ᠦᠪᠤᠷ ᠮᠤᠩᠭᠤᠯ ᠤ᠋ᠨ ᠦᠪᠡᠷᠳᠡᠬᠡᠨ ᠵᠠᠰᠠᠬᠤ ᠤᠷᠤᠨ ᠤ᠋ ᠲᠠᠷᠢᠶᠠᠯᠠᠩ ᠮᠠᠯ ᠠᠵᠤ ᠠᠬᠤᠢ ᠪᠠ ᠬᠦᠳᠡᠬᠡ ᠲᠤᠰᠬᠤᠨ ᠮᠠᠯᠵᠢᠬᠤ ᠤᠷᠤᠨ ᠤ᠋ ᠲᠢᠩᠬᠢᠮ ᠡᠴᠡ ᠤᠢᠯᠠᠭᠠᠭᠰᠠᠨ ᠵᠢᠡᠷ᠂ ᠮᠠᠨ ᠤ᠋ ᠤᠷᠤᠨ ᠮᠠᠯᠵᠢᠬᠤ ᠲᠠᠷᠢᠶᠠᠯᠠᠬᠤ ᠤᠷᠤᠨ ᠤ᠋ ᠦᠮᠴᠢᠯᠡᠯ ᠤ᠋ᠨ ᠡᠷᠭᠡ ᠶ᠋ᠢᠨ ᠠᠷᠠᠯᠵᠢᠶ᠎ᠡ ᠵᠢ ᠲᠦᠷᠢᠮᠵᠢᠭᠦᠯᠬᠦ ᠲᠤᠷᠱᠢᠯᠲᠠ ᠶ᠋ᠢᠨ ᠴᠡᠭ ᠤ᠋ᠨ ᠠᠵᠢᠯ ᠢ᠋ ᠯᠠᠪᠳᠠᠭᠤᠨ ᠪᠠᠲᠤᠲᠠᠶ ᠠᠬᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ᠋ ᠥᠮᠴᠢᠯᠡᠯ ᠤ᠋ᠨ ᠡᠷᠬᠡ ᠶ᠋ᠢᠨ ᠠᠷᠠᠯᠵᠢᠶᠠᠨ ᠤ᠋ ᠱᠢᠰᠲ᠋ᠧᠮ ᠢ᠋ ᠪᠠᠢᠭᠤᠯᠬᠤ ᠭᠤᠤᠯ ᠡᠭᠦᠷᠭᠡ ᠵᠢᠨ ᠲᠤᠭᠤᠷᠢᠨ ᠳ᠋ᠤ ᠤᠯᠤᠰ ᠤ᠋ᠨ ᠲᠠᠰ ᠤ᠋ᠨ ᠲᠤᠷᠱᠢᠯᠲᠠ ᠶ᠋ᠢᠨ ᠴᠡᠭ ᠤ᠋ᠨ ᠲᠤᠷᠱᠢᠯᠭ᠎ᠠ ᠳ᠋ᠤ ᠲᠦᠱᠢᠭ᠌ᠯᠡᠨ ᠬᠥᠳᠡᠭᠡ ᠲᠣᠰᠭᠣᠨ ᠤ᠋ ᠥᠮᠴᠢᠯᠡᠯ ᠤ᠋ᠨ ᠡᠷᠬᠡ ᠶ᠋ᠢᠨ ᠠᠷᠠᠯᠵᠢᠶᠠᠨ ᠤ᠋ ᠵᠠᠬ᠎ᠠ ᠳᠡᠯᠭᠡᠭᠦᠷ ᠤ᠋ᠨ ᠪᠠᠢᠭᠤᠯᠤᠯᠲᠠ ᠵᠢ ᠯᠠᠪᠳᠠᠭᠤᠨ ᠶ᠋ᠢᠡᠷ ᠠᠬᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ᠋ ᠰᠤᠯᠠ ᠲᠠᠯᠪᠢᠭᠳᠠᠵᠤ ᠪᠠᠢᠭ᠎ᠠ ᠡᠬᠢ ᠪᠠᠶᠠᠯᠢᠭ ᠡᠳ᠋ ᠬᠦᠷᠦᠡᠭᠭᠡ ᠵᠢ ᠬᠦᠳᠡᠭᠡ ᠲᠤᠰᠬᠤᠨ ᠢ᠋ ᠬᠦᠭᠵᠢᠭᠦᠯᠦᠨ ᠮᠠᠨᠳᠤᠭᠤᠯᠬᠤ ᠠᠮᠢᠵᠢᠷᠠᠯ ᠤ᠋ᠨ ᠬᠦᠴᠦᠨ ᠪᠤᠯᠭᠠᠨ ᠤᠨᠳᠤᠤᠰᠢᠭᠤᠯᠪᠠ᠃
2025 ᠣᠨ ᠤ᠋ ᠰᠡᠭᠦᠯᠴᠢ ᠪᠣᠯᠲᠠᠯ᠎ᠠ᠂ ᠤᠯᠠᠭᠠᠨᠬᠠᠳᠠ ᠬᠣᠲᠠ᠂ ᠬᠢᠩᠭᠠᠨ ᠠᠢᠮᠠᠭ ᠤ᠋ᠨ ᠬᠣᠷᠴᠢᠨ ᠪᠠᠷᠠᠭᠤᠨ ᠭᠠᠷᠤᠨ ᠡᠮᠦᠨᠡᠲᠦ ᠬᠣᠱᠢᠭᠤ ᠵᠡᠷᠭᠡ ᠬᠣᠶᠠᠷ ᠤᠯᠤᠰ ᠤ᠋ᠨ ᠲᠠᠰ ᠤ᠋ᠨ ᠮᠠᠯᠵᠢᠬᠤ ᠲᠠᠷᠢᠶᠠᠯᠠᠬᠤ ᠣᠷᠣᠨ ᠤ᠋ ᠦᠮᠴᠢᠯᠡᠯ ᠤ᠋ᠨ ᠡᠷᠬᠡ ᠶ᠋ᠢᠨ ᠠᠷᠠᠯᠵᠢᠶ᠎ᠠ ᠵᠢ ᠳᠦᠷᠢᠮᠵᠢᠭᠦᠯᠬᠦ ᠲᠤᠷᠱᠢᠯᠲᠠ ᠶ᠋ᠢᠨ ᠴᠡᠭ ᠲᠦ᠍ 1815 ᠬᠤᠪᠢ ᠬᠥᠳᠡᠭᠡ ᠲᠣᠰᠭᠣᠨ ᠤ᠋ ᠦᠮᠴᠢᠯᠡᠯ ᠤ᠋ᠨ ᠡᠷᠬᠡ ᠵᠢ ᠭᠦᠢᠯᠭᠡᠭᠡᠯᠡᠨ ᠠᠷᠠᠯᠵᠢᠶᠠᠯᠠᠬᠤ ᠲᠥᠷᠥᠯ ᠵᠦᠶ᠋ᠯ ᠢ᠋ ᠪᠡᠶᠡᠯᠡᠭᠦᠯᠵᠦ᠍᠂ ᠠᠷᠠᠯᠵᠢᠶ᠎ᠠ ᠪᠦᠲᠦᠭ᠌ᠰᠡᠨ ᠶᠡᠷᠦᠩᠬᠡᠶ ᠬᠡᠮᠵᠢᠶ᠎ᠡ ᠨᠢ 13 ᠳ᠋ᠦᠩᠱᠢᠭᠤᠷ ᠲᠥᠭᠥᠷᠢᠭ ᠲᠦ᠍ ᠬᠦᠷᠴᠡᠶ; ᠭᠠᠵᠠᠷ ᠱᠢᠷᠣᠶ ᠶ᠋ᠢᠨ ᠡᠵᠡᠩᠨᠡᠯᠲᠡ ᠶ᠋ᠢᠨ ᠡᠷᠬᠡ ᠶ᠋ᠢᠨ ᠪᠠᠷᠢᠴᠠᠭᠠᠲᠤ ᠵᠢᠭᠡᠯᠡᠯᠭᠡ ᠵᠢ 19.7 ᠳ᠋ᠦᠩᠱᠢᠭᠤᠷ ᠲᠥᠭᠥᠷᠢᠭ ᠭᠦᠶ᠋ᠴᠡᠳᠭᠡᠵᠦ᠍᠂ ᠦᠶ᠋ᠯᠡᠳᠬᠦᠨ ᠬᠤᠳᠠᠯᠳᠤᠬᠤ ᠮᠡᠳᠡᠭᠡ ᠵᠠᠩᠭᠢ ᠵᠢ 2.1 ᠲᠦᠮᠡ ᠭᠠᠷᠤᠶ ᠵᠤᠷᠪᠤᠰ ᠨᠡᠢᠲᠡᠯᠡᠨ᠂ 4.55 ᠳ᠋ᠦᠩᠱᠢᠭᠤᠷ ᠲᠥᠭᠥᠷᠢᠭ ᠤ᠋ᠨ ᠠᠷᠠᠯᠵᠢᠶ᠎ᠠ ᠪᠦᠲᠦᠵᠦ᠍᠂ ᠮᠠᠯᠵᠢᠬᠤ ᠲᠠᠷᠢᠶᠠᠯᠠᠬᠤ ᠣᠷᠣᠨ ᠤ᠋ ᠰᠤᠯᠠ ᠲᠠᠯᠪᠢᠭᠳᠠᠵᠤ ᠪᠠᠢᠭ᠎ᠠ ᠡᠬᠢ ᠪᠠᠶᠠᠯᠢᠭ ᠡᠳ᠋ ᠬᠥᠷᠥᠩᠭᠡ ᠵᠢ ᠪᠦᠲᠦᠮᠵᠢᠲᠡᠢ ᠠᠮᠢᠯᠠᠭᠤᠯᠵᠤ᠂ ᠭᠠᠴᠠᠭ᠎ᠠ ᠲᠤᠰᠬᠤᠨ ᠤ᠋ ᠬᠠᠮᠲᠤ ᠶ᠋ᠢᠨ ᠠᠵᠤ ᠠᠬᠤᠶ ᠶ᠋ᠢᠨ ᠪᠤᠵᠠᠭᠠᠢᠷᠠᠬᠤ ᠪᠠ ᠮᠠᠯᠴᠢᠨ ᠲᠠᠷᠢᠶᠠᠴᠢᠨ ᠤ᠋ ᠣᠷᠣᠯᠭ᠎ᠠ ᠵᠢ ᠨᠡᠮᠡᠭ᠌ᠳᠡᠭᠦᠯᠬᠦ᠌ ᠳ᠋ᠤ ᠬᠦᠴᠦᠲᠡᠶ ᠬᠥᠳᠡᠯᠭᠡᠬᠦ᠌ ᠬᠦᠴᠦᠨ ᠨᠡᠮᠡᠷᠢᠯᠡᠪᠡ᠃
ᠮᠠᠯᠵᠢᠬᠤ ᠲᠠᠷᠢᠶᠠᠯᠠᠬᠤ ᠣᠷᠣᠨ ᠤ᠋ ᠦᠮᠴᠢᠯᠡᠯ ᠤ᠋ᠨ ᠡᠷᠬᠡ ᠵᠢ ᠭᠦᠢᠯᠭᠡᠭᠡᠯᠡᠨ ᠠᠷᠠᠯᠵᠢᠶᠠᠯᠠᠬᠤ ᠨᠢᠭᠡᠳᠦᠯᠲᠡᠶ ᠵᠠᠬ᠎ᠠ ᠳᠡᠯᠭᠡᠭᠦᠷ ᠢ᠋ ᠪᠠᠢᠭᠤᠯᠬᠤ ᠶ᠋ᠢᠨ ᠲᠤᠰᠠᠳᠠ 2025 ᠤᠨ ᠤ᠋ 9 ᠰᠠᠷ᠎ᠠ ᠳ᠋ᠤ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠣᠷᠢᠶ᠎ᠠ ᠶ᠋ᠢᠨ ᠲᠠᠷᠢᠶᠠᠯᠠᠩ ᠮᠠᠯ ᠠᠵᠤ ᠠᠬᠤᠶ ᠶ᠋ᠢᠨ ᠠᠯᠪᠠᠨ ᠬᠡᠷ᠂ ᠥᠪᠡᠷᠲᠡᠭᠡᠨ ᠵᠠᠰᠠᠬᠤ ᠣᠷᠣᠨ ᠤ᠋ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠭᠣᠨ ᠮᠠᠯᠵᠢᠬᠤ ᠣᠷᠣᠨ ᠤ᠋ ᠲᠢᠩᠬᠢᠮ ᠬᠠᠮᠲᠤᠷᠠᠨ 《ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠮᠠᠯᠵᠢᠬᠤ ᠲᠠᠷᠢᠶᠠᠯᠠᠬᠤ ᠣᠷᠣᠨ ᠤ᠋ ᠦᠮᠴᠢᠯᠡᠯ ᠤ᠋ᠨ ᠡᠷᠬᠡ ᠵᠢ ᠭᠦᠢᠯᠭᠡᠭᠡᠯᠡᠨ ᠠᠷᠠᠯᠵᠢᠶᠠᠯᠠᠬᠤ ᠬᠠᠮᠢᠶᠠᠷᠤᠯᠲᠠ ᠶ᠋ᠢᠨ ᠠᠷᠭ᠎ᠠ》 ᠵᠢ ᠨᠡᠢᠲᠡᠯᠡᠵᠦ᠍᠂ ᠮᠠᠯᠵᠢᠬᠤ ᠲᠠᠷᠢᠶᠠᠯᠠᠬᠤ ᠣᠷᠣᠨ ᠤ᠋ ᠦᠮᠴᠢᠯᠡᠯ ᠤ᠋ᠨ ᠡᠷᠬᠡ ᠵᠢ ᠡᠮᠬᠢ ᠵᠢᠷᠤᠮ ᠲᠠᠶ᠂ ᠢᠯᠡ ᠲᠣᠳᠣ᠂ ᠥᠨᠳᠥᠷ ᠪᠦᠲᠦᠮᠵᠢᠲᠡᠶ ᠭᠦᠢᠯᠭᠡᠭᠡᠯᠡᠬᠦ ᠳ᠋ᠤ ᠪᠠᠲᠤ ᠪᠠᠬᠢ ᠲᠦᠷᠢᠮ ᠤ᠋ᠨ ᠪᠠᠲᠤᠯᠠᠭ᠎ᠠ ᠬᠠᠩᠭᠠᠪᠠ᠃ ᠡᠭᠦᠨᠦ ᠬᠠᠮᠲᠤ᠂ ᠥᠪᠡᠷᠲᠡᠭᠡᠨ ᠵᠠᠰᠠᠬᠤ ᠣᠷᠣᠨ ᠡᠴᠡ ᠦᠬᠠᠶ ᠬᠣᠲᠠ᠂ ᠬᠢᠩᠭᠠᠨ ᠠᠢᠮᠠᠭ ᠤ᠋ᠨ ᠬᠣᠷᠴᠢᠨ ᠪᠠᠷᠠᠭᠤᠨ ᠭᠠᠷᠤᠨ ᠡᠮᠦᠨᠡᠲᠦ ᠬᠣᠱᠢᠭᠤ᠂ ᠣᠷᠳᠣᠰ ᠬᠣᠲᠠ ᠶ᠋ᠢᠨ ᠡᠵᠡᠨ ᠬᠣᠷᠣᠭ᠎ᠠ ᠬᠣᠱᠢᠭᠤ᠂ ᠪᠠᠶᠠᠨᠨᠠᠭᠤᠷ ᠬᠣᠲᠠ ᠶ᠋ᠢᠨ ᠬᠠᠩᠭᠢᠨ ᠬᠣᠢᠲᠤ ᠬᠣᠱᠢᠭᠤ ᠵᠡᠷᠭᠡ 4 ᠭᠠᠵᠠᠷ ᠣᠷᠣᠨ ᠳ᠋ᠤ ᠮᠠᠯᠵᠢᠬᠤ ᠲᠠᠷᠢᠶᠠᠯᠠᠬᠤ ᠣᠷᠣᠨ ᠤ᠋ ᠦᠮᠴᠢᠯᠡᠯ ᠤ᠋ᠨ ᠡᠷᠬᠡ ᠵᠢ ᠭᠦᠢᠯᠭᠡᠭᠡᠯᠡᠨ ᠠᠷᠠᠯᠵᠢᠶᠠᠯᠠᠬᠤ ᠵᠢ ᠳᠦᠷᠢᠮᠵᠢᠭᠦᠯᠦᠨ ᠪᠠᠢᠭᠤᠯᠬᠤ ᠥᠪᠡᠷᠲᠡᠭᠡᠨ ᠵᠠᠰᠠᠬᠤ ᠣᠷᠣᠨ ᠤ᠋ ᠲᠤᠷᠱᠢᠯᠲᠠ ᠶ᠋ᠢᠨ ᠴᠡᠭ ᠤ᠋ᠨ ᠠᠵᠢᠯ ᠢ᠋ ᠡᠬᠢᠯᠡᠭᠦᠯᠵᠦ᠍᠂ ᠪᠥᠬᠥ᠌ ᠣᠷᠣᠨ ᠤ᠋ ᠦᠮᠴᠢᠯᠡᠯ ᠡᠷᠬᠡ ᠶ᠋ᠢᠨ ᠠᠷᠠᠯᠵᠢᠶᠠᠨ ᠤ᠋ ᠵᠠᠬ᠎ᠠ ᠳᠡᠯᠭᠡᠭᠦᠷᠤ᠋ᠨ ᠪᠠᠷᠢᠮᠵᠢᠶᠠᠵᠢᠭᠰᠠᠨ᠂ ᠳᠦᠷᠢᠮᠵᠢᠭᠰᠡᠨ ᠬᠦᠭᠵᠢᠯᠲᠡ ᠶ᠋ᠢᠨ ᠱᠠᠲᠤᠨ ᠳ᠋ᠦ ᠤᠷᠤᠬᠤ ᠵᠢ ᠪᠦᠲᠦᠮᠵᠢᠲᠡᠢ ᠠᠬᠢᠭᠤᠯᠪᠠ᠃