ᠥᠪᠥᠷ ᠮᠣᠩᠭᠣᠯ᠎ᠤᠨ 84 ᠪᠦᠲᠦᠭᠡᠯ ᠳᠤᠮᠳᠠᠳᠤ᠎ᠶᠢᠨ ᠰᠣᠩᠭᠣᠳᠠᠭ ᠵᠣᠬᠢᠶᠠᠯ᠎ᠤᠨ ᠤᠷᠠᠨ ᠤᠩᠰᠢᠯᠭ᠎ᠠ ᠪᠢᠴᠢᠬᠦ ᠲᠠᠢᠯᠪᠤᠷᠢᠯᠠᠬᠤ ᠤᠷᠤᠯᠳᠤᠭᠠᠨ᠎ᠳᠤ ᠱᠠᠩᠨᠠᠯ ᠭᠥᠷᠳᠡᠪᠡ
2026-01-12 11:59:21
ᠵᠣᠬᠢᠶᠠᠭ᠍ᠴᠢ᠄
ᠨᠠᠪᠴᠢ
ᠣᠩᠱᠢᠭ᠍ᠰᠠᠨ ᠣᠳᠠᠭ᠎ᠠ᠄
★★★☆☆

ᠰᠤᠷᠪᠤᠯᠵᠢᠯᠠᠭ᠍ᠴᠢ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ᠎ᠡᠴᠡ ᠣᠢᠯᠠᠭᠠᠭᠰᠠᠨ᠎ᠢᠶᠠᠷ᠂ ᠣᠢᠷ᠎ᠠ᠎ᠳᠤ ᠰᠤᠷᠭᠠᠨ ᠬᠥᠮᠦᠵᠢᠯ᠎ᠦᠨ ᠶᠠᠮᠤᠨ᠂ ᠤᠯᠤᠰ᠎ᠤᠨ ᠦᠭᠡ ᠬᠡᠯᠡ ᠦᠰᠦᠭ ᠪᠢᠴᠢᠭ᠎ᠦᠨ ᠠᠵᠢᠯ᠎ᠤᠨ ᠵᠥᠪᠯᠡᠯ᠎ᠡᠴᠡ ᠡᠷᠭᠢᠯᠡᠭᠰᠡᠨ ᠳᠣᠯᠣᠳᠤᠭᠠᠷ ᠬᠤᠭᠤᠴᠠᠭᠠᠨ᠎ᠤ ᠳᠤᠮᠳᠠᠳᠤ᠎ᠶᠢᠨ ᠰᠣᠩᠭᠣᠳᠠᠭ ᠵᠣᠬᠢᠶᠠᠯ᠎ᠤᠨ ᠤᠷᠠᠨ ᠤᠩᠰᠢᠯᠭ᠎ᠠ ᠪᠢᠴᠢᠬᠦ ᠲᠠᠢᠯᠪᠤᠷᠢᠯᠠᠬᠤ ᠤᠷᠤᠯᠳᠤᠭᠠᠨ᠎ᠳ᠋ᠤ ᠥᠪᠥᠷ ᠮᠣᠩᠭᠣᠯ᠎ᠤᠨ 84 ᠪᠦᠲᠦᠭᠡᠯ ᠤᠯᠤᠰ᠎ᠤᠨ ᠲᠠᠰ᠎ᠤᠨ ᠱᠠᠩᠨᠠᠯ᠎ᠢ ᠭᠥᠷᠳᠡᠪᠡ᠂ ᠡᠭᠦᠨ᠎ᠳᠦ ᠨᠢᠭᠡᠳᠦᠭᠡᠷ ᠳᠡᠰ᠎ᠤᠨ ᠱᠠᠩᠨᠠᠯ 7᠂ ᠬᠣᠶᠠᠳᠤᠭᠠᠷ ᠳᠡᠰ᠎ᠤᠨ ᠱᠠᠩᠨᠠᠯ 13᠂ ᠭᠤᠷᠪᠠᠳᠤᠭᠠᠷ ᠳᠡᠰ᠎ᠤᠨ ᠱᠠᠩᠨᠠᠯ 28᠂ ᠰᠢᠯᠢᠳᠡᠭ ᠱᠠᠩᠨᠠᠯ 36 ᠪᠣᠶ᠂ ᠱᠠᠩᠨᠠᠯ ᠭᠥᠷᠳᠡᠭᠰᠡᠨ ᠶᠡᠷᠦᠩᠬᠡᠢ ᠬᠡᠮᠵᠢᠶ᠎ᠡ ᠪᠠ ᠶᠠᠰᠤ ᠴᠢᠨᠠᠷ ᠥᠩᠭᠡᠷᠡᠭᠰᠡᠨ ᠬᠤᠭᠤᠴᠠᠭᠠᠨ᠎ᠤ ᠬᠢ᠎ᠡᠴᠡ ᠢᠯᠡᠳᠲᠡ ᠳᠡᠭᠡᠭᠰᠢᠯᠡᠵᠡᠢ᠃

2025 ᠤᠨ᠎ᠤ 3 ᠰᠠᠷ᠎ᠠ ᠠ᠋ᠴᠠ ᠡᠬᠢᠯᠡᠨ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ ᠪᠥᠬᠥ ᠣᠷᠣᠨ᠎ᠤ ᠳᠤᠮᠳᠠᠳᠤ᠎ᠶᠢᠨ ᠰᠣᠩᠭᠣᠳᠠᠭ ᠵᠣᠬᠢᠶᠠᠯ᠎ᠤᠨ ᠤᠷᠠᠨ ᠤᠩᠰᠢᠯᠭ᠎ᠠ᠎ᠶᠢᠨ ᠤᠷᠤᠯᠳᠤᠭᠠᠨ᠎ᠤ ᠠᠵᠢᠯᠯᠠᠭ᠎ᠠ᠎ᠶᠢ ᠨᠠᠷᠢᠨ ᠨᠢᠮᠪᠠᠢ ᠲᠥᠯᠥᠪᠯᠡᠵᠦ᠂ ᠡᠯ᠎ᠡ ᠠᠢᠮᠠᠭ ᠬᠣᠲᠠ᠂ ᠶᠡᠬᠡ ᠳᠡᠭᠡᠳᠦ ᠰᠤᠷᠭᠠᠭᠤᠯᠢ ᠵᠢᠴᠢ ᠨᠡᠢᠭᠡᠮ ᠨᠡᠶ᠋ᠢᠲᠡ᠎ᠶᠢ ᠢᠳᠡᠪᠬᠢᠲᠡᠢ ᠵᠣᠷᠢᠭ᠍ᠵᠢᠭᠤᠯᠤᠨ ᠥᠷᠭᠡᠨ᠎ᠢᠶᠡᠷ ᠳᠠᠶ᠋ᠢᠴᠢᠯᠠᠨ 3639 ᠪᠦᠲᠦᠭᠡᠯ᠎ᠢ ᠤᠷᠤᠯᠳᠤᠭᠠᠨ ᠳ᠋ᠤ ᠤᠷᠤᠯᠴᠠᠭᠤᠯᠵᠠᠢ᠃ ᠨᠠᠷᠢᠨ ᠬᠢᠨᠠᠮᠠᠭᠠᠢ ᠰᠢᠯᠭᠠᠷᠠᠭᠤᠯᠤᠯᠳᠠ ᠪᠡᠷ ᠲᠠᠮᠵᠢᠨ 147 ᠰᠢᠯᠢᠳᠡᠭ ᠪᠦᠲᠦᠭᠡᠯ᠎ᠢ ᠪᠥᠬᠥ ᠤᠯᠤᠰ᠎ᠤᠨ ᠨᠤᠭᠤᠯᠤᠭ᠎ᠠ ᠤᠷᠤᠯᠳᠤᠭᠠᠨ ᠪᠠ ᠰᠢᠢᠳᠪᠦᠷᠢᠲᠦ ᠤᠷᠤᠯᠳᠤᠭᠠᠨ᠎ᠳᠤ ᠣᠷᠣᠯᠴᠠᠭᠤᠯᠬᠤ᠎ᠪᠠᠷ ᠲᠠᠨᠢᠯᠴᠠᠭᠤᠯᠪᠠ᠃ ᠡᠭᠦᠨ᠎ᠡᠴᠡ ᠭᠠᠳᠠᠨ᠎ᠠ ᠵᠠᠷᠢᠮ ᠤᠷᠤᠯᠴᠠᠭᠴᠢ 《ᠰᠢᠯᠦᠭ ᠳᠠᠭᠤᠯᠠᠯ᠎ᠤᠨ ᠲᠠᠢᠯᠤᠮᠵᠢ》᠂ 《ᠦᠵᠦᠭ  ᠬᠤᠷᠴᠠᠯᠠᠭᠰᠠᠨ ᠳᠤᠮᠳᠠᠳᠤ ᠤᠯᠤᠰ》 ᠵᠡᠷᠭᠡ ᠬᠢᠲᠠᠳ ᠦᠰᠦᠭ᠎ᠦᠨ ᠤᠷᠠᠨ ᠪᠢᠴᠢᠯᠭᠡ᠂ 《ᠳᠤᠮᠳᠠᠳᠤ ᠤᠯᠤᠰ᠎ᠤᠨ ᠢᠮ ᠳᠠᠮᠠᠭ᠎ᠠ》 ᠵᠡᠷᠭᠡ ᠪᠠᠭ᠍ᠰᠢ ᠰᠤᠷᠤᠭ᠍ᠴᠢᠳ᠎ᠤᠨ ᠰᠡᠢᠯᠦᠮᠡᠯ᠎ᠤᠨ ᠤᠷᠤᠯᠳᠤᠭᠠᠨ᠎ᠳᠤ ᠨᠡᠷ᠎ᠡ ᠮᠡᠳᠡᠭᠦᠯᠦᠨ ᠤᠷᠤᠯᠴᠠᠵᠤ ᠪᠠᠶᠠᠷᠯᠠᠭᠤᠰᠢᠲᠠᠢ ᠬᠢᠷᠢ ᠪᠦᠲᠦᠮᠵᠢ ᠣᠯᠵᠠᠢ᠃

ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ᠎ᠦᠨ ᠵᠢᠭᠠᠬᠤ ᠮᠠᠲᠧᠷᠢᠶᠠᠯ ᠪᠣᠯᠣᠨ ᠦᠭᠡ ᠬᠡᠯᠡ ᠦᠰᠦᠭ ᠪᠢᠴᠢᠭ᠎ᠦᠨ ᠬᠡᠷᠡᠭᠯᠡᠭᠡᠨ᠎ᠦ ᠬᠠᠮᠢᠶᠠᠷᠤᠯᠲᠠ᠎ᠶᠢᠨ ᠭᠠᠵᠠᠷ᠎ᠤᠨ ᠬᠠᠮᠢᠶ᠎ᠠ ᠪᠦᠬᠦᠢ ᠬᠠᠷᠢᠭᠤᠴᠠᠯᠭᠠᠳᠠᠨ ᠡᠴᠡ᠂ ᠳᠤᠮᠳᠠᠳᠤ᠎ᠶᠢᠨ ᠰᠣᠩᠭᠣᠳᠠᠭ ᠵᠣᠬᠢᠶᠠᠯ᠎ᠤᠨ ᠤᠷᠠᠨ ᠤᠩᠰᠢᠯᠭ᠎ᠠ ᠵᠢᠨ ᠢᠨᠵᠧᠨᠧᠷᠢᠩ᠎ᠦᠨ ᠬᠡᠷᠡᠭᠵᠢᠭᠦᠯᠦᠯᠲᠡ᠎ᠶᠢ ᠦᠷᠭᠦᠯᠵᠢᠯᠡᠨ ᠭᠦᠨᠵᠡᠭᠡᠢ ᠠᠬᠢᠭᠤᠯᠵᠤ᠂ ᠤᠷᠤᠯᠳᠤᠭᠠᠨ᠎ᠢᠶᠠᠷ ᠠᠴᠢᠶᠠᠯᠠᠪᠤᠷᠢ ᠪᠤᠯᠭᠠᠨ᠂ ᠦᠭᠡ ᠬᠡᠯᠡ ᠰᠣᠶᠣᠯ᠎ᠤᠨ ᠦᠢᠯᠡᠳᠦᠯᠭᠡ᠎ᠶᠢᠨ ᠬᠡᠯᠪᠡᠷᠢ᠎ᠶᠢ ᠲᠠᠰᠤᠷᠠᠯᠲᠠ ᠦᠭᠡᠢ ᠰᠢᠨᠡᠴᠢᠯᠡᠵᠦ᠂ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠦᠨ ᠲᠦᠭᠡᠮᠡᠯᠵᠢᠭᠦᠯᠦᠯᠲᠡ᠎ᠶᠢᠨ ᠶᠠᠰᠤ ᠴᠢᠨᠠᠷ᠎ᠢ ᠴᠢᠨᠠᠭᠰᠢᠳᠠ ᠳᠡᠭᠡᠭᠰᠢᠯᠡᠭᠦᠯᠵᠦ᠂ ᠥᠷᠭᠡᠨ ᠤᠯᠠᠨ ᠪᠠᠭ᠍ᠰᠢ ᠰᠤᠷᠤᠭ᠍ᠴᠢ ᠪᠣᠯᠣᠨ ᠤᠯᠠᠨ ᠲᠦᠮᠡᠨ᠎ᠢ ᠬᠥᠲᠥᠯᠥᠨ ᠵᠢᠯᠤᠭᠣᠳᠴᠤ ᠰᠣᠩᠭᠣᠳᠠᠭ ᠵᠣᠬᠢᠶᠠᠯ᠎ᠢ ᠠᠮᠳᠠᠷᠬᠠᠬᠤ ᠳᠤᠮᠳᠠ ᠰᠣᠶᠣᠯ᠎ᠤᠨ ᠢᠲᠡᠭᠡᠯ᠎ᠢ ᠨᠢ ᠨᠡᠮᠡᠭᠳᠡᠭᠦᠯᠵᠦ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠤᠭᠴᠠᠯᠠᠬᠤ ᠵᠢ ᠠᠬᠢᠭᠤᠯᠤᠨ᠎ᠠ ᠬᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号