— ᠦᠪᠦᠷ ᠮᠤᠩᠭᠤᠯ᠎ᠤᠨ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠤ ᠪᠡᠶ᠎ᠡ᠎ᠶ᠋ᠢᠨ ᠲᠠᠮᠢᠷ᠎ᠤᠨ ᠬᠦᠭᠵᠢᠯᠲᠡ ᠵᠢ ᠳᠡᠮᠳᠡᠭᠯᠡᠪᠡ
ᠪᠥᠬᠥ᠌ ᠠᠷᠠᠳ᠎ᠤᠨ ᠪᠡᠶ᠎ᠡ ᠴᠢᠭᠢᠷᠠᠭ᠍ᠵᠢᠭᠤᠯᠬᠤ ᠣᠯᠠᠨ ᠨᠡᠢᠲᠡ᠎ᠶ᠋ᠢᠨ ᠦᠶ᠋ᠯᠡᠴᠢᠯᠡᠭᠡᠨ᠎ᠦ ᠱᠢᠰᠲ᠋ᠧᠮ᠎ᠢ ᠲᠡᠭᠦᠯᠳᠡᠷᠵᠢᠭᠦᠯᠦᠭ᠌ᠰᠡᠨ᠎ᠡᠴᠡ ᠠᠪᠤᠭᠠᠳ ᠤᠷᠤᠯᠳᠤᠭᠠᠨ᠎ᠤ ᠪᠡᠶ᠎ᠡ᠎ᠶ᠋ᠢᠨ ᠲᠠᠮᠢᠷ᠎ᠤᠨ ᠱᠢᠪᠲᠤᠯᠤᠯᠲᠠ᠎ᠶ᠋ᠢᠨ ᠴᠢᠨᠠᠷᠲᠠᠶ ᠠᠮᠵᠢᠯᠲᠠ ᠪᠦᠲᠦᠮᠵᠢ ᠵᠢ ᠪᠢᠴᠢᠭᠯᠡᠭᠰᠡᠨ ᠬᠦᠷᠳᠡᠯ᠎ᠡ᠂ ᠵᠠᠯᠠᠭᠤᠴᠤᠳ ᠪᠠᠭᠠᠴᠤᠳ᠎ᠤᠨ ᠪᠡᠶ᠎ᠡ᠎ᠶ᠋ᠢᠨ ᠲᠠᠮᠢᠷ᠎ᠤᠨ ᠦᠢᠯᠡᠰ᠎ᠤᠨ ᠥᠷᠨᠢᠩᠭᠦᠶ ᠬᠥᠭ᠌ᠵᠢᠯᠲᠡ᠎ᠡᠴᠡ ᠪᠡᠶ᠎ᠡ᠎ᠶ᠋ᠢᠨ ᠲᠠᠮᠢᠷ᠎ᠤᠨ ᠠᠵᠤ ᠦᠶ᠋ᠯᠡᠰ᠎ᠦᠨ ᠱᠢᠨ᠎ᠡ᠎ᠶ᠋ᠢ ᠡᠭᠦᠳᠦᠨ ᠲᠠᠰ ᠳᠡᠪᠱᠢᠬᠦ᠌ ᠬᠦᠷᠲᠡᠯ᠎ᠡ᠂ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠳᠤ ᠦᠪᠦᠷ ᠮᠤᠩᠭᠤᠯ ᠣᠮᠣᠭ ᠲᠡᠭᠦᠯᠳᠡᠷ ᠳᠦᠷᠰᠦ ᠪᠠᠢᠳᠠᠯ᠎ᠢᠶᠠᠷ ᠪᠡᠶ᠎ᠡ᠎ᠶ᠋ᠢᠨ ᠲᠠᠮᠢᠷ᠎ᠤᠨ ᠬᠦᠴᠦᠷᠬᠡᠭ ᠣᠷᠣᠨ᠎ᠢ ᠬᠦᠴᠦᠯᠡᠨ ᠪᠠᠢᠭᠤᠯᠵᠤ᠂ ᠬᠢᠯᠠᠯᠵᠠᠬᠰᠠᠨ ᠠᠮᠵᠢᠯᠲᠠ᠎ᠶ᠋ᠢᠨ ᠬᠠᠭᠤᠳᠠᠰᠤ ᠵᠢ ᠲᠤᠱᠢᠶᠠᠪᠠ᠃
ᠪᠦᠬᠦ᠌ ᠠᠷᠠᠳ᠎ᠤᠨ ᠪᠡᠶ᠎ᠡ ᠴᠢᠭᠢᠷᠠᠭ᠍ᠵᠢᠭᠤᠯᠬᠤ ᠲᠤᠤᠷ᠎ᠢ ᠨᠢᠭ᠍ᠲᠠ ᠰᠦᠯᠵᠢᠵᠦ᠍᠂ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠢ ᠠᠮᠢᠳᠤᠷᠠᠯ᠎ᠳᠤ ᠠᠭᠤᠰᠭᠠᠪᠠ
《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠳᠤ ᠥᠪᠥᠷ ᠮᠣᠩᠭᠣᠯ ᠪᠥᠬᠥ᠌ ᠠᠷᠠᠳ᠎ᠤᠨ ᠪᠡᠶ᠎ᠡ ᠴᠢᠭᠢᠷᠠᠭ᠍ᠵᠢᠭᠤᠯᠬᠤ ᠶ᠋ᠢ ᠠᠷᠠᠳ᠎ᠤᠨ ᠠᠮᠢᠳᠤᠷᠠᠯ᠎ᠤᠨ ᠢᠨᠵᠧᠨᠧᠷᠢᠩ᠎ᠦᠨ ᠭᠤᠤᠯ ᠭᠠᠷᠳᠠᠴᠠ ᠪᠣᠯᠭᠠᠵᠤ᠂ ᠲᠣᠨᠣᠭ ᠲᠥᠬᠥᠭᠡᠷᠦᠮᠵᠢ᠎ᠶ᠋ᠢ ᠲᠠᠰ ᠳᠡᠪᠱᠢᠭᠦᠯᠬᠦ᠌᠂ ᠠᠵᠢᠯᠯᠠᠭ᠎ᠠ᠎ᠵᠢᠨ ᠱᠢᠨ᠎ᠡ᠎ᠶ᠋ᠢ ᠡᠭᠦᠳᠬᠦ᠌᠂ ᠦᠶ᠋ᠯᠡᠴᠢᠯᠡᠭᠡ᠎ᠶ᠋ᠢ ᠱᠢᠯᠢᠳᠡᠭ᠌ᠵᠢᠭᠦᠯᠬᠦ᠌ ᠭᠤᠷᠪᠠᠨ ᠶᠡᠬᠡ ᠠᠷᠭ᠎ᠠ ᠬᠡᠮᠵᠢᠶ᠎ᠡ᠎ᠪᠡᠷ ᠳᠠᠮᠵᠢᠭᠤᠯᠤᠨ᠂ 《10 ᠮᠢᠨᠦ᠋ᠲ᠎ᠦᠨ ᠪᠡᠶ᠎ᠡ ᠴᠢᠭᠢᠷᠠᠭ᠍ᠵᠢᠭᠤᠯᠬᠤ ᠲᠣᠭᠣᠷᠢᠭ》 ᠢ᠋ ᠨᠡᠢᠳᠡᠮ ᠪᠦᠷᠬᠦᠬᠦᠯᠵᠦ᠂ ᠣᠯᠠᠨ ᠨᠡᠢᠲᠡ᠎ᠶ᠋ᠢᠨ ᠦᠶ᠋ᠯᠡᠴᠢᠯᠡᠭᠡᠨ᠎ᠦ ᠱᠢᠰᠲ᠋ᠧᠮ᠎ᠢ ᠪᠠᠢᠭᠤᠯᠪᠠ᠃ ᠤᠳᠤᠬᠠᠨ ᠪᠣᠯᠲᠠᠯ᠎ᠠ᠂ ᠪᠥᠬᠥ᠌ ᠣᠷᠣᠨ᠎ᠤ ᠬᠥᠮᠦᠨ ᠳᠤᠮᠳᠠᠴᠢ ᠵᠢᠨ ᠪᠡᠶ᠎ᠡ᠎ᠶ᠋ᠢᠨ ᠲᠠᠮᠢᠷ᠎ᠤᠨ ᠲᠠᠯᠠᠪᠤᠷ᠎ᠤᠨ ᠲᠠᠯᠠᠪᠠᠶ 2.7 ᠲᠡᠭ᠌ᠰᠢ ᠳᠥᠷᠪᠡᠯᠵᠢᠨ ᠮᠧᠲ᠋ᠷ᠎ᠲᠦ ᠬᠦᠷᠴᠦ᠂ ᠪᠡᠶ᠎ᠡ᠎ᠶ᠋ᠢᠨ ᠲᠠᠮᠢᠷ᠎ᠤᠨ ᠪᠣᠯᠪᠠᠰᠤᠷᠠᠯ᠎ᠳᠤ ᠪᠠᠢᠩᠭᠤ ᠣᠷᠣᠯᠴᠠᠬᠤ ᠬᠥᠮᠦᠨ᠎ᠦ ᠲᠣᠭ᠎ᠠ᠎ᠶ᠋ᠢᠨ ᠬᠠᠷᠢᠴᠠᠯ 39% ᠪᠣᠯᠤᠨ ᠳᠡᠭᠡᠭ᠌ᠰᠢᠯᠡᠵᠦ᠍᠂ ᠣᠯᠠᠨ ᠲᠦᠮᠡᠨ᠎ᠦ ᠪᠡᠶ᠎ᠡ ᠴᠢᠭᠢᠷᠠᠭ᠍ᠵᠢᠭᠤᠯᠬᠤ᠎ᠳᠤ ᠲᠥᠬᠥᠮ ᠦᠵᠡᠭᠦᠯᠬᠦ᠌ ᠴᠢᠨᠠᠷ ᠪᠠ ᠤᠯᠠᠨ ᠲᠦᠮᠡᠨ᠎ᠤ ᠣᠷᠣᠯᠴᠠᠬᠤ ᠬᠡᠮᠵᠢᠶ᠎ᠡ ᠬᠤᠤᠰ᠎ᠢᠶᠠᠷ ᠳᠡᠭᠡᠭ᠌ᠰᠢᠯᠡᠪᠡ᠃

ᠮᠦᠰᠦᠨ᠎ᠳᠤ ᠲᠡᠰᠢᠨᠡ
ᠰᠠᠭᠤᠷᠢ ᠲᠦᠭᠦᠭᠡᠷᠦᠮᠵᠢ ᠵᠢᠨ ᠪᠠᠢᠭᠤᠯᠤᠯᠲᠠ ᠵᠢ ᠲᠡᠰ ᠲᠡᠪᠰᠢᠭᠦᠯᠪᠡ᠃ ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ᠎ᠠᠴᠠ ᠨᠡᠢᠲᠡ 25.67 ᠳ᠋ᠦᠩᠱᠢᠭᠤᠷ ᠲᠥᠭᠥᠷᠢᠭ᠎ᠦᠨ ᠲᠤᠰᠭᠠᠶ ᠵᠦᠶ᠋ᠯ᠎ᠦᠨ ᠪᠠᠯᠠ ᠮᠥᠩᠭᠥ᠌ ᠪᠠᠭᠤᠯᠭᠠᠵᠤ᠂ 57 ᠪᠡᠶ᠎ᠡ᠎ᠶ᠋ᠢᠨ ᠲᠠᠮᠢᠷ᠎ᠤᠨ ᠴᠡᠴᠡᠷᠯᠢᠭ᠂ 445 ᠺᠢᠯᠣᠮᠧᠲ᠋ᠷ ᠪᠡᠶ᠎ᠡ ᠴᠢᠭᠢᠷᠠᠭ᠍ᠵᠢᠭᠤᠯᠬᠤ ᠶᠠᠪᠠᠭᠠᠨ ᠵᠠᠮ᠂ 10 ᠱᠢᠩᠭᠡᠯᠢᠭ ᠮᠠᠶᠢᠭ᠎ᠤᠨ ᠬᠥᠯ ᠪᠥᠮᠪᠥᠭᠡᠨ ᠲᠠᠯᠠᠪᠠᠶ᠂ 168 ᠱᠢᠶᠠᠩ ᠪᠠᠯᠭᠠᠰᠤ᠎ᠶ᠋ᠢᠨ ᠣᠯᠠᠨ ᠴᠢᠳᠠᠮᠵᠢᠲᠤ ᠲᠠᠮᠢᠷ᠎ᠤᠨ ᠲᠠᠯᠠᠪᠠᠶ ᠵᠢ ᠪᠥᠲᠥᠭᠡᠨ ᠪᠠᠢᠭᠤᠯᠬᠤ᠎ᠶ᠋ᠢ ᠳᠡᠮᠵᠢᠭ᠌ᠰᠡᠨᠦ ᠬᠠᠮᠲᠤ᠂ 775 ᠨᠡᠢᠭᠡᠮ ᠨᠡᠢᠳᠡ᠎ᠶᠢᠨ ᠬᠥᠯ ᠪᠥᠮᠪᠥᠭᠡ᠎ᠶ᠋ᠢᠨ ᠲᠠᠯᠠᠪᠠᠢ ᠵᠢ ᠪᠥᠲᠥᠭᠡᠨ ᠪᠠᠢᠭᠤᠯᠬᠤ ᠬᠠᠷᠠᠯᠲᠠ᠎ᠵᠢ ᠳᠠᠪᠠᠭᠤᠯᠤᠨ ᠪᠡᠶᠡᠯᠡᠭᠦᠯᠪᠡ᠃ ᠬᠥᠬᠡᠬᠣᠲᠠ᠎ᠪᠠᠷ ᠵᠢᠱ᠌ᠢᠶᠡᠯᠡᠪᠡᠯ᠂ ᠬᠣᠲᠠ᠎ᠶ᠋ᠢᠨ ᠲᠣᠭᠣᠷᠢᠭ᠎ᠤᠨ 《10 ᠮᠢᠨᠦ᠋ᠲ᠎ᠦᠨ ᠪᠡᠶ᠎ᠡ ᠴᠢᠭᠢᠷᠠᠭ᠍ᠵᠢᠭᠤᠯᠬᠤ ᠲᠣᠭᠣᠷᠢᠭ》 ᠢ᠋ ᠪᠥᠬᠥ᠌ ᠲᠠᠯ᠎ᠠ᠎ᠪᠠᠷ ᠪᠠᠢᠭᠤᠯᠵᠤ᠂ ᠬᠣᠱᠢᠭᠤ ᠱᠢᠶᠠᠨ ᠲᠣᠭᠣᠷᠢᠭ᠂ ᠱᠢᠶᠠᠩ ᠪᠠᠯᠭᠠᠰᠤ (ᠵᠡᠭᠡᠯᠢ ᠭᠤᠳᠤᠮᠵᠢ)᠂ ᠵᠠᠰᠠᠭ ᠵᠠᠬᠢᠷᠭᠠᠨ᠎ᠤ ᠲᠣᠰᠭᠣᠨ ᠭᠤᠷᠪᠠᠨ ᠱᠠᠲᠤᠨ᠎ᠤ ᠣᠯᠠᠨ ᠨᠡᠢᠲᠡ᠎ᠶ᠋ᠢᠨ ᠪᠡᠶ᠎ᠡ ᠴᠢᠭᠢᠷᠠᠭ᠍ᠵᠢᠭᠤᠯᠬᠤ ᠲᠦᠬᠦᠭᠡᠷᠦᠮᠵᠢ᠎ᠶ᠋ᠢᠨ ᠪᠦᠷᠬᠦᠴᠡ᠎ᠶ᠋ᠢᠨ ᠨᠣᠷᠮ᠎ᠠ᠎ᠶ᠋ᠢ 100%᠎ᠳ᠋ᠤ ᠬᠦᠷᠭᠡᠵᠦ᠍᠂ 4 ᠪᠡᠶ᠎ᠡ᠎ᠶ᠋ᠢᠨ ᠲᠠᠮᠢᠷ᠎ᠤᠨ ᠴᠡᠴᠡᠷᠯᠢᠭ ᠵᠢᠴᠢ 12 ᠪᠡᠶ᠎ᠡ᠎ᠶ᠋ᠢᠨ ᠲᠠᠮᠢᠷ᠎ᠤᠨ ᠤᠨᠴᠠᠯᠢᠬ ᠪᠦᠬᠦᠢ ᠨᠡᠢᠭᠡᠮ ᠲᠣᠭᠣᠷᠢᠭ ᠱᠢᠨ᠎ᠡ᠎ᠪᠡᠷ ᠨᠡᠮᠡᠭ᠌ᠳᠡᠵᠦ᠍᠂ ᠣᠯᠠᠨ ᠲᠦᠮᠡᠨ᠎ᠦ 《ᠬᠠᠮᠢᠭ᠎ᠠ ᠤᠴᠢᠵᠤ ᠪᠡᠶ᠎ᠡ ᠴᠢᠭᠢᠷᠠᠭ᠍ᠵᠢᠭᠤᠯᠬᠤ》 ᠬᠦᠴᠢᠷ ᠠᠰᠠᠭᠤᠳᠠᠯ᠎ᠢ ᠪᠦᠲᠦᠮᠵᠢᠲᠡᠶ ᠱᠢᠶ᠋ᠳᠪᠦᠷᠢᠯᠡᠪᠡ᠃
ᠠᠵᠢᠯᠯᠠᠭ᠎ᠠ᠎ᠶ᠋ᠢᠨ ᠬᠠᠩᠭᠠᠯᠭ᠎ᠠ᠎ᠶ᠋ᠢ ᠣᠯᠠᠨ ᠡᠱᠢᠵᠢᠭᠦᠯᠪᠡ᠃ ᠪᠥᠬᠥ᠌ ᠣᠷᠣᠨ᠎ᠳᠤ ᠵᠢᠯ ᠳᠤᠮᠳᠠᠴᠢ᠎ᠪᠠᠷ 《ᠲᠠᠪᠤᠨ ᠨᠢᠭᠡ ᠲᠦᠮᠡ》 ᠶ᠋ᠢᠨ ᠢᠨᠵᠧᠨᠧᠷᠢᠩ᠂《ᠡᠷᠡᠭᠦᠯ ᠮᠡᠨᠳᠦ᠍᠎ᠶ᠋ᠢᠨ ᠲᠦᠷᠭᠡᠨ ᠲᠡᠷᠭᠡ᠎ᠶ᠋ᠢ ᠨᠡᠢᠭᠡᠮ ᠲᠣᠭᠣᠷᠢᠭ᠎ᠲᠤ ᠣᠷᠣᠭᠤᠯᠬᠤ》᠂ ᠪᠥᠬᠥ᠌ ᠠᠷᠠᠳ᠎ᠤᠨ ᠰᠠᠭ᠍ᠰᠤᠨ ᠪᠥᠮᠪᠥᠭᠡ᠎ᠶ᠋ᠢᠨ ᠤᠷᠤᠯᠳᠤᠭᠠᠨ ᠵᠡᠷᠭᠡ ᠨᠠᠷᠠᠲᠤ ᠲᠥᠷᠥᠯ ᠲᠡᠮᠳᠡᠭ᠌ᠲᠦ᠍᠎ᠶ᠋ᠢᠨ ᠤᠷᠤᠯᠳᠤᠭᠠᠨ᠎ᠤ ᠠᠵᠢᠯᠯᠠᠭ᠎ᠠ᠎ᠶ᠋ᠢ 2300 ᠭᠠᠷᠤᠶ ᠲᠠᠯᠠᠪᠤᠷ ᠡᠷᠭᠢᠯᠡᠵᠦ᠍᠂ ᠣᠷᠣᠯᠴᠠᠭ᠍ᠰᠠᠨ ᠬᠥᠮᠦᠨ᠎ᠦ ᠲᠣᠭ᠎ᠠ ᠮᠢᠩᠭᠠᠨ ᠲᠦᠮᠡᠨ ᠬᠥᠮᠦᠨ ᠤᠳᠠᠭ᠎ᠠ᠎ᠶ᠋ᠢ ᠳᠠᠪᠠᠪᠠ᠃ ᠡᠭᠦᠨ᠎ᠳᠦ᠂ ᠡᠪᠦᠯ᠎ᠦᠨ ᠤᠯᠠᠷᠢᠯ᠎ᠤᠨ ᠨᠠᠭᠠᠳᠤᠮ᠂ ᠬᠡᠭᠡᠷᠡᠯᠡᠬᠦ᠌᠂ ᠠᠯᠠᠱᠠ᠎ᠶ᠋ᠢᠨ ᠪᠠᠭᠠᠲᠤᠳ᠎ᠤᠨ ᠴᠤᠭ᠍ᠯᠠᠭᠠᠨ ᠵᠡᠷᠭᠡ ᠤᠨᠴᠠᠯᠢᠭ᠍ᠲᠤ ᠤᠷᠤᠯᠳᠤᠭᠠᠨ᠎ᠨᠢ ᠪᠥᠬᠥ᠌ ᠤᠯᠤᠰ᠎ᠢ ᠨᠥᠯᠥᠭᠡᠯᠡᠵᠦ᠍᠂ ᠮᠥᠰᠥ᠍ ᠴᠠᠰᠤᠨ᠎ᠤ ᠲᠠᠮᠢᠷ᠎ᠤᠨ ᠬᠥᠳᠡᠯᠭᠡᠭᠡᠨ᠎ᠳᠦ ᠣᠷᠣᠯᠴᠠᠬᠤ ᠬᠥᠮᠦᠨ᠎ᠦ ᠲᠣᠭ᠎ᠠ᠎ᠵᠢ 《ᠠᠷᠪᠠᠨ ᠭᠤᠷᠪᠠᠳᠤᠭᠠᠷ ᠲᠠᠪᠤᠨ ᠵᠢᠯ》᠎ᠤ᠋ᠨ ᠲᠥᠯᠥᠪᠵᠢᠭᠦᠯᠭᠡ᠎ᠡᠴᠡ 65%᠎ᠪᠠᠷ ᠨᠡᠮᠡᠭ᠌ᠳᠡᠭᠦᠯᠵᠦ᠍᠂ ᠡᠪᠦᠯ᠎ᠦᠨ ᠤᠯᠠᠷᠢᠯ᠎ᠤᠨ ᠲᠥᠷᠥᠯ ᠵᠦᠶ᠋ᠯ᠎ᠦᠨ ᠣᠯᠠᠨ ᠲᠦᠮᠡᠨ᠎ᠦ ᠰᠠᠭᠤᠷᠢ᠎ᠶ᠋ᠢ ᠦᠷᠭᠦᠯᠵᠢᠯᠡᠨ ᠥᠷᠭᠡᠳᠭᠡᠪᠡ᠃
ᠱᠢᠨᠵᠢᠯᠡᠬᠦ᠌ ᠤᠬᠠᠭᠠᠨᠴᠢ᠎ᠪᠠᠷ ᠵᠢᠯᠣᠭᠣᠳᠴᠤ᠌ ᠨᠠᠷᠢᠯᠢᠭ ᠣᠨᠣᠴᠠᠲᠠᠶᠬᠦᠴᠦᠯᠡᠪᠡ᠃ ᠪᠥᠬᠥ᠌ ᠣᠷᠣᠨ᠎ᠤ ᠳᠠᠩᠰᠠᠯᠠᠭᠤᠯᠤᠭ᠍ᠰᠠᠨ ᠨᠡᠢᠭᠡᠮ᠎ᠦᠨ ᠪᠡᠶ᠎ᠡ᠎ᠶ᠋ᠢᠨ ᠲᠠᠮᠢᠷ᠎ᠤᠨ ᠵᠢᠭᠠᠨ ᠵᠢᠯᠣᠭᠣᠳᠣᠭ᠍ᠴᠢ 10.45 ᠲᠦᠮᠡᠨ ᠬᠥᠮᠦᠨ᠎ᠳᠦ ᠬᠦᠷᠴᠦ᠍᠂ ᠮᠢᠩᠭᠠᠨ ᠬᠥᠮᠦᠨ ᠪᠦᠷᠢᠳᠦ ᠪᠠᠷᠤᠭ 2.8 ᠨᠡᠷ᠎ᠡ ᠨᠤᠭᠳᠠᠵᠤ᠂ 40 ᠪᠥᠬᠥ᠌ ᠠᠷᠠᠳ᠎ᠤᠨ ᠪᠡᠶ᠎ᠡ ᠴᠢᠭᠢᠷᠠᠭ᠍ᠵᠢᠭᠤᠯᠬᠤ ᠵᠢᠯᠣᠭᠣᠳᠭᠤ ᠥᠷᠲᠡᠭᠡ᠎ᠶ᠋ᠢ ᠪᠠᠢᠭᠤᠯᠵᠤ᠂ 《ᠰᠦᠯᠵᠢᠶᠡᠨ ᠳᠡᠭᠡᠷ᠎ᠡ + ᠪᠤᠳᠠᠳᠤ ᠴᠤᠬᠴᠠ》 ᠵᠢᠨ ᠪᠣᠰᠣᠭ᠎ᠠ ᠴᠣᠭ᠍ᠴᠠᠲᠤ ᠦᠶ᠋ᠯᠡᠴᠢᠯᠡᠭᠡᠨ᠎ᠦ ᠲᠤᠤᠷ᠎ᠢ ᠪᠦᠷᠢᠯᠳᠦᠭᠦᠯᠪᠡ᠃《ᠲᠠᠮᠢᠷ᠎ᠤᠨ ᠬᠥᠳᠡᠯᠭᠡᠭᠡᠨ᠎ᠦ ᠵᠣᠷ》᠎ᠢ᠋ ᠳᠡᠯᠭᠡᠷᠡᠭᠦᠯᠬᠦ᠌᠎ᠪᠡᠷ ᠳᠡᠮᠵᠢᠨ ᠣᠯᠠᠨ ᠲᠦᠮᠡᠨ᠎ᠦ ᠱᠢᠨᠵᠢᠯᠡᠬᠦ᠌ ᠤᠬᠠᠭᠠᠨᠴᠢ᠎ᠪᠠᠷ ᠪᠡᠶ᠎ᠡ ᠴᠢᠭᠢᠷᠠᠭ᠍ᠵᠢᠭᠤᠯᠬᠤ ᠤᠬᠠᠮᠰᠠᠷ ᠢᠯᠡᠳᠲᠡ ᠴᠢᠩᠭᠠᠷᠠᠵᠤ᠂ ᠲᠠᠮᠢᠷ᠎ᠤᠨ ᠬᠥᠳᠡᠯᠭᠡᠭᠡᠨ᠎ᠦ ᠭᠡᠮᠲᠦᠯ᠎ᠡᠴᠡ ᠪᠣᠯᠵᠣ ᠡᠮᠨᠡᠭᠦᠯᠦᠭ᠌ᠰᠡᠨ ᠬᠥᠮᠦᠨ᠎ᠦ ᠲᠣᠭ᠎ᠠ ᠠᠳᠠᠯᠢ ᠬᠤᠭᠤᠴᠠᠭᠠᠨ᠎ᠤ᠎ᠬᠢ᠎ᠡᠴᠡ 32% ᠵᠢᠡᠷ ᠪᠠᠭᠤᠷᠠᠪᠠ᠃
ᠤᠷᠤᠯᠳᠤᠭᠠᠨ᠎ᠤ ᠪᠡᠶ᠎ᠡ᠎ᠶ᠋ᠢᠨ ᠲᠠᠮᠢᠷ᠎ᠢ ᠬᠦᠭ᠌ᠵᠢᠭᠦᠯᠵᠦ᠍᠂ ᠥᠪᠥᠷ ᠮᠤᠩᠭᠤᠯ᠎ᠤᠨ ᠢᠷᠠᠭᠤ ᠠᠯᠳᠠᠷ᠎ᠢ ᠳᠠᠭᠤᠷᠢᠰᠤᠭᠤᠯᠪᠠ
ᠥᠪᠥᠷ ᠮᠣᠩᠭᠣᠯ᠎ᠤᠨ ᠤᠷᠤᠯᠳᠤᠭᠠᠨ᠎ᠤ ᠪᠡᠶ᠎ᠡ᠎ᠶ᠋ᠢᠨ ᠲᠠᠮᠢᠷ᠎ᠨᠢ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠲᠦᠯᠦᠪᠵᠢᠭᠦᠯᠭᠡ᠎ᠶᠢᠨ ᠬᠤᠭᠤᠴᠠᠭᠠᠨ᠎ᠳᠤ 《ᠭᠠᠭ᠍ᠴᠠ ᠲᠥᠷᠥᠯ ᠵᠦᠶ᠋ᠯ᠎ᠢᠶᠡᠷ ᠲᠦᠷᠦᠭᠦᠯᠡᠬᠦ᠌》 ᠡᠴᠠ 《ᠪᠥᠬᠥ᠌ ᠲᠠᠯ᠎ᠠ᠎ᠪᠠᠷ ᠴᠡᠴᠡᠭ᠌ᠯᠡᠬᠦ᠌》 ᠲᠠᠪᠠᠯᠳᠠᠳᠤ ᠮᠠᠶᠢᠭ᠎ᠤᠨ ᠬᠥᠭ᠌ᠵᠢᠯᠲᠡ᠎ᠶ᠋ᠢ ᠪᠡᠶᠡᠯᠡᠭᠦᠯᠵᠦ᠍᠂ ᠵᠢᠦᠳᠣᠣ ᠪᠦᠭᠡ᠂ ᠤᠯᠠᠮᠵᠢᠯᠠᠯᠲᠤ ᠪᠥᠬᠡ ᠵᠡᠷᠭᠡ ᠳᠠᠪᠠᠭᠤᠯᠢᠭ ᠲᠥᠷᠥᠯ ᠵᠦᠶ᠋ᠯ᠎ᠢᠶᠡᠷ ᠰᠠᠭᠤᠷᠢ ᠪᠣᠯᠭᠠᠨ᠂ ᠣᠲᠣ ᠦᠶ᠎ᠡ᠎ᠶ᠋ᠢᠨ ᠲᠠᠪᠤᠨ ᠲᠥᠷᠥᠯ ᠵᠦᠶ᠋ᠯ᠂ ᠤᠮᠪᠠᠯᠲᠠ ᠵᠡᠷᠭᠡ ᠱᠢᠨ᠎ᠡ᠎ᠪᠡᠷ ᠮᠠᠨᠳᠤᠭ᠍ᠰᠠᠨ ᠬᠦᠷᠢᠶ᠎ᠡ ᠴᠠᠷᠠᠭ᠎ᠠ᠎ᠶ᠋ᠢ ᠥᠷᠭᠡᠳᠭᠡᠵᠦ᠍᠂ ᠰᠠᠢᠨ ᠰᠠᠢᠬᠠᠨ ᠥᠷᠢᠰᠥᠯᠳᠦᠭᠡᠨ᠎ᠦ ᠪᠠᠢᠷᠢᠱᠢᠯ᠎ᠢ ᠪᠦᠷᠢᠯᠳᠦᠭᠦᠯᠪᠡ᠃

ᠡᠯᠡᠰᠦᠨ᠎ᠳᠤ ᠬᠡᠭᠡᠷᠡᠯᠡᠨ ᠠᠯᠬᠤᠬᠤ ᠤᠷᠤᠯᠳᠤᠭᠠᠨ
ᠪᠥᠬᠥ᠌ ᠤᠯᠤᠰ᠎ᠤᠨ ᠪᠡᠶ᠎ᠡ᠎ᠶ᠋ᠢᠨ ᠲᠠᠮᠢᠷ᠎ᠤᠨ ᠴᠤᠭ᠍ᠯᠠᠭᠠᠨ ᠳ᠋ᠦ ᠱᠢᠯᠢᠳᠡᠭ ᠬᠢᠷᠢ ᠪᠦᠲᠦᠮᠵᠢ ᠤᠯᠪᠠ᠃ ᠠᠷᠪᠠᠨ ᠳᠥᠷᠪᠡᠳᠦᠭᠡᠷ ᠬᠤᠭᠤᠴᠠᠭᠠᠨ᠎ᠤ᠋ ᠪᠥᠬᠥ᠌ ᠤᠯᠤᠰ᠎ᠤᠨ ᠪᠡᠶ᠎ᠡ᠎ᠶ᠋ᠢᠨ ᠲᠠᠮᠢᠷ᠎ᠤᠨ ᠴᠤᠭ᠍ᠯᠠᠭᠠᠨ ᠳᠡᠭᠡᠷ᠎ᠡ ᠥᠪᠥᠷ ᠮᠣᠩᠭᠣᠯ᠎ᠤᠨ ᠲᠥᠯᠥᠭᠡᠯᠡᠭ᠌ᠴᠢᠳ᠎ᠦᠨ ᠪᠦᠯᠬᠦᠮ 8 ᠠᠯᠲᠠᠨ ᠮᠧᠳᠠᠯ᠂ 5 ᠮᠥᠩᠭᠥᠨ ᠮᠧᠳᠠᠯ᠂ 10 ᠬᠦᠷᠡᠯ ᠮᠧᠳᠠᠯ᠎ᠤᠨ ᠬᠢᠷᠢ ᠪᠦᠲᠦᠮᠵᠢ᠎ᠪᠡᠷ ᠲᠡᠦᠬᠡ᠎ᠶ᠋ᠢᠨ ᠬᠠᠮᠤᠭ᠎ᠤᠨ ᠰᠠᠢᠨ ᠬᠢᠷᠢ ᠪᠦᠲᠦᠮᠵᠢ᠎ᠶ᠋ᠢ ᠡᠭᠦᠳᠴᠤ᠂ ᠵᠢᠦᠳᠣᠣ ᠪᠦᠭᠡ᠎ᠶ᠋ᠢᠨ ᠲᠥᠷᠥᠯ ᠵᠦᠶ᠋ᠯ᠎ᠳᠦ 4 ᠠᠯᠲᠠᠨ ᠮᠧᠳᠠᠯ᠂ 2 ᠬᠦᠷᠡᠯ ᠮᠧᠳᠠᠯ ᠨᠡᠮᠡᠷᠢᠯᠡᠵᠦ᠍᠂ ᠪᠥᠬᠡ᠎ᠶ᠋ᠢᠨ ᠲᠥᠷᠥᠯ ᠵᠦᠶ᠋ᠯ᠎ᠳᠦ 2 ᠠᠯᠲᠠᠨ ᠮᠧᠳᠠᠯ᠂ 2 ᠮᠥᠩᠭᠥᠨ ᠮᠧᠳᠠᠯ᠂ 4 ᠬᠦᠷᠡᠯ ᠮᠧᠳᠠᠯ ᠰᠢᠭᠦᠷᠪᠡ᠃
ᠤᠷ᠎ᠠ ᠴᠢᠳᠠᠪᠤᠷᠢ᠎ᠶ᠋ᠢᠨ ᠪᠣᠯᠪᠠᠰᠤᠷᠠᠯ ᠳ᠋ᠦ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠬᠦᠴᠦᠨ ᠨᠡᠮᠡᠷᠢᠯᠡᠪᠡ᠃ ᠥᠪᠡᠷᠲᠡᠭᠡᠨ ᠵᠠᠰᠠᠬᠤ ᠣᠷᠣᠨ᠎ᠠᠴᠠ 8.38 ᠳ᠋ᠦᠩᠱᠢᠭᠤᠷ ᠲᠥᠭᠥᠷᠢᠭ ᠣᠷᠣᠭᠤᠯᠤᠨ ᠤᠷᠤᠯᠳᠤᠭᠠᠨ᠎ᠤ ᠪᠡᠶ᠎ᠡ᠎ᠶ᠋ᠢᠨ ᠲᠠᠮᠢᠷ᠎ᠤᠨ ᠬᠥᠭ᠌ᠵᠢᠯᠲᠡ᠎ᠶ᠋ᠢ ᠳᠡᠮᠵᠢᠵᠦ᠍᠂ ᠲᠣᠭᠠᠴᠢᠯᠠᠭ᠍ᠰᠠᠨ ᠶᠡᠷᠦᠩᠬᠡᠢᠯᠡᠭ᠌ᠰᠡᠨ ᠲᠠᠩᠰᠠ ᠡᠪᠬᠡᠮᠡᠯ᠎ᠦᠨ ᠱᠢᠰᠲ᠋ᠧᠮ᠂ AI ᠮᠡᠷᠭᠡᠵᠢᠯ ᠵᠢᠡᠷ ᠤᠷᠤᠯᠳᠤᠭᠠᠨ᠎ᠢ ᠵᠠᠳᠠᠯᠬᠤ ᠲᠠᠪᠴᠠᠩ ᠵᠡᠷᠭᠡ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠠᠷᠭ᠎ᠠ ᠪᠠᠷᠢᠯ᠎ᠢ ᠣᠷᠣᠭᠤᠯᠤᠨ ᠠᠪᠴᠢᠷᠠᠵᠤ᠂ ᠪᠣᠯᠪᠠᠰᠤᠷᠠᠯ᠎ᠢ ᠨᠠᠷᠢᠯᠢᠭ ᠣᠨᠣᠴᠠᠲᠠᠶ ᠬᠢᠬᠦ᠌᠎ᠶ᠋ᠢ ᠪᠡᠶᠡᠯᠡᠭᠦᠯᠪᠡ᠃ ᠵᠢᠱ᠌ᠢᠶᠡᠯᠡᠪᠡᠯ᠂ ᠪᠥᠬᠡ᠎ᠶ᠋ᠢᠨ ᠠᠩᠭᠢ᠎ᠨᠢ ᠲᠠᠮᠢᠷᠴᠢᠳ᠎ᠤᠨ ᠲᠠᠮᠢᠷ ᠲᠡᠩᠬᠡᠭᠡ᠂ ᠮᠡᠷᠭᠡᠵᠢᠯ᠂ ᠰᠡᠳᠭᠢᠴᠡ᠎ᠶ᠋ᠢᠨ ᠲᠣᠭ᠎ᠠ ᠪᠠᠷᠢᠮᠲᠠ᠎ᠶ᠋ᠢᠨ ᠵᠠᠭ᠍ᠪᠤᠷ᠎ᠢ ᠪᠠᠢᠭᠤᠯᠬᠤ᠎ᠪᠠᠷ ᠳᠠᠮᠵᠢᠨ ᠥᠪᠡᠷᠮᠢᠴᠡ ᠪᠣᠯᠪᠠᠰᠤᠷᠠᠯ᠎ᠤᠨ ᠲᠥᠰᠦᠯ ᠲᠣᠭ᠍ᠲᠠᠭᠠᠵᠤ᠂ ᠪᠦᠦ ᠯᠢᠩ ᠯᠢᠩ ᠵᠡᠷᠭᠡ ᠠᠬᠠᠮᠠᠳ ᠲᠠᠮᠢᠷᠴᠢᠨ᠎ᠤ ᠬᠥᠩᠭᠡᠵᠢᠭ᠌ᠰᠡᠨᠦ ᠳᠠᠷᠠᠭᠠᠬᠢ ᠤᠷᠤᠯᠳᠤᠭᠠᠨ᠎ᠤ ᠪᠠᠢᠳᠠᠯ᠎ᠢ ᠨᠢ ᠦᠳᠲᠡᠷ ᠲᠦᠷᠭᠡᠨ ᠰᠡᠷᠭᠦᠭᠡᠵᠦ᠍᠂ ᠠᠷᠪᠠᠨ ᠲᠠᠪᠤᠳᠤᠭᠠᠷ ᠬᠤᠭᠤᠴᠠᠭᠠᠨ᠎ᠤ᠋ ᠪᠡᠶ᠎ᠡ᠎ᠶ᠋ᠢᠨ ᠲᠠᠮᠢᠷ᠎ᠤᠨ ᠴᠤᠭ᠍ᠯᠠᠭᠠᠨ᠎ᠳᠤ ᠮᠥᠩᠭᠥᠨ ᠮᠧᠳᠠᠯ ᠣᠯᠤᠭ᠍ᠰᠠᠨ ᠪᠠᠢᠨ᠎ᠠ᠃
ᠪᠡᠯᠡᠳᠭᠡᠯ ᠴᠢᠳᠠᠪᠤᠷᠢᠲᠠᠨ᠎ᠤ ᠡᠩᠨᠡᠭᠡ᠎ᠶ᠋ᠢ ᠲᠡᠭᠦᠯᠳᠡᠷᠵᠢᠭᠦᠯᠪᠡ᠃ 7 ᠤᠯᠤᠰ᠎ᠤᠨ ᠲᠠᠰ᠎ᠤᠨ᠂ 68 ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠥᠨᠳᠥᠷ ᠬᠢᠷᠢ ᠲᠦᠪᠱᠢᠨ ᠪᠥᠬᠥᠶ ᠪᠡᠯᠡᠳᠭᠡᠯ ᠴᠢᠳᠠᠪᠤᠷᠢᠲᠠᠨ᠎ᠤ ᠰᠠᠭᠤᠷᠢᠨ ᠳ᠋ᠦ ᠲᠦᠱᠢᠭ᠌ᠯᠡᠨ᠂ ᠥᠪᠥᠷ ᠮᠣᠩᠭᠣᠯ 《ᠠᠵᠢᠯ᠎ᠤᠨ ᠴᠢᠯᠥᠭᠡᠨ᠎ᠦ ᠲᠠᠮᠢᠷ᠎ᠤᠨ ᠰᠤᠷᠭᠠᠭᠤᠯᠢ — ᠲᠤᠰᠭᠠᠶ ᠮᠡᠷᠭᠡᠵᠢᠯ᠎ᠦᠨ ᠠᠩᠭᠢ — ᠤᠯᠤᠰ᠎ᠤᠨ ᠠᠩᠭᠢ》 ᠭᠤᠷᠪᠠᠨ ᠱᠠᠲᠤᠨ᠎ᠤ ᠲᠠᠮᠢᠷᠴᠢᠨ ᠬᠥᠮᠦᠵᠢᠭᠦᠯᠬᠦ᠌ ᠱᠢᠰᠲ᠋ᠧᠮ᠎ᠢ ᠪᠠᠢᠭᠤᠯᠪᠠ᠃ 2025 ᠣᠨ ᠪᠣᠯᠲᠠᠯ᠎ᠠ᠂ ᠳᠠᠩᠰᠠᠯᠠᠭᠤᠯᠤᠭ᠍ᠰᠠᠨ ᠵᠠᠯᠠᠭᠤᠴᠤᠳ ᠪᠠᠭᠠᠴᠤᠳ ᠲᠠᠮᠢᠷᠴᠢᠨ 5.3 ᠲᠦᠮᠡ᠎ᠳᠦ ᠬᠦᠷᠴᠦ᠍᠂ 53 ᠲᠥᠷᠥᠯ ᠵᠦᠶ᠋ᠯ᠎ᠢ ᠬᠠᠮᠤᠷᠴᠤ᠌᠂ ᠠᠷᠪᠠᠨ ᠲᠠᠪᠤᠳᠤᠭᠠᠷ ᠬᠤᠭᠤᠴᠠᠭᠠᠨ᠎ᠤ ᠪᠡᠶ᠎ᠡ᠎ᠶ᠋ᠢᠨ ᠲᠠᠮᠢᠷ᠎ᠤᠨ ᠴᠤᠭ᠍ᠯᠠᠭᠠᠨ᠎ᠤ ᠦᠶᠡᠯᠡᠯ᠎ᠦᠨ ᠬᠤᠭᠤᠴᠠᠭᠠᠨ᠎ᠳᠤ 23 ᠨᠡᠷᠡᠰ ᠤᠯᠤᠰ᠎ᠤᠨ ᠠᠩᠭᠢ᠎ᠶ᠋ᠢᠨ ᠲᠠᠮᠢᠷᠴᠢᠨ᠎ᠢ ᠬᠦᠷᠭᠡᠵᠦ᠍᠂ ᠴᠢᠳᠠᠪᠤᠷᠢᠲᠠᠨ᠎ᠤ ᠰᠠᠭᠤᠷᠢ ᠵᠤᠵᠠᠭᠠᠨᠵᠢᠡᠷ ᠪᠥᠬᠥ᠌ ᠤᠯᠤᠰ᠎ᠤᠨ ᠡᠮᠦᠨ᠎ᠡ ᠡᠩᠨᠡᠭᠡᠨ᠎ᠳᠦ ᠣᠷᠣᠪᠠ᠃
ᠪᠡᠶ᠎ᠡ᠎ᠶ᠋ᠢᠨ ᠲᠠᠮᠢᠷ ᠰᠤᠷᠭᠠᠨ ᠬᠥᠮᠦᠵᠢᠯ᠎ᠤᠨ ᠠᠭᠤᠰᠤᠯᠴᠠᠯ᠎ᠢ ᠭᠦᠨᠵᠡᠭᠡᠢᠷᠡᠭᠦᠯᠵᠦ᠍᠂ ᠠᠵᠤ ᠦᠢᠯᠡᠰ᠎ᠦᠨ ᠳᠡᠰ ᠳᠡᠪᠱᠢᠬᠦ᠌᠎ᠶ᠋ᠢ ᠠᠬᠢᠭᠤᠯᠪᠠ
ᠥᠪᠥᠷ ᠮᠣᠩᠭᠣᠯ 《ᠪᠡᠶ᠎ᠡ᠎ᠶ᠋ᠢᠨ ᠲᠠᠮᠢᠷ ᠰᠤᠷᠭᠠᠨ ᠬᠥᠮᠦᠵᠢᠯ᠎ᠢ ᠠᠭᠤᠰᠤᠯᠴᠠᠭᠤᠯᠬᠤ》 ᠪᠠᠷ ᠱᠢᠪᠲᠤᠯᠤᠯᠲᠠ᠎ᠶ᠋ᠢᠨ ᠴᠡᠭ ᠪᠣᠯᠭᠠᠵᠤ᠂ ᠵᠠᠯᠠᠭᠤᠴᠤᠳ ᠪᠠᠭᠠᠴᠤᠳ᠎ᠤᠨ ᠪᠡᠶ᠎ᠡ᠎ᠶ᠋ᠢᠨ ᠲᠠᠮᠢᠷ᠎ᠤᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠬᠦ᠌᠎ᠶ᠋ᠢᠨ ᠬᠠᠮᠲᠤ ᠪᠡᠶ᠎ᠡ᠎ᠶ᠋ᠢᠨ ᠲᠠᠮᠢᠷ᠎ᠤᠨ ᠠᠵᠤ ᠦᠶ᠋ᠯᠡᠰ ᠬᠢᠭᠡᠳ ᠰᠣᠶᠣᠯ ᠵᠢᠭᠤᠯᠴᠢᠯᠠᠯ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠭᠦᠨᠵᠡᠭᠡᠶ ᠠᠭᠤᠰᠤᠯᠴᠠᠯ᠎ᠢ ᠠᠬᠢᠭᠤᠯᠵᠤ᠂ ᠠᠵᠤ ᠠᠬᠤᠶ᠎ᠶ᠋ᠢᠨ ᠨᠡᠮᠡᠭ᠌ᠳᠡᠯ᠎ᠦᠨ ᠱᠢᠨ᠎ᠡ ᠬᠥᠳᠡᠯᠭᠡᠭᠦᠷ᠎ᠢ ᠪᠣᠶ ᠪᠣᠯᠭᠠᠪᠠ᠃

ᠰᠡᠯᠡᠮ᠎ᠡ ᠵᠢᠨ ᠤᠷᠤᠯᠳᠤᠭᠠᠨ
ᠪᠡᠶ᠎ᠡ᠎ᠶ᠋ᠢᠨ ᠲᠠᠮᠢᠷ ᠰᠤᠷᠭᠠᠨ ᠬᠥᠮᠦᠵᠢᠯ᠎ᠦᠨ ᠠᠭᠤᠰᠤᠯᠴᠠᠯ ᠨᠢ ᠠᠮᠢᠵᠢᠷᠠᠯ᠎ᠤᠨ ᠬᠦᠴᠦᠨ᠎ᠢ ᠬᠥᠭ᠌ᠵᠢᠭᠡᠪᠠ᠃ ᠪᠦᠬᠦ᠌ ᠣᠷᠣᠨ᠎ᠳᠤ ᠵᠠᠯᠠᠭᠤᠴᠤᠳ ᠪᠠᠭᠠᠴᠤᠳ᠎ᠤᠨ ᠪᠡᠶ᠎ᠡ᠎ᠶ᠋ᠢᠨ ᠲᠠᠮᠢᠷ᠎ᠤᠨ ᠤᠯᠠᠮᠵᠢᠯᠠᠯᠲᠤ ᠲᠥᠷᠥᠯ ᠵᠦᠢᠯ᠎ᠦᠨ ᠰᠤᠷᠭᠠᠭᠤᠯᠢ 179᠂ ᠰᠠᠭ᠍ᠰᠤᠨ ᠪᠥᠮᠪᠥᠭᠡ᠂ ᠠᠯᠠᠭᠠᠳᠠᠬᠤ ᠪᠥᠮᠪᠥᠭᠡ᠎ᠶ᠋ᠢᠨ ᠣᠨᠴᠠᠯᠢᠭ᠍ᠲᠤ ᠰᠤᠷᠭᠠᠭᠤᠯᠢ 980 ᠪᠠᠢᠵᠤ᠂ ᠤᠯᠤᠰᠤ᠋ᠠ ᠲᠡᠰ᠎ᠤᠨ ᠵᠠᠯᠠᠭᠤᠴᠤᠳ ᠪᠠᠭᠠᠴᠤᠳ᠎ᠤᠨ ᠪᠡᠶ᠎ᠡ᠎ᠶ᠋ᠢᠨ ᠲᠠᠮᠢᠷ᠎ᠤᠨ ᠺᠯᠦᠪ᠎ᠢ 360 ᠡᠭᠦᠳᠦᠨ ᠪᠠᠢᠭᠤᠯᠵᠤ᠂ ᠬᠣᠱᠢᠭᠤ ᠱᠢᠶᠠᠨ᠎ᠤ ᠵᠠᠯᠠᠭᠤᠴᠤᠳ ᠪᠠᠭᠠᠴᠤᠳ᠎ᠤᠨ ᠠᠵᠢᠯ᠎ᠤᠨ ᠴᠢᠯᠥᠭᠡᠨ᠎ᠦ ᠪᠣᠯᠪᠠᠰᠤᠷᠠᠯ᠎ᠤᠨ ᠵᠣᠬᠢᠶᠠᠨ ᠪᠠᠢᠭᠤᠯᠤᠯᠲᠠ᠎ᠶ᠋ᠢ ᠪᠦᠷᠢᠨ ᠪᠦᠷᠬᠦᠭᠦᠯᠬᠦ᠌᠎ᠶ᠋ᠢ ᠪᠡᠶᠡᠯᠡᠭᠦᠯᠪᠡ᠃ 《ᠨᠢᠭᠡ ᠰᠤᠷᠭᠠᠭᠤᠯᠢ ᠨᠢᠭᠡ ᠲᠦᠷᠦᠯ ᠲᠡᠮᠳᠡᠭ》᠂ 《ᠨᠢᠭᠡ ᠰᠤᠷᠭᠠᠭᠤᠯᠢ ᠤᠯᠠᠨ ᠲᠦᠷᠦᠯ ᠲᠡᠮᠳᠡᠭ》 ᠤ᠋ᠨ ᠵᠠᠭ᠍ᠪᠤᠷ᠎ᠢᠶᠠᠷ ᠳᠠᠮᠵᠢᠭᠤᠯᠤᠨ 100 ᠲᠦᠮᠡ ᠭᠠᠷᠤᠢ ᠬᠦᠮᠦᠨ ᠤᠳᠠᠭ᠎ᠠ ᠵᠢ ᠲᠠᠢᠴᠢᠯᠠᠵᠤ᠂ ᠵᠠᠯᠠᠭᠤᠴᠤᠳ ᠪᠠᠭᠠᠴᠤᠳ᠎ᠤᠨ ᠪᠡᠶ᠎ᠡ᠎ᠶ᠋ᠢᠨ ᠲᠠᠮᠢᠷ᠎ᠤᠨ ᠬᠥᠳᠡᠯᠭᠡᠭᠡᠨ᠎ᠳᠦ ᠤᠷᠤᠯᠴᠠᠭᠤᠯᠵᠤ᠂ ᠬᠣᠶᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠵᠠᠯᠠᠭᠤᠴᠤᠳ᠎ᠤᠨ ᠲᠠᠮᠢᠷ᠎ᠤᠨ ᠴᠤᠭ᠍ᠯᠠᠭᠠᠨ ᠳᠡᠭᠡᠷ᠎ᠡ ᠤᠶᠤᠨ᠎ᠤ ᠪᠣᠯᠪᠠᠰᠤᠨ ᠪᠣᠯᠤᠨ ᠲᠠᠮᠢᠷ᠎ᠤᠨ ᠬᠥᠳᠡᠯᠭᠡᠭᠡᠨ᠎ᠦ ᠲᠠᠯ᠎ᠠ ᠪᠡᠷ ᠬᠤᠤᠰ ᠠᠮᠵᠢᠯᠳᠠ ᠪᠦᠳᠦᠮᠵᠢ ᠵᠢ ᠪᠢᠴᠢᠭᠯᠡᠵᠡᠢ᠃
ᠪᠡᠶ᠎ᠡ᠎ᠶ᠋ᠢᠨ ᠲᠠᠮᠢᠷ᠎ᠤᠨ ᠠᠵᠤ ᠦᠶ᠋ᠯᠡᠰ᠎ᠦᠨ ᠲᠤᠭ᠎ᠠ ᠬᠡᠮᠵᠢᠶ᠎ᠡ ᠶᠠᠰᠤ ᠴᠢᠨᠠᠷ ᠵᠡᠷᠭᠡ᠎ᠪᠡᠷ ᠳᠡᠭᠡᠭ᠌ᠰᠢᠯᠡᠪᠡ᠃ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠲᠦᠯᠦᠪᠵᠢᠭᠦᠯᠭᠡ᠎ᠶᠢᠨ ᠬᠤᠭᠤᠴᠠᠭᠠᠨ᠎ᠳᠤ᠂ ᠥᠪᠥᠷ ᠮᠣᠩᠭᠣᠯ᠎ᠤᠨ ᠪᠡᠶ᠎ᠡ᠎ᠶ᠋ᠢᠨ ᠲᠠᠮᠢᠷ᠎ᠤᠨ ᠠᠵᠤ ᠦᠶ᠋ᠯᠡᠰ᠎ᠦᠨ ᠶᠡᠷᠦᠩᠬᠡᠶ ᠬᠡᠪᠴᠢᠶ᠎ᠡ 400 ᠳ᠋ᠦᠩᠱᠢᠭᠤᠷ ᠲᠥᠭᠥᠷᠢᠭ᠎ᠢ ᠳᠠᠪᠠᠵᠤ᠂ ᠨᠡᠮᠡᠭ᠌ᠳᠡᠯ ᠥᠷᠲᠡᠭ᠎ᠦᠨ GDP ᠳ᠋ᠡᠬᠢ ᠡᠵᠡᠯᠡᠬᠦ᠌ ᠬᠠᠷᠢᠴᠠᠯ1.4% ᠪᠣᠯᠵᠣ ᠳᠡᠭᠡᠭ᠌ᠰᠢᠯᠡᠨ᠂ 《ᠤᠷᠤᠯᠳᠤᠭᠠᠨ᠎ᠤ ᠠᠵᠤ ᠠᠬᠤᠶ》᠂ 《ᠮᠥᠰᠥ᠍ ᠴᠠᠰᠤᠨ᠎ᠤ ᠠᠵᠤ ᠠᠬᠤᠶ》᠂ 《ᠬᠥᠯ ᠪᠥᠮᠪᠥᠭᠡ᠎ᠶ᠋ᠢᠨ ᠥᠭᠡᠷᠡᠴᠢᠯᠡᠯᠲᠡ᠎ᠶᠢᠨ ᠠᠵᠤ ᠠᠬᠤᠶ》 ᠵᠡᠷᠭᠡ ᠭᠤᠷᠪᠠᠨ ᠶᠡᠬᠡ ᠨᠡᠮᠡᠭ᠌ᠳᠡᠯ᠎ᠦᠨ ᠴᠡᠭ᠎ᠢ ᠪᠣᠶ ᠪᠣᠯᠭᠠᠪᠠ᠃ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠡᠪᠦᠯ᠎ᠦᠨ ᠤᠯᠠᠷᠢᠯ᠎ᠤᠨ ᠲᠠᠮᠢᠷ᠎ᠤᠨ ᠴᠤᠭ᠍ᠯᠠᠭᠠᠨ᠎ᠢᠶᠠᠷ ᠠᠵᠠ ᠲᠣᠬᠢᠶᠠᠯ ᠪᠣᠯᠭᠠᠵᠤ᠂ ᠪᠥᠬᠥ᠌ ᠣᠷᠣᠨ᠎ᠤ ᠮᠥᠰᠥ᠍ ᠴᠠᠰᠤᠨ᠎ᠤ ᠠᠵᠤ ᠦᠶ᠋ᠯᠡᠰ᠎ᠦᠨ ᠬᠡᠪᠴᠢᠶ᠎ᠡ ᠵᠢᠯ ᠳᠤᠮᠳᠠᠴᠢ᠎ᠪᠠᠷ 25% ᠪᠠᠷ ᠨᠡᠮᠡᠭ᠌ᠳᠡᠵᠦ᠍᠂ ᠤᠯᠠᠭᠠᠨᠬᠠᠳᠠ ᠬᠣᠲᠠ᠎ᠶ᠋ᠢᠨ ᠪᠥᠬᠥ᠌ ᠪᠥᠮᠪᠥᠷᠴᠡᠭ᠎ᠦᠨ ᠬᠠᠮᠤᠭ᠎ᠤᠨ ᠶᠡᠬᠡ ᠪᠣᠬᠢᠷᠲᠤᠯ ᠥᠬᠡᠶ ᠤᠰᠤᠲᠥ᠋ᠷᠥᠭ᠌ᠴᠢ᠎ᠳᠤ ᠱᠢᠪᠲᠦᠷ᠎ᠦᠨ ᠲᠥᠷᠥᠯ ᠵᠦᠶ᠋ᠯ᠂ ᠦᠬᠠᠶ ᠬᠣᠲᠠ᠎ᠶ᠋ᠢᠨ ᠪᠥᠬᠥ᠌ ᠪᠥᠮᠪᠥᠷᠴᠡᠭ᠎ᠦᠨ ᠬᠠᠮᠤᠭ᠎ᠤᠨ ᠶᠡᠬᠡ BDO ᠨᠢᠭᠡ ᠴᠤᠭ᠍ᠴᠠᠵᠢᠭᠤᠯᠤᠭ᠍ᠰᠠᠨ ᠦᠶ᠋ᠯᠡᠳᠪᠦᠷᠢᠯᠡᠯ᠎ᠦᠨ ᠰᠠᠭᠤᠷᠢᠨ ᠵᠡᠷᠭᠡ ᠪᠡᠯᠭᠡ ᠲᠡᠮᠳᠡᠭ᠎ᠦᠨ ᠴᠢᠨᠠᠷᠲᠠᠶ ᠲᠥᠷᠥᠯ ᠵᠦᠶ᠋ᠯ᠎ᠢ ᠨᠠᠢᠳᠠᠪᠤᠷᠢᠵᠢᠭᠤᠯᠵᠤ᠂ 《ᠪᠡᠶ᠎ᠡ᠎ᠶ᠋ᠢᠨ ᠲᠠᠮᠢᠷ + ᠱᠢᠨ᠎ᠡ ᠡᠨᠧᠷᠭᠢ》 ᠶ᠋ᠢᠨ ᠠᠵᠢᠯ ᠲᠥᠷᠥᠯ ᠠᠯᠤᠰᠯᠠᠨ ᠠᠭᠤᠰᠤᠯᠴᠠᠬᠤ᠎ᠶ᠋ᠢ ᠠᠬᠢᠭᠤᠯᠪᠠ᠃ ᠡᠭᠦᠨ᠎ᠡᠴᠡ ᠭᠠᠳᠠᠨ᠎ᠠ᠂ ᠬᠥᠯ ᠪᠥᠮᠪᠥᠭᠡ᠎ᠶ᠋ᠢᠨ ᠥᠭᠡᠷᠡᠴᠢᠯᠡᠯᠲᠡ ᠦᠷᠭᠦᠯᠵᠢᠯᠡᠨ ᠭᠦᠨᠵᠡᠭᠡᠢᠷᠡᠵᠦ᠍᠂ ᠪᠥᠬᠥ᠌ ᠣᠷᠣᠨ᠎ᠳ᠋ᠤ ᠳᠠᠩᠰᠠᠯᠠᠭᠤᠯᠤᠭ᠍ᠰᠠᠨ ᠬᠥᠯ ᠪᠥᠮᠪᠥᠭᠡ᠎ᠶ᠋ᠢᠨ ᠲᠠᠮᠢᠷᠴᠢᠨ 1.6 ᠲᠦᠮᠡ ᠪᠤᠯᠵᠤ᠂ ᠵᠢᠯ ᠳᠤᠮᠳᠠᠴᠢ᠎ᠪᠡᠷ 1.6 ᠲᠦᠮᠡᠡ ᠤᠷᠤᠯᠳᠤᠭᠠᠨ ᠶᠠᠪᠤᠭᠤᠯᠵᠤ᠂ ᠱᠢᠭᠤᠳ ᠣᠷᠣᠯᠴᠠᠭ᠍ᠰᠠᠨ ᠬᠥᠮᠦᠨ᠎ᠦ ᠲᠣᠭ᠎ᠠ 34 ᠲᠦᠮᠡ᠎ᠳᠦ ᠬᠦᠷᠴᠦ᠍᠂ ᠬᠥᠯ ᠪᠥᠮᠪᠥᠭᠡ᠎ᠶ᠋ᠢᠨ ᠠᠵᠤ ᠦᠶ᠋ᠯᠡᠰ᠎ᠦᠨ ᠭᠠᠵᠠᠷ ᠣᠷᠣᠨ᠎ᠤ ᠠᠵᠤ ᠠᠬᠤᠢ᠎ᠳᠤ ᠦᠵᠡᠭᠦᠯᠬᠦ ᠬᠤᠪᠢ ᠨᠡᠮᠡᠷᠢ ᠢᠯᠡᠳᠲᠡ ᠳᠡᠭᠡᠭ᠌ᠰᠢᠯᠡᠪᠡ᠃
《ᠠᠷᠪᠠᠨ ᠳᠥᠷᠪᠡᠳᠦᠭᠡᠷ ᠲᠠᠪᠤᠨ ᠵᠢᠯ》ᠦ᠋ᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠳᠤ᠂ ᠥᠪᠥᠷ ᠮᠣᠩᠭᠣᠯ᠎ᠤᠨ ᠪᠡᠶ᠎ᠡ᠎ᠶ᠋ᠢᠨ ᠲᠠᠮᠢᠷ᠎ᠤᠨ ᠦᠶ᠋ᠯᠡᠰ ᠥᠭᠡᠷᠡᠴᠢᠯᠡᠯᠲᠡ᠎ᠪᠡᠷ ᠬᠥᠳᠡᠯᠭᠡᠬᠦ᠌ ᠬᠦᠴᠦᠨ ᠪᠣᠯᠭᠠᠵᠤ᠂ ᠱᠢᠨ᠎ᠡ᠎ᠶ᠋ᠢ ᠡᠭᠦᠳᠬᠦ᠌᠎ᠪᠡᠷ ᠤᠳᠤᠷᠢᠳᠤᠮᠵᠢ ᠪᠣᠯᠭᠠᠵᠤ᠂ ᠬᠡᠪᠴᠢᠶ᠎ᠡ᠎ᠪᠡᠨ ᠥᠷᠭᠡᠳᠭᠡᠬᠦ᠌᠎ᠡᠴᠡ ᠶᠠᠰᠤ ᠴᠢᠨᠠᠷ᠎ᠢᠶᠠᠨ ᠳᠡᠭᠡᠭ᠌ᠰᠢᠯᠡᠭᠦᠯᠬᠦ᠌ ᠭᠦᠨᠵᠡᠭᠡᠶ ᠬᠤᠪᠢᠷᠠᠯᠲᠠ᠎ᠶ᠋ᠢ ᠪᠡᠶᠡᠯᠡᠭᠦᠯᠪᠡ᠃ ᠢᠷᠡᠭᠡᠳᠦᠶ᠎ᠳᠦ᠂ ᠥᠪᠥᠷ ᠮᠣᠩᠭᠣᠯ ᠪᠡᠶ᠎ᠡ᠎ᠶ᠋ᠢᠨ ᠲᠠᠮᠢᠷ᠎ᠤᠨ ᠬᠠᠩᠭᠠᠯᠭ᠎ᠠ᠎ᠶ᠋ᠢᠨ ᠲᠠᠯ᠎ᠠ᠎ᠶ᠋ᠢᠨ ᠪᠦᠲᠦᠴᠡ᠎ᠶ᠋ᠢᠨ ᠴᠢᠨᠠᠷᠲᠠᠶ ᠥᠭᠡᠷᠡᠴᠢᠯᠡᠯᠲᠡ᠎ᠶ᠋ᠢ ᠦᠷᠭᠦᠯᠵᠢᠯᠡᠨ ᠭᠦᠨᠵᠡᠭᠡᠢᠷᠡᠭᠦᠯᠵᠦ᠍᠂ ᠪᠥᠬᠥ᠌ ᠠᠷᠠᠳ᠎ᠤᠨ ᠪᠡᠶ᠎ᠡ ᠴᠢᠭᠢᠷᠠᠭ᠍ᠵᠢᠭᠤᠯᠬᠤ ᠬᠢᠭᠡᠳ ᠪᠥᠬᠥ᠌ ᠠᠷᠠᠳ᠎ᠤᠨ ᠡᠷᠡᠭᠦᠯ ᠴᠢᠭᠢᠷᠠᠭ᠎ᠤᠨ ᠭᠦᠨᠵᠡᠭᠡᠶ ᠠᠭᠤᠰᠤᠯᠴᠠᠯ᠎ᠢ ᠠᠬᠢᠭᠤᠯᠵᠤ᠂ ᠣᠳᠣᠬᠢᠴᠢᠯᠠᠭ᠍ᠰᠠᠨ ᠪᠡᠶ᠎ᠡ᠎ᠶ᠋ᠢᠨ ᠲᠠᠮᠢᠷ᠎ᠤᠨ ᠬᠦᠴᠦᠷᠬᠡᠭ ᠣᠷᠣᠨ᠎ᠢ ᠲᠦᠷᠭᠡᠳᠭᠡᠨ ᠪᠠᠢᠭᠤᠯᠵᠤ᠂ ᠡᠷᠡᠭᠦᠯ ᠡᠩᠬᠡ ᠳᠤᠮᠳᠠᠳᠤ ᠤᠯᠤᠰ᠎ᠤᠨ ᠪᠠᠢᠯᠳᠤᠬᠤ ᠪᠣᠳᠣᠯᠭ᠎ᠠ᠎ᠳᠤ ᠤᠮᠠᠷᠠᠲᠤ ᠬᠢᠯᠢ᠎ᠶ᠋ᠢᠨ ᠬᠦᠴᠦᠨ ᠴᠢᠳᠠᠯ᠎ᠢ ᠡᠷᠭᠦᠨ᠎ᠡ᠃