ᠪᠡᠶ᠎ᠠ ᠵᠡᠮᠳᠡᠭ ᠴᠦ᠍ ᠵᠤᠷᠢᠭ ᠪᠤᠰᠤᠭ᠎ᠠ ᠯᠢᠤ ᠺᠠᠢ ᠵᠡᠮᠳᠡᠭ᠌ᠴᠦᠳ᠎ᠲᠦ ᠠᠵᠢᠯ ᠣᠯᠭᠣᠯᠲᠠ ᠪᠠ ᠬᠦᠰᠡᠯ ᠡᠷᠡᠮᠡᠯᠵᠡᠯ᠎ᠦᠨ ᠤᠷᠤᠨ ᠵᠠᠢ ᠬᠠᠩᠭᠠᠪᠠ
2026-01-12 09:30:12
ᠵᠣᠬᠢᠶᠠᠭ᠍ᠴᠢ᠄
ᠬᠤᠸᠠᠩ ᠹᠦ᠋ ᠮᠧᠶ ᠱᠢᠶᠠᠨ ᠬᠠᠢ ᠵᠢᠶᠦ᠋ᠨ
ᠣᠩᠱᠢᠭ᠍ᠰᠠᠨ ᠣᠳᠠᠭ᠎ᠠ᠄
★★★☆☆

— 《ᠥᠪᠥᠷ ᠮᠣᠩᠭᠣᠯ᠎ᠤᠨ ᠰᠠᠢᠨ ᠬᠥᠮᠦᠨ》 ᠥᠪᠥᠷ ᠮᠣᠩᠭᠣᠯ᠎ᠤᠨ ᠹᠸᠢ ᠮᠸᠩ ᠵᠡᠮᠳᠡᠭ᠌ᠴᠦᠳ᠎ᠦᠨ ᠰᠦᠯᠵᠢᠶᠡᠨ᠎ᠦ ᠠᠷᠠᠯᠵᠢᠶ᠎ᠠ ᠬᠤᠳᠠᠯᠳᠤᠭᠠᠨ᠎ᠤ ᠬᠢᠵᠠᠭᠠᠷᠲᠤ ᠺᠣᠮᠫᠠᠨᠢ᠎ᠶ᠋ᠢᠨ ᠬᠠᠷᠢᠭᠤᠴᠠᠯᠭᠠᠲᠠᠨ ᠯᠢᠦ ᠺᠠᠶ ᠶ᠋ᠢ ᠲᠡᠮᠳᠡᠭ᠌ᠯᠡᠪᠡ


《〈ᠥᠪᠥᠷ ᠮᠣᠩᠭᠣᠯ᠎ᠤᠨ ᠰᠠᠢ᠌ᠨ ᠬᠥᠮᠦᠨ〉 ᠭᠡᠬᠦ᠌ ᠢᠷᠠᠭᠤ ᠠᠯᠳᠠᠷ᠎ᠢ ᠣᠯᠤᠭ᠍ᠰᠠᠨ᠎ᠳᠠᠭᠠᠨ ᠪᠢ ᠬᠢᠵᠠᠭᠠᠯᠠᠰᠢ ᠦᠭᠡᠢ ᠳᠣᠭ᠍ᠳᠣᠯᠵᠤ ᠪᠠᠢᠨ᠎ᠠ᠂ ᠬᠠᠷᠢᠭᠤᠴᠠᠯᠭ᠎ᠠ ᠬᠦᠨᠳᠦ ᠶᠡᠬᠡ ᠭᠡᠳᠡᠭ᠎ᠢ ᠴᠦ᠍ ᠭᠦᠨ ᠣᠢᠯᠠᠭᠠᠵᠤ ᠪᠠᠢᠨ᠎ᠠ᠃ ᠡᠨᠡ ᠬᠦ᠌ ᠢᠷᠠᠭᠤ ᠠᠯᠳᠠᠷ ᠨᠢ ᠮᠢᠨᠦ᠍ ᠬᠤᠪᠢ ᠬᠥᠮᠦᠨ᠎ᠳᠦ ᠬᠠᠷᠢᠶᠠᠯᠠᠭ᠍ᠳᠠᠬᠤ᠎ᠪᠠᠷ ᠪᠠᠷᠠᠬᠤ ᠦᠭᠡᠢ ᠨᠡᠩ ᠴᠤ᠌ ᠦᠵᠡᠰᠭᠦᠯᠡᠩᠲᠦ ᠰᠠᠢᠬᠠᠨ ᠥᠪᠥᠷ ᠮᠣᠩᠭᠣᠯ᠎ᠢ ᠪᠦᠳᠦᠭᠡᠨ ᠪᠠᠢᠭᠤᠯᠬᠤ᠎ᠶ᠋ᠢᠨ ᠲᠥᠯᠥᠭᠡ ᠦᠭᠡ ᠳᠠᠭᠤᠨ ᠦᠭᠡᠢ᠎ᠪᠡᠷ ᠵᠢᠳᠬᠦᠵᠦ᠍᠂ ᠬᠠᠢᠷ᠎ᠠ ᠬᠠᠯᠠᠮᠵᠢ᠎ᠶ᠋ᠢ ᠳᠠᠮᠵᠢᠭᠤᠯᠤᠭ᠍ᠰᠠᠨ ᠡᠭᠡᠯ ᠵᠢᠷ᠎ᠦᠨ ᠬᠥᠮᠦᠰ᠎ᠲᠦ ᠬᠠᠷᠢᠶᠠᠯᠠᠭ᠍ᠳᠠᠨ᠎ᠠ᠃ ᠲᠡᠷᠡ ᠨᠢ ᠰᠠᠢ᠌ᠨ ᠦᠢᠯᠡ ᠶᠠᠪᠤᠳᠠᠯ ᠱᠢᠳᠤᠷᠭᠤ ᠦᠢᠯᠡ ᠠᠵᠢᠯᠯᠠᠭ᠎ᠠ ᠨᠢ ᠶᠡᠬᠡ ᠪᠠᠭ᠎ᠠ᠎ᠶ᠋ᠢᠨ ᠢᠯᠭᠠᠭ᠎ᠠ ᠦᠭᠡᠢ᠂ ᠴᠢᠩ ᠰᠡᠳᠭᠢᠯ᠎ᠢᠶᠡᠷ ᠠᠵᠢᠯ ᠶᠠᠪᠤᠳᠠᠯ ᠬᠢᠵᠦ᠍᠂ ᠪᠤᠰᠤᠳ᠎ᠲᠤ ᠦᠨᠡᠨᠴᠢ᠎ᠪᠡᠷ ᠬᠠᠨᠳᠤᠪᠠᠯ᠂ ᠮᠠᠨ᠎ᠤ ᠬᠥᠮᠦᠨ ᠪᠣᠯᠭᠠᠨ ᠴᠥᠮ 〈ᠰᠠᠢ᠌ᠨ ᠬᠥᠮᠦᠨ〉 ᠤ᠋ ᠵᠣᠷᠢᠭ ᠰᠠᠨᠠᠭ᠎ᠠ᠎ᠶ᠋ᠢ ᠦᠢᠯᠡᠳᠦᠯᠭᠡᠵᠢᠭᠦᠯᠵᠦ᠍ ᠴᠢᠳᠠᠨ᠎ᠠ ᠭᠡᠳᠡᠭ᠎ᠢ ᠴᠠᠭ ᠢᠮᠠᠭ᠍ᠲᠠ ᠨᠠᠳᠠ᠎ᠳᠤ ᠰᠠᠨᠠᠭᠤᠯᠵᠤ ᠪᠠᠢᠳᠠᠭ》 ᠭᠡᠵᠦ ᠥᠪᠥᠷ ᠮᠣᠩᠭᠣᠯ᠎ᠤᠨ ᠹᠸᠢ ᠮᠸᠩ ᠵᠡᠮᠳᠡᠭ᠌ᠴᠦᠳ᠎ᠦᠨ ᠰᠦᠯᠵᠢᠶᠡᠨ᠎ᠦ ᠠᠷᠠᠯᠵᠢᠶ᠎ᠠ ᠬᠤᠳᠠᠯᠳᠤᠭᠠᠨ᠎ᠤ ᠬᠢᠵᠠᠭᠠᠷᠲᠤ ᠺᠣᠮᠫᠠᠨᠢ᠎ᠶ᠋ᠢᠨ ᠬᠠᠷᠢᠭᠤᠴᠠᠯᠭᠠᠲᠠᠨ ᠯᠢᠦ ᠺᠠᠶ ᠥᠪᠡᠷ᠎ᠦᠨ ᠰᠡᠳᠭᠢᠯ᠎ᠦᠨ ᠭᠦᠨ᠎ᠳᠡᠬᠢ 《ᠰᠠᠢᠨ ᠬᠥᠮᠦᠨ》 ᠤ᠋ ᠲᠤᠬᠠᠶ ᠣᠢᠯᠠᠭᠠᠯᠲᠠ᠎ᠪᠠᠨ ᠢᠯᠡᠳᠭᠡᠪᠡ᠃

ᠡᠨᠡ ᠵᠢᠯ 33 ᠨᠠᠰᠤᠲᠠᠢ ᠯᠢᠦ ᠺᠠᠢ ᠪᠣᠯ ᠤᠯᠠᠭᠠᠨᠴᠠᠪ ᠬᠤᠳᠠ᠎ᠶ᠋ᠢᠨ ᠵᠦᠸᠧᠽᠢ ᠱᠢᠶᠠᠨ᠎ᠤ ᠰᠢᠪᠠᠷᠳᠠᠢ ᠪᠠᠯᠭᠠᠰᠤᠨ᠎ᠤ ᠬᠥᠮᠦᠨ ᠪᠣᠯᠤᠨ᠎ᠠ᠃ ᠬᠡᠦᠬᠡᠳ᠎ᠦᠨ ᠰᠠ ᠡᠪᠡᠳᠴᠢᠨ᠎ᠳᠦ ᠨᠡᠷᠪᠡᠭ᠌ᠳᠡᠭ᠌ᠰᠡᠨ᠎ᠡᠴᠡ ᠪᠤᠯᠵᠤ᠂ ᠲᠡᠷᠡ ᠲᠠᠶᠠᠭ ᠲᠤᠯᠪᠠᠯ ᠰᠠᠶᠢ ᠶᠠᠪᠤᠵᠦ ᠲᠡᠢᠯᠦᠨ᠎ᠡ᠃ ᠪᠡᠶ᠎ᠡ ᠵᠡᠮᠳᠡᠭ ᠪᠠᠢᠭ᠍ᠰᠠᠨ ᠴᠤ᠌᠂ ᠲᠡᠷᠡ ᠡᠷᠡᠰ ᠬᠠᠲᠠᠭᠤ ᠵᠣᠷᠢᠭ ᠰᠠᠨᠠᠭ᠎ᠠ ᠪᠣᠯᠤᠨ ᠬᠠᠯᠠᠭᠤᠨ ᠰᠡᠳᠬᠢᠯᠭᠡ ᠪᠡᠷ ᠳᠡᠷᠭᠡᠳᠡᠬᠢ ᠵᠡᠮᠳᠡᠭ᠌ᠴᠦᠳ ᠲᠤ᠌ ᠲᠡᠮᠵᠢᠯᠭᠡ ᠦᠵᠡᠭᠦᠯᠦᠭᠰᠡᠭᠡᠷ ᠢᠷᠡᠪᠡ᠃ ᠣᠯᠠᠨ ᠵᠢᠯ᠎ᠦᠨ ᠲᠤᠷᠰᠢ᠂ ᠯᠢᠦ ᠺᠠᠶ ᠢᠨᠲ᠋ᠧᠷ ᠰᠦᠯᠵᠢᠶᠡᠨ᠎ᠦ ᠠᠷᠠᠯᠵᠢᠶ᠎ᠠ ᠬᠤᠳᠠᠯᠳᠤᠭᠠᠨ᠎ᠤ ᠺᠣᠮᠫᠠᠨᠢ᠎ᠶ᠋ᠢ ᠡᠭᠦᠳᠦᠨ ᠪᠠᠢᠭᠤᠯᠬᠤ᠂ ᠴᠠᠭᠠᠰᠤᠨ ᠬᠠᠢᠷᠴᠠᠭ᠎ᠤᠨ ᠦᠶ᠋ᠯᠡᠳᠪᠦᠷᠢ ᠪᠠ ᠬᠤᠸᠠᠷ ᠬᠠᠳᠭᠤᠬᠤ ᠦᠶ᠋ᠯᠡᠳᠭᠡᠯ᠎ᠦᠨ ᠭᠠᠵᠠᠷ᠎ᠪᠠᠢᠭᠤᠯᠵᠦ᠂ ᠰᠠᠢᠨ ᠳᠤᠷ᠎ᠠ᠎ᠶ᠋ᠢᠨ ᠦᠶ᠋ᠯᠡᠴᠢᠯᠡᠭᠡ ᠥᠷᠨᠢᠭᠦᠯᠬᠦ᠌ ᠵᠡᠷᠭᠡ ᠠᠷᠭ᠎ᠠ ᠬᠡᠯᠪᠡᠷᠢ᠎ᠪᠡᠷ ᠳᠠᠮᠵᠢᠭᠤᠯᠤᠨ᠂ ᠨᠠᠩ ᠣᠯᠠᠨ ᠵᠡᠮᠳᠡᠭ᠌ᠴᠦᠳ᠎ᠲᠦ ᠬᠠᠮᠳᠤᠷᠠᠯᠴᠠᠨ ᠨᠢᠭᠳᠠᠷᠠᠯᠴᠠᠬᠤ ᠬᠦᠴᠦᠨ ᠴᠢᠳᠠᠯ᠎ᠢ ᠮᠡᠳᠡᠷᠡᠭᠦᠯᠵᠦ᠍᠂ ᠨᠠᠩ ᠣᠯᠠᠨ ᠵᠡᠮᠳᠡᠭ᠌ᠴᠦᠳ ᠲᠦ᠍ ᠲᠣᠰ ᠪᠡᠶ᠎ᠡ᠎ᠶ᠋ᠢᠨ ᠨᠡᠢᠭᠡᠮ᠎ᠦᠨ ᠦᠨ᠎ᠡ ᠥᠷᠲᠡᠭ᠎ᠢᠶᠡᠨ ᠢᠯᠡᠷᠡᠭᠦᠯᠬᠦ ᠲᠤᠬᠢᠶᠠᠯ ᠤᠯᠭᠤᠪᠠ᠃

ᠯᠢᠦ ᠺᠠᠶ 2015 ᠣᠨ᠎ᠳᠤ ᠬᠥᠬᠡᠬᠣᠲᠠ᠎ᠶ᠋ᠢᠨ ᠠᠵᠢᠯ ᠮᠡᠷᠭᠡᠵᠢᠯ᠎ᠦᠨ ᠺᠣᠮᠫᠢᠦ᠋ᠲ᠋ᠧᠷ᠎ᠦᠨ ᠪᠣᠯᠪᠠᠰᠤᠷᠠᠯ᠎ᠤᠨ ᠰᠤᠷᠭᠠᠭᠤᠯᠢ᠎ᠶ᠋ᠢᠨ ᠵᠠᠷ ᠮᠡᠳᠡᠭᠡᠨ᠎ᠤ ᠵᠢᠷᠤᠭ ᠲᠦᠯᠦᠪᠯᠡᠭᠡ ᠬᠢᠭᠡᠳ ᠬᠡᠷ ᠳᠣᠲᠣᠷᠠᠬᠢ ᠵᠢᠷᠤᠭ ᠲᠥᠯᠥᠪᠯᠡᠭᠡᠨ᠎ᠦ ᠲᠤᠰᠭᠠᠶ ᠮᠡᠷᠭᠡᠵᠢᠯ᠎ᠡᠴᠡ ᠲᠡᠭᠦᠰᠴᠡᠶ᠃ ᠲᠡᠭᠦᠰᠴᠤ ᠠᠵᠢᠯ ᠡᠷᠢᠬᠦ᠌ ᠦᠶᠡᠰ᠂ ᠮᠥᠴᠢ ᠨᠢ ᠵᠡᠮᠳᠡᠭ᠎ᠡᠴᠡ ᠪᠣᠯᠵᠤ ᠮᠠᠰᠢ ᠣᠯᠠᠨ ᠠᠵᠤ ᠠᠬᠤᠢᠯᠠᠯ ᠲᠡᠭᠦᠨ᠎ᠢ ᠤᠷᠢᠵᠤ ᠬᠡᠷᠡᠭ᠌ᠯᠡᠬᠦ᠌ ᠳᠤᠷ᠎ᠠ ᠦᠭᠡᠢ ᠪᠠᠢᠪᠠ᠃ ᠯᠢᠦ ᠺᠠᠶ ᠭᠠᠵᠠᠷ ᠪᠣᠯᠭᠠᠨ᠎ᠳᠤ ᠠᠵᠢᠯ ᠡᠷᠢᠵᠦ᠍ ᠬᠠᠳᠠᠭᠠᠰᠤ ᠮᠥᠷᠭᠥᠭ᠌ᠰᠡᠨ᠎ᠦ ᠳᠠᠷᠠᠭ᠎ᠠ᠂ ᠡᠯᠧᠺᠲ᠋ᠷᠣᠨ ᠬᠤᠳᠠᠯᠳᠤᠭᠠᠨ᠎ᠤ ᠲᠠᠪᠴᠠᠩ᠎ᠢ ᠠᠱᠢᠭ᠍ᠯᠠᠨ ᠲᠤᠬᠠᠶ᠎ᠶ᠋ᠢᠨ ᠭᠠᠵᠠᠷ᠎ᠤᠨ ᠨᠤᠲᠤᠭ᠎ᠤᠨ ᠣᠨᠴᠠ ᠭᠠᠷᠤᠯᠲᠠ᠎ᠪᠠᠨ ᠪᠣᠷᠣᠯᠠᠭᠤᠯᠬᠤ ᠪᠣᠳᠣᠯ ᠣᠷᠣᠪᠠ᠃ 2017 ᠣᠨ᠎ᠤ 10 ᠰᠠᠷ᠎ᠠ᠎ᠳᠤ᠂ ᠯᠢᠦ ᠺᠠᠶ ᠥᠪᠥᠷ ᠮᠣᠩᠭᠣᠯ᠎ᠤᠨ ᠹᠸᠢ ᠮᠸᠩ ᠵᠡᠮᠳᠡᠭ᠌ᠴᠦᠳ᠎ᠦᠨ ᠰᠦᠯᠵᠢᠶᠡᠨ᠎ᠦ ᠠᠷᠠᠯᠵᠢᠶ᠎ᠠ ᠬᠤᠳᠠᠯᠳᠤᠭᠠᠨ᠎ᠤ ᠬᠢᠵᠠᠭᠠᠷᠲᠤ ᠺᠣᠮᠫᠠᠨᠢ᠎ᠶ᠋ᠢ ᠳᠠᠩᠰᠠᠯᠠᠭᠤᠯᠤᠨ ᠪᠠᠢᠭᠤᠯᠪᠠ᠃

《ᠺᠣᠮᠫᠠᠨᠢ᠎ᠶ᠋ᠢᠨ ᠨᠡᠷ᠎ᠡ ᠪᠠᠨ ᠶᠠᠭᠤᠨ᠎ᠳᠤ 〈ᠹᠸᠢ ᠮᠸᠩ〉᠂ 〈ᠵᠡᠮᠳᠡᠭᠴᠤᠳ〉 ᠭᠡᠬᠦ᠌ ᠬᠡᠳᠦᠨ ᠦᠭᠡ᠎ᠵᠢ ᠬᠡᠷᠡᠭᠯᠡᠭᠰᠡᠨ ᠪᠤᠢ ᠭᠡᠵᠦ ᠠᠰᠠᠭᠤᠬᠤ ᠳ᠋ᠤ᠂ ᠪᠢ ᠡᠨᠡ ᠺᠣᠮᠫᠠᠨᠢ ᠪᠣᠯ ᠵᠡᠮᠳᠡᠭ ᠬᠥᠮᠦᠨ᠎ᠦ ᠪᠠᠢᠭᠤᠯᠤᠭ᠍ᠰᠠᠨ ᠺᠣᠮᠫᠠᠨᠢ᠂ ᠪᠠᠰᠠ ᠵᠡᠮᠳᠡᠭ ᠬᠥᠮᠦᠨ᠎ᠢ ᠡᠯᠰᠡᠬᠦ᠌ ᠺᠣᠮᠫᠠᠨᠢ ᠮᠥᠷᠲᠡᠭᠡᠨ ᠪᠢᠳᠡ ᠬᠡᠪ᠎ᠦᠨ ᠠᠵᠤ ᠠᠬᠤᠢᠯᠠᠯ᠎ᠲᠠᠶ ᠥᠷᠢᠰᠦᠯᠳᠦᠵᠦ᠍ ᠪᠣᠯᠤᠨ᠎ᠠ᠃ ᠡᠭᠦᠨ᠎ᠦ ᠬᠠᠮᠲᠤ ᠪᠠᠰᠠ ᠵᠡᠮᠳᠡᠭ᠌ᠴᠦᠳ᠎ᠢ ᠭᠠᠳᠠᠭᠤᠷᠴᠢᠯᠠᠵᠤ ᠪᠣᠯᠬᠤ ᠦᠭᠡᠢ᠂ ᠪᠦᠷᠢᠨ ᠪᠦᠲᠦᠨ ᠬᠥᠮᠦᠨ᠎ᠦ ᠬᠢᠵᠦ᠍ ᠳᠡᠢᠯᠬᠦ᠌ ᠶᠠᠪᠤᠳᠠᠯ᠎ᠢ ᠮᠠᠨ᠎ᠤ ᠵᠡᠮᠳᠡᠭᠴᠤᠳ ᠪᠠᠰᠠ ᠬᠢᠵᠦ᠍ ᠪᠣᠯᠤᠨ᠎ᠠ》 ᠭᠡᠵᠦ᠍ ᠯᠢᠦ ᠺᠠᠶ ᠬᠡᠯᠡᠪᠡ᠃

ᠥᠪᠥᠷ ᠮᠣᠩᠭᠣᠯ᠎ᠤᠨ ᠹᠸᠢ ᠮᠸᠩ ᠵᠡᠮᠳᠡᠭ᠌ᠴᠦᠳ᠎ᠦᠨ ᠰᠦᠯᠵᠢᠶᠡᠨ᠎ᠦ ᠠᠷᠠᠯᠵᠢᠶ᠎ᠠ ᠬᠤᠳᠠᠯᠳᠤᠭᠠᠨ᠎ᠤ ᠬᠢᠵᠠᠭᠠᠷᠲᠤ ᠺᠣᠮᠫᠠᠨᠢ ᠪᠠᠢᠭᠤᠯᠤᠭ᠍ᠳᠠᠭ᠍ᠰᠠᠨ ᠡᠬᠢᠨ᠎ᠦ ᠦᠶ᠎ᠡ᠎ᠳᠦ ᠵᠥᠪᠬᠡᠨ 10 ᠠᠵᠢᠯᠲᠠᠨ᠎ᠲᠠᠶ ᠪᠠᠢᠵᠠᠶ᠂ ᠲᠠᠳᠠ ᠴᠥᠮ ᠵᠡᠮᠳᠡᠭ᠌ᠴᠦᠳ᠎ᠦᠨ ᠬᠡᠷ ᠪᠦᠯᠢ᠎ᠡᠴᠡ ᠢᠷᠡᠭ᠌ᠰᠡᠨ ᠶᠤᠮ᠃

ᠯᠢᠦ ᠺᠠᠶ᠄ 《ᠺᠣᠮᠫᠠᠨᠢ ᠠᠩᠬ᠎ᠠ ᠡᠬᠢᠯᠡᠬᠦ᠌᠎ᠳᠡᠭᠡᠨ ᠲᠣᠳᠣᠷᠬᠠᠶ ᠲᠤᠬᠠᠢᠯᠠᠭ᠍ᠰᠠᠨ ᠠᠵᠢᠯ ᠪᠠᠢᠬᠤ ᠥᠬᠡᠶ᠂ ᠪᠢᠳᠡ ᠬᠤᠤᠰ ᠤᠶᠠᠩᠭ᠎ᠠ᠂ ᠬᠤᠸᠠᠷ ᠫᠤᠤᠵᠢᠩ᠂ ᠮᠠᠱᠢᠨ ᠲᠡᠷᠭᠡᠨ᠎ᠦ ᠱᠢᠯ ᠤᠬᠢᠶᠠᠬᠤ ᠤᠰᠤ ᠵᠡᠷᠭᠡ᠎ᠶ᠋ᠢ ᠬᠤᠳᠠᠯᠳᠤᠵᠤ ᠦᠩᠭᠡᠷᠡᠪᠡ᠂ ᠭᠡᠪᠡᠴᠤ ᠡᠲᠡᠭᠡᠷ ᠲᠤᠬᠠᠢᠯᠠᠭ᠍ᠰᠠᠨ ᠠᠵᠢᠯ᠎ᠨᠢ ᠺᠣᠮᠫᠠᠨᠢ᠎ᠶ᠋ᠢᠨ ᠬᠥᠭ᠌ᠵᠢᠯᠲᠡ᠎ᠳᠦ ᠬᠦᠴᠦᠲᠡᠶ ᠲᠤᠯᠭᠠᠭᠤᠷᠢᠯᠠᠯ ᠪᠣᠯᠵᠣ ᠴᠢᠳᠠᠭ᠍ᠰᠠᠨ ᠥᠬᠡᠶ᠃ ᠰᠡᠭᠦᠯᠡᠷ᠎ᠨᠢ᠂ ᠺᠣᠮᠫᠠᠨᠢ ᠱᠢᠶᠠᠨ᠎ᠤ ᠡᠯᠧᠺᠲ᠋ᠷᠣᠨ ᠬᠤᠳᠠᠯᠳᠤᠭᠠᠨ᠎ᠤ ᠶᠠᠪᠤᠳᠠᠯ᠎ᠤᠨ ᠨᠡᠪᠴᠢᠭᠦᠯᠬᠦ᠌ ᠬᠦᠷᠢᠶᠡᠯᠡᠩ ᠲᠣᠭᠣᠷᠢᠭ᠎ᠲᠤ ᠣᠷᠣᠵᠤ ᠰᠠᠭᠤᠭᠠᠳ᠂ ᠲᠡᠨᠳᠡ 3 ᠵᠢᠯ ᠴᠢᠷᠮᠠᠢᠵᠤ᠂ ᠬᠦᠷᠢᠶᠡᠯᠡᠩ ᠲᠣᠭᠣᠷᠢᠭ᠎ᠤᠨ ᠠᠵᠢᠯᠲᠠᠳ ᠪᠢᠳᠡᠨ᠎ᠳᠦ ᠡᠯᠧᠺᠲ᠋ᠷᠣᠨ ᠬᠤᠳᠠᠯᠳᠤᠭᠠᠨ᠎ᠤ ᠶᠠᠪᠤᠳᠠᠯ᠂ ᠡᠵᠡᠩᠨᠡᠯᠲᠡ ᠵᠡᠷᠭᠡ ᠲᠠᠯ᠎ᠠ᠎ᠶ᠋ᠢᠨ ᠮᠡᠷᠭᠡᠵᠢᠯ ᠪᠠ ᠮᠡᠳᠡᠯᠭᠡ᠎ᠶ᠋ᠢ ᠵᠢᠭᠠᠵᠤ ᠥᠭ᠌ᠪᠡ᠃ ᠲᠡᠷᠡ ᠦᠶ᠎ᠡ᠎ᠡᠴᠡ ᠡᠬᠢᠯᠡᠨ᠂ ᠪᠢᠳᠡ ᠲᠤᠤ ᠪᠦᠦ᠂ ᠠᠯᠢᠪᠠᠪᠠ ᠵᠡᠷᠭᠡ ᠡᠯᠧᠺᠲ᠋ᠷᠣᠨ ᠬᠤᠳᠠᠯᠳᠤᠭᠠᠨ᠎ᠤ ᠲᠠᠪᠴᠠᠩ᠎ᠳᠤ ᠵᠦᠸᠧᠽᠢ ᠱᠢᠶᠠᠨ᠎ᠤ ᠤᠲᠤᠮᠠᠯ ᠲᠠᠬᠢᠶ᠎ᠠ᠂ ᠲᠠᠪᠤᠨ ᠲᠠᠷᠢᠶ᠎ᠠ ᠡᠯᠳᠡᠪ ᠠᠮᠤ᠂ ᠶᠠᠮᠠ᠎ᠶ᠋ᠢᠨ ᠦᠷ᠎ᠡ᠎ᠶ᠋ᠢᠨ ᠲᠣᠰᠣ ᠵᠡᠷᠭᠡ ᠪᠦᠲᠦᠭᠡᠭ᠌ᠳᠡᠬᠦᠨ᠎ᠢ ᠪᠣᠷᠣᠯᠠᠭᠤᠯᠪᠠ》 ᠭᠡᠵᠦ ᠬᠡᠯᠡᠪᠡ᠃

ᠲᠤᠬᠠᠢᠯᠠᠭᠰᠠᠨ ᠠᠵᠢᠯ᠎ᠤᠨ ᠬᠥᠭ᠌ᠵᠢᠯᠲᠡ᠎ᠶ᠋ᠢ ᠳᠠᠭᠠᠯᠳᠤᠨ᠂ ᠯᠢᠦ ᠺᠠᠢ ᠴᠠᠭᠠᠰᠤᠨ ᠬᠠᠢᠷᠴᠠᠭ᠎ᠤᠨ ᠵᠠᠬ᠎ᠠ ᠳᠡᠯᠭᠡᠭᠦᠷ᠎ᠦᠨ ᠬᠡᠷᠡᠭ᠌ᠴᠡᠭᠡ ᠮᠠᠰᠢ ᠶᠡᠬᠡ ᠮᠥᠷᠲᠡᠭᠡᠨ ᠴᠠᠭᠠᠰᠤᠨ ᠬᠠᠢᠷᠴᠠᠭ ᠨᠢ ᠬᠥᠩᠭᠡᠨ᠂ ᠵᠡᠮᠳᠡᠭ ᠬᠥᠮᠦᠨ ᠦᠶ᠋ᠯᠡᠳᠪᠦᠷᠢᠯᠡᠯ᠎ᠳᠦ ᠣᠷᠣᠯᠴᠠᠬᠤ᠎ᠳᠤ ᠲᠣᠬᠢᠷᠠᠬᠤ ᠵᠢ ᠤᠯᠵᠤ ᠮᠡᠳᠡᠪᠡ᠃ ᠡᠢᠮᠦ᠍᠎ᠡᠴᠡ 2020 ᠣᠨ᠎ᠳᠤ᠂ ᠯᠢᠦ ᠺᠠᠶ ᠪᠠᠰᠠ ᠨᠢᠭᠡᠨ ᠴᠠᠭᠠᠰᠤᠨ ᠬᠠᠢᠷᠴᠠᠭ ᠦᠶ᠋ᠯᠡᠳᠬᠦ᠌ ᠦᠶ᠋ᠯᠡᠳᠪᠦᠷᠢ ᠪᠠᠢᠭᠤᠯᠵᠤ᠂ ᠤᠲᠤᠮᠠᠯ ᠲᠠᠬᠢᠶ᠎ᠠ᠂ ᠲᠠᠪᠤᠨ ᠲᠠᠷᠢᠶ᠎ᠠ ᠡᠯᠳᠡᠪ ᠠᠮᠤ ᠵᠡᠷᠭᠡ ᠦᠶ᠋ᠯᠡᠳᠪᠦᠷᠢᠯᠡᠯ᠎ᠦᠨ ᠠᠵᠤ ᠠᠬᠤᠢᠯᠠᠯ᠎ᠳᠤ ᠴᠠᠭᠠᠰᠤᠨ ᠬᠠᠢᠷᠴᠠᠭ ᠬᠢᠵᠦ᠍ ᠥᠭ᠌ᠴᠡᠶ᠃ ᠣᠳᠣᠬᠠᠨ᠎ᠳᠤ᠂ ᠥᠪᠥᠷ ᠮᠣᠩᠭᠣᠯ᠎ᠤᠨ ᠹᠸᠢ ᠮᠸᠩ ᠵᠡᠮᠳᠡᠭ᠌ᠴᠦᠳ᠎ᠦᠨ ᠰᠦᠯᠵᠢᠶᠡᠨ᠎ᠦ ᠠᠷᠠᠯᠵᠢᠶ᠎ᠠ ᠬᠤᠳᠠᠯᠳᠤᠭᠠᠨ᠎ᠤ ᠬᠢᠵᠠᠭᠠᠷᠲᠤ ᠺᠣᠮᠫᠠᠨᠢ ᠴᠠᠭᠠᠰᠤᠨ ᠬᠠᠢᠷᠴᠠᠭ ᠦᠶ᠋ᠯᠡᠳᠬᠦ᠌᠎ᠡᠴᠡ ᠭᠠᠳᠠᠨ᠎ᠠ ᠪᠠᠰᠠ ᠬᠤᠸᠠᠷ ᠬᠠᠳᠭᠤᠬᠤ ᠵᠡᠷᠭᠡ ᠲᠤᠬᠠᠢᠯᠠᠭ᠍ᠰᠠᠨ ᠠᠵᠢᠯ ᠬᠢᠵᠦ᠍᠂ ᠨᠡᠢᠲᠡ 25 ᠵᠡᠮᠳᠡᠭ᠌ᠴᠦᠳ᠎ᠢ ᠡᠨᠳᠡ ᠣᠷᠣᠭᠤᠯᠤᠨ ᠲᠣᠭ᠍ᠲᠠᠭᠤᠨ᠎ᠢᠶᠠᠷ ᠠᠵᠢᠯ ᠣᠯᠭᠣᠵᠤ᠂ ᠬᠥᠮᠦᠨ ᠳᠤᠮᠳᠠᠴᠢ᠎ᠶ᠋ᠢᠨ ᠵᠢᠯ᠎ᠦᠨ ᠣᠷᠣᠯᠭ᠎ᠠ᠎ᠶ᠋ᠢ 5000 ᠲᠥᠭᠥᠷᠢᠭ᠎ᠡᠴᠡ ᠳᠡᠭᠡᠭ᠌ᠰᠢ᠎ᠳᠦ ᠬᠦᠷᠭᠡᠪᠡ᠃

8 ᠰᠠᠷ᠎ᠠ᠎ᠶ᠋ᠢᠨ 14 ᠤ᠋ ᠦᠳᠡ᠎ᠶ᠋ᠢᠨ ᠬᠣᠢᠨ᠎ᠠ᠂ ᠵᠦᠸᠧᠽᠢ ᠱᠢᠶᠠᠨ᠎ᠤ ᠵᠦᠸᠧᠽᠢ ᠱᠠᠨ ᠪᠠᠯᠭᠠᠰᠤ᠎ᠶ᠋ᠢᠨ ᠹᠦ᠋ ᠱᠢᠶᠠᠩ ᠰᠠᠭᠤᠭᠠᠯᠢ ᠠᠷᠠᠳ᠎ᠤᠨ ᠲᠣᠭᠣᠷᠢᠭ᠎ᠲᠤ ᠪᠠᠢᠷᠢᠯᠠᠭ᠎ᠠ ᠠᠨ ᠱᠢᠨ ᠹᠸᠢ᠂ ᠵᠤᠤ ᠵᠢᠶᠠᠨ ᠹᠠᠩ ᠡᠷ᠎ᠡ ᠡᠮ᠎ᠡ ᠬᠣᠶᠠᠭᠤᠯᠠ᠎ᠶ᠋ᠢᠨ ᠭᠡᠷ᠎ᠲᠦ ᠨᠢᠭᠡ ᠬᠦᠨᠳᠦᠲᠦ ᠵᠣᠴᠢᠨ ᠢᠷᠡᠪᠡ᠂ ᠲᠡᠷᠡ ᠪᠣᠯ ᠳᠠᠷᠤᠢ ᠵᠤᠤ ᠵᠢᠶᠠᠨ ᠹᠠᠩ ᠡᠷ᠎ᠡ ᠡᠮ᠎ᠡ ᠬᠣᠶᠠᠭᠤᠯᠠ᠎ᠶ᠋ᠢᠨ ᠰᠡᠳᠭᠢᠯ᠎ᠳᠡᠬᠢ ᠰᠠᠢ᠌ᠨ ᠬᠥᠮᠦᠨ ᠯᠢᠦ ᠺᠠᠢ ᠪᠣᠯᠤᠨ᠎ᠠ᠃ ᠯᠢᠦ ᠺᠠᠶ᠎ᠲᠠᠶ ᠠᠭᠤᠯᠵᠠᠭ᠍ᠰᠠᠨ᠎ᠤ ᠳᠠᠷᠠᠭ᠎ᠠ᠂ ᠡᠷ᠎ᠡ ᠡᠮ᠎ᠡ ᠬᠣᠶᠠᠭᠤᠯᠠ ᠲᠡᠷᠡ ᠳᠠᠷᠤᠶ᠎ᠳᠤᠨᠢ ᠠᠯᠢ ᠡᠷᠲᠡ᠎ᠡᠴᠡ ᠪᠡᠯᠡᠳᠭᠡᠭ᠌ᠰᠡᠨ ᠬᠡᠮᠡᠷᠯᠢᠭ ᠲᠤᠭ᠎ᠢᠶᠠᠨ ᠯᠢᠦ ᠺᠠᠶ ᠳ᠋ᠦ ᠬᠦᠷᠭᠡᠵᠦ᠂ ᠬᠡᠮᠡᠷᠯᠢᠭ ᠲᠤᠭ ᠳᠡᠭᠡᠷ᠎ᠡ 《ᠪᠡᠶ᠎ᠡ ᠵᠡᠮᠳᠡᠭ ᠴᠤ᠌ ᠵᠤᠷᠢᠭ ᠪᠤᠰᠤᠭ᠎ᠠ ᠦᠢᠯᠡᠰ ᠪᠤᠰᠬᠠᠵᠤ ᠬᠠᠷᠠᠮ ᠦᠭᠡᠶ ᠬᠠᠢᠷ᠎ᠠ ᠪᠠᠨ ᠵᠡᠮᠳᠡᠭ᠌ᠴᠦᠳ ᠲᠤ᠌ ᠵᠤᠷᠢᠭᠤᠯᠪᠠ》 ᠭᠡᠵᠦ᠍ ᠪᠢᠴᠢᠭ᠌ᠰᠡᠨ ᠪᠠᠢᠯ᠎ᠠ᠃

ᠠᠨ ᠱᠢᠨ ᠹᠸᠢ᠂ ᠵᠤᠤ ᠵᠢᠶᠠᠨ ᠹᠠᠩ ᠡᠷ᠎ᠡ ᠡᠮ᠎ᠡ ᠬᠣᠶᠠᠭᠤᠯᠠ᠎ᠪᠠᠨ ᠪᠦᠷ ᠵᠡᠮᠳᠡᠭ᠂ ᠠᠨ ᠱᠢᠨ ᠹᠸᠢ ᠵᠢᠨ ᠮᠥᠴᠢ ᠨᠢ ᠵᠡᠮᠳᠡᠭ᠂ ᠵᠤᠤ ᠵᠢᠶᠠᠨ ᠹᠠᠩ ᠲᠥᠷᠥᠯᠬᠢ ᠲᠠᠷᠢᠬᠢᠨ ᠤ᠋ ᠰᠠ ᠡᠪᠡᠳᠴᠢᠨ ᠲᠠᠢ ᠪᠠᠢᠵᠤ᠂ ᠬᠣᠶᠠᠭᠤᠯᠠ᠎ᠪᠠᠨ ᠬᠠᠷᠢᠯᠴᠠᠨ ᠲᠦᠱᠢᠭ᠌ᠯᠡᠯᠴᠡᠵᠦ᠍ ᠠᠮᠢ ᠵᠢᠭᠤᠵᠤ ᠪᠠᠢᠯ᠎ᠠ᠃ ᠵᠤᠤ ᠵᠢᠶᠠᠨ ᠹᠠᠩ ᠪᠣᠯᠤᠨ ᠯᠢᠦ ᠺᠠᠢ᠎ᠶ᠋ᠢᠨ ᠬᠣᠭᠣᠷᠣᠨᠳᠣᠬᠢ ᠨᠥᠬᠥᠷᠯᠡᠯ᠎ᠢ ᠬᠡᠯᠡᠪᠡᠯ᠂ ᠪᠠᠰᠠ ᠨᠢᠭᠡ ᠰᠡᠳᠭᠢᠯ ᠬᠥᠳᠡᠯᠭᠡᠮ᠎ᠡ ᠦᠯᠢᠭᠡᠷ ᠲᠠᠢ᠃ ᠵᠣᠤ ᠵᠢᠶᠠᠨ ᠹᠠᠩ᠎ᠤᠨ ᠬᠣᠶᠠᠷ ᠭᠠᠷ ᠴᠢᠯᠦᠭᠡᠳᠡᠢ ᠬᠦᠳᠡᠯᠵᠦ ᠲᠡᠢᠯᠬᠦ ᠦᠭᠡᠢ᠂ ᠬᠣᠶᠠᠷ ᠬᠥᠯ ᠨᠢ ᠴᠦ᠍ ᠠᠯᠬᠤᠵᠤ ᠲᠠᠢᠯᠬᠦ ᠥᠬᠡᠶ ᠪᠤᠯᠬᠤᠷ ᠲᠡᠷᠡ ᠨᠢᠭᠡᠮᠦᠰᠦᠨ ᠭᠤᠲᠤᠷᠠᠵᠤ ᠵᠤᠪᠠᠨᠢᠪᠠ᠃ 2018 ᠣᠨ᠎ᠤ 3 ᠰᠠᠷ᠎ᠠ᠎ᠳᠤ᠂ ᠵᠤᠤ ᠵᠢᠶᠠᠨ ᠹᠠᠩ ᠰᠠᠨᠠᠮᠰᠠᠷ ᠦᠭᠡᠢ᠎ᠪᠡᠷ ᠯᠢᠦ ᠺᠠᠢ᠎ᠲᠠᠶ ᠲᠠᠨᠢᠯᠴᠠᠵᠤ᠂ ᠯᠢᠦ ᠺᠠᠢ᠎ᠲᠠᠶ ᠭᠠᠷ ᠤᠲᠠᠰᠤ᠎ᠪᠠᠷ ᠵᠢᠷᠭᠢᠶ᠎ᠡ᠎ᠶ᠋ᠢᠨ ᠰᠠᠢ᠌ᠨ ᠨᠠᠢᠵᠠ᠎ᠪᠤᠯᠤᠯᠴᠠᠵᠤ᠂ ᠨᠠᠢᠵᠠ᠎ᠶ᠋ᠢᠨ ᠲᠣᠭᠣᠷᠢᠭ᠎ᠢᠶᠠᠷ᠎ᠢᠶᠠᠨ ᠯᠢᠦ ᠺᠠᠢ᠎ᠶ᠋ᠢᠨ ᠦᠢᠯᠡᠳᠦᠭ᠌ᠰᠡᠨ ᠨᠤᠲᠤᠭ᠎ᠤᠨ ᠣᠨᠴᠠ ᠭᠠᠷᠤᠯᠲᠠ᠎ᠶ᠋ᠢᠨ ᠵᠠᠷ᠎ᠢ ᠳᠠᠮᠵᠢᠭᠤᠯᠤᠨ ᠲᠠᠷᠬᠠᠭᠠᠬᠤ᠎ᠶ᠋ᠢᠨ ᠬᠠᠮᠲᠤ ᠱᠢᠭᠤᠳ ᠨᠡᠪᠲᠡᠷᠡᠭᠦᠯᠭᠡ᠎ᠶ᠋ᠢᠨ ᠲᠠᠪᠴᠠᠩ᠎ᠢᠶᠠᠷ ᠨᠤᠲᠤᠭ᠎ᠤᠨ ᠣᠨᠴᠠ ᠭᠠᠷᠤᠯᠲᠠ᠎ᠪᠠᠨ ᠪᠣᠷᠣᠯᠠᠭᠤᠯᠬᠤ᠎ᠪᠠᠷ ᠲᠤᠷᠱᠢᠪᠠ᠂ ᠲᠤᠬᠠᠢ᠎ᠶ᠋ᠢᠨ ᠵᠢᠯ᠎ᠳᠦ ᠵᠤᠤ ᠵᠢᠶᠠᠨ ᠹᠠᠩ 1 ᠲᠦᠮᠡ ᠱᠢᠬᠠᠮ ᠲᠥᠭᠥᠷᠢᠭ ᠣᠯᠵᠤ᠂ ᠠᠮᠢᠳᠤᠷᠠᠯ ᠳ᠋ᠠᠭᠠᠨ ᠡᠷᠡᠮᠡᠯᠵᠡᠯ ᠲᠠᠢ ᠪᠤᠯᠪᠠ᠃

2024 ᠣᠨ᠎ᠳᠤ᠂ ᠯᠢᠦ ᠺᠠᠶ ᠪᠣᠯᠤᠨ ᠲᠡᠭᠦᠨ᠎ᠦ ᠪᠦᠯᠬᠦᠮ᠎ᠨᠢ ᠵᠡᠮᠳᠡᠭ᠌ᠴᠦᠳ᠎ᠢ᠋ ᠬᠡᠷ᠎ᠲᠡᠬᠡᠨ ᠨᠠᠢᠳᠠᠨ ᠠᠰᠠᠷᠠᠭᠤᠯᠬᠤ ᠦᠶ᠋ᠯᠡᠴᠢᠯᠡᠭᠡ ᠥᠷᠨᠢᠭᠦᠯᠵᠦ᠍ ᠡᠬᠢᠯᠡᠪᠡ᠂ ᠲᠤᠬᠠᠢᠯᠠᠪᠠᠯ ᠬᠥᠩᠭᠡᠨ ᠲᠠᠰ᠎ᠤᠨ ᠵᠡᠮᠳᠡᠭ᠌ᠴᠦᠳ ᠲᠣᠭ᠍ᠲᠠᠮᠠᠯ ᠬᠤᠭᠤᠴᠠᠭ᠎ᠠ᠎ᠲᠠᠶ ᠪᠠᠷ ᠬᠦᠨᠳᠦ ᠲᠠᠰ᠎ᠤᠨ ᠵᠡᠮᠳᠡᠭ᠌ᠴᠦᠳ᠎ᠦᠨ ᠬᠡᠷ᠎ᠲᠦ ᠬᠦᠷᠴᠦ᠍ ᠰᠦᠶ᠋ᠳᠭᠡᠯ ᠬᠤᠷᠢᠶᠠᠬᠤ ᠥᠬᠡᠶ᠎ᠪᠡᠷ ᠡᠷᠡᠭᠦᠯ ᠬᠠᠮᠠᠭᠠᠯᠠᠯ᠎ᠬᠢᠵᠦ ᠦᠭᠭᠦᠨ᠂ ᠬᠡᠷ᠎ᠦᠨ ᠡᠳ᠋ᠯᠡᠯ ᠬᠡᠷᠡᠭ᠌ᠰᠡᠯ᠎ᠢ᠎ᠨᠢ ᠰᠡᠯᠪᠢᠨ ᠵᠠᠰᠠᠬᠤ ᠵᠡᠷᠭᠡ ᠪᠣᠯᠤᠨ᠎ᠠ᠃ ᠲᠡᠲᠡ ᠵᠤᠤ ᠵᠢᠶᠠᠨ ᠹᠠᠩ᠎ᠤᠨ ᠭᠡᠷ ᠪᠦᠯᠢ᠎ᠶ᠋ᠢ ᠪᠠᠰᠠ ᠨᠠᠢᠳᠠᠨ ᠠᠰᠠᠷᠠᠭᠤᠯᠬᠤ ᠦᠢᠯᠡᠴᠢᠯᠡᠭᠡᠨ᠎ᠦ ᠭᠡᠷ ᠪᠦᠯᠢ᠎ᠶ᠋ᠢᠨ ᠨᠡᠷᠡᠰ᠎ᠲᠦ ᠣᠷᠣᠭᠤᠯᠵᠤ᠂ ᠲᠣᠭ᠍ᠲᠠᠭ᠍ᠰᠠᠨ ᠬᠤᠭᠤᠴᠠᠭ᠎ᠠ᠎ᠲᠠᠶ᠎ᠪᠠᠷ ᠲᠡᠲᠡᠨ᠎ᠳᠦ ᠦᠢᠯᠡᠴᠢᠯᠡᠭᠡ ᠬᠠᠩᠭᠠᠬᠤ᠎ᠶ᠋ᠢᠨ ᠬᠠᠮᠲᠤ ᠲᠣᠬᠣᠨᠢᠭᠤᠯᠬᠤ ᠪᠣᠳᠠᠰ ᠬᠦᠷᠭᠡᠵᠦ᠍᠂ ᠵᠤᠤ ᠵᠢᠶᠠᠨ ᠹᠠᠩ ᠡᠷ᠎ᠡ ᠡᠮ᠎ᠡ ᠬᠣᠶᠠᠭᠤᠯᠠ᠎ᠶ᠋ᠢ ᠶᠡᠬᠡᠳᠡ ᠳᠣᠭ᠍ᠳᠣᠯᠤᠭᠤᠯᠪᠠ᠃

《ᠯᠢᠦ ᠺᠠᠢ ᠪᠣᠯ ᠡᠷᠡᠰ ᠬᠠᠲᠠᠭᠤ᠂ ᠴᠠᠢᠯᠭᠠᠨ ᠴᠠᠭᠠᠪᠤᠷ᠂ ᠬᠠᠢᠷ᠎ᠠ ᠰᠡᠳᠭᠢᠯᠭᠡ᠎ᠲᠡᠶ ᠬᠥᠮᠦᠨ ᠶᠤᠮ᠃ ᠲᠡᠷᠡ ᠪᠢᠳᠡᠨ᠎ᠳᠦ ᠠᠵᠤ ᠠᠬᠤᠶ᠎ᠶ᠋ᠢᠨ ᠲᠠᠯ᠎ᠠ᠎ᠪᠠᠷ ᠬᠠᠪᠰᠤᠷᠤᠯᠭ᠎ᠠ ᠦᠵᠡᠭᠦᠯᠦᠭ᠌ᠰᠡᠨ᠎ᠢᠶᠡᠷ ᠪᠠᠷᠠᠬᠤ ᠥᠬᠡᠶ ᠨᠠᠩ ᠴᠤ᠌ ᠣᠶᠤᠨ ᠰᠠᠨᠠᠭᠠᠨ᠎ᠤ ᠲᠠᠯ᠎ᠠ᠎ᠪᠠᠷ ᠵᠣᠷᠢᠭ᠍ᠵᠢᠭᠤᠯᠤᠯ ᠪᠠ ᠵᠢᠯᠣᠭᠣᠳᠣᠯᠭ᠎ᠠ ᠥᠭ᠌ᠴᠦ᠂ ᠵᠡᠮᠳᠡᠭ᠌ᠴᠦᠳ᠎ᠦᠨ ᠨᠡᠢᠭᠡᠮ᠎ᠦᠨ ᠦᠨ᠎ᠡ ᠥᠷᠲᠡᠭ᠎ᠢ ᠢᠯᠡᠷᠡᠭᠦᠯᠦᠭ᠌ᠰᠡᠨ ᠪᠠᠢᠨ᠎ᠠ᠃ ᠣᠨᠴᠠᠭᠠᠢᠯᠠᠨ ᠪᠢ᠂ ᠯᠢᠦ ᠺᠠᠢ᠎ᠲᠠᠢ ᠲᠠᠨᠢᠯᠴᠠᠬᠤ᠎ᠡᠴᠡ ᠡᠮᠦᠨ᠎ᠡ᠂ ᠪᠠᠭ᠎ᠠ ᠯᠡ ᠴᠣᠬᠢᠯᠲᠠ᠎ᠳᠤ ᠤᠴᠠᠷᠠᠪᠠᠯ ᠨᠢᠯᠪᠤᠰᠤ᠎ᠪᠠᠷ ᠨᠢᠭᠤᠷ᠎ᠢᠶᠠᠨ ᠤᠬᠢᠶᠠᠵᠤ᠂ ᠨᠢᠭᠡᠮᠦᠰᠦᠨ ᠤᠷᠮ᠎ᠠ ᠬᠤᠭᠤᠷᠠᠳᠠᠭ ᠪᠠᠢᠵᠠᠢ᠃ ᠯᠢᠦ ᠺᠠᠶ᠎ᠲᠠᠶ ᠲᠠᠨᠢᠯᠴᠠᠭ᠍ᠰᠠᠨ᠎ᠡᠴᠡ ᠰᠡᠭᠦᠯᠡᠷ᠂ ᠲᠡᠷᠡ ᠨᠠᠮᠠᠶ᠋ᠢ ᠢᠲᠡᠭᠡᠯ ᠳᠦᠭᠦᠷᠡᠩ ᠪᠣᠯᠭᠠᠵᠠᠶ᠃ ᠡᠩ᠎ᠦᠨ ᠦᠶ᠎ᠠ᠎ᠳᠤ᠂ ᠪᠢ ᠰᠦᠯᠵᠢᠶᠡᠨ ᠳᠡᠭᠡᠷ᠎ᠡ ᠴᠢᠳᠠᠬᠤ ᠥᠬᠡᠶ ᠶᠠᠭᠤᠮ᠎ᠠ ᠪᠠᠢᠪᠠᠯ᠂ ᠯᠢᠦ ᠺᠠᠶ᠎ᠪᠠᠷ ᠵᠢᠭᠠᠯᠭᠠᠨ᠎ᠠ᠂ ᠠᠮᠢᠳᠤᠷᠠᠯ ᠳᠤᠮᠳᠠ ᠪᠦᠲᠦᠭᠡᠵᠦ᠍ ᠲᠠᠢᠯᠬᠦ ᠥᠬᠡᠶ ᠤᠴᠢᠷ ᠪᠠᠢᠪᠠᠯ᠂ ᠯᠢᠦ ᠺᠠᠶ᠎ᠪᠠᠷ ᠬᠠᠪᠰᠤᠷᠤᠭᠤᠯᠤᠨ᠎ᠠ᠃ ᠯᠢᠦ ᠺᠠᠶ ᠬᠡᠵᠢᠶ᠎ᠡ ᠳᠠᠭᠤᠳᠠᠪᠠᠯ ᠬᠡᠵᠢᠶ᠎ᠡ ᠢᠷᠡᠨ᠎ᠡ᠂ ᠰᠠᠳᠤᠨ ᠲᠥᠷᠥᠯ᠎ᠡᠴᠡ᠎ᠴᠤ᠌ ᠢᠯᠡᠭᠦᠦ ᠳᠣᠲᠣᠨᠣ》 ᠭᠡᠵᠦ ᠵᠣᠣ ᠵᠢᠶᠠᠨ ᠹᠠᠩ ᠵᠢᠷᠬᠢᠶ᠎ᠠ ᠪᠡᠷ ᠯᠢᠦ ᠺᠠᠶ᠎ᠳᠤ ᠲᠠᠯᠠᠷᠬᠠᠵᠤ ᠪᠠᠢᠭ᠎ᠠ ᠰᠡᠳᠭᠢᠯᠭᠡ᠎ᠪᠡᠨ ᠢᠯᠡᠳᠭᠡᠪᠡ᠃

2024 ᠣᠨ᠎ᠳᠤ᠂ ᠯᠢᠦ ᠺᠠᠶ ᠪᠦᠯᠬᠦᠮ ᠲᠠᠢ ᠪᠡᠨ ᠬᠠᠮᠳᠤ 40 ᠭᠠᠷᠤᠶ ᠡᠷᠦᠬᠡ ᠵᠡᠮᠳᠡᠭ᠌ᠴᠦᠳ᠎ᠦᠨ ᠬᠡᠷ ᠪᠦᠯᠢ᠎ᠳᠦ ᠵᠡᠮᠳᠡᠭ᠌ᠴᠦᠳ᠎ᠢ ᠬᠡᠷ᠎ᠲᠡᠬᠡᠨ ᠨᠠᠢᠳᠠᠨ ᠠᠰᠠᠷᠠᠬᠤ ᠦᠶ᠋ᠯᠡᠴᠢᠯᠡᠭᠡ ᠬᠠᠩᠭᠠᠪᠠ᠃ 2025 ᠣᠨ᠎ᠳᠤ᠂ ᠲᠡᠷᠡ 52 ᠵᠡᠮᠳᠡᠭ᠌ᠴᠦᠳ᠎ᠦᠨ ᠭᠡᠷ ᠪᠦᠯᠢ᠎ᠳᠦ ᠦᠢᠯᠡᠴᠢᠯᠡᠭᠡ ᠬᠠᠩᠭᠠᠪᠠ᠃ ᠯᠢᠦ ᠺᠠᠶ ᠪᠣᠯᠤᠨ ᠪᠦᠯᠬᠦᠮ᠎ᠦᠨ᠎ᠬᠢᠨ ᠵᠡᠮᠳᠡᠭ᠌ᠴᠦᠳ ᠵᠡᠮᠳᠡᠭ᠌ᠴᠦᠳ᠎ᠢ ᠲᠤᠰᠠᠯᠠᠬᠤ ᠪᠡᠷ ᠲᠠᠮᠵᠢᠨ ᠨᠠᠩ ᠣᠯᠠᠨ ᠵᠡᠮᠳᠡᠭ᠌ᠴᠦᠳ ᠢ᠋ ᠥᠪᠡᠷ᠎ᠦᠨ ᠨᠡᠢᠭᠡᠮ᠎ᠦᠨ ᠦᠨ᠎ᠡ ᠥᠷᠲᠡᠭ᠎ᠢᠶᠡᠨ ᠢᠯᠡᠷᠡᠭᠦᠯᠵᠦ᠍᠂ ᠨᠠᠩ ᠣᠯᠠᠨ ᠵᠡᠮᠳᠡᠭ᠌ᠴᠦᠳ᠎ᠲᠦ ᠬᠠᠢᠷ᠎ᠠ ᠬᠠᠯᠠᠮᠵᠢ ᠬᠦᠷᠳᠡᠭᠡᠵᠡᠢ᠃

ᠯᠢᠦ ᠺᠠᠶ ᠵᠢᠨ ᠺᠣᠮᠫᠠᠨᠢ᠎ᠶ᠋ᠢᠨ ᠪᠦᠯᠬᠦᠮ᠎ᠦᠨ ᠭᠡᠱᠢᠭᠦᠳ ᠨᠢ ᠪᠦᠷ ᠵᠡᠮᠳᠡᠭ ᠬᠥᠮᠦᠨ ᠪᠤᠯᠤᠨ᠎ᠠ᠃ 60 ᠨᠠᠰᠤᠲᠠᠶ ᠯᠸᠢ ᠬᠠᠶ ᠫᠢᠩ ᠪᠤᠯ ᠪᠦᠯᠬᠦᠮ᠎ᠦᠨ ᠶᠡᠬᠡ ᠡᠭᠡᠴᠢ ᠨᠢ ᠪᠤᠯᠤᠨ᠎ᠠ᠂ ᠬᠡᠦᠬᠡᠳ᠎ᠦᠨ ᠰᠠ ᠡᠪᠡᠳᠴᠢᠨ ᠲᠠᠢ ᠲᠡᠷᠡ ᠪᠡᠷ ᠯᠢᠦ ᠺᠠᠶ ᠲᠠᠶ ᠲᠠᠨᠢᠯᠴᠠᠭ᠍ᠰᠠᠨ᠎ᠡᠴᠡ ᠰᠡᠭᠦᠯᠡᠷ᠂ ᠡᠳᠦᠷᠵᠢᠨ ᠬᠠᠮᠳᠤ ᠪᠠᠢᠯᠴᠠᠵᠤ᠂ ᠠᠳᠠᠯᠢᠬᠠᠨ ᠡᠪᠡᠳᠴᠢᠨ᠂ ᠠᠳᠠᠯᠢᠬᠠᠨ ᠥᠩᠭᠡᠷᠡᠯᠲᠡ ᠡᠴᠡ ᠪᠠᠨ ᠪᠤᠯᠵᠤ ᠯᠢᠦ ᠺᠠᠢ᠎ᠶ᠋ᠢ ᠣᠨᠴᠠᠭᠠᠢ ᠢᠲᠡᠭᠡᠬᠦ ᠪᠤᠯᠪᠠ᠃ ᠯᠧᠢ ᠬᠠᠢ ᠫᠢᠩ᠄ 《ᠪᠢ ᠤᠤᠯ ᠨᠢ ᠠᠵᠢᠯ ᠦᠭᠡᠢ᠂ ᠯᠢᠦ ᠺᠠᠶ᠎ᠲᠠᠶ ᠲᠠᠨᠢᠯᠴᠠᠭ᠍ᠰᠠᠨ᠎ᠤ ᠳᠠᠷᠠᠭ᠎ᠠ᠂ ᠪᠡᠶ᠎ᠠ ᠳ᠋ᠡᠭᠡᠨ ᠲᠤᠬᠢᠷᠠᠭᠰᠠᠨ ᠠᠵᠢᠯ ᠤᠯᠵᠤ᠂ ᠥᠪᠡᠷ᠎ᠦᠨ ᠥᠷᠲᠡᠭ ᠴᠤ᠌᠎ᠪᠡᠶᠡᠯᠡᠭᠳᠡᠪᠡ᠃ ᠪᠢ ᠺᠣᠮᠫᠠᠨᠢ᠎ᠳᠤ ᠥᠨᠳᠡᠭᠡ ᠬᠤᠳᠠᠯᠳᠤᠬᠤ ᠠᠵᠢᠯ᠎ᠢ ᠬᠠᠷᠢᠭᠤᠴᠠᠵᠤ ᠪᠠᠢᠨ᠎ᠠ᠂ ᠰᠠᠷ᠎ᠠ᠎ᠳᠤ 1000 ᠭᠠᠷᠤᠢ ᠲᠥᠭᠥᠷᠢᠭ ᠣᠯᠵᠤ᠂ ᠠᠮᠢᠳᠤᠷᠠᠯ ᠮᠠᠰᠢ ᠰᠠᠢᠨ ᠪᠠᠢᠨ᠎ᠠ》 ᠭᠡᠵᠦ ᠬᠡᠯᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号