ᠠᠵᠤ ᠠᠬᠤᠢ ᠵᠢᠨ ᠬᠦᠭᠵᠢᠯᠲᠡ᠎ᠳᠦ ᠬᠦᠴᠦᠨ ᠨᠡᠮᠡᠷᠢᠯᠡᠭᠰᠡᠨ ᠪᠡᠶ᠎ᠡ᠎ᠶ᠋ᠢᠨ ᠲᠠᠮᠢᠷ᠎ᠤᠨ ᠦᠢᠯᠡᠰ
2026-01-12 16:15:07
ᠵᠣᠬᠢᠶᠠᠭ᠍ᠴᠢ᠄
ᠴᠸᠨ ᠨᠠᠷᠠᠨᠳᠤᠨᠭᠭᠠᠯᠠᠭ
ᠣᠩᠱᠢᠭ᠍ᠰᠠᠨ ᠣᠳᠠᠭ᠎ᠠ᠄
★★★☆☆

《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠲᠦᠯᠦᠪᠵᠢᠬᠦᠯᠭᠡ ᠵᠢᠨ ᠬᠤᠭᠤᠴᠠᠭᠠᠨ᠎ᠳᠤ  ᠥᠪᠥᠷ ᠮᠣᠩᠭᠣᠯ 《ᠠᠮᠢ ᠠᠬᠤᠶ᠎ᠶ᠋ᠢ ᠤᠷᠢᠳ᠎ᠢᠶᠠᠷ ᠪᠣᠳᠣᠯᠬᠢᠯᠠᠵᠤ ᠪᠣᠬᠢᠷᠲᠤᠯ ᠥᠬᠡᠶ ᠬᠥᠭ᠌ᠵᠢᠭᠦᠯᠬᠦ᠌》 ᠪᠠᠢᠯᠳᠤᠬᠤ ᠪᠣᠳᠣᠯᠭ᠎ᠠ᠎ᠶ᠋ᠢᠨ ᠪᠠᠢᠷᠢ ᠲᠣᠭ᠍ᠲᠠᠭᠠᠯᠲᠠ᠎ᠳᠤ ᠰᠠᠭᠤᠷᠢᠯᠠᠨ᠂ ᠦᠪᠡᠷᠮᠢᠴᠡ ᠤᠨᠴᠠᠯᠢᠬᠳᠤ ᠪᠠᠢᠭᠠᠯᠢ᠎ᠶ᠋ᠢᠨ ᠡᠬᠢ ᠪᠠᠶᠠᠯᠢᠭ ᠪᠣᠯᠤᠨ ᠭᠦᠨ ᠵᠤᠵᠠᠭᠠᠨ ᠰᠣᠶᠣᠯ᠎ᠤᠨ ᠤᠤᠷ ᠲᠤᠨᠳᠠᠰᠤ ᠵᠢ ᠪᠡᠶ᠎ᠡ᠎ᠶ᠋ᠢᠨ ᠲᠠᠮᠢᠷ᠎ᠤᠨ ᠠᠵᠤ ᠦᠶ᠋ᠯᠡᠰ᠎ᠦᠨ ᠬᠥᠭ᠌ᠵᠢᠯᠲᠡ᠎ᠶ᠋ᠢᠨ ᠳᠠᠪᠠᠭᠤᠯᠢᠭ ᠪᠣᠯᠭᠠᠨ ᠬᠤᠪᠢᠷᠠᠭᠤᠯᠵᠤ᠂ ᠤᠮᠠᠷᠠᠲᠤ ᠬᠢᠯᠢ᠎ᠶ᠋ᠢᠨ ᠣᠨᠴᠠᠯᠢᠭ ᠪᠣᠯᠤᠨ ᠴᠠᠭ ᠦᠶ᠎ᠡ᠎ᠶ᠋ᠢᠨ ᠣᠨᠴᠠᠯᠢᠭ᠎ᠢ ᠤᠶᠠᠯᠳᠤᠭᠤᠯᠤᠭᠰᠠᠨ ᠴᠢᠨᠠᠷ ᠰᠠᠢᠲᠠᠶ ᠪᠡᠶ᠎ᠡ ᠵᠢᠨ ᠲᠠᠮᠢᠷ᠎ᠤᠨ ᠠᠵᠤ ᠦᠢᠯᠡᠰ᠎ᠤᠨ ᠬᠥᠭ᠌ᠵᠢᠯᠲᠡ᠎ᠶ᠋ᠢᠨ ᠵᠠᠮ᠎ᠢ ᠨᠡᠭᠡᠭᠡᠭ᠌ᠰᠡᠨ ᠪᠠᠢᠨ᠎ᠠ᠃


08f4730e-4248-483c-b506-309024eed586.png


ᠡᠯᠡᠰᠦᠨ ᠎ᠳᠡᠬᠢ ᠮᠤᠲ᠋ᠤᠷ᠎ᠤᠨ ᠤᠷᠤᠯᠳᠤᠭᠠᠨ


ᠲᠠᠪᠤᠨ ᠵᠢᠯ᠎ᠦᠨ ᠲᠤᠷᠰᠢ᠂ ᠪᠡᠶ᠎ᠡ ᠵᠢᠨ ᠲᠠᠮᠢᠷ᠎ᠤᠨ ᠠᠵᠤ ᠦᠶ᠋ᠯᠡᠰ᠎ᠦᠨ ᠬᠡᠪᠴᠢᠶ᠎ᠡ ᠲᠣᠭ᠍ᠲᠠᠭᠤᠨ᠎ᠢᠶᠠᠷ ᠦᠷᠭᠡᠵᠢᠵᠦ᠂ ᠡᠵᠡᠩᠨᠡᠯᠲᠡ᠎ᠶ᠋ᠢᠨ ᠬᠡᠯᠪᠡᠷᠢ ᠪᠠᠢᠳᠠᠯ᠎ᠤᠨ ᠱᠢᠨ᠎ᠡ ᠡᠭᠦᠳᠦᠯᠲᠡ ᠦᠷᠭᠦᠯᠵᠢᠯᠡᠨ ᠱᠢᠪᠲᠤᠯᠤᠯᠲᠠ᠎ᠲᠠᠶ ᠪᠣᠯᠵᠣ᠂ ᠣᠯᠠᠨ ᠨᠡᠢᠲᠡ᠎ᠶ᠋ᠢᠨ ᠦᠶ᠋ᠯᠡᠴᠢᠯᠡᠭᠡ ᠡᠳᠦᠷ ᠢᠷᠡᠬᠦᠶ᠎ᠡ ᠲᠡᠭᠦᠯᠳᠡᠷᠵᠢᠨ᠂ ᠪᠡᠶ᠎ᠡ᠎ᠶ᠋ᠢᠨ ᠲᠠᠮᠢᠷ᠎ᠤᠨ ᠤᠷᠤᠯᠳᠤᠭᠠᠨ ᠵᠢᠡᠷ ᠲᠠᠮᠵᠢᠨ 10 ᠳ᠋ᠦᠩᠱᠢᠭᠤᠷ ᠲᠥᠭᠥᠷᠢᠭ᠎ᠤᠨ ᠬᠡᠷᠡᠭᠯᠡᠭᠡ ᠵᠢ ᠳᠠᠢᠴᠢᠯᠠᠭ᠍ᠰᠠᠨ ᠬᠢᠯᠠᠯᠵᠠᠮ᠎ᠠ ᠠᠮᠵᠢᠯᠲᠠ ᠵᠢ ᠪᠢᠴᠢᠭᠯᠡᠵᠡᠢ᠃ ᠪᠡᠶ᠎ᠡ᠎ᠶ᠋ᠢᠨ ᠲᠠᠮᠢᠷ᠎ᠤᠨ ᠠᠵᠤ ᠦᠶ᠋ᠯᠡᠰ ᠠᠵᠤ ᠠᠬᠤᠶ᠎ᠶ᠋ᠢᠨ ᠨᠡᠮᠡᠭ᠌ᠳᠡᠯ᠎ᠢ ᠳᠠᠢᠴᠢᠯᠠᠬᠤ ᠱᠢᠨ᠎ᠡ ᠬᠥᠳᠡᠯᠭᠡᠭᠦᠷ ᠪᠣᠯᠤᠭ᠍ᠰᠠᠨ᠎ᠢᠶᠠᠷ ᠪᠠᠷᠠᠬᠤ ᠥᠬᠡᠶ ᠨᠠᠩ ᠴᠤ᠌ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠂ ᠠᠷᠠᠳ᠎ᠤᠨ ᠠᠮᠢᠳᠤᠷᠠᠯ᠎ᠤᠨ ᠠᠵᠠ ᠵᠢᠷᠭᠠᠯ᠎ᠢ ᠨᠡᠮᠡᠭ᠌ᠳᠡᠭᠦᠯᠬᠦ᠌ ᠴᠢᠬᠤᠯᠠ ᠠᠴᠢᠶᠠᠯᠠᠪᠤᠷᠢ ᠪᠣᠯᠤᠭᠰᠠᠨ ᠪᠠᠢᠨ᠎ᠠ᠃


d3bb6a00-961e-4fee-b257-24fd95aba03e.png


ᠡᠪᠦᠯ᠎ᠤᠨ ᠨᠠᠭᠠᠳᠤᠮ


《ᠦᠵᠦ᠍ ᠲᠥᠯᠥᠪᠯᠡᠭᠡ + ᠲᠤᠰᠭᠠᠶ ᠠᠷᠭ᠎ᠠ ᠪᠣᠳᠣᠯᠭ᠎ᠠ + ᠣᠷᠣᠨ ᠨᠤᠲᠤᠭ᠎ᠤᠨ ᠨᠠᠢᠳᠠᠪᠤᠷᠢᠵᠢᠭᠤᠯᠤᠯᠲᠠ》 ᠭᠤᠷᠪᠠᠨ ᠱᠠᠲᠤᠨ᠎ᠤ ᠲᠥᠷᠥ᠎ᠶ᠋ᠢᠨ ᠪᠣᠳᠣᠯᠭ᠎ᠠ᠎ᠶ᠋ᠢᠨ ᠱᠢᠰᠲ᠋ᠧᠮ᠎ᠢ ᠪᠠᠢᠭᠤᠯᠵᠤ᠂ ᠪᠡᠶ᠎ᠡ᠎ᠶ᠋ᠢᠨ ᠲᠠᠮᠢᠷ᠎ᠤᠨ ᠠᠵᠤ ᠦᠶ᠋ᠯᠡᠰ᠎ᠦᠨ ᠬᠥᠭ᠌ᠵᠢᠯᠲᠡ᠎ᠳᠦ ᠪᠥᠬᠥ᠌ ᠲᠠᠯ᠎ᠠ᠎ᠶ᠋ᠢᠨ ᠪᠠᠲᠤᠯᠠᠭ᠎ᠠ ᠬᠠᠩᠭᠠᠪᠠ᠃ ᠤᠷᠢᠳ ᠬᠤᠵᠢᠳ ᠪᠡᠶ᠎ᠡ ᠴᠢᠭᠢᠷᠠᠭ᠍ᠵᠢᠭᠤᠯᠬᠤ ᠵᠢᠭᠤᠯᠴᠢᠯᠠᠯ ᠰᠡᠯᠡᠭᠦᠴᠡᠯ᠂ ᠤᠷᠤᠯᠳᠤᠭᠠᠨ᠂ ᠮᠣᠷᠢᠨ ᠮᠡᠷᠭᠡᠵᠢᠯ᠎ᠦᠨ ᠬᠥᠳᠡᠯᠭᠡᠭᠡᠨ᠂ ᠮᠥᠰᠥ᠍ ᠴᠠᠰᠤᠨ᠎ᠤ ᠠᠵᠤ ᠦᠶ᠋ᠯᠡᠰ ᠵᠡᠷᠭᠡ ᠨᠠᠶ᠋ᠮᠠᠨ ᠶᠡᠬᠡ ᠭᠤᠤᠯᠳᠠᠯᠭ᠎ᠠ᠎ᠲᠠᠶ ᠡᠭᠦᠷᠭᠡ᠎ᠶ᠋ᠢ ᠲᠣᠳᠣᠷᠬᠠᠢᠯᠠᠵᠤ᠂ ᠪᠥᠬᠥ᠌ ᠠᠵᠤ ᠦᠶ᠋ᠯᠡᠰ᠎ᠦᠨ ᠬᠡᠯᠬᠢᠶ᠎ᠡ᠎ᠶ᠋ᠢ ᠬᠠᠮᠤᠷᠤᠭ᠍ᠰᠠᠨ ᠲᠥᠷᠥ᠎ᠶ᠋ᠢᠨ ᠪᠣᠳᠣᠯᠭ᠎ᠠ᠎ᠶ᠋ᠢᠨ ᠳᠡᠮᠵᠢᠯᠭᠡ᠎ᠶ᠋ᠢᠨ ᠲᠤᠤᠷ᠎ᠢ ᠪᠦᠷᠢᠯᠳᠦᠭᠦᠯᠪᠡ᠃ ᠪᠡᠶ᠎ᠡ᠎ᠶ᠋ᠢᠨ ᠲᠠᠮᠢᠷ᠎ᠤᠨ ᠬᠡᠷᠡᠭ᠌ᠯᠡᠭᠡᠨ᠎ᠦ ᠲᠡᠮᠳᠡᠭ᠌ᠲᠦ ᠲᠠᠷᠬᠠᠭᠠᠬᠤ᠂ ᠪᠡᠶ᠎ᠡ᠎ᠶ᠋ᠢᠨ ᠲᠠᠮᠢᠷ᠎ᠤᠨ ᠠᠵᠤ ᠦᠶ᠋ᠯᠡᠰ᠎ᠦᠨ ᠰᠠᠭᠤᠷᠢᠨ᠎ᠢ ᠪᠠᠢᠭᠤᠯᠬᠤ᠂ ᠲᠠᠯᠠᠪᠠᠶ ᠣᠷᠳᠣᠨ᠎ᠢ ᠦᠨ᠎ᠡ ᠲᠦᠯᠦᠪᠦᠷᠢ ᠥᠬᠡᠶ᠎ᠪᠡᠷ ᠨᠡᠭᠡᠭᠡᠬᠦ᠌᠎ᠶ᠋ᠢ ᠳᠡᠮᠵᠢᠬᠦ᠌ ᠠᠷᠭ᠎ᠠ ᠬᠡᠮᠵᠢᠶ᠎ᠡ᠎ᠠᠪᠴᠤ᠂ ᠵᠠᠬ᠎ᠠ ᠳᠡᠯᠭᠡᠭᠦᠷ᠎ᠦᠨ ᠠᠮᠢᠵᠢᠷᠠᠯ᠎ᠤᠨ ᠬᠦᠴᠦᠨ ᠪᠠ ᠬᠡᠷᠡᠭ᠌ᠯᠡᠭᠡᠨ᠎ᠦ ᠳᠠᠯᠳᠠ ᠬᠦᠴᠦᠨ᠎ᠢ ᠬᠥᠭ᠌ᠵᠢᠭᠡᠵᠦ᠍᠂  ᠪᠡᠶ᠎ᠡ᠎ᠶ᠋ᠢᠨ ᠲᠠᠮᠢᠷ᠎ᠤᠨ ᠱᠠᠩᠨᠠᠯᠲᠤ ᠰᠤᠭᠤᠯᠤᠭ᠎ᠠ᠎ᠶ᠋ᠢᠨ ᠨᠡᠢᠲᠡ᠎ᠶ᠋ᠢᠨ ᠠᠰᠠᠷᠠᠮᠵᠢ᠎ᠶ᠋ᠢᠨ ᠮᠥᠩᠭᠥ᠎ᠶ᠋ᠢ ᠨᠡᠢᠲᠡ 68 . 92 ᠳ᠋ᠦᠩᠱᠢᠭᠤᠷ ᠲᠥᠭᠥᠷᠢᠭ ᠴᠤᠭ᠍ᠯᠠᠭᠤᠯᠵᠤ᠂ ᠠᠵᠤ ᠦᠶ᠋ᠯᠡᠰ᠎ᠦᠨ ᠬᠥᠭ᠌ᠵᠢᠯᠲᠡ᠎ᠳᠦ ᠲᠣᠭ᠍ᠲᠠᠭᠤᠨ ᠪᠠᠯᠠ ᠮᠥᠩᠭᠥ᠎ᠶ᠋ᠢᠨ ᠳᠡᠮᠵᠢᠯᠭᠡ ᠬᠠᠨᠭᠭᠠᠪᠠ᠃


ae645729-ad22-4ff2-8a86-ae6fc7767c0a.png


ᠲᠦᠷᠭᠡᠨ ᠲᠡᠰᠢᠯᠲᠡ ᠵᠢᠨ ᠤᠷᠤᠯᠳᠤᠭᠠᠨ


ᠪᠡᠶ᠎ᠡ᠎ᠶ᠋ᠢᠨ ᠲᠠᠮᠢᠷ ᠬᠢᠭᠡᠳ ᠵᠢᠭᠤᠯᠴᠢᠯᠠᠯ᠂ ᠰᠣᠶᠣᠯ᠂ ᠡᠷᠡᠭᠦᠯ ᠮᠡᠨᠳᠦ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠵᠡᠷᠭᠡ ᠬᠦᠷᠢᠶᠡᠨ᠎ᠳᠡᠬᠢ ᠭᠦᠨᠵᠡᠭᠡᠶ ᠠᠭᠤᠰᠤᠯᠴᠠᠯ᠎ᠢ ᠠᠬᠢᠭᠤᠯᠵᠤ᠂ 《ᠪᠡᠶ᠎ᠡ᠎ᠶ᠋ᠢᠨ ᠲᠠᠮᠢᠷ +》 ᠣᠯᠠᠨ ᠡᠱᠢᠲᠦ ᠠᠭᠤᠰᠤᠯᠴᠠᠨ ᠬᠥᠭ᠌ᠵᠢᠬᠦ᠌ ᠠᠮᠢ ᠠᠬᠤᠶ᠎ᠶ᠋ᠢ ᠪᠦᠷᠢᠯᠳᠦᠬᠦᠯᠵᠦ᠂ ᠪᠡᠶ᠎ᠡ᠎ᠶ᠋ᠢᠨ ᠲᠠᠮᠢᠷ ᠵᠢᠭᠤᠯᠴᠢᠯᠠᠯ᠎ᠢ ᠠᠭᠤᠰᠤᠯᠴᠠᠭᠤᠯᠬᠤ ᠲᠠᠯ᠎ᠠ᠎ᠪᠠᠷ ᠲᠣᠪᠣᠢᠮ᠎ᠠ ᠦᠷ᠎ᠡ ᠪᠦᠲᠦᠮᠵᠢ ᠣᠯᠵᠤ᠂ 《ᠤᠷᠤᠯᠳᠤᠭᠠᠨ᠎ᠢ ᠳᠠᠭᠠᠵᠤ ᠵᠢᠭᠤᠯᠴᠢᠯᠠᠬᠤ》 ᠎ᠨᠢ ᠱᠢᠨ᠎ᠡ ᠬᠡᠪ ᠰᠤᠷᠲᠠᠯ ᠪᠣᠯᠵᠠᠢ᠃ ᠪᠡᠶ᠎ᠡ᠎ᠶ᠋ᠢᠨ ᠲᠠᠮᠢᠷ ᠰᠤᠷᠭᠠᠨ ᠬᠥᠮᠦᠵᠢᠯ᠎ᠦᠨ ᠠᠭᠤᠰᠤᠯᠴᠠᠯ᠎ᠢ ᠦᠷᠭᠦᠯᠵᠢᠯᠡᠨ ᠭᠦᠨᠵᠡᠭᠡᠢᠷᠡᠭᠦᠯᠵᠦ᠍᠂ 7 ᠤᠯᠤᠰ᠎ᠤᠨ ᠲᠠᠰ᠎ᠤᠨ᠂ 68 ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠥᠨᠳᠥᠷ ᠬᠢᠷᠢ ᠲᠦᠪᠱᠢᠨ ᠪᠥᠬᠥᠶ ᠪᠡᠯᠡᠳᠭᠡᠯ ᠴᠢᠳᠠᠪᠤᠷᠢᠲᠠᠨ᠎ᠤ ᠰᠠᠭᠤᠷᠢᠨ᠎ᠢ ᠪᠠᠢᠭᠤᠯᠵᠤ᠂ 360 ᠵᠠᠯᠠᠭᠤᠴᠤᠳ ᠪᠠᠭᠠᠴᠤᠳ᠎ᠤᠨ ᠪᠡᠶ᠎ᠡ᠎ᠶ᠋ᠢᠨ ᠲᠠᠮᠢᠷ᠎ᠤᠨ ᠺᠯᠦᠪ᠎ᠢ ᠪᠥᠬᠥ᠌ ᠣᠷᠣᠨ᠎ᠳᠤ ᠪᠥᠷᠬᠥᠭᠦᠯᠵᠦ᠍᠂ ᠮᠤᠷᠢᠨᠳᠠᠪᠠᠭ᠎ᠠ ᠵᠢᠨ ᠳᠠᠭᠤᠷ ᠦᠨᠳᠦᠰᠦᠲᠡᠨ᠎ᠦ ᠥᠪᠡᠷᠲᠡᠭᠡᠨ ᠵᠠᠰᠠᠬᠤ ᠬᠣᠱᠢᠭᠤᠨ᠎ᠤ ᠵᠠᠯᠠᠭᠤᠴᠤᠳ ᠪᠠᠭᠠᠴᠤᠳ᠎ᠤᠨ ᠪᠤᠢᠺᠤ ᠪᠥᠮᠪᠥᠭᠡ᠎ᠶ᠋ᠢᠨ ᠪᠡᠯᠡᠳᠭᠡᠯ ᠴᠢᠳᠠᠪᠤᠷᠢᠲᠠᠨ᠎ᠢ ᠬᠥᠮᠦᠵᠢᠭᠦᠯᠬᠦ᠌ ᠲᠥᠯᠥᠪᠯᠡᠭᠡ᠎ᠶ᠋ᠢ ᠠᠬᠢᠭᠤᠯᠵᠤ᠂ 55 ᠰᠤᠷᠭᠠᠭᠤᠯᠢ 80 ᠪᠥᠮᠪᠥᠭᠡᠨ ᠠᠩᠭᠢ᠎ᠶ᠋ᠢ ᠵᠣᠬᠢᠶᠠᠨ ᠪᠠᠢᠭᠤᠯᠵᠤ᠂ 《ᠵᠢᠭᠠᠨ ᠰᠤᠷᠭᠠᠯᠲᠠ + ᠪᠣᠯᠪᠠᠰᠤᠷᠠᠯ + ᠱᠢᠨᠵᠢᠯᠡᠬᠦ᠌ ᠤᠬᠠᠭᠠᠨ᠎ᠤ ᠰᠤᠳᠤᠯᠭᠠᠨ》 ᠎ᠢ᠋ ᠨᠢᠭᠡ ᠴᠣᠭ᠍ᠴᠠᠵᠢᠭᠤᠯᠤᠨ ᠬᠥᠮᠦᠵᠢᠭᠦᠯᠬᠦ᠌ ᠵᠠᠭ᠍ᠪᠤᠷ᠎ᠢ ᠪᠦᠷᠢᠯᠳᠦᠭᠦᠯᠵᠡᠢ᠃ ᠠᠷᠠᠳ ᠲᠦᠮᠡᠨ᠎ᠢᠶᠡᠷ ᠭᠤᠤᠯ ᠪᠣᠯᠭᠠᠵᠤ᠂ ᠪᠥᠬᠥ᠌ ᠠᠷᠠᠳ᠎ᠤᠨ ᠪᠡᠶ᠎ᠡ ᠴᠢᠭᠢᠷᠠᠭ᠍ᠵᠢᠭᠤᠯᠬᠤ ᠣᠯᠠᠨ ᠨᠡᠢᠲᠡ᠎ᠶ᠋ᠢᠨ ᠦᠶ᠋ᠯᠡᠴᠢᠯᠡᠭᠡᠨ᠎ᠦ ᠱᠢᠰᠲ᠋ᠧᠮ᠎ᠢ ᠦᠷᠭᠦᠯᠵᠢᠯᠡᠨ ᠲᠡᠭᠦᠯᠳᠡᠷᠵᠢᠭᠦᠯᠵᠦ᠍᠂ ᠪᠡᠶ᠎ᠡ᠎ᠶ᠋ᠢᠨ ᠲᠠᠮᠢᠷ᠎ᠤᠨ ᠦᠢᠯᠡᠰ᠎ᠤᠨ ᠴᠢᠨᠠᠷ ᠰᠠᠢᠳᠠᠢ ᠬᠥᠭ᠌ᠵᠢᠯᠲᠡ᠎ᠶ᠋ᠢᠨ ᠦᠷ᠎ᠡ ᠪᠦᠲᠦᠭᠡᠯ᠎ᠶ᠋ᠢᠡᠷ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠳᠦ ᠠᠰᠢᠭ ᠬᠦᠷᠲᠡᠭᠡᠪᠡ᠃


13af3044-f8ea-4d6b-95bd-92189b64c90f.png


ᠪᠤᠢᠺᠤ ᠪᠦᠮᠪᠦᠭᠡ ᠵᠢᠨ ᠤᠷᠤᠯᠳᠤᠭᠠᠨ᠎ᠤ ᠭᠢᠯᠠᠰ ᠬᠤᠷᠤᠮ


ᠦᠩᠭᠡᠷᠡᠭᠰᠡᠨ ᠵᠢᠡᠨ ᠡᠷᠬᠢᠴᠡᠬᠦᠯᠬᠦᠶ᠎ᠡ ᠠᠮᠵᠢᠯᠳᠠ ᠪᠦᠳᠦᠮᠵᠢ ᠦᠯᠡᠮᠵᠢ᠂ ᠢᠷᠡᠭᠡᠳᠦᠢ ᠪᠡᠨ ᠪᠠᠷᠠᠯᠠᠬᠤᠶ᠎ᠠ ᠢᠳᠡᠭᠡᠯ ᠬᠦᠰᠡᠯ ᠲᠦᠬᠦᠷᠡᠩ᠃ 《ᠠᠷᠪᠠᠨ ᠲᠦᠷᠪᠡᠳᠦᠭᠡᠷ ᠲᠠᠪᠤᠨ ᠵᠢᠯ》 ᠎ᠤ᠋ᠨ ᠲᠦᠷᠦᠭᠡᠨ ᠲᠡᠭᠡᠷ᠎ᠡ 《ᠠᠷᠪᠠᠨ ᠲᠠᠪᠤᠳᠤᠭᠠᠷ ᠲᠠᠪᠤᠨ ᠵᠢᠯ》 ᠎ᠤ᠋ᠨ ᠵᠢᠯᠤᠭᠤ  ᠵᠢ ᠰᠤᠩᠭᠠᠨ ᠪᠡᠶ᠎ᠡ ᠵᠢᠨ ᠲᠠᠮᠢᠷ᠎ᠤᠨ ᠬᠦᠴᠦᠷᠭᠡᠭ ᠤᠷᠤᠨ᠎ᠤ ᠪᠠᠢᠭᠤᠯᠤᠯᠳᠠ ᠵᠢᠨ ᠵᠠᠮ ᠲᠠᠷᠳᠠᠩ ᠰᠠᠷᠠᠭᠤᠯ ᠪᠠᠢᠬᠤ ᠨᠢ ᠯᠠᠪᠳᠠᠢ᠃

(ᠭᠡᠷᠡᠯ ᠵᠢᠷᠤᠭ ᠎ᠤᠳ᠎ᠢ ᠰᠢᠨᠬᠤᠸᠠ ᠰᠦᠯᠵᠢᠶ᠎ᠡ ᠡᠴᠡ ᠠᠪᠤᠪᠠ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号