— ᠥᠪᠥᠷ ᠮᠣᠩᠭᠣᠯ ᠤ᠋ᠨ ᠦᠨᠳᠦᠰᠦᠨ ᠱᠠᠲᠤᠨ ᠤ᠋ ᠵᠠᠰᠠᠯᠲᠠ ᠶ᠋ᠢᠨ ᠱᠢᠨ᠎ᠡ ᠵᠢ ᠡᠭᠦᠳᠦᠭᠰᠡᠨ ᠦᠶ᠋ᠯᠡᠳᠦᠯᠭᠡ ᠭᠤᠷᠪᠠ
《ᠵᠢᠵᠢᠭ ᠶᠠᠪᠤᠳᠠᠯ ᠢ᠋ ᠲᠤᠤᠷᠵᠢᠯ ᠤ᠋ᠨ ᠳᠤᠲᠤᠷ᠎ᠠ ᠰᠢᠢᠳᠪᠦᠷᠢᠯᠡᠵᠦ᠂ ᠲᠤᠮᠤ ᠶᠠᠪᠤᠳᠠᠯ ᠢ᠋ ᠪᠥᠬᠥ᠌ ᠲᠤᠤᠷᠵᠢᠯ ᠢ᠋ᠶ᠋ᠡᠷᠵᠢᠡᠨ ᠬᠣᠯᠪᠣᠭᠠᠯᠠᠨ ᠰᠢᠢᠳᠪᠦᠷᠢᠯᠡᠵᠦ᠂ ᠵᠥᠷᠢᠴᠡᠯ ᠢ᠋ ᠲᠤᠬᠠᠶ ᠶ᠋ᠢᠨ ᠭᠠᠵᠠᠷ ᠲᠤᠨᠢ ᠱᠢᠶ᠋ᠳᠪᠦᠷᠢᠯᠡᠨᠡ》᠃ ᠡᠨᠡ ᠵᠢᠯ ᠡᠴᠡ ᠨᠠᠭᠠᠰᠢ ᠲᠦᠩᠯᠢᠶᠣᠤ ᠬᠣᠲᠠ 《ᠲᠤᠤᠷᠵᠢᠯ ᠤ᠋ᠨ ᠨᠠᠮ ᠤ᠋ᠨ ᠳᠤᠭᠤᠢᠯᠠᠩ + ᠲᠤᠤᠷᠵᠢᠯ ᠤ᠋ᠨ ᠠᠵᠢᠯᠲᠠᠨ + ᠠᠰᠠᠷ ( ᠨᠢᠭᠡᠴᠢ᠂ ᠬᠣᠯᠪᠣᠭᠠᠯᠠᠭ᠍ᠰᠠᠨ ᠡᠷᠦᠬᠡ) ᠤ᠋ᠨ ᠳᠠᠷᠤᠭ᠎ᠠ》 ᠵᠢᠨ ᠦᠨᠳᠦᠰᠦᠨ ᠱᠠᠲᠤᠨ ᠤ᠋ ᠪᠢᠴᠢᠯ ᠵᠠᠰᠠᠯᠲᠠ ᠶ᠋ᠢᠨ ᠲᠣᠭ᠍ᠲᠠᠴᠠ ᠵᠢ ᠤᠯᠠᠮ ᠲᠡᠭᠦᠯᠳᠡᠷᠵᠢᠭᠦᠯᠵᠦ᠍᠂ ᠵᠥᠷᠢᠴᠡᠯ ᠤ᠋ᠨ ᠲᠦᠭ᠌ᠰᠢᠭᠦᠷᠢ ᠵᠢ ᠤᠷᠢᠳᠴᠢᠯᠠᠨ ᠰᠡᠷᠭᠡᠢᠯᠡᠵᠦ᠍ ᠵᠢᠭ᠍ᠰᠠᠭᠠᠨ ᠪᠠᠢᠴᠠᠭᠠᠬᠤ ᠵᠢ ᠠᠰᠠᠷ ᠬᠦᠷᠢᠶ᠎ᠡ᠂ ᠬᠡᠷ ᠪᠦᠯᠢ ᠲᠡᠢᠰᠢ ᠥᠷᠭᠡᠳᠭᠡᠵᠦ᠍᠂ ᠦᠨᠳᠦᠰᠦᠨ ᠱᠠᠲᠤᠨ ᠤ᠋ ᠵᠠᠰᠠᠯᠲᠠ ᠶ᠋ᠢᠨ 《ᠡᠴᠦᠰ ᠤ᠋ᠨ ᠨᠢᠭᠡ ᠮᠧᠲ᠋ᠷ》 ᠢ᠋ ᠪᠦᠲᠦᠮᠵᠢᠲᠡᠶ ᠨᠡᠪᠲᠡᠷᠡᠭᠦᠯᠪᠡ᠃
《ᠬᠠᠮᠵᠢᠯᠴᠠᠨ ᠪᠣᠭᠣᠮᠲᠠ ᠱᠢᠪᠲᠤᠯᠵᠤ》 ᠬᠠᠮᠲᠤᠷᠠᠯ ᠬᠦᠴᠦᠨ ᠢ᠋ ᠨᠢᠭ᠍ᠲᠠᠷᠠᠭᠤᠯᠵᠤ᠂ ᠪᠢᠴᠢᠯ ᠵᠠᠰᠠᠯᠲᠠ ᠶ᠋ᠢᠨ ᠬᠠᠮᠲᠤ ᠶ᠋ᠢᠨ ᠴᠣᠭ᠍ᠴᠠ ᠵᠢ ᠪᠠᠢᠭᠤᠯᠪᠠ
ᠦᠨᠳᠦᠰᠦᠨ ᠱᠠᠲᠤᠨ ᠤ᠋ ᠵᠠᠰᠠᠯᠲᠠ ᠶ᠋ᠢᠨ ᠵᠠᠩᠭᠢᠯᠠᠭ᠎ᠠ ᠨᠢ ᠵᠠᠰᠠᠯᠲᠠ ᠶ᠋ᠢᠨ ᠲᠡᠮᠲᠡᠷᠢᠭᠦᠯ ᠢ᠋ ᠬᠠᠮᠤᠭ ᠤ᠋ᠨ ᠨᠠᠷᠢᠨ ᠵᠢᠵᠢᠭ ᠬᠡᠰᠡᠭ ᠲᠦ᠍ ᠬᠦᠷᠲᠡᠯ᠎ᠡ ᠤᠷᠲᠤᠳᠭᠠᠬᠤ ᠶᠠᠪᠤᠳᠠᠯ ᠪᠤᠯᠤᠨ᠎ᠠ᠃ ᠡᠭᠦᠨ ᠤ᠋ ᠬᠠᠮᠲᠤ ᠵᠠᠰᠠᠯᠲᠠ ᠶ᠋ᠢᠨ ᠬᠦᠴᠦᠨ ᠢ᠋ 《ᠲᠠᠷᠠᠬᠠᠶ ᠪᠤᠲᠠᠷᠬᠠᠶ ᠪᠠᠢᠯᠳᠤᠵᠤ》 ᠪᠠᠢᠭ᠍ᠰᠠᠨ ᠡᠴᠡ 《ᠬᠠᠮᠵᠢᠯᠴᠠᠨ ᠪᠣᠭᠣᠮᠲᠠ ᠱᠢᠪᠲᠤᠯᠬᠤ》 ᠪᠣᠯᠭᠠᠨ ᠬᠤᠪᠢᠷᠠᠭᠤᠯᠬᠤ ᠵᠢ ᠠᠬᠢᠭᠤᠯᠵᠤ᠂ ᠪᠥᠬᠥ᠌ ᠣᠷᠣᠨ ᠪᠦᠰᠡ ᠵᠢ ᠬᠠᠮᠤᠷᠴᠤ ᠥᠨᠳᠥᠷ ᠪᠦᠲᠦᠮᠵᠢᠲᠡᠶ ᠬᠣᠯᠪᠣᠭᠠᠯᠠᠨ ᠬᠥᠳᠡᠯᠦᠯᠴᠡᠭ᠌ᠰᠡᠨ ᠵᠣᠬᠢᠶᠠᠨ ᠪᠠᠢᠭᠤᠯᠤᠯᠲᠠ ᠶ᠋ᠢᠨ ᠲᠤᠤᠷ ᠢ᠋ ᠪᠠᠢᠭᠤᠯᠪᠠ᠃
ᠲᠦᠷᠦᠭᠦᠬᠡᠨ ᠲᠦᠩᠯᠢᠶᠣᠤ ᠬᠣᠲᠠ ᠶ᠋ᠢᠨ ᠬᠣᠷᠴᠢᠨ ᠲᠣᠭᠣᠷᠢᠭ ᠤ᠋ᠨ ᠱ᠌ᠢ ᠵᠢᠶᠧ ᠵᠡᠭᠡᠯᠢ ᠭᠤᠳᠤᠮᠵᠢ ᠶ᠋ᠢᠨ ᠫᠢᠩ ᠠᠨ ᠪᠠᠷᠠᠭᠤᠨ ᠨᠡᠢᠭᠡᠮ ᠲᠣᠭᠣᠷᠢᠭ ᠲᠦ᠍ ᠬᠣᠶᠠᠷ ᠡᠷᠦᠬᠡ ᠶ᠋ᠢᠨ ᠰᠠᠭᠤᠭᠠᠯᠢ ᠠᠷᠠᠳ ᠠᠰᠠᠷ ᠤ᠋ᠨ ᠬᠤᠨᠭᠬᠢᠯ ᠳ᠋ᠤ ᠶᠠᠭᠤᠮ᠎ᠠ ᠣᠪᠣᠭᠠᠯᠠᠬᠤ ᠠᠰᠠᠭᠤᠳᠠᠯ ᠡᠴᠡ ᠪᠣᠯᠵᠣ ᠵᠥᠷᠢᠴᠡᠯ ᠮᠥᠷᠭᠥᠯᠳᠦᠭᠡᠨ ᠡᠭᠦᠰᠴᠦ᠍᠂ ᠬᠠᠷᠢᠯᠴᠠᠨ ᠨᠠᠢᠷ ᠲᠠᠯᠪᠢᠬᠤ ᠥᠬᠡᠶ ᠪᠠᠢᠯ᠎ᠠ᠃ ᠲᠤᠤᠷᠵᠢᠯ ᠤ᠋ᠨ ᠨᠠᠮ ᠤ᠋ᠨ ᠳᠤᠭᠤᠢᠯᠠᠩ ᠤ᠋ᠨ ᠳᠠᠷᠤᠭ᠎ᠠ ᠲᠤᠤᠷᠵᠢᠯ ᠤ᠋ᠨ ᠠᠵᠢᠯᠲᠠᠨ ᠢ᠋ ᠳᠠᠭᠠᠭᠤᠯᠤᠨ ᠬᠡᠷ ᠲᠤᠨᠢ ᠬᠦᠷᠴᠦ᠍ ᠡᠶᠡᠳᠡᠭᠦᠯᠦᠨ᠂ ᠬᠣᠶᠠᠷ ᠲᠠᠯ᠎ᠠ ᠶ᠋ᠢᠨ ᠬᠦᠰᠡᠯ ᠱᠠᠭᠠᠷᠳᠠᠯᠭ᠎ᠠ ᠵᠢ ᠴᠠᠭ ᠲᠤᠬᠠᠶ ᠳ᠋ᠤᠨᠢ ᠣᠢᠯᠠᠭᠠᠵᠤ᠂ ᠨᠠᠮ ᠤ᠋ᠨ ᠳᠤᠭᠤᠢᠯᠠᠩ ᠤ᠋ᠨ ᠬᠤᠷᠠᠯ ᠢ᠋ ᠵᠣᠬᠢᠶᠠᠨ ᠪᠠᠢᠭᠤᠯᠤᠨ ᠬᠤᠷᠠᠯᠳᠤᠭᠤᠯᠵᠤ ᠱᠢᠶ᠋ᠳᠪᠦᠷᠢᠯᠡᠬᠦ᠌ ᠲᠥᠰᠦᠯ ᠢ᠋ ᠰᠤᠳᠤᠯᠤᠨ ᠮᠠᠭᠠᠳᠯᠠᠪᠠ᠃ ᠡᠴᠦᠰ ᠲᠡᠭᠡᠨ ᠣᠯᠠᠨ ᠲᠠᠯ᠎ᠠ ᠶ᠋ᠢᠨ ᠴᠢᠷᠮᠠᠢᠯᠭ᠎ᠠ ᠳᠤᠤᠷ᠎ᠠ ᠠᠰᠠᠷ ᠤ᠋ᠨ ᠬᠤᠨᠭᠬᠢᠯ ᠰᠠᠭᠠᠳ ᠥᠬᠡᠶ ᠨᠡᠪᠲᠡᠷᠡᠵᠦ᠍᠂ ᠬᠣᠶᠠᠷ ᠡᠷᠦᠬᠡ ᠶ᠋ᠢᠨ ᠬᠠᠷᠢᠴᠠᠭ᠎ᠠ ᠳᠠᠬᠢᠨ ᠡᠶ᠎ᠡ ᠨᠠᠢᠷᠲᠠᠶ ᠪᠣᠯᠪᠠ᠃
ᠲᠦᠩᠯᠢᠶᠣᠤ ᠬᠣᠲᠠ ᠨᠠᠮ ᠤ᠋ᠨ ᠵᠣᠬᠢᠶᠠᠨ ᠪᠠᠢᠭᠤᠯᠤᠯᠲᠠ ᠵᠢ ᠲᠤᠤᠷᠵᠢᠯ ᠳ᠋ᠤ ᠪᠠᠢᠭᠤᠯᠬᠤ ᠵᠢ ᠪᠠᠷᠢᠮᠲᠠᠯᠠᠵᠤ᠂ ᠨᠠᠮ ᠤ᠋ᠨ ᠪᠠᠢᠭᠤᠯᠤᠯᠲᠠ ᠶ᠋ᠢᠨ ᠠᠵᠢᠯ ᠬᠢᠭᠡᠳ ᠲᠤᠤᠷᠵᠢᠯ ᠤ᠋ᠨ ᠵᠠᠰᠠᠯᠲᠠ ᠶ᠋ᠢᠨ ᠭᠦᠨᠵᠡᠭᠡᠶ ᠠᠭᠤᠰᠤᠯᠴᠠᠯ ᠢ᠋ ᠠᠬᠢᠭᠤᠯᠪᠠ᠃ ᠪᠥᠬᠥ᠌ ᠬᠣᠲᠠ ᠳ᠋ᠤ ᠲᠤᠤᠷᠵᠢᠯ ᠤ᠋ᠨ ᠨᠠᠮ ᠤ᠋ᠨ ᠳᠤᠭᠤᠢᠯᠠᠩ ᠢ᠋ ᠨᠡᠢᠲᠡ 7390 ᠪᠠᠢᠭᠤᠯᠵᠤ᠂ ᠠᠰᠠᠷ (ᠨᠢᠭᠡᠴᠢ᠂ ᠬᠣᠯᠪᠣᠭᠠᠲᠤ ᠡᠷᠦᠬᠡ) ᠤ᠋ᠨ ᠳᠠᠷᠤᠭ᠎ᠠ ᠵᠢ 3.9 ᠲᠦᠮᠡ ᠰᠣᠩᠭᠣᠨ ᠤᠷᠢᠵᠤ᠂ ᠡᠷᠦᠬᠡ ᠪᠦᠷᠢ᠂ ᠬᠥᠮᠦᠨ ᠪᠦᠷᠢ ᠵᠢ ᠬᠠᠮᠤᠷᠬᠤ ᠵᠢ ᠦᠨᠡᠨ ᠬᠦ᠌ ᠪᠠᠲᠤᠯᠠᠪᠠ᠃ ᠡᠭᠦᠨ ᠤ᠋ ᠬᠠᠮᠲᠤ ᠬᠠᠷᠢᠭᠤᠴᠠᠯᠭᠠᠲᠤ ᠰᠡᠳᠭᠢᠯᠭᠡ ᠪᠡᠷ ᠴᠢᠩᠭ᠎ᠠ᠂ ᠣᠯᠠᠨ ᠲᠦᠮᠡᠨ ᠤ᠋ ᠰᠠᠭᠤᠷᠢ ᠪᠡᠷ ᠰᠠᠢᠨ᠂ ᠨᠡᠢᠲᠡ ᠶ᠋ᠢᠨ ᠠᠰᠠᠷᠠᠮᠵᠢ ᠳ᠋ᠤ ᠬᠠᠯᠠᠭᠤᠨ ᠰᠡᠳᠭᠢᠯ ᠲᠠᠢ ᠰᠠᠭᠤᠭᠠᠯᠢ ᠠᠷᠠᠳ ᠤ᠋ᠨ ᠦᠨᠳᠦᠰᠦᠨ ᠱᠠᠲᠤᠨ ᠤ᠋ ᠵᠠᠰᠠᠯᠲᠠ ᠳ᠋ᠤ ᠣᠷᠣᠯᠴᠠᠬᠤ ᠵᠢ ᠢᠳᠡᠪᠬᠢᠳᠠᠢ ᠲᠠᠢᠴᠢᠯᠠᠵᠤ᠂ ᠲᠦᠷᠭᠡᠨ ᠬᠦᠷᠭᠡᠭ᠌ᠴᠢ᠂ ᠲᠦᠷᠢᠶᠡᠰᠦᠨ ᠮᠠᠱᠢᠨ ᠲᠡᠷᠭᠡᠨ ᠤ᠋ ᠵᠢᠯᠣᠭᠣᠴᠢ ᠵᠡᠷᠭᠡ ᠱᠢᠨ᠎ᠡ ᠡᠵᠡᠩᠨᠡᠯᠲᠡ ᠶ᠋ᠢᠨ ᠬᠡᠯᠪᠡᠷᠢ ᠶ᠋ᠢᠨ ᠬᠦᠮᠦᠰ ᠢ᠋ 《ᠨᠡᠢᠭᠡᠮ ᠲᠣᠭᠣᠷᠢᠭ ᠤ᠋ᠨ ᠲᠤᠱᠢᠶᠠᠯ ᠬᠠᠪᠰᠤᠷᠭᠠᠭ᠍ᠰᠠᠨ ᠲᠤᠤᠷᠵᠢᠯ ᠤ᠋ᠨ ᠠᠵᠢᠯᠲᠠᠨ》 ᠪᠣᠯᠭᠠᠵᠤ᠂ ᠪᠥᠬᠥ᠌ ᠬᠣᠲᠠ ᠶ᠋ᠢᠨ ᠲᠤᠰᠭᠠᠶ ᠲᠤᠱᠢᠶᠠᠯ ᠤ᠋ᠨ ᠪᠠ ᠲᠤᠱᠢᠶᠠᠯ ᠬᠠᠪᠰᠤᠷᠭᠠᠭ᠍ᠰᠠᠨ ᠲᠤᠤᠷᠵᠢᠯ ᠤ᠋ᠨ ᠠᠵᠢᠯᠲᠠᠨ ᠨᠢᠭᠡᠨᠲᠡ 13209 ᠪᠣᠯᠵᠣ᠂ ᠵᠠᠰᠠᠯᠲᠠ ᠶ᠋ᠢᠨ ᠬᠦᠴᠤᠨᠢ ᠴᠢᠡᠭᠭᠠᠳᠬᠠᠪᠠ᠃
《ᠬᠥᠷᠰᠢ ᠵᠡᠷᠭᠡᠯᠡᠳᠡᠭᠡ ᠶ᠋ᠢᠨ ᠵᠠᠭᠤᠷᠠᠯᠳᠤᠭᠠᠨ ᠢ᠋ ᠱᠢᠢᠳᠪᠦᠷᠢᠯᠡᠬᠦ᠌ ᠡᠴᠡ ᠤᠯᠠᠨ ᠲᠦᠮᠡᠨ ᠤ᠋ ᠬᠦᠰᠡᠯ ᠱᠠᠭᠠᠷᠳᠠᠯᠭ᠎ᠠ ᠵᠢ ᠠᠶᠠᠳᠠᠨ ᠲᠠᠭᠠᠬᠤ ᠬᠦᠷᠲᠡᠯ᠎ᠡ᠂ ᠨᠠᠮ ᠤ᠋ᠨ ᠵᠣᠬᠢᠶᠠᠨ ᠪᠠᠢᠭᠤᠯᠤᠯᠲᠠ ᠶ᠋ᠢᠨ ᠬᠦᠲᠦᠯᠦᠨ ᠳᠠᠭᠠᠭᠤᠯᠭ᠎ᠠ ᠳᠤᠤᠷ᠎ᠠ ᠡᠯ᠎ᠡ ᠲᠠᠯ᠎ᠠ ᠶ᠋ᠢᠨ ᠬᠢᠨ ᠬᠠᠮᠵᠢᠯᠴᠠᠨ ᠬᠦᠴᠦᠯᠡᠵᠦ᠍᠂ ᠪᠦᠬᠦ᠌ ᠬᠤᠳᠠ ᠶ᠋ᠢᠨ ᠦᠨᠳᠦᠰᠦᠨ ᠱᠠᠲᠤᠨ ᠤ᠋ ᠵᠠᠰᠠᠯᠲᠠ ᠶ᠋ᠢ ᠨᠡᠩ ᠰᠠᠭᠠᠳ ᠦᠭᠡᠢ ᠪᠣᠯᠭᠠᠪᠠ》 ᠭᠡᠵᠦ᠍ ᠲᠦᠩᠯᠢᠶᠣᠤ ᠬᠣᠲᠠ ᠶ᠋ᠢᠨ ᠨᠠᠮ ᠤ᠋ᠨ ᠬᠣᠷᠢᠶᠠᠵᠢᠨ ᠤᠯᠤᠰ ᠲᠥᠷᠥ᠍ ᠬᠠᠤᠯᠢ ᠴᠠᠭᠠᠵᠠ ᠶ᠋ᠢᠨ ᠬᠣᠷᠢᠶᠠᠵᠢᠨ ᠳᠡᠳ᠋ ᠱᠦᠵᠢ ᠪᠠᠶᠠᠨᠰᠠᠩ ᠲᠠᠨᠢᠯᠴᠠᠭᠤᠯᠪᠠ᠃
《ᠤᠬᠠᠮᠰᠠᠷ ᠡᠴᠡ ᠪᠠᠨ ᠰᠡᠷᠡᠵᠦ ᠮᠡᠳᠡᠵᠤ》 ᠵᠠᠭᠤᠷᠠᠯᠳᠤᠭᠠᠨᠢ ᠡᠶᠡᠳᠠᠬᠦᠯᠵᠤ᠂ ᠵᠠᠰᠠᠯᠲᠠ ᠶ᠋ᠢᠨ ᠱᠢᠨ᠎ᠡ ᠬᠥᠳᠡᠯᠭᠡᠬᠦ᠌ ᠬᠦᠴᠤᠨᠢ ᠬᠦᠭᠵᠢᠭᠡᠪᠠ
《ᠬᠤᠪᠢ ᠢᠷᠦᠭᠡᠯ ᠲᠠᠢ ᠪᠠᠢᠬᠤ ᠳᠠᠭᠠᠨ ᠬᠦᠷᠰᠢ ᠵᠡᠷᠭᠡᠯᠡᠳᠡᠭᠡ ᠰᠠᠭᠤᠳᠠᠭ᠃ ᠬᠦᠷᠰᠢ ᠵᠡᠷᠭᠡᠯᠡᠳᠡᠭᠡ ᠪᠡᠷ ᠢ᠋ᠶ᠋ᠡᠨ ᠬᠠᠷᠢᠯᠴᠠᠨ ᠬᠠᠮᠵᠢᠯᠴᠠᠨ᠂ ᠬᠠᠷᠢᠯᠴᠠᠨ ᠤᠢᠯᠠᠭᠠᠯᠴᠠᠪᠠᠯ ᠵᠤᠬᠢᠨ᠎ᠠ ᠁》 12 ᠰᠠᠷ᠎ᠠ ᠶ᠋ᠢᠨ 13 ᠤ᠋ ᠡᠳᠦᠷ᠂ ᠬᠣᠷᠴᠢᠨ ᠲᠣᠭᠣᠷᠢᠭ ᠤ᠋ᠨ ᠵᠡᠭᠦᠨ ᠲᠡᠭᠦᠷᠭᠡ ᠶ᠋ᠢᠨ ᠵᠡᠭᠡᠯᠢ ᠭᠤᠳᠤᠮᠵᠢ ᠶ᠋ᠢᠨ ᠾᠧ ᠽᠸ ᠨᠡᠢᠭᠡᠮ ᠲᠣᠭᠣᠷᠢᠭ ᠤ᠋ᠨ ᠵᠥᠪᠳᠡᠯᠴᠡᠬᠦ᠌ ᠲᠠᠰᠤᠭ ᠲᠦ᠍ ᠱᠤᠤᠬᠢᠶᠠᠨ ᠡᠴᠡ ᠪᠣᠯᠤᠬᠰᠠᠨ ᠬᠥᠷᠰᠢ ᠵᠡᠷᠭᠡᠯᠡᠳᠡᠭᠡ ᠶ᠋ᠢᠨ ᠵᠠᠭᠤᠷᠠᠯᠳᠤᠭᠠᠨ ᠢ᠋ ᠡᠶᠡᠳᠡᠭᠦᠯᠵᠦ᠍ ᠪᠠᠢᠪᠠ᠃ ᠨᠠᠮ ᠤ᠋ᠨ ᠳᠤᠭᠤᠢᠯᠠᠩ ᠤ᠋ᠨ ᠪᠦᠷᠢᠯᠳᠦᠬᠦᠨ᠂ ᠲᠤᠤᠷᠵᠢᠯ ᠤ᠋ᠨ ᠠᠵᠢᠯᠲᠠᠨ᠂ ᠠᠰᠠᠷ ᠤ᠋ᠨ ᠳᠠᠷᠤᠭ᠎ᠠ ᠶ᠋ᠢᠨ ᠢᠳᠭᠠᠯᠭᠠ ᠳᠣᠣᠷ᠎ᠠ ᠬᠣᠶᠠᠷ ᠲᠠᠯ᠎ᠠ ᠪᠡᠷ ᠢ᠋ᠶ᠋ᠡᠨ ᠬᠠᠷᠢᠯᠴᠠᠨ ᠠᠭᠤᠴᠢᠯᠠᠵᠤ ᠡᠶᠡᠳᠡᠯᠴᠡᠪᠡ᠃
ᠲᠦᠩᠯᠢᠶᠣᠤ ᠬᠣᠲᠠ ᠦᠨᠳᠦᠰᠦᠨ ᠱᠠᠲᠤᠨ ᠤ᠋ ᠪᠢᠴᠢᠯ ᠵᠠᠰᠠᠯᠲᠠ ᠶ᠋ᠢᠨ ᠲᠣᠭ᠍ᠲᠠᠴᠠ ᠶ᠋ᠢᠨ ᠠᠵᠢᠯᠯᠠᠭᠠᠨ ᠳ᠋ᠤ ᠨᠠᠮ ᠤ᠋ᠨ ᠪᠠᠢᠭᠤᠯᠤᠯᠲᠠ ᠪᠡᠷ ᠬᠥᠲᠥᠯᠥᠨ ᠳᠠᠭᠠᠭᠤᠯᠬᠤ᠂ ᠲᠤᠤᠷᠵᠢᠯ ᠤ᠋ᠨ ᠬᠠᠮᠢᠶᠠᠷᠤᠯᠲᠠ ᠬᠢᠭᠡᠳ ᠰᠠᠭᠤᠭᠠᠯᠢ ᠠᠷᠠᠳ ᠤ᠋ᠨ ᠥᠪᠡᠰᠤᠪᠠᠨ ᠵᠠᠰᠠᠬᠤ ᠵᠢ ᠣᠷᠭᠠᠨᠢᠭ ᠢ᠋ᠶ᠋ᠡᠷ ᠠᠭᠤᠰᠤᠯᠴᠠᠭᠤᠯᠵᠤ᠂ ᠪᠢᠴᠢᠯ ᠵᠠᠰᠠᠯᠲᠠ ᠶ᠋ᠢᠨ 《ᠤᠬᠠᠮᠰᠠᠷ ᠦᠭᠡᠢ ᠪᠡᠷ ᠠᠷᠭᠠᠴᠠᠭᠠᠵᠤ》 ᠪᠠᠢᠭ᠍ᠰᠠᠨ ᠡᠴᠡ ᠪᠠᠨ 《ᠤᠬᠠᠮᠰᠠᠷ ᠡᠴᠡ ᠪᠠᠨ ᠰᠡᠷᠡᠵᠦ᠍ ᠮᠡᠳᠡᠬᠦ᠌》 ᠲᠡᠢᠰᠢ ᠬᠤᠪᠢᠷᠠᠬᠤ ᠵᠢ ᠠᠬᠢᠭᠤᠯᠵᠤ᠂ ᠡᠬᠢ ᠡᠭᠦᠰᠦᠯ ᠡᠴᠡ ᠨᠢ ᠰᠡᠷᠭᠡᠢᠯᠡᠨ ᠡᠵᠡᠮᠳᠡᠬᠦ᠌᠂ ᠣᠯᠠᠨ ᠡᠱᠢᠵᠢᠬᠦᠯᠦᠨ ᠱᠢᠶ᠋ᠳᠪᠦᠷᠢᠯᠡᠬᠦ᠌ ᠪᠠᠢᠷᠢᠱᠢᠯ ᠢ᠋ ᠪᠠᠢᠭᠤᠯᠪᠠ᠃
ᠺᠠᠢᠯᠦ᠍ ᠱᠢᠶᠠᠨ ᠲᠤᠤᠷᠵᠢᠯ ᠢ᠋ ᠣᠨᠣᠴᠠᠲᠠᠢ ᠬᠤᠪᠢᠶᠠᠷᠢᠯᠠᠬᠤ᠂ ᠲᠤᠤᠷᠵᠢᠯ ᠤ᠋ᠨ ᠠᠵᠢᠯᠲᠠᠨ᠂ ᠬᠣᠯᠪᠣᠭᠠᠳᠤ ᠡᠷᠦᠬᠡ ᠶ᠋ᠢᠨ ᠳᠠᠷᠤᠭ᠎ᠠ ᠵᠢ ᠰᠣᠩᠭᠣᠨ ᠤᠷᠢᠬᠤ ᠠᠷᠭ᠎ᠠ ᠵᠢ ᠲᠣᠭ᠍ᠲᠠᠭᠠᠬᠤ᠂ ᠲᠣᠭ᠍ᠲᠠᠮᠠᠯ ᠬᠤᠭᠤᠴᠠᠭᠠᠳᠤ ᠪᠣᠯᠪᠠᠰᠤᠷᠠᠯ ᠢ᠋ ᠵᠣᠬᠢᠶᠠᠨ ᠪᠠᠢᠭᠤᠯᠬᠤ᠂ ᠬᠢᠨᠠᠨ ᠰᠢᠯᠭᠠᠵᠤ ᠦᠨᠡᠯᠡᠬᠦ ᠦᠷ᠎ᠡ ᠳ᠋ᠦᠩ ᠢ᠋ ᠶᠡᠷᠦᠩᠬᠡᠢᠯᠡᠨ ᠬᠡᠷᠡᠭ᠌ᠯᠡᠬᠦ᠌ ᠵᠡᠷᠭᠡ ᠠᠷᠭ᠎ᠠ ᠬᠡᠮᠵᠢᠶ᠎ᠡ ᠪᠡᠷ ᠳᠠᠮᠵᠢᠭᠤᠯᠤᠨ ᠲᠤᠤᠷᠵᠢᠯ ᠤ᠋ᠨ ᠠᠵᠢᠯᠲᠠᠨ ᠲᠣᠭ᠍ᠲᠠᠮᠠᠯ ᠬᠤᠭᠤᠴᠠᠭ᠎ᠠ ᠲᠠᠢ ᠮᠠᠯᠵᠢᠬᠤ ᠲᠠᠷᠢᠶᠠᠯᠠᠬᠤ ᠡᠷᠦᠬᠡ ᠳ᠋ᠤ ᠬᠦᠷᠴᠦ᠍ ᠰᠤᠷᠪᠤᠯᠵᠢᠯᠠᠬᠤ᠂ ᠨᠠᠮ ᠤ᠋ᠨ ᠳᠤᠭᠤᠢᠯᠠᠩ ᠭᠠᠴᠠᠭ᠎ᠠ ᠲᠣᠰᠭᠣᠨ ᠤ᠋ ᠡᠬᠢ ᠪᠠᠶᠠᠯᠢᠭ ᠢ᠋ ᠵᠣᠬᠢᠴᠠᠭᠤᠯᠬᠤ᠂ ᠬᠣᠯᠪᠣᠭᠠᠳᠤ ᠡᠷᠦᠬᠡ ᠶ᠋ᠢᠨ ᠳᠠᠷᠤᠭ᠎ᠠ ᠮᠠᠯᠴᠢᠨ ᠲᠠᠷᠢᠶᠠᠴᠢᠨ ᠤ᠋ ᠬᠦᠰᠡᠯ ᠱᠠᠭᠠᠷᠳᠠᠯᠭ᠎ᠠ ᠵᠢ ᠳᠠᠮᠵᠢᠭᠤᠯᠬᠤ ᠵᠢ ᠠᠬᠢᠭᠤᠯᠵᠤ᠂ ᠵᠠᠰᠠᠯᠲᠠ ᠶ᠋ᠢᠨ ᠬᠠᠮᠲᠤᠷᠠᠯ ᠬᠦᠴᠦᠨ ᠢ᠋ ᠪᠣᠶ ᠪᠣᠯᠭᠠᠪᠠ᠃ 《ᠡᠨᠡ ᠵᠢᠯ ᠡᠴᠡ ᠨᠠᠭᠠᠰᠢ᠂ ᠦᠨᠳᠦᠰᠦᠨ ᠱᠠᠲᠤᠨ ᠤ᠋ ᠪᠢᠴᠢᠯ ᠵᠠᠰᠠᠯᠲᠠ ᠶ᠋ᠢᠨ ᠲᠣᠭ᠍ᠲᠠᠴᠠ ᠶ᠋ᠢᠨ ᠦᠶ᠋ᠯᠡᠳᠦᠯ ᠢ᠋ ᠪᠠᠳᠠᠷᠠᠭᠤᠯᠬᠤ ᠪᠡᠷ ᠳᠡᠮᠵᠢᠨ᠂ ᠮᠠᠨ ᠤ᠋ ᠱᠢᠶᠠᠨ ᠨᠡᠢᠲᠡ 799 ᠵᠥᠷᠢᠴᠡᠯ ᠵᠠᠭᠤᠷᠠᠯᠳᠤᠭᠠᠨ ᠢ᠋ ᠪᠠᠢᠴᠠᠭᠠᠨ ᠱᠢᠶ᠋ᠳᠪᠦᠷᠢᠯᠡᠵᠦ᠍᠂ ᠱᠢᠶ᠋ᠳᠪᠦᠷᠢᠯᠡᠭ᠌ᠰᠡᠨ ᠨᠣᠷᠮ᠎ᠠ 96.8% ᠳ᠋ᠤ ᠬᠦᠷᠴᠡᠶ》 ᠭᠡᠵᠦ᠍ ᠺᠠᠢᠯᠦ᠍ ᠱᠢᠶᠠᠨ ᠤ᠋ ᠨᠠᠮ ᠤ᠋ᠨ ᠬᠣᠷᠢᠶᠠᠵᠢᠨ ᠳᠡᠳ᠋ ᠱᠦᠵᠢ᠂ ᠤᠯᠤᠰ ᠲᠥᠷᠥ᠍ ᠬᠠᠤᠯᠢ ᠴᠠᠭᠠᠵᠠ ᠶ᠋ᠢᠨ ᠬᠣᠷᠢᠶᠠᠵᠢᠨ ᠱᠦᠵᠢ ᠯᠢ ᠵᠢᠶᠠᠨ ᠬᠣᠶ ᠬᠡᠯᠡᠯ᠎ᠠ᠃
ᠡᠨᠡ ᠵᠢᠯ ᠡᠴᠡ ᠨᠠᠭᠠᠰᠢ᠂ ᠲᠦᠩᠯᠢᠶᠣᠤ ᠬᠣᠲᠠ ᠶ᠋ᠢᠨ ᠦᠨᠳᠦᠰᠦᠨ ᠱᠠᠲᠤᠨ ᠤ᠋ ᠵᠥᠷᠢᠴᠡᠯ ᠵᠠᠭᠤᠷᠠᠯᠳᠤᠭᠠᠨ ᠢ᠋ ᠱᠢᠶ᠋ᠳᠪᠦᠷᠢᠯᠡᠭᠰᠡᠨ ᠨᠣᠷᠮ᠎ᠠ 90% ᠡᠴᠡ ᠳᠡᠭᠡᠭ᠌ᠰᠢ ᠳ᠋ᠤ ᠲᠣᠭ᠍ᠲᠠᠪᠤᠷᠢᠵᠢᠵᠤ᠂ ᠦᠨᠳᠦᠰᠦᠨ ᠱᠠᠲᠤᠨ ᠤ᠋ ᠵᠠᠰᠠᠯᠲᠠ ᠶ᠋ᠢᠨ ᠦᠷ᠎ᠡ ᠪᠦᠲᠦᠮᠵᠢ ᠨᠡᠩ ᠳᠤᠪᠤᠢᠮ᠎ᠠ ᠪᠣᠯᠪᠠ᠃
《ᠤᠯᠠᠨ ᠲᠠᠯ᠎ᠠ ᠡᠴᠡ ᠴᠢᠳᠠᠪᠤᠷᠢ ᠣᠯᠭᠣᠵᠤ》 ᠤᠷᠳᠤ ᠬᠤᠭᠤᠴᠠᠭᠠᠨ ᠤ᠋ ᠪᠦᠲᠦᠮᠵᠢᠲᠡᠢ ᠪᠠᠢᠬᠤ ᠵᠢ ᠠᠬᠢᠭᠤᠯᠤᠨ᠂ ᠤᠯᠠᠨ ᠲᠦᠮᠡᠨ ᠤ᠋ ᠬᠠᠨᠤᠮᠵᠢ ᠶ᠋ᠢᠨ ᠬᠡᠮᠵᠢᠶ᠎ᠡ ᠵᠢ ᠳᠡᠭᠡᠭ᠌ᠰᠢᠯᠡᠭᠦᠯᠪᠡ
ᠦᠨᠳᠦᠰᠦᠨ ᠱᠠᠲᠤᠨ ᠤ᠋ ᠪᠢᠴᠢᠯ ᠵᠠᠰᠠᠯᠲᠠ ᠶ᠋ᠢᠨ ᠡᠩᠨᠡᠭᠡ ᠶ᠋ᠢᠨ ᠲᠣᠭ᠍ᠲᠠᠭᠤᠨ᠂ ᠦᠷ᠎ᠡ ᠪᠦᠲᠦᠮᠵᠢ ᠳᠤᠪᠤᠢᠮ᠎ᠠ ᠪᠠᠢᠬᠤ ᠵᠢ ᠭᠡᠷᠬᠢᠨ ᠠᠬᠢᠭᠤᠯᠵᠤ᠂ ᠡᠭᠦᠨ ᠤ᠋ ᠤᠯᠠᠮ ᠢ᠋ᠶ᠋ᠡᠷ ᠦᠨᠳᠦᠰᠦᠨ ᠱᠠᠲᠤᠨ ᠤ᠋ ᠪᠢᠴᠢᠯ ᠵᠠᠰᠠᠯᠲᠠ ᠵᠢ 《ᠣᠬᠣᠷ ᠬᠤᠭᠤᠴᠠᠭ᠎ᠠ ᠠᠬᠢᠭᠤᠯᠵᠤ》 ᠪᠠᠢᠭ᠍ᠰᠠᠨ ᠡᠴᠡ 《ᠣᠷᠳᠣ ᠬᠤᠭᠤᠴᠠᠭ᠎ᠠ ᠪᠦᠲᠦᠮᠵᠢᠲᠡᠶ ᠠᠵᠢᠯᠯᠠᠭᠤᠯᠬᠤ》 ᠪᠣᠯᠭᠠᠨ ᠬᠤᠪᠢᠷᠠᠭᠤᠯᠬᠤ ᠵᠢ ᠪᠡᠶᠡᠯᠡᠭᠦᠯᠬᠦ᠌ ᠪᠣᠯ ᠲᠦᠩᠯᠢᠶᠣᠤ ᠬᠣᠲᠠ ᠶ᠋ᠢᠨ ᠴᠢᠬᠤᠯᠠᠴᠢᠯᠠᠨ ᠠᠳᠬᠤᠵᠤ ᠢᠷᠡᠭᠰᠡᠨ ᠠᠰᠠᠭᠤᠳᠠᠯ ᠪᠣᠯᠤᠨ᠎ᠠ ᠃
ᠡᠭᠦᠨᠳᠦ᠂ ᠲᠦᠩᠯᠢᠶᠣᠤ ᠬᠣᠲᠠ ᠲᠦᠷᠢᠮ ᠢ᠋ᠶ᠋ᠡᠷ ᠵᠢᠷᠤᠮᠵᠢᠭᠤᠯᠤᠨ ᠠᠵᠢᠯᠯᠠᠵᠤ᠂ 《ᠲᠦᠩᠯᠢᠶᠣᠤ ᠬᠣᠲᠠ ᠶ᠋ᠢᠨ ᠠᠰᠠᠷ ᠤ᠋ᠨ ᠳᠠᠷᠤᠭ᠎ᠠ (ᠬᠣᠯᠪᠣᠭᠠᠳᠤ ᠡᠷᠦᠬᠡ ᠶ᠋ᠢᠨ ᠳᠠᠷᠤᠭ᠎ᠠ᠂ ᠨᠢᠭᠡᠴᠢ ᠶ᠋ᠢᠨ ᠳᠠᠷᠤᠭ᠎ᠠ) ᠵᠢ ᠰᠣᠩᠭᠣᠨ ᠬᠡᠷᠡᠭ᠌ᠯᠡᠬᠦ᠌ ᠬᠠᠮᠢᠶᠠᠷᠤᠯᠲᠠ ᠶ᠋ᠢᠨ ᠠᠷᠭ᠎ᠠ (ᠲᠤᠷᠱᠢᠨ ᠬᠡᠷᠡᠭ᠌ᠵᠢᠭᠦᠯᠬᠦ᠌)》 ᠵᠢ ᠳᠠᠷᠤᠮᠠᠯᠯᠠᠨ ᠲᠠᠷᠬᠠᠭᠠᠵᠤ᠂ ᠠᠰᠠᠷ ( ᠬᠣᠯᠪᠣᠭᠠᠳᠤ ᠡᠷᠦᠬᠡ᠂ ᠨᠢᠭᠡᠴᠢ) ᠤ᠋ᠨ ᠳᠠᠷᠤᠭ᠎ᠠ ᠵᠢ ᠰᠣᠩᠭᠣᠨ ᠬᠡᠷᠡᠭ᠌ᠯᠡᠬᠦ᠌ ᠪᠠᠷᠢᠮᠵᠢᠶ᠎ᠠ᠂ ᠰᠣᠩᠭᠣᠨ ᠬᠡᠷᠡᠭ᠌ᠯᠡᠬᠦ᠌ ᠲᠠᠰ ᠳᠠᠷᠠᠭᠠᠯᠠᠯ᠂ ᠡᠭᠦᠷᠭᠡ ᠬᠠᠷᠢᠭᠤᠴᠠᠯᠭ᠎ᠠ᠂ ᠬᠦᠷᠳᠡᠭᠡᠮᠵᠢ ᠣᠯᠭᠣᠮᠵᠢᠵᠢᠨ ᠪᠠᠲᠤᠯᠠᠭ᠎ᠠ ᠵᠢᠴᠢ ᠬᠢᠨᠠᠨ ᠱᠢᠯᠭᠠᠵᠤ ᠦᠨᠡᠯᠡᠬᠦ᠌ ᠠᠷᠭ᠎ᠠ ᠬᠡᠮᠵᠢᠶ᠎ᠡ ᠵᠢ ᠲᠣᠳᠣᠷᠬᠠᠢᠯᠠᠪᠠ᠃ ᠲᠦᠩᠯᠢᠶᠣᠤ ᠬᠣᠲᠠ ᠶ᠋ᠢᠨ ᠨᠠᠮ ᠤ᠋ᠨ ᠬᠣᠷᠢᠶᠠᠵᠢᠨ ᠤᠯᠤᠰ ᠲᠥᠷᠥ᠍ ᠬᠠᠤᠯᠢ ᠴᠠᠭᠠᠵᠠ ᠶ᠋ᠢᠨ ᠬᠤᠷᠢᠶ᠎ᠠ᠂ ᠬᠣᠲᠠ ᠶ᠋ᠢᠨ ᠨᠠᠮ ᠤ᠋ᠨ ᠬᠣᠷᠢᠶᠠᠨ ᠤ᠋ ᠵᠣᠬᠢᠶᠠᠨ ᠪᠠᠢᠭᠤᠯᠬᠤ ᠬᠡᠯᠲᠡᠰ᠂ ᠨᠡᠢᠭᠡᠮ ᠤ᠋ᠨ ᠠᠵᠢᠯ ᠤ᠋ᠨ ᠬᠡᠯᠲᠡᠰ ᠲᠠᠢ ᠬᠠᠮᠲᠤᠷᠠᠨ ᠲᠤᠤᠷᠵᠢᠯ ᠤ᠋ᠨ ᠡᠭᠦᠷᠭᠡ ᠶ᠋ᠢᠨ ᠨᠠᠷᠢᠨ ᠳᠠᠨᠭᠰᠠ ᠵᠢ ᠲᠡᠭᠦᠯᠳᠡᠷᠵᠢᠭᠦᠯᠵᠦ᠍᠂ ᠪᠢᠴᠢᠯ ᠵᠠᠰᠠᠯᠲᠠ ᠶ᠋ᠢᠨ ᠠᠵᠢᠯᠲᠠᠨ ᠤ᠋ 《ᠲᠤᠱᠢᠶᠠᠯ ᠬᠠᠷᠢᠭᠤᠴᠠᠯᠭ᠎ᠠ ᠪᠠᠨ ᠭᠦᠶ᠋ᠴᠡᠳᠭᠡᠬᠦ᠌ ᠦᠨᠳᠦᠰᠦᠨ ᠴᠢᠳᠠᠪᠤᠷᠢ》 ᠵᠢ ᠪᠠᠲᠤᠳᠭᠠᠪᠠ᠃
ᠦᠨᠳᠦᠰᠦᠨ ᠱᠠᠲᠤᠨ ᠤ᠋ ᠡᠩᠨᠡᠭᠡ ᠵᠢ ᠲᠣᠭ᠍ᠲᠠᠭᠤᠨ ᠪᠠᠢᠯᠭᠠᠵᠤ᠂ ᠰᠠᠢᠲᠤᠷ ᠠᠵᠢᠯᠯᠠᠭᠤᠯᠬᠤ ᠳ᠋ᠤ᠂ ᠬᠥᠷᠲᠡᠭᠡᠮᠵᠢ ᠣᠯᠭᠣᠮᠵᠢ ᠶ᠋ᠢᠨ ᠪᠠᠲᠤᠯᠠᠭ᠎ᠠ ᠪᠠ ᠤᠷᠮᠠᠱᠢᠭᠤᠯᠬᠤ ᠲᠣᠭ᠍ᠲᠠᠴᠠ ᠪᠣᠯ ᠵᠠᠩᠭᠢᠯᠠᠭ᠎ᠠ ᠪᠣᠯᠤᠨ᠎ᠠ᠃ ᠺᠠᠢᠯᠦ᠍ ᠱᠢᠶᠠᠨ ᠬᠥᠳᠡᠭᠡ ᠲᠣᠰᠭᠣᠨ ᠤ᠋ ᠲᠤᠰᠭᠠᠶ ᠲᠤᠱᠢᠶᠠᠯᠲᠤ ᠲᠤᠤᠷᠵᠢᠯ ᠤ᠋ᠨ ᠠᠵᠢᠯᠲᠠᠨ ᠤ᠋ ᠴᠠᠯᠢᠩ ᠢ᠋ ᠡᠳ᠋ ᠤ᠋ᠨ ᠵᠠᠰᠠᠭ ᠤ᠋ᠨ ᠰᠠᠯᠠᠭ᠎ᠠ ᠮᠥᠴᠢᠷ ᠡᠴᠡ ᠨᠢᠭᠡᠳᠦᠯᠲᠡᠶ ᠲᠥᠰᠦᠪ ᠲᠣᠭ᠍ᠲᠠᠭᠠᠨᠠ ᠭᠡᠵᠦ᠍ ᠲᠣᠳᠣᠷᠬᠠᠶ ᠲᠣᠭ᠍ᠲᠠᠭᠠᠪᠠ; ᠵᠠᠷᠤᠳ ᠬᠣᠱᠢᠭᠤ ᠬᠠᠮᠲᠤ ᠶ᠋ᠢᠨ ᠠᠵᠤ ᠠᠬᠤᠶ ᠡᠴᠡ ᠦᠨᠳᠦᠰᠦᠨ ᠱᠠᠲᠤᠨ ᠤ᠋ ᠵᠠᠰᠠᠯᠲᠠ ᠶ᠋ᠢᠨ ᠠᠵᠢᠯᠲᠠᠨ ᠤ᠋ ᠣᠯᠭᠣᠮᠵᠢ ᠳ᠋ᠤ ᠨᠦᠬᠦᠪᠦᠷᠢ ᠦᠭᠭᠦ ᠪᠠᠲᠤᠯᠠᠭ᠎ᠠ ᠶ᠋ᠢᠨ ᠲᠣᠭ᠍ᠲᠠᠴᠠ ᠵᠢ ᠪᠠᠢᠭᠤᠯᠪᠠ ᠁ ᠡᠯ᠎ᠡ ᠭᠠᠵᠠᠷ ᠤ᠋ᠨ ᠬᠢᠨ ᠭᠠᠵᠠᠷ ᠣᠷᠣᠨ ᠤ᠋ ᠪᠠᠢᠳᠠᠯ ᠳ᠋ᠠᠭᠠᠨ ᠲᠣᠬᠢᠷᠠᠭᠤᠯᠤᠨ ᠤᠷᠮᠠᠱᠢᠭᠤᠯᠬᠤ ᠠᠷᠭ᠎ᠠ ᠲᠣᠭ᠍ᠲᠠᠭᠠᠵᠤ᠂ ᠠᠵᠢᠯ ᠤ᠋ᠨ ᠪᠠᠢᠷᠢ ᠶ᠋ᠢᠨ ᠲᠠᠲᠠᠬᠤ ᠬᠦᠴᠦᠨ ᠢ᠋ ᠦᠨᠡᠨ ᠬᠦ᠌ ᠴᠢᠩᠭᠠᠳᠭᠠᠵᠤ᠂ ᠦᠨᠳᠦᠰᠦᠨ ᠱᠠᠲᠤᠨ ᠤ᠋ ᠵᠠᠰᠠᠯᠲᠠ ᠶ᠋ᠢᠨ ᠦᠷ᠎ᠡ ᠪᠦᠲᠦᠮᠵᠢ ᠵᠢ ᠳᠡᠭᠡᠭ᠌ᠰᠢᠯᠡᠭᠦᠯᠪᠡ᠃
ᠲᠣᠭ᠎ᠠ ᠪᠠᠷᠢᠮᠲᠠ ᠪᠡᠷ ᠬᠦᠴᠦᠨ ᠨᠡᠮᠡᠷᠢᠯᠡᠬᠦ ᠨᠢ ᠪᠢᠴᠢᠯ ᠵᠠᠰᠠᠯᠲᠠ ᠳ᠋ᠤ ᠠᠬᠢᠭᠤᠯᠬᠤ ᠦᠢᠯᠡᠳᠤᠯ ᠦᠵᠡᠬᠦᠯᠪᠠ᠃ ᠲᠦᠩᠯᠢᠶᠣᠤ ᠬᠣᠲᠠ ᠶ᠋ᠢᠨ ᠨᠠᠮ ᠤ᠋ᠨ ᠬᠣᠷᠢᠶᠠᠵᠢᠨ ᠤᠯᠤᠰ ᠲᠥᠷᠥ᠍ ᠬᠠᠤᠯᠢ ᠴᠠᠭᠠᠵᠠ ᠶ᠋ᠢᠨ ᠬᠤᠷᠢᠶ᠎ᠠ ᠵᠥᠷᠢᠴᠡᠯ ᠵᠠᠭᠤᠷᠠᠯᠳᠤᠭᠠᠨ ᠢ᠋ ᠱᠢᠶ᠋ᠳᠪᠦᠷᠢᠯᠡᠬᠦ᠌᠂ ᠰᠡᠳᠭᠢᠴᠡ ᠶ᠋ᠢᠨ ᠵᠥᠪᠯᠡᠯᠭᠡ ᠥᠭ᠌ᠬᠦ᠂ ᠬᠠᠤᠯᠢ ᠴᠠᠭᠠᠵᠠ ᠶ᠋ᠢᠨ ᠵᠥᠪᠯᠡᠯᠭᠡ ᠥᠭ᠌ᠬᠦ᠂ ᠠᠷᠠᠳ ᠤ᠋ᠨ ᠰᠠᠨᠠᠭ᠎ᠠ ᠵᠢ ᠴᠤᠭ᠍ᠯᠠᠭᠤᠯᠬᠤ ᠵᠢ ᠨᠢᠭᠡ ᠴᠣᠭ᠍ᠴᠠᠵᠢᠭᠤᠯᠤᠭ᠍ᠰᠠᠨ 《ᠰᠦᠯᠵᠢᠶᠡᠨ ᠳᠡᠭᠡᠷᠡᠬᠢ ᠹᠸᠩᠴᠢᠶᠣᠤ ᠶ᠋ᠢᠨ ᠦᠭᠡ ᠦᠯᠡᠳᠡᠭᠡᠬᠦ᠌ ᠰᠠᠮᠪᠠᠷ᠎ᠠ》 ᠶ᠋ᠢᠨ ᠵᠢᠷᠭᠢᠶ᠎ᠡ ᠶ᠋ᠢᠨ ᠵᠢᠵᠢᠭ ᠫᠷᠤᠭ᠌ᠷᠠᠮ ᠢ᠋ ᠪᠠᠢᠭᠤᠯᠪᠠ᠃ 《ᠣᠳᠣ ᠠᠰᠠᠭᠤᠳᠠᠯ ᠢ᠋ ᠱᠢᠶ᠋ᠳᠪᠦᠷᠢᠯᠡᠬᠦ᠌ ᠠᠷᠭ᠎ᠠ ᠵᠠᠮ ᠣᠯᠠᠱᠢᠷᠠᠵᠤ᠂ 〈ᠭᠡᠷ ᠤ᠋ᠨ ᠡᠭᠦᠳᠡᠨ〉 ᠳ᠋ᠡᠬᠢ ᠵᠦᠷᠢᠴᠡᠯ ᠵᠠᠭᠤᠷᠠᠯᠳᠤᠭᠠᠨ ᠢ᠋ ᠱᠢᠶ᠋ᠳᠪᠦᠷᠢᠯᠡᠬᠦ᠌ ᠦᠢᠯᠡᠴᠢᠯᠡᠭᠡᠨ ᠤ᠋ ᠲᠤᠤᠷ ᠨᠢ ᠮᠠᠰᠢ ᠳᠥᠭᠥᠮ ᠪᠣᠯᠭᠠᠵᠠᠢ》 ᠭᠡᠵᠦ᠍ ᠲᠦᠩᠯᠢᠶᠣᠤ ᠬᠣᠲᠠ ᠶ᠋ᠢᠨ ᠰᠠᠭᠤᠭᠠᠯᠢ ᠠᠷᠠᠳ ᠸᠠᠩ ᠴᠧᠨᠭ ᠭᠡᠯᠡᠨ᠎ᠠ ᠃
ᠲᠦᠩᠯᠢᠶᠣᠤ ᠬᠣᠲᠠᠵᠢᠨ ᠬᠢᠨ ᠦᠨᠳᠦᠰᠦᠨ ᠱᠠᠲᠤᠨ ᠤ᠋ ᠪᠢᠴᠢᠯ ᠵᠠᠰᠠᠯᠲᠠ ᠶ᠋ᠢᠨ ᠲᠣᠭ᠍ᠲᠠᠴᠠ ᠶ᠋ᠢᠨ ᠥᠨᠳᠥᠷ ᠪᠦᠲᠦᠮᠵᠢᠲᠡᠶ ᠠᠵᠢᠯᠯᠠᠭᠠᠨ ᠢ᠋ᠶ᠋ᠡᠷ ᠦᠨᠳᠦᠰᠦᠨ ᠱᠠᠲᠤᠨ ᠤ᠋ ᠴᠢᠳᠠᠮᠠᠭᠠᠶ ᠵᠠᠰᠠᠯᠲᠠ ᠶ᠋ᠢᠨ ᠠᠮᠢᠳᠤᠯᠢᠭ ᠬᠠᠷᠢᠭᠤᠯᠲᠠ ᠶ᠋ᠢᠨ ᠬᠠᠭᠤᠳᠠᠰᠤ ᠵᠢ ᠪᠢᠴᠢᠭ᠌ᠯᠡᠵᠦ᠍᠂ 《ᠵᠥᠷᠢᠴᠡᠯ ᠪᠠᠭ᠎ᠠ᠂ ᠦᠶ᠋ᠯᠡᠴᠢᠯᠡᠭᠡ ᠱᠢᠯᠢᠳᠡᠭ᠂ ᠬᠥᠷᠰᠢ ᠵᠡᠷᠭᠡᠯᠡᠳᠡᠭᠡ ᠳᠣᠲᠣᠨᠣ》 ᠪᠠᠢᠬᠤ ᠵᠣᠯ ᠵᠢᠷᠭᠠᠯᠲᠤ ᠪᠠᠢᠳᠠᠯᠢ ᠪᠤᠢ ᠪᠤᠯᠭᠠᠪᠠ᠃