠪᠠᠢᠷᠢᠯᠠᠭᠤᠯᠤᠯᠲᠠ᠎ᠶᠢ ᠴᠢᠨᠠᠬᠰᠢᠲᠠ ᠨᠠᠢᠳᠠᠪᠤᠷᠢᠵᠢᠭᠤᠯᠬᠤ᠎ᠶᠢᠨ ᠲᠥᠯᠥᠭᠡ ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠶᠡᠷᠦᠩᠬᠡᠢ ᠡᠪᠯᠡᠯ᠎ᠡᠴᠡ ᠬᠥᠬᠡᠬᠣᠲᠠ᠎ᠶᠢᠨ ᠣᠲᠣ᠌ ᠦᠶ᠎ᠡ᠎ᠶᠢᠨ ᠰᠦ ᠢ᠋ᠢᠨ ᠦᠢᠯᠡᠰ᠎ᠦᠨ ᠴᠢᠨᠠᠷ ᠰᠠᠢᠲᠠᠢ ᠬᠥᠭᠵᠢᠯᠲᠡ᠎ᠶᠢ ᠳᠡᠮᠵᠢᠬᠦ ᠲᠤᠬᠠᠢ ᠠᠷᠪᠠᠨ ᠵᠦᠢᠯ᠎ᠦᠨ ᠠᠷᠭ᠎ᠠ ᠬᠡᠮᠵᠢᠶ᠎ᠡ ᠨᠡᠢᠲᠡᠯᠡᠪᠡ᠃
ᠠᠷᠭ᠎ᠠ ᠬᠡᠮᠵᠢᠶ᠎ᠡ᠎ᠳᠦ ᠴᠢᠳᠠᠪᠤᠷᠢᠲᠠᠨ᠎ᠢ ᠬᠥᠮᠥᠵᠢᠭᠦᠯᠬᠦ᠂ ᠤᠷ᠎ᠠ ᠴᠢᠳᠠᠪᠤᠷᠢ᠎ᠶᠢᠨ ᠤᠷᠤᠯᠳᠤᠭᠠᠨ᠂ ᠡᠷᠬᠡ ᠠᠰᠢᠭ᠋᠎ᠤᠨ ᠪᠠᠲᠤᠯᠠᠭ᠎ᠠ᠂ ᠠᠵᠢᠯ ᠣᠯᠭᠣᠯᠲᠠ ᠢ᠋ᠢᠨ ᠦᠢᠯᠡᠴᠢᠯᠡᠭᠡ ᠵᠡᠷᠭᠡ ᠤᠯᠠᠨ ᠲᠠᠯ᠎ᠠ᠎ᠶᠢ ᠬᠠᠮᠤᠷᠴᠤ᠂ ᠪᠦᠬᠦ ᠲᠠᠯ᠎ᠠ᠎ᠪᠠᠷ ᠳᠡᠮᠵᠢᠬᠦ ᠰᠢᠰᠲᠧᠮ᠎ᠢ ᠪᠦᠷᠢᠯᠳᠦᠭᠦᠯᠪᠡ᠃ ᠠᠵᠤ ᠦᠢᠯᠡᠰ᠎ᠦᠨ ᠠᠵᠢᠯᠴᠢᠨ᠎ᠤ ᠡᠩᠨᠡᠭᠡ᠎ᠶᠢᠨ ᠪᠠᠢᠭᠤᠯᠤᠯᠲᠠ ᠢ᠋ᠢᠨ ᠥᠭᠡᠷᠡᠴᠢᠯᠡᠯᠲᠡ᠎ᠶᠢᠨ ᠲᠠᠯ᠎ᠠ᠎ᠪᠠᠷ᠂ 2026 ᠣᠨ ᠠ᠋ᠴᠠ 2030 ᠣᠨ ᠪᠣᠯᠲᠠᠯ᠎ᠠ᠂ ᠵᠢᠯ ᠪᠦᠷᠢ ᠵᠣᠬᠢᠬᠤ ᠲᠣᠭᠠᠨ᠎ᠤ ᠰᠦ ᠢ᠋ᠢᠨ ᠦᠢᠯᠡᠰ᠎ᠦᠨ ᠪᠥᠬᠥ ᠠᠵᠤ ᠦᠢᠯᠡᠰ᠎ᠦᠨ ᠬᠡᠯᠬᠢᠶᠡᠨ᠎ᠦ ᠠᠵᠦ ᠦᠢᠯᠡᠰ᠎ᠤᠨ ᠠᠵᠢᠯᠴᠢᠨ᠎ᠤ ᠡᠩᠨᠡᠭᠡ ᠢ᠋ᠢᠨ ᠪᠠᠢᠭᠤᠯᠤᠯᠲᠠ ᠢ᠋ᠢᠨ ᠦᠭᠡᠷᠡᠴᠢᠯᠡᠯᠲᠡ ᠵᠢ ᠠᠬᠢᠭᠤᠯᠬᠤ ᠠᠵᠤ ᠠᠬᠤᠢᠯᠠᠯ᠎ᠢ ᠲᠣᠬᠢᠷᠠᠭᠤᠯᠵᠤ᠂ ᠲᠤᠰᠬᠠᠢ ᠵᠦᠢᠯ᠎ᠢᠶᠡᠷ ᠰᠦ ᠢ᠋ᠢᠨ ᠦᠢᠯᠡᠰ᠎ᠦᠨ ᠣᠨᠴᠠᠯᠢᠭ᠍ᠲᠤ ᠠᠰᠠᠭᠤᠳᠠᠯ᠎ᠳᠤ ᠠᠩᠬᠠᠷᠤᠯ᠎ᠢᠶᠠᠨ ᠲᠥᠪᠯᠡᠷᠡᠭᠦᠯᠦᠨ ᠰᠢᠨ᠎ᠡ᠎ᠶᠢ ᠡᠭᠦᠳᠬᠦ ᠠᠷᠭ᠎ᠠ ᠵᠠᠮ᠎ᠢ ᠰᠦᠪᠡᠭᠴᠢᠯᠡᠵᠦ᠂ ᠥᠪᠥᠷ ᠮᠣᠩᠭᠣᠯ᠎ᠤᠨ ᠣᠨᠴᠠᠯᠢᠭ᠋᠎ᠲᠠᠢ᠂ ᠪᠥᠬᠥ ᠤᠯᠤᠰ᠎ᠲᠤ ᠨᠥᠯᠥᠭᠡᠯᠡᠬᠦ ᠬᠦᠴᠦᠨ᠎ᠲᠠᠢ ᠣᠲᠣ᠌ ᠦᠶ᠎ᠡ᠎ᠶᠢᠨ ᠰᠦ ᠢ᠋ᠢᠨ ᠦᠢᠯᠡᠰ᠎ᠦᠨ ᠠᠵᠤ ᠦᠢᠯᠡᠰ᠎ᠦᠨ ᠬᠡᠯᠬᠢᠶᠡᠨ᠎ᠦ ᠠᠵᠦ ᠦᠢᠯᠡᠰ᠎ᠤᠨ ᠠᠵᠢᠯᠴᠢᠨ᠎ᠤ ᠡᠩᠨᠡᠭᠡ ᠢ᠋ᠢᠨ ᠪᠠᠢᠭᠤᠯᠤᠯᠲᠠ ᠢ᠋ᠢᠨ ᠦᠭᠡᠷᠡᠴᠢᠯᠡᠯᠲᠡ ᠢ᠋ᠢᠨ ᠪᠦᠯᠦᠭᠵᠢᠯ᠎ᠢ ᠪᠦᠷᠢᠯᠳᠦᠭᠦᠯᠦᠨ᠎ᠡ᠃ ᠡᠭᠦᠨ᠎ᠦ ᠬᠠᠮᠲᠤ ᠣᠲᠣ᠌ ᠦᠶ᠎ᠡ᠎ᠶᠢᠨ ᠰᠦ ᠢ᠋ᠢᠨ ᠦᠢᠯᠡᠰ᠎ᠦᠨ ᠬᠦᠷᠢᠶᠡᠨ᠎ᠳᠡᠬᠢ ᠠᠵᠢᠯᠲᠠᠨ ᠠᠵᠢᠯᠴᠢᠨ᠎ᠤ ᠦᠵᠡᠯ ᠰᠠᠨᠠᠭ᠎ᠠ ᠤᠯᠤᠰ ᠲᠥᠷᠥ᠎ᠪᠡᠷ ᠬᠥᠲᠥᠯᠥᠨ ᠳᠠᠭᠠᠭᠤᠯᠬᠤ᠎ᠶᠢ ᠴᠢᠩᠭᠠᠳᠬᠠᠵᠤ᠂ ᠰᠦ ᠢ᠋ᠢᠨ ᠦᠢᠯᠡᠰ᠎ᠦᠨ ᠠᠵᠤ ᠠᠬᠤᠢᠯᠠᠯ᠎ᠤᠨ ᠬᠥᠳᠡᠯᠮᠦᠷᠢ᠎ᠶᠢᠨ ᠵᠢᠱ᠌ᠢᠶᠡᠴᠢ᠂ ᠮᠡᠷᠭᠡᠵᠢᠯ᠎ᠦᠨ ᠭᠣᠣᠯᠯᠠᠭ᠍ᠴᠢ᠂ ᠦᠵᠡᠯ ᠰᠠᠨᠠᠭ᠎ᠠ ᠤᠯᠤᠰ ᠲᠥᠷᠥ᠎ᠶᠢᠨ ᠲᠤᠰᠬᠠᠢ ᠮᠡᠷᠭᠡᠵᠢᠯᠲᠡᠨ᠎ᠢᠶᠡᠷ ᠪᠦᠷᠢᠯᠳᠦᠭᠰᠡᠨ ᠤᠬᠠᠭᠤᠯᠤᠨ ᠲᠠᠢᠯᠪᠤᠷᠢᠯᠠᠬᠤ ᠪᠦᠯᠬᠦᠮ᠎ᠢ ᠵᠣᠬᠢᠶᠠᠨ ᠪᠠᠢᠭᠤᠯᠵᠤ᠂ ᠮᠠᠯᠵᠢᠯ᠎ᠤᠨ ᠲᠠᠯᠠᠪᠠᠶ᠂ ᠦᠢᠯᠡᠳᠪᠦᠷᠢ᠎ᠶᠢᠨ ᠲᠠᠰᠤᠭ᠎ᠲᠤ ᠭᠦᠨᠵᠡᠭᠡᠢᠷᠡᠨ 《ᠪᠢᠴᠢᠯ ᠤᠬᠠᠭᠤᠯᠤᠨ ᠲᠠᠢᠯᠪᠤᠷᠢᠯᠠᠬᠤ》 ᠠᠵᠢᠯᠯᠠᠭ᠎ᠠ ᠥᠷᠨᠢᠭᠦᠯᠵᠦ᠂ ᠵᠢᠯ ᠪᠦᠷᠢ 2000 ᠬᠥᠮᠥᠨ ᠤᠳᠠᠭ᠎ᠠ ᠡᠴᠡ ᠳᠤᠲᠠᠭᠤ ᠦᠭᠡᠢ ᠠᠵᠢᠯᠲᠠᠨ ᠠᠵᠢᠯᠴᠢᠨ᠎ᠢ ᠬᠠᠮᠤᠷᠤᠨ᠎ᠠ᠃
ᠠᠷᠭ᠎ᠠ ᠬᠡᠮᠵᠢᠶ᠎ᠡ᠎ᠳᠦ ᠰᠢᠨ᠎ᠡ᠎ᠶᠢ ᠡᠭᠦᠳᠬᠦ᠎ᠪᠡᠷ ᠬᠥᠳᠡᠯᠭᠡᠭᠦᠷ ᠪᠣᠯᠭᠠᠬᠤ ᠪᠠ ᠴᠢᠳᠠᠪᠤᠷᠢᠲᠠᠨ᠎ᠢ ᠬᠥᠮᠥᠵᠢᠭᠦᠯᠬᠦ ᠡᠷᠴᠢᠮ᠎ᠢ ᠴᠢᠩᠭᠠᠷᠠᠭᠤᠯᠤᠨ᠎ᠠ ᠬᠡᠵᠦ ᠲᠤᠷᠠᠳᠤᠨ ᠭᠠᠷᠭᠠᠪᠠ᠃ ᠣᠲᠣ᠌ ᠦᠶ᠎ᠡ᠎ᠶᠢᠨ ᠰᠦ ᠢ᠋ᠢᠨ ᠦᠢᠯᠡᠰ᠎ᠦᠨ ᠬᠦᠷᠢᠶᠡᠨ᠎ᠳᠡᠬᠢ ᠠᠵᠢᠯᠲᠠᠨ ᠠᠵᠢᠯᠴᠢᠨ᠎ᠤ ᠰᠢᠨ᠎ᠡ᠎ᠶᠢ ᠡᠭᠦᠳᠬᠦ ᠠᠵᠢᠯᠯᠠᠬᠤ ᠦᠷᠦᠬᠡ ᠵᠢᠨ ᠪᠦᠯᠦᠭᠵᠢᠯ᠎ᠦᠨ ᠪᠦᠲᠦᠭᠡᠨ ᠪᠠᠢᠭᠤᠯᠤᠯᠲᠠ᠎ᠶᠢ ᠳᠡᠮᠵᠢᠬᠦ ᠲᠠᠯ᠎ᠠ᠎ᠪᠠᠷ᠂ 2026 ᠣᠨ ᠡᠴᠡ 2030 ᠣᠨ ᠪᠣᠯᠲᠠᠯ᠎ᠠ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠠᠵᠢᠯᠲᠠᠨ ᠠᠵᠢᠯᠴᠢᠨ᠎ᠤ ᠰᠢᠨ᠎ᠡ᠎ᠶᠢ ᠡᠭᠦᠳᠬᠦ ᠠᠵᠢᠯᠯᠠᠬᠤ ᠦᠷᠦᠬᠡ ᠵᠢᠨ ᠪᠦᠲᠦᠭᠡᠨ ᠪᠠᠢᠭᠤᠯᠤᠯᠲᠠ᠎ᠶᠢᠨ ᠠᠵᠢᠯ᠎ᠤᠨ ᠭᠤᠤᠯᠳᠠᠯᠭ᠎ᠠ ᠵᠢ ᠰᠦ ᠢ᠋ᠢᠨ ᠦᠢᠯᠡᠰ᠎ᠦᠨ ᠬᠦᠷᠢᠶ᠎ᠡ ᠳᠠᠢᠰᠢ ᠬᠡᠯᠪᠡᠢᠯᠭᠡᠵᠦ᠂ ᠬᠥᠬᠡᠬᠣᠲᠠ᠎ᠶᠢᠨ ᠠᠵᠢᠯᠴᠢᠨ᠎ᠤ ᠶᠡᠷᠦᠩᠬᠡᠢ ᠡᠪᠯᠡᠯ᠎ᠦᠨ ᠰᠦ ᠢ᠋ᠢᠨ ᠦᠢᠯᠡᠰ᠎ᠦᠨ ᠠᠵᠤ ᠦᠢᠯᠡᠰ᠎ᠦᠨ ᠬᠡᠯᠬᠢᠶ᠎ᠡ᠎ᠶᠢᠨ ᠲᠣᠭᠣᠷᠢᠨ᠎ᠳᠤ ᠪᠥᠬᠥ ᠤᠯᠤᠰ᠎ᠤᠨ ᠬᠥᠳᠡᠯᠮᠦᠷᠢ᠎ᠶᠢᠨ ᠵᠢᠱ᠌ᠢᠶᠡᠴᠢ ᠤᠷᠠᠨ ᠳᠠᠷᠬᠠᠨ᠎ᠤ ᠰᠢᠨ᠎ᠡ᠎ᠶᠢ ᠡᠭᠦᠳᠬᠦ ᠠᠵᠢᠯᠯᠠᠬᠤ ᠦᠷᠦᠬᠡ ᠪᠠᠶ᠋ᠢᠭᠤᠯᠬᠤ᠎ᠶᠢ ᠳᠡᠮᠵᠢᠨ᠎ᠡ᠃
ᠡᠭᠦᠨ᠎ᠡᠴᠡ ᠭᠠᠳᠠᠨ᠎ᠠ᠂ ᠵᠢᠯ ᠪᠦᠷᠢ ᠰᠦ᠎ᠶᠢᠨ ᠦᠢᠯᠡᠰ᠎ᠦᠨ ᠡᠭᠢᠨ ᠤ ᠪᠠ ᠡᠴᠤᠰ ᠤᠨ ᠠᠵᠤ ᠦᠢᠯᠡᠰ᠎ᠦᠨ ᠬᠡᠯᠬᠢᠶ᠎ᠡ᠎ᠳᠦ ᠨᠠᠭᠠᠲᠤ ᠵᠠᠬ᠎ᠠ᠎ᠳᠠᠭᠠᠨ 1 ᠲᠦᠷᠦᠯ ᠤ᠋ᠨ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠬᠥᠲᠥᠯᠥᠨ ᠳᠠᠭᠠᠭᠤᠯᠬᠤ ᠴᠢᠨᠠᠷᠲᠠᠢ ᠬᠥᠳᠡᠯᠮᠦᠷᠢ ᠪᠠ ᠤᠷ᠎ᠠ ᠴᠢᠳᠠᠪᠤᠷᠢ᠎ᠶᠢᠨ ᠤᠷᠤᠯᠳᠤᠭᠠᠨ᠎ᠢ ᠵᠣᠬᠢᠶᠠᠨ ᠪᠠᠢᠭᠤᠯᠵᠤ᠂ ᠨᠠᠭᠠᠲᠤ ᠵᠠᠬ᠎ᠠ᠎ᠳᠠᠭᠠᠨ ᠬᠣᠶᠠᠷ ᠠᠵᠢᠯ ᠲᠥᠷᠥᠯ᠎ᠤᠨ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠠᠵᠢᠯᠲᠠᠨ ᠠᠵᠢᠯᠴᠢᠨ᠎ᠤ ᠠᠵᠢᠯ ᠮᠡᠷᠭᠡᠵᠢᠯ᠎ᠦᠨ ᠤᠷ᠎ᠠ ᠴᠢᠳᠠᠪᠤᠷᠢ᠎ᠶᠢᠨ ᠤᠷᠤᠯᠳᠤᠭᠠᠨ᠎ᠢ ᠥᠷᠨᠢᠭᠦᠯᠵᠦ᠂ ᠰᠦ᠎ᠶᠢᠨ ᠦᠢᠯᠡᠰ᠎ᠦᠨ ᠤᠷ᠎ᠠ ᠮᠡᠷᠭᠡᠵᠢᠯ᠎ᠤᠨ ᠴᠢᠳᠠᠪᠤᠷᠢᠲᠠᠨ᠎ᠢ ᠰᠣᠩᠭᠣᠨ ᠬᠦᠮᠦᠵᠢᠭᠦᠯᠦᠨ᠎ᠡ᠃ ᠤᠷᠠᠨ ᠳᠠᠷᠬᠠᠨ᠎ᠤ ᠳᠡᠭᠡᠳᠦ ᠰᠤᠷᠭᠠᠭᠤᠯᠢ᠎ᠶᠢᠨ ᠪᠦᠲᠦᠭᠡᠨ ᠪᠠᠢᠭᠤᠯᠤᠯᠲᠠ᠎ᠶᠢᠨ ᠲᠠᠯ᠎ᠠ᠎ᠪᠠᠷ 5 ᠵᠢᠯ᠎ᠦᠨ ᠳᠣᠲᠣᠷ᠎ᠠ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠤᠷᠠᠨ ᠳᠠᠷᠬᠠᠨ᠎ᠤ ᠳᠡᠭᠡᠳᠦ ᠰᠤᠷᠭᠠᠭᠤᠯᠢ᠎ᠶᠢ ᠰᠢᠨ᠎ᠡ ᠪᠡᠷ ᠬᠣᠶᠠᠷ ᠪᠠᠢᠭᠤᠯᠵᠤ᠂ ᠨᠢᠭᠡ ᠪᠦᠯᠦᠭ ᠬᠣᠲᠠ᠎ᠶᠢᠨ ᠲᠠᠰ᠎ᠤᠨ ᠤᠷᠠᠨ ᠳᠠᠷᠬᠠᠨ᠎ᠤ ᠳᠡᠭᠡᠳᠦ ᠰᠤᠷᠭᠠᠭᠤᠯᠢ᠎ᠶᠢ ᠳᠠᠶ᠋ᠢᠴᠢᠯᠠᠨ᠂ ᠪᠥᠬᠥ ᠣᠷᠣᠨ᠎ᠤ ᠰᠦ ᠢ᠋ᠢᠨ ᠦᠢᠯᠡᠰ᠎ᠦᠨ ᠴᠢᠳᠠᠪᠤᠷᠢᠲᠠᠨ᠎ᠢ ᠬᠥᠮᠥᠵᠢᠭᠦᠯᠬᠦ ᠭᠣᠣᠯᠯᠠᠬᠤ ᠠᠴᠢᠶᠠᠯᠠᠪᠤᠷᠢ᠎ᠳᠤ ᠣᠷᠣᠭᠤᠯᠬᠤ᠎ᠶᠢ ᠠᠬᠢᠭᠤᠯᠤᠨ᠎ᠠ᠃
ᠠᠵᠢᠯᠲᠠᠨ ᠠᠵᠢᠯᠴᠢᠨ᠎ᠤ ᠡᠷᠬᠡ ᠠᠰᠢᠭ᠋ ᠬᠢᠭᠡᠳ ᠦᠢᠯᠡᠴᠢᠯᠡᠭᠡᠨ᠎ᠦ ᠪᠠᠲᠤᠯᠠᠭ᠎ᠠ᠎ᠶᠢᠨ ᠲᠠᠯ᠎ᠠ᠎ᠪᠠᠷ᠂ ᠴᠢᠳᠠᠪᠤᠷᠢᠲᠠᠨ᠎ᠤ ᠴᠠᠯᠢᠩ ᠣᠯᠭᠣᠮᠵᠢ᠎ᠶᠢ ᠳᠡᠭᠡᠭᠰᠢᠯᠡᠭᠦᠯᠬᠦ᠎ᠪᠡᠷ ᠭᠣᠣᠯ ᠪᠣᠯᠭᠠᠭᠰᠠᠨ ᠴᠢᠲᠠᠪᠤᠷᠢ ᠢ᠋ᠢᠨ ᠲᠠᠰ᠎ᠤᠨ ᠴᠠᠯᠢᠩ᠎ᠢ ᠬᠠᠮᠲᠤ᠎ᠪᠠᠷ ᠵᠥᠪᠳᠡᠯᠴᠡᠬᠦ᠎ᠶᠢ ᠠᠬᠢᠭᠤᠯᠵᠤ᠂ ᠲᠠᠭᠠᠭᠤᠯᠤᠬᠴᠢ ᠠᠵᠤ ᠠᠬᠤᠢᠯᠠᠯ᠎ᠤᠨ 《ᠰᠢᠨ᠎ᠡ ᠨᠠᠢ᠍ᠮᠠᠨ ᠳᠡᠰ᠎ᠤᠨ ᠠᠵᠢᠯᠴᠢᠨ》 ᠤ᠋ ᠳᠦᠷᠢᠮ᠎ᠢ ᠵᠢᠱ᠌ᠢᠶ᠎ᠡ ᠦᠵᠡᠭᠦᠯᠦᠨ ᠬᠡᠷᠡᠭᠵᠢᠭᠦᠯᠬᠦ᠎ᠶᠢ ᠳᠡᠮᠵᠢᠨ᠎ᠡ; ᠬᠥᠬᠡᠬᠣᠲᠠ᠎ᠶᠢᠨ ᠰᠦ᠎ᠶᠢᠨ ᠦᠢᠯᠡᠰ᠎ᠦᠨ ᠠᠵᠤ ᠠᠬᠤᠢᠯᠠᠯ᠎ᠤᠨ 2026 ᠣᠨ ᠡᠴᠡ ᠡᠬᠢᠯᠡᠨ ᠠᠵᠢᠯᠲᠠᠨ ᠠᠵᠢᠯᠴᠢᠨ᠎ᠤ ᠦᠢᠯᠡᠴᠢᠯᠡᠭᠡᠨ᠎ᠦ ᠵᠢᠭ᠍ᠰᠠᠭᠠᠯ᠎ᠤᠨ ᠭᠠᠵᠠᠷ᠎ᠢ ᠥᠨᠳᠥᠷ ᠪᠠᠷᠢᠮᠵᠢᠶ᠎ᠠ᠎ᠪᠠᠷ ᠪᠦᠲᠦᠭᠡᠨ ᠪᠠᠶ᠋ᠢᠭᠤᠯᠬᠤ᠎ᠶᠢ ᠳᠡᠮᠵᠢᠵᠦ᠂ ᠵᠢᠱ᠌ᠢᠶ᠎ᠡ ᠦᠵᠡᠭᠦᠯᠬᠦ ᠴᠢᠨᠠᠷᠲᠠᠢ ᠬᠠᠢᠷ᠎ᠠ ᠬᠠᠯᠠᠮᠵᠢ᠎ᠶᠢᠨ ᠨᠠᠢᠳᠠᠨ ᠬᠠᠮᠢᠶᠠᠷᠤᠭᠤᠯᠬᠤ ᠠᠩᠭᠢ᠂ ᠡᠮᠡᠭᠲᠡᠢ ᠠᠵᠢᠯᠲᠠᠨ ᠠᠵᠢᠯᠴᠢᠨ᠎ᠤ ᠠᠮᠠᠷᠠᠨ ᠬᠥᠬᠥᠭᠦᠯᠬᠦ ᠥᠷᠥᠭᠡ᠂ ᠠᠵᠢᠯᠴᠢᠨ᠎ᠤ ᠡᠪᠯᠡᠯ᠎ᠦᠨ ᠤᠯᠠᠭ᠎ᠠ ᠥᠷᠲᠡᠭᠡ ᠵᠡᠷᠭᠡ ᠦᠢᠯᠡᠴᠢᠯᠡᠭᠡᠨ᠎ᠦ ᠵᠢᠭ᠍ᠰᠠᠭᠠᠯ᠎ᠤᠨ ᠭᠠᠵᠠᠷ᠎ᠢ ᠪᠠᠢᠭᠤᠯᠤᠨ᠎ᠠ; ᠠᠬᠤᠢ ᠲᠠᠯᠠᠪᠠᠢ ᠢ᠋ᠢᠨ ᠲᠣᠮᠣ᠌ ᠬᠡᠯᠪᠡᠷᠢ᠎ᠶᠢᠨ ᠤᠷᠢᠨ ᠡᠯᠰᠡᠬᠦ ᠴᠤᠭᠯᠠᠭᠠᠨ ᠪᠠ ᠰᠦᠯᠵᠢᠶᠡᠨ ᠳᠡᠭᠡᠷᠡᠬᠢ 《ᠡᠭᠦᠯᠡᠨ ᠤᠷᠢᠨ ᠡᠯᠰᠡᠬᠦ ᠴᠤᠭᠯᠠᠭᠠᠨ》 ᠵᠡᠷᠭᠡ ᠬᠡᠯᠪᠡᠷᠢ᠎ᠶᠢ ᠪᠠᠭᠲᠠᠭᠠᠭᠰᠠᠨ ᠴᠠᠭᠠᠨ ᠢᠳᠡᠭᠡᠨ᠎ᠦ ᠠᠵᠤ ᠦᠢᠯᠡᠰ᠎ᠦᠨ ᠤᠷᠢᠨ ᠡᠯᠰᠡᠬᠦ ᠲᠤᠰᠬᠠᠢ ᠠᠵᠢᠯᠯᠠᠭ᠎ᠠ᠎ᠶᠢ ᠵᠣᠬᠢᠶᠠᠨ ᠪᠠᠢᠭᠤᠯᠤᠨ ᠥᠷᠨᠢᠭᠦᠯᠦᠨ᠎ᠡ; ᠥᠪᠡᠷᠲᠡᠭᠡᠨ ᠵᠠᠰᠠᠬᠤ ᠣᠷᠣᠨ᠎ᠤ ᠠᠵᠢᠯᠲᠠᠨ ᠠᠵᠢᠯᠴᠢᠨ᠎ᠤ ᠰᠤᠪᠢᠯᠠᠯᠲᠠ ᠠᠮᠠᠷᠠᠯᠲᠠ᠎ᠶᠢᠨ ᠠᠵᠢᠯᠯᠠᠭ᠎ᠠ᠎ᠶᠢᠨ ᠳᠤᠮᠳᠠ ᠰᠦ᠎ᠶᠢᠨ ᠦᠢᠯᠡᠰ᠎ᠦᠨ ᠨᠢᠭᠡᠳᠦᠭᠡᠷ ᠹᠷᠣᠨᠲ᠎ᠤᠨ ᠠᠵᠢᠯᠲᠠᠨ ᠠᠵᠢᠯᠴᠢᠨ᠂ ᠢᠯᠠᠩᠭᠤᠶ᠎ᠠ ᠬᠠᠲᠠᠭᠤᠵᠢᠯᠲᠠᠢ ᠠᠵᠢᠯ᠎ᠤᠨ ᠪᠠᠢᠷᠢ᠂ ᠮᠡᠷᠭᠡᠵᠢᠯ᠎ᠦᠨ ᠭᠣᠣᠯᠯᠠᠭ᠍ᠴᠢ ᠬᠦᠴᠦᠨ᠂ ᠲᠡᠷᠢᠭᠦᠨ᠎ᠦ ᠵᠢᠱ᠌ᠢᠶᠡᠴᠢ ᠵᠡᠷᠭᠡ ᠲᠤᠰᠬᠠᠢ ᠲᠥᠷᠥᠯ᠎ᠦᠨ ᠣᠷᠣᠨ ᠲᠣᠭ᠎ᠠ᠎ᠶᠢ ᠲᠤᠬᠢᠷᠠᠭᠤᠯᠬᠤ᠎ᠶᠢᠨ ᠬᠠᠮᠲᠤ ᠭᠣᠣᠯᠳᠠᠯᠭ᠎ᠠ᠎ᠲᠠᠢ ᠪᠠᠲᠤᠯᠠᠭ᠎ᠠ ᠬᠠᠩᠭᠠᠨ᠎ᠠ᠃