ᠬᠥᠳᠡᠭᠡ ᠠᠵᠤ ᠠᠬᠤᠢ ᠬᠥᠳᠡᠭᠡ ᠲᠣᠰᠭᠣᠨ ᠤ᠋ ᠣᠳᠣᠬᠢᠴᠢᠯᠠᠯᠲᠠ ᠵᠢ ᠲᠦᠷᠭᠡᠳᠭᠡᠵᠦ᠍᠂ ᠬᠥᠳᠡᠭᠡ ᠲᠣᠰᠭᠣᠨ ᠢ᠋ ᠪᠦᠬᠦ᠌ ᠲᠠᠯ᠎ᠠ ᠪᠡᠷ ᠬᠥᠭ᠌ᠵᠢᠭᠦᠯᠦᠨ ᠮᠠᠨᠳᠤᠭᠤᠯᠬᠤ ᠵᠢ ᠯᠠᠪᠳᠠᠭᠤᠨ ᠪᠠᠲᠤᠲᠠᠢ ᠠᠬᠢᠭᠤᠯᠤᠨ᠎ᠠ᠃
— 《ᠳᠤᠮᠳᠠᠳᠤ ᠤᠯᠤᠰ ᠤ᠋ᠨ ᠡᠪ ᠬᠠᠮᠲᠤ ᠨᠠᠮ ᠤ᠋ᠨ ᠬᠣᠷᠢᠳᠤᠭᠠᠷ ᠬᠤᠭᠤᠴᠠᠭᠠᠨ ᠤ᠋ ᠲᠥᠪ ᠬᠤᠷᠢᠶ᠎ᠠ ᠶ᠋ᠢᠨ ᠳᠥᠷᠪᠡᠳᠦᠭᠡᠷ ᠪᠦᠬᠦᠳᠡ ᠬᠤᠷᠠᠯ ᠤ᠋ᠨ ᠠᠯᠪᠠᠨ ᠮᠡᠳᠡᠭᠡ》ᠡᠴᠡ ᠬᠡᠰᠡᠭᠯᠡᠪᠡ᠃
《ᠲᠦᠷᠦᠭᠦᠦ ᠬᠡᠳᠦᠨ ᠡᠳᠦᠷ ᠪᠢᠳᠡ ᠭᠤᠤᠯᠯᠠᠨ ᠡᠷᠬᠢᠯᠡᠭᠴᠢ ᠶ᠋ᠢᠨ ᠬᠤᠪᠢ ᠪᠡᠷ ᠴᠠᠬᠠᠷ ᠬᠤᠨᠢᠨ ᠮᠢᠬ᠎ᠠ ᠵᠢ ᠪᠡᠭᠡᠵᠢᠡᠭ ᠳ᠋ᠦ ᠪᠤᠷᠤᠯᠠᠭᠤᠯᠬᠤ ᠠᠵᠢᠯᠯᠠᠭ᠎ᠠ ᠳ᠋ᠦ ᠣᠷᠣᠯᠴᠠᠵᠤ᠂ ᠠᠵᠤ ᠠᠬᠤᠢᠯᠠᠯ ᠪᠠ ᠨᠡᠢᠰᠯᠡᠯ ᠤ᠋ᠨ ᠬᠡᠷᠡᠭᠯᠡᠭᠴᠢᠳ ᠲᠠᠢ ᠵᠤᠯᠭᠠᠯᠴᠠᠭ᠎ᠠ ᠦᠷᠨᠢᠭᠦᠯᠵᠦ᠂ ᠮᠠᠰᠢ ᠰᠠᠢᠨ ᠦᠷ᠎ᠡ ᠪᠦᠲᠦᠮᠵᠢ ᠣᠯᠪᠠ》 ᠭᠡᠵᠦ ᠬᠥᠪᠡᠭᠡᠲᠦ ᠱᠢᠷᠠ ᠬᠣᠱᠢᠭᠤᠨ ᠤ᠋ ᠨᠠᠮ ᠤ᠋ᠨ ᠬᠤᠷᠢᠶ᠎ᠡ ᠶ᠋ᠢᠨ ᠪᠠᠢᠩᠭᠤ ᠶ᠋ᠢᠨ ᠭᠡᠱᠢᠭᠦᠨ᠂ ᠳᠡᠳ᠋ ᠬᠣᠱᠢᠭᠤᠨ ᠳᠠᠷᠤᠭ᠎ᠠ ᠯᠢᠦ ᠳ᠋ᠠᠨ ᠶᠠᠩ ᠰᠤᠷᠪᠤᠯᠵᠢᠯᠠᠭ᠎ᠠ ᠬᠦᠯᠢᠶᠡᠬᠦ᠌ ᠳ᠋ᠡᠭᠡᠨ ᠶᠡᠷᠢᠵᠤ ᠪᠠᠢᠯ᠎ᠠ᠃
ᠴᠠᠬᠠᠷ ᠬᠣᠨᠢ ᠪᠤᠯ ᠮᠢᠬ᠎ᠠ ᠨᠤᠤᠰᠤ ᠵᠢᠨ ᠬᠤᠤᠰ ᠬᠡᠷᠡᠭᠴᠡᠭᠡᠲᠦ ᠰᠠᠢᠨ ᠡᠬᠦᠯᠳᠡᠷ ᠤ᠋ᠨ ᠬᠤᠨᠢ ᠶᠤᠮ᠂ ᠪᠤᠢᠵᠢᠯᠲᠠ ᠨᠢ ᠲᠦᠷᠭᠡᠨ᠂ ᠦᠷᠡᠵᠢᠯ ᠤ᠋ᠨ ᠨᠣᠷᠮ᠎ᠠ ᠨᠢ ᠥᠨᠳᠥᠷ᠂ ᠪᠦᠳᠦᠭᠦᠯᠢᠭ ᠲᠡᠵᠢᠭᠡᠯ ᠪᠣᠷᠳᠣᠭ᠎ᠠ ᠳ᠋ᠦ ᠳᠠᠭᠠᠭᠠᠮᠠᠭᠠᠶ᠂ ᠵᠣᠬᠢᠴᠠᠬᠤ ᠴᠢᠨᠠᠷ ᠶ᠋ᠢᠡᠷ ᠴᠢᠩᠭ᠎ᠠ᠂ ᠮᠢᠬᠠᠨ ᠤ᠋ ᠭᠠᠷᠤᠯᠲᠠ ᠪᠡᠷ ᠰᠠᠢᠨ᠂ ᠮᠢᠬ᠎ᠠ ᠨᠢ ᠰᠢᠮ᠎ᠠ ᠰᠢᠬᠦᠰᠤ ᠲᠠᠢ ᠵᠡᠷᠭᠡ ᠣᠨᠴᠠᠯᠢᠭ ᠲᠠᠶ ᠪᠠᠢᠵᠤ᠂ ᠭᠠᠩ ᠬᠠᠭᠤᠷᠠᠶ ᠬᠠᠭᠠᠰ ᠭᠠᠩ ᠬᠠᠭᠤᠷᠠᠶ ᠨᠤᠲᠤᠭ ᠪᠡᠯᠴᠢᠭᠡᠷ ᠲᠦ᠍ ᠮᠠᠯᠵᠢᠬᠤ ᠶ᠋ᠢᠨ ᠳᠠᠭᠠᠤ ᠲᠡᠵᠢᠭᠡᠯ ᠨᠥᠬᠥᠪᠥᠷᠢᠯᠡᠬᠦ᠌ ᠮᠠᠯᠵᠢᠯᠭ᠎ᠠ ᠵᠢᠨ ᠠᠷᠭ᠎ᠠ ᠬᠡᠯᠪᠡᠷᠢ ᠳ᠋ᠤ ᠲᠣᠬᠢᠷᠠᠮᠵᠢᠲᠠᠶ ᠪᠠᠢᠵᠤ᠂ ᠲᠡᠵᠢᠭᠡᠨ ᠦᠷᠡᠵᠢᠭᠦᠯᠬᠦ᠌ ᠦᠷ᠎ᠡ ᠠᠱᠢᠭ ᠨᠢ ᠨᠡᠯᠢᠶᠡᠳ ᠥᠨᠳᠥᠷ ᠪᠠᠢᠳᠠᠭ᠃
ᠯᠢᠦ ᠳ᠋ᠠᠨ ᠶᠠᠩ ᠤ᠋ᠨ ᠲᠠᠨᠢᠯᠴᠠᠭᠤᠯᠤᠭ᠍ᠰᠠᠨ ᠶ᠋ᠢᠡᠷ᠂ ᠣᠢᠷ᠎ᠠ ᠶ᠋ᠢᠨ ᠵᠢᠯ ᠳ᠋ᠤ ᠬᠥᠪᠡᠭᠡᠲᠦ ᠱᠢᠷᠠ ᠬᠣᠱᠢᠭᠤ 《ᠲᠡᠵᠢᠭᠡᠬᠦ᠌᠂ ᠬᠠᠩᠭᠠᠬᠤ᠂ ᠪᠤᠯᠪᠠᠰᠤᠷᠠᠭᠤᠯᠬᠤ᠂ ᠪᠠᠢᠴᠠᠭᠠᠬᠤ᠂ ᠪᠣᠷᠣᠯᠠᠭᠤᠯᠬᠤ》 ᠵᠢ ᠨᠢᠭᠡ ᠴᠣᠭ᠍ᠴᠠᠵᠢᠭᠤᠯᠤᠭ᠍ᠰᠠᠨ ᠴᠠᠬᠠᠷ ᠬᠣᠨᠢ ᠵᠢᠨ ᠪᠥᠬᠥ᠌ ᠠᠵᠤ ᠦᠶ᠋ᠯᠡᠰ ᠤ᠋ᠨ ᠬᠡᠯᠬᠢᠶ᠎ᠡ ᠵᠢ ᠪᠠᠢᠭᠤᠯᠬᠤ ᠪᠡᠷ ᠳᠠᠮᠵᠢᠨ ᠲᠡᠭᠦᠨ ᠢ᠋ ᠮᠠᠯᠵᠢᠬᠤ ᠣᠷᠣᠨ ᠤ᠋ ᠶᠠᠳᠠᠭᠤ ᠡᠴᠡ ᠠᠩᠭᠢᠵᠢᠷᠠᠭᠤᠯᠬᠤ ᠪᠣᠭᠣᠮᠲᠠ ᠰᠢᠪᠲᠤᠯᠤᠭᠰᠠᠨ ᠦᠷ᠎ᠡ ᠪᠦᠲᠦᠭᠡᠯ ᠢ᠋ ᠪᠡᠬᠢᠵᠢᠭᠦᠯᠬᠦ᠌᠂ ᠬᠥᠳᠡᠭᠡ ᠲᠣᠰᠭᠣᠨ ᠢ᠋ ᠬᠥᠭ᠌ᠵᠢᠭᠦᠯᠦᠨ ᠮᠠᠨᠳᠤᠭᠤᠯᠬᠤ ᠵᠢ ᠪᠥᠬᠥ᠌ ᠲᠠᠯ᠎ᠠ ᠪᠡᠷ ᠠᠬᠢᠭᠤᠯᠬᠤ ᠪᠦᠲᠦᠮᠵᠢᠲᠡᠶ ᠠᠷᠭ᠎ᠠ ᠵᠠᠮ ᠪᠣᠯᠭᠠᠪᠠ᠃
ᠲᠤᠱᠢᠶᠠᠯ ᠡᠭᠦᠷᠭᠡᠯᠡᠭ᠌ᠰᠡᠨ ᠺᠠᠳ᠋ᠷ ᠪᠣᠯᠤᠭ᠍ᠰᠠᠨ ᠤ᠋ ᠬᠤᠪᠢ ᠳ᠋ᠦ ᠯᠢᠦ ᠳ᠋ᠠᠨ ᠶᠠᠩ ᠬᠥᠪᠡᠭᠡᠲᠦ ᠱᠢᠷᠠ ᠬᠣᠱᠢᠭᠤᠨ ᠳ᠋ᠤ ᠢᠷᠡᠵᠤ ᠠᠵᠢᠯᠯᠠᠭ᠍ᠰᠠᠨ ᠡᠴᠡ ᠨᠠᠭᠠᠰᠢ ᠣᠷᠣᠨ ᠨᠤᠲᠤᠭ ᠤ᠋ᠨ ᠠᠵᠤ ᠦᠶ᠋ᠯᠡᠰ ᠤ᠋ᠨ ᠬᠦᠭᠵᠢᠯᠳᠡ ᠳ᠋ᠤ ᠠᠮᠢᠵᠢᠷᠠᠯ ᠤ᠋ᠨ ᠬᠦᠴᠦᠨ ᠨᠡᠮᠡᠷᠢᠯᠡᠬᠦ ᠪᠡᠷ ᠴᠢᠷᠮᠠᠢᠭᠰᠠᠭᠠᠷ ᠢᠷᠡᠵᠡᠢ᠃ 2025 ᠣᠨ ᠳ᠋ᠦ ᠲᠡᠷᠡ ᠰᠠᠢᠨ ᠢᠳᠡᠭᠡ ᠮᠣᠩᠭᠣᠯ ᠬᠣᠭᠣᠯᠠᠨ ᠤ᠋ ᠠᠵᠤ ᠠᠬᠤᠢᠯᠠᠯ ᠤ᠋ᠨ ᠲᠥᠯᠥᠭᠡᠯᠡᠭ᠌ᠴᠢ ᠵᠢ ᠤᠷᠢᠨ ᠬᠥᠪᠡᠭᠡᠲᠦ ᠱᠢᠷᠠ ᠬᠣᠱᠢᠭᠤᠨ ᠳ᠋ᠦ ᠱᠢᠨᠵᠢᠯᠡᠨ ᠪᠠᠢᠴᠠᠭᠠᠯᠭᠠᠵᠤ᠂ ᠴᠠᠭᠠᠨ ᠢᠳᠡᠭᠡᠨ ᠤ᠋ ᠭᠠᠷ ᠦᠢᠯᠡᠳᠭᠡᠯ ᠵᠢᠴᠢ ᠴᠠᠬᠠᠷ ᠬᠣᠨᠢ ᠵᠢᠨ ᠪᠦᠬᠦ᠌ ᠠᠵᠤ ᠦᠢᠯᠡᠰ ᠤ᠋ᠨ ᠬᠡᠯᠬᠢᠶ᠎ᠡ ᠶ᠋ᠢᠨ ᠲᠥᠷᠥᠯ ᠵᠦᠢᠯ ᠢ᠋ ᠪᠠᠢᠴᠠᠭᠠᠨ ᠰᠤᠳᠤᠯᠵᠤ᠂ ᠦᠢᠯᠡᠳᠪᠦᠷᠢᠯᠡᠯ ᠪᠣᠷᠣᠯᠠᠭᠤᠯᠭ᠎ᠠ ᠶ᠋ᠢᠨ ᠵᠣᠯᠭᠠᠯᠴᠠᠭ᠎ᠠ ᠪᠠ ᠬᠠᠮᠲᠤᠷᠠᠯᠴᠠᠭ᠎ᠠ ᠵᠢ ᠠᠬᠢᠭᠤᠯᠪᠠ᠃
《ᠵᠦᠪᠬᠡᠨ 〈ᠭᠠᠷᠴᠤ᠌ ᠶᠠᠪᠤᠬᠤ〉 ᠪᠠ 〈ᠤᠷᠤᠭᠤᠯᠵᠤ ᠠᠪᠴᠢᠷᠠᠬᠤ〉 ᠵᠢ ᠤᠶᠠᠯᠳᠤᠭᠤᠯᠪᠠᠯ ᠰᠠᠶᠢ ᠴᠠᠬᠠᠷ ᠬᠣᠨᠢᠨ ᠮᠢᠬᠠᠨ ᠤ᠋ ᠠᠵᠤ ᠦᠢᠯᠡᠰ ᠢ᠋ ᠪᠤᠵᠠᠭᠠᠢᠷᠠᠭᠤᠯᠤᠨ ᠬᠦᠴᠦᠷᠬᠡᠭ᠌ᠵᠢᠭᠦᠯᠵᠦ᠍ ᠴᠢᠳᠠᠨ᠎ᠠ》 ᠭᠡᠵᠦ᠍ ᠯᠢᠦ ᠳ᠋ᠠᠨ ᠶᠠᠩ ᠲᠦᠷᠦᠭ᠌ᠳᠡᠯ ᠵᠢᠡᠨ ᠶᠠᠷᠢᠨ᠎ᠠ᠃
ᠡᠨᠡ ᠬᠦ᠌ ᠰᠡᠳᠭᠢᠮᠵᠢ ᠶ᠋ᠢᠨ ᠵᠢᠯᠣᠭᠣᠳᠣᠯᠭ᠎ᠠ ᠳᠤᠤᠷ᠎ᠠ ᠬᠥᠪᠡᠭᠡᠲᠦ ᠱᠢᠷᠠ ᠬᠣᠱᠢᠭᠤᠨ ᠤ᠋ ᠤᠳᠤᠷᠢᠳᠤᠯᠭ᠎ᠠ ᠨᠠᠷ ᠢᠳᠡᠪᠬᠢᠲᠡᠶ ᠪᠡᠷ ᠭᠠᠳᠠᠭ᠍ᠰᠢ ᠭᠠᠷᠴᠤ᠌ ᠱᠢᠨᠵᠢᠯᠡᠨ ᠪᠠᠢᠴᠠᠭᠠᠬᠤ ᠵᠢᠨ ᠬᠠᠮᠳᠤ ᠠᠷᠠᠯᠵᠢᠶᠠᠴᠢᠨ ᠤᠷᠢᠵᠤ᠂ ᠴᠠᠬᠠᠷ ᠬᠣᠨᠢ ᠵᠢᠨ ᠠᠵᠤ ᠦᠶ᠋ᠯᠡᠰ ᠤ᠋ᠨ ᠬᠡᠯᠬᠢᠶ᠎ᠡ ᠵᠢ ᠤᠷᠲᠤᠳᠭᠠᠬᠤ ᠳ᠋ᠦ ᠠᠱᠢᠭ᠍ᠲᠠᠶ ᠨᠢᠭᠡ ᠪᠦᠯᠦᠭ ᠲᠥᠷᠥᠯ ᠵᠦᠶ᠋ᠯ ᠢ᠋ ᠣᠷᠣᠭᠤᠯᠤᠨ ᠠᠪᠴᠢᠷᠠᠪᠠ᠃
ᠣᠳᠣᠬᠠᠨ ᠳ᠋ᠦ ᠬᠡᠳᠦᠢᠪᠡᠷ ᠡᠪᠦᠯ ᠤ᠋ᠨ ᠲᠦᠢᠯ ᠤᠷᠤᠭᠰᠠᠨ ᠪᠤᠯᠪᠠᠴᠤ ᠬᠥᠪᠡᠭᠡᠲᠦ ᠱᠢᠷᠠ ᠬᠣᠱᠢᠭᠤᠨ ᠤ᠋ ᠪᠠᠶᠠᠨᠲᠠᠯ᠎ᠠ ᠪᠠᠯᠭᠠᠰᠤ ᠵᠢᠨ ᠬᠥᠨᠳᠡᠯᠡᠨ ᠭᠠᠴᠠᠭᠠᠨ ᠳ᠋ᠤ ᠪᠠᠢᠷᠢᠯᠠᠭ᠎ᠠ ᠴᠠᠬᠠᠷ ᠬᠣᠨᠢ ᠵᠢ ᠪᠤᠯᠪᠠᠰᠤᠷᠠᠭᠤᠯᠬᠤ ᠰᠠᠭᠤᠷᠢᠨ ᠤ᠋ ᠪᠥᠲᠥᠭᠡᠨ ᠪᠠᠢᠭᠤᠯᠤᠯᠲᠠ ᠶ᠋ᠢᠨ ᠪᠠᠷᠢᠯᠭ᠎ᠠ ᠶ᠋ᠢᠨ ᠭᠠᠵᠠᠷ ᠲᠦ᠍ ᠠᠵᠢᠯᠴᠢᠳ ᠮᠥᠨ ᠬᠦ᠌ ᠠᠵᠢᠯ ᠤ᠋ᠨ ᠬᠤᠭᠤᠴᠠᠭ᠎ᠠ ᠵᠢ ᠵᠠᠪᠳᠤᠨ ᠶᠠᠭᠠᠷᠠᠯᠲᠠᠢ ᠠᠵᠢᠯᠯᠠᠵᠠᠭᠠᠨ᠎ᠠ᠃
ᠡᠨᠡ ᠬᠦ᠌ ᠰᠠᠭᠤᠷᠢᠨ ᠪᠣᠯ ᠬᠥᠪᠡᠭᠡᠲᠦ ᠱᠢᠷᠠ ᠬᠣᠱᠢᠭᠤᠨ ᠤ᠋ ᠴᠠᠬᠠᠷ ᠬᠣᠨᠢ ᠵᠢᠨ ᠠᠵᠤ ᠦᠢᠯᠡᠰᠵᠢᠭ᠌ᠰᠡᠨ ᠴᠢᠨᠠᠷ ᠰᠠᠢᠲᠠᠶ ᠬᠥᠭ᠌ᠵᠢᠯᠲᠡ ᠵᠢ ᠠᠬᠢᠭᠤᠯᠵᠤ᠂ ᠲᠤᠬᠠᠶ ᠶ᠋ᠢᠨ ᠭᠠᠵᠠᠷ ᠤ᠋ᠨ ᠮᠠᠯᠴᠢᠳ ᠤ᠋ᠨ ᠤᠷᠤᠯᠭ᠎ᠠ ᠵᠢ ᠨᠡᠮᠡᠭᠳᠡᠭᠦᠯᠵᠦ ᠪᠠᠶᠠᠵᠢᠭᠤᠯᠬᠤ ᠠᠷᠠᠯᠵᠢᠶᠠᠴᠢᠨ ᠤᠷᠢᠵᠤ ᠪᠠᠯᠠ ᠮᠦᠡᠭᠬᠦ ᠤᠷᠤᠭᠤᠯᠤᠨ ᠠᠪᠴᠢᠷᠠᠬᠰᠠᠨ ᠭᠤᠤᠯᠳᠠᠯᠭ᠎ᠠ ᠲᠠᠶ ᠲᠥᠷᠥᠯ ᠵᠦᠶ᠋ᠯ ᠪᠠᠢᠵᠦ᠂ ᠥᠪᠥᠷ ᠮᠣᠩᠭᠣᠯ ᠤ᠋ᠨ ᠲᠢ ᠯᠠᠨ ᠽᠢ ᠢᠳᠡᠭᠡᠨ ᠤ᠋ ᠬᠢᠵᠠᠭᠠᠷᠲᠤ ᠺᠣᠮᠫᠠᠨᠢ ᠡᠴᠡ ᠳᠠᠭᠠᠭᠠᠴᠢᠯᠠᠨ ᠪᠦᠲᠦᠭᠡᠨ ᠪᠠᠢᠭᠤᠯᠵᠤ ᠪᠠᠢᠨ᠎ᠠ᠃ ᠲᠥᠷᠥᠯ ᠵᠦᠶ᠋ᠯ ᠨᠢ ᠬᠡᠪᠴᠢᠶᠡᠵᠢᠭᠦᠯᠦᠨ ᠲᠡᠵᠢᠭᠡᠨ ᠦᠷᠡᠵᠢᠭᠦᠯᠬᠦ᠌᠂ ᠨᠢᠳᠤᠯᠵᠦ ᠪᠤᠯᠪᠠᠰᠤᠷᠠᠭᠤᠯᠬᠤ᠂ ᠲᠡᠵᠢᠭᠡᠯ ᠡᠪᠡᠰᠦ ᠪᠣᠷᠳᠣᠭ᠎ᠠ ᠶ᠋ᠢᠨ ᠪᠠᠲᠤᠯᠠᠭ᠎ᠠ ᠵᠡᠷᠭᠡ 5 ᠶᠡᠬᠡ ᠬᠡᠰᠡᠭ ᠢ᠋ ᠬᠠᠮᠤᠷᠴᠤ᠂ ᠬᠦᠶ᠋ᠲᠡᠨ ᠬᠥᠮᠥᠷᠭᠡ᠂ ᠬᠠᠱᠢᠶᠠ ᠰᠠᠷᠠᠪᠴᠢ᠂ ᠬᠥᠬᠡ ᠳᠠᠷᠤᠰᠢ ᠶ᠋ᠢᠨ ᠵᠣᠭᠣᠷᠢ ᠵᠡᠷᠭᠡ ᠲᠦᠬᠦᠭᠡᠷᠦᠮᠵᠢ ᠵᠢ ᠢᠵᠢ ᠲᠥᠬᠥᠷᠵᠢᠭᠦᠯᠦᠨ ᠪᠠᠢᠭᠤᠯᠵᠤ᠂ ᠵᠢᠯ ᠤ᠋ᠨ ᠨᠢᠳᠤᠯᠤᠨ ᠪᠤᠯᠪᠠᠰᠤᠷᠠᠭᠤᠯᠬᠤ ᠴᠢᠳᠠᠪᠤᠷᠢ ᠨᠢ 45 ᠲᠦᠮᠡᠨ ᠬᠤᠨᠢ ᠳ᠋ᠤ ᠬᠦᠷᠬᠦ ᠪᠤᠯᠤᠨ᠎ᠠ᠃ ᠲᠥᠷᠥᠯ ᠵᠦᠶ᠋ᠯ ᠢ᠋ 2027 ᠣᠨ ᠳ᠋ᠦ ᠠᠱᠢᠭ᠍ᠯᠠᠯᠲᠠ ᠳ᠋ᠦ ᠣᠷᠣᠭᠤᠯᠬᠤ ᠪᠡᠷ ᠲᠥᠯᠥᠪᠯᠡᠵᠦ᠍᠂ ᠲᠤᠬᠠᠢ ᠵᠢᠨ ᠦᠶ᠎ᠡ ᠳ᠋ᠤ ᠱᠢᠯᠢ ᠶ᠋ᠢᠨ ᠭᠤᠤᠯ ᠠᠢᠮᠠᠭ ᠴᠢᠨᠠᠭ᠍ᠰᠢᠯᠠᠪᠠᠯ ᠪᠦᠬᠦ ᠤᠷᠤᠨ ᠤ᠋ ᠬᠡᠪᠴᠢᠶ᠎ᠡ ᠪᠡᠷ ᠬᠠᠮᠤᠭ ᠤ᠋ᠨ ᠶᠡᠬᠡ ᠴᠠᠬᠠᠷ ᠬᠣᠨᠢ ᠵᠢᠨ ᠦᠶ᠋ᠯᠡᠳᠪᠦᠷᠢᠯᠡᠯ ᠭᠠᠷᠭᠠᠯᠲᠠ ᠶ᠋ᠢᠨ ᠰᠠᠭᠤᠷᠢᠨ ᠪᠣᠯᠵᠣ᠂ ᠮᠠᠯᠴᠢᠳ ᠤ᠋ᠨ ᠣᠷᠣᠯᠭ᠎ᠠ ᠵᠢ ᠨᠡᠮᠡᠭ᠌ᠳᠡᠭᠦᠯᠬᠦ᠌ ᠪᠠ ᠠᠵᠤ ᠦᠶ᠋ᠯᠡᠰ ᠢ᠋ ᠬᠥᠭ᠌ᠵᠢᠭᠦᠯᠦᠨ ᠮᠠᠨᠳᠤᠭᠤᠯᠬᠤ 《ᠱᠢᠨ᠎ᠡ ᠬᠥᠳᠡᠯᠭᠡᠭᠦᠷ》 ᠪᠣᠯᠬᠤ ᠪᠣᠯᠤᠨ᠎ᠠ᠃
《ᠲᠤᠰ ᠲᠥᠷᠥᠯ ᠵᠦᠶ᠋ᠯ ᠢ᠋ ᠠᠰᠢᠭᠯᠠᠯᠲᠠ ᠳ᠋ᠦ ᠤᠷᠤᠭᠤᠯᠤᠭᠰᠠᠨ ᠠᠩᠬᠠᠨ ᠤ᠋ ᠬᠤᠭᠤᠴᠠᠭᠠᠨ ᠳ᠋ᠦ ᠥᠪᠡᠷ ᠤ᠋ᠨ ᠲᠡᠵᠢᠭᠡᠨ ᠦᠷᠡᠵᠢᠭᠦᠯᠬᠦ᠌ ᠲᠥᠬᠥᠭᠡᠷᠦᠮᠵᠢ ᠳ᠋ᠡᠭᠡᠨ ᠲᠦᠱᠢᠭ᠌ᠯᠡᠨ ᠵᠢᠯ ᠳ᠋ᠤ 2 ᠲᠦᠮᠡᠨ ᠰᠠᠢᠨ ᠡᠬᠦᠯᠳᠡᠷ ᠤ᠋ᠨ ᠴᠠᠬᠠᠷ ᠬᠣᠨᠢ ᠵᠢ ᠪᠣᠷᠣᠯᠠᠭᠤᠯᠵᠤ ᠳᠡᠢᠯᠦᠨ᠎ᠡ᠃ ᠡᠭᠦᠨ ᠤ᠋ ᠬᠠᠮᠲᠤ ᠪᠠᠲᠤᠯᠠᠭ᠎ᠠ ᠶ᠋ᠢᠨ ᠦᠨ᠎ᠡ ᠲᠣᠭ᠍ᠲᠠᠭᠠᠬᠤ ᠪᠡᠷ ᠳᠡᠮᠵᠢᠨ 〈ᠠᠵᠤ ᠠᠬᠤᠢᠯᠠᠯ + ᠮᠠᠯᠵᠢᠬᠤ ᠡᠷᠦᠬᠡ〉 ᠶ᠋ᠢᠨ 〈ᠮᠠᠯᠴᠢᠳ ᠲᠠᠢ ᠬᠤᠯᠪᠤᠭᠠᠯᠠᠨ ᠮᠠᠯ ᠠᠵᠤ ᠠᠬᠤᠢ ᠳ᠋ᠦ ᠲᠤᠰᠠᠯᠠᠬᠤ〉 ᠲᠣᠭ᠍ᠲᠠᠴᠠ ᠵᠢ ᠪᠠᠢᠭᠤᠯᠵᠤ᠂ ᠪᠠᠶᠠᠨᠲᠠᠯ᠎ᠠ ᠪᠠᠯᠭᠠᠰᠤᠨ ᠤ᠋ ᠲᠤᠬᠠᠢ ᠶ᠋ᠢᠨ ᠭᠠᠵᠠᠷ ᠤ᠋ᠨ ᠮᠠᠯᠵᠢᠬᠤ ᠡᠷᠦᠬᠡ ᠵᠢ ᠳᠠᠢᠴᠢᠯᠠᠨ ᠬᠤᠷᠱᠢᠨ ᠡᠵᠡᠩᠨᠡᠬᠦ᠌ ᠳ᠋ᠤ ᠣᠷᠣᠯᠴᠠᠭᠤᠯᠬᠤ ᠶ᠋ᠢᠨ ᠬᠠᠮᠲᠤ ᠡᠷᠬᠢᠨ ᠲᠣᠭᠣᠷᠢᠨ ᠤ᠋ ᠪᠤᠰᠤᠳ ᠮᠠᠯᠵᠢᠬᠤ ᠣᠷᠣᠨ ᠤ᠋ ᠴᠠᠬᠠᠷ ᠬᠣᠨᠢ ᠵᠢ ᠬᠤᠳᠠᠯᠳᠤᠨ ᠠᠪᠴᠤ᠌᠂ ᠵᠢᠱ᠌ᠢᠯᠲᠡ ᠪᠡᠷ ᠲᠤᠷᠱᠢᠨ ᠦᠶ᠋ᠯᠡᠳᠪᠦᠷᠢᠯᠡᠬᠦ᠌ ᠬᠤᠭᠤᠴᠠᠭᠠᠨ ᠳ᠋ᠦ ᠵᠢᠯ ᠪᠦᠷᠢ 15 ᠲᠦᠮᠡᠨ ᠬᠤᠨᠢ ᠵᠢ ᠨᠢᠳᠤᠯᠤᠨ ᠪᠤᠯᠪᠠᠰᠤᠷᠠᠭᠤᠯᠬᠤ ᠬᠡᠪᠴᠢᠶ᠎ᠡ ᠳ᠋ᠤ ᠬᠥᠷᠬᠥ᠌ ᠪᠣᠯᠤᠨ᠎ᠠ》 ᠭᠡᠵᠦ ᠲᠥᠷᠥᠯ ᠵᠦᠶ᠋ᠯ ᠤ᠋ᠨ ᠬᠠᠷᠢᠭᠤᠴᠠᠯᠭᠠᠲᠠᠨ ᠴᠧᠨ ᠶᠦᠩ ᠯᠸ᠋ ᠲᠠᠨᠢᠯᠴᠠᠭᠤᠯᠤᠭᠰᠠᠨ ᠵᠢᠡᠨ 《ᠰᠡᠭᠦᠯᠴᠢ ᠶ᠋ᠢᠨ ᠬᠤᠭᠤᠴᠠᠭᠠᠨ ᠳ᠋ᠦ ᠴᠠᠬᠠᠷ ᠬᠣᠨᠢ ᠵᠢᠨ ᠱᠢᠷᠢᠰ ᠪᠦᠲᠦᠭᠡᠭᠳᠡᠭᠦᠨ ᠤ᠋ ᠦᠨ᠎ᠡ ᠬᠠᠩᠰᠢ ᠦᠰᠬᠦ ᠵᠢ ᠳᠠᠭᠠᠯᠳᠤᠨ ᠭᠡᠷ᠎ᠡ ᠲᠣᠭ᠍ᠲᠠᠬᠤ ᠪᠡᠷ ᠳᠡᠮᠵᠢᠨ ᠨᠠᠩ ᠣᠯᠠᠨ ᠮᠠᠯᠵᠢᠬᠤ ᠡᠷᠦᠬᠡ ᠬᠤᠷᠰᠢᠵᠤ ᠬᠠᠮᠲᠤ ᠪᠡᠷ ᠲᠡᠵᠢᠭᠡᠬᠦ᠌ ᠬᠡᠯᠪᠡᠷᠢ ᠪᠡᠷ ᠠᠵᠤ ᠠᠬᠤᠢᠯᠠᠯ ᠤ᠋ᠨ ᠬᠤᠨᠢᠨ ᠤ᠋ ᠬᠠᠡᠭᠭᠠᠯᠭ᠎ᠠ ᠵᠢ ᠪᠠᠲᠤᠯᠠᠬᠤ ᠪᠤᠯᠤᠨ᠎ᠠ᠃ ᠠᠵᠤ ᠠᠬᠤᠢᠯᠠᠯ ᠤ᠋ᠨ ᠡᠳ᠋ᠰᠢᠭᠦᠯᠦᠨ ᠪᠣᠯᠪᠠᠰᠤᠷᠠᠭᠤᠯᠬᠤ ᠴᠢᠳᠠᠪᠤᠷᠢ ᠪᠠ ᠪᠤᠷᠤᠯᠠᠭᠤᠯᠭ᠎ᠠ ᠶ᠋ᠢᠨ ᠠᠷᠭ᠎ᠠ ᠵᠠᠮ ᠶ᠋ᠢᠡᠷ ᠮᠠᠯᠴᠢᠳ ᠤ᠋ᠨ ᠣᠷᠣᠯᠭ᠎ᠠ ᠵᠢ ᠪᠦᠬᠦᠯᠢ ᠴᠣᠭ᠍ᠴᠠ ᠪᠡᠷ ᠨᠢ ᠨᠡᠮᠡᠭᠳᠡᠭᠦᠯᠬᠦ ᠪᠤᠯᠤᠨ᠎ᠠ》 ᠭᠡᠵᠦ ᠬᠤᠢᠰᠢᠲᠠ ᠶ᠋ᠢᠨ ᠲᠦᠯᠦᠪᠯᠡᠭᠡ ᠪᠠᠨ ᠶᠠᠷᠢᠵᠤ ᠪᠠᠢᠯ᠎ᠠ᠃
ᠬᠥᠪᠡᠭᠡᠲᠦ ᠱᠢᠷᠠ ᠬᠣᠱᠢᠭᠤᠨ ᠤ᠋ ᠴᠠᠬᠠᠷ ᠬᠣᠨᠢ ᠵᠢᠨ ᠠᠵᠤ ᠦᠢᠯᠡᠰ ᠤ᠋ᠨ ᠬᠥᠭ᠌ᠵᠢᠯᠲᠡ ᠶ᠋ᠢᠨ ᠶᠡᠷᠦᠩᠬᠡᠢ ᠲᠥᠯᠥᠪᠵᠢᠭᠦᠯᠬᠡ ᠪᠠ ᠪᠠᠢᠷᠢᠰᠢᠭᠤᠯᠤᠯᠲᠠ ᠵᠢ ᠦᠨᠳᠦᠰᠦᠯᠡᠪᠠᠯ᠂ ᠱᠢᠨ᠎ᠡ ᠪᠡᠷ ᠪᠠᠢᠭᠤᠯᠤᠭ᠍ᠰᠠᠨ ᠰᠠᠭᠤᠷᠢᠨ ᠤ᠋ ᠭᠠᠵᠠᠷ ᠵᠦᠢ ᠶ᠋ᠢᠨ ᠪᠠᠢᠷᠢᠱᠢᠯ ᠨᠢ ᠳᠠᠪᠠᠭᠤᠯᠢᠭ ᠪᠠᠢᠵᠤ᠂ ᠪᠡᠭᠡᠵᠢᠩ᠂ ᠾᠧᠪᠧᠢ ᠡᠴᠡ ᠬᠠᠷᠢᠴᠠᠩᠭᠤᠢ ᠤᠢᠷᠬᠠᠨ ᠶᠤᠮ᠃ ᠵᠢᠨᠢᠡᠭ — ᠲᠦ᠋ᠡᠭᠯᠢᠶᠤᠤ ᠬᠦᠷᠬᠦ ᠲᠡᠮᠦᠷ ᠵᠠᠮ᠂ ᠬᠦᠬᠡᠬᠤᠲᠠ — ᠬᠠᠢᠯᠠᠷ ᠬᠦᠷᠬᠦ ᠶᠡᠬᠡ ᠨᠡᠪᠲᠡᠷᠡᠯ ᠵᠠᠮ ᠵᠢᠴᠢ ᠮᠤᠵᠢ ᠶ᠋ᠢᠨ ᠵᠠᠰᠠᠮᠠᠯ ᠵᠠᠮ ᠤ᠋ᠨ 208 ᠱᠤᠭᠤᠮ ᠴᠦᠮ ᠲᠤᠰ ᠭᠠᠵᠠᠷ ᠶ᠋ᠢᠡᠷ ᠦᠡᠭᠭᠡᠷᠡᠬᠦ ᠪᠤᠯᠤᠨ᠎ᠠ᠃ ᠬᠣᠢᠱᠢᠳᠠ ᠲᠤᠰ ᠰᠠᠭᠤᠷᠢᠨ ᠨᠢ ᠱᠢᠯᠢ ᠶ᠋ᠢᠨ ᠭᠤᠤᠯ ᠠᠢᠮᠠᠭ ᠤ᠋ᠨ ᠴᠠᠬᠠᠷ ᠬᠣᠨᠢ ᠵᠢᠨ ᠭᠤᠤᠯ ᠭᠠᠷᠤᠯᠲᠠ ᠶ᠋ᠢᠨ ᠣᠷᠣᠨ ᠶ᠋ᠢᠡᠷ ᠲᠤᠯᠭᠠᠭᠤᠷᠢᠯᠠᠯ ᠪᠣᠯᠭᠠᠨ᠂ 《ᠲᠡᠵᠢᠭᠡᠨ ᠦᠷᠡᠵᠢᠭᠦᠯᠬᠦ᠌᠂ ᠨᠢᠲᠤᠯᠤᠨ ᠪᠤᠯᠪᠠᠰᠤᠷᠠᠭᠤᠯᠬᠤ᠂ ᠬᠥᠮᠥᠷᠭᠡᠯᠡᠨ ᠬᠠᠳᠠᠭᠠᠯᠠᠬᠤ᠂ ᠬᠤᠳᠠᠯᠳᠤᠵᠤ ᠪᠣᠷᠣᠯᠠᠭᠤᠯᠬᠤ》 ᠪᠥᠬᠥ᠌ ᠬᠡᠯᠬᠢᠶ᠎ᠡ ᠵᠢ ᠨᠡᠪᠲᠡᠷᠡᠭᠦᠯᠵᠦ᠍᠂ ᠵᠠᠬ᠎ᠠ ᠳᠡᠯᠭᠡᠭᠦᠷ ᠢ᠋ ᠥᠷᠭᠡᠳᠭᠡᠬᠦ᠌ ᠳ᠋ᠤ ᠪᠠᠲᠤ ᠪᠠᠬᠢ ᠰᠠᠭᠤᠷᠢ ᠵᠢ ᠲᠠᠯᠪᠢᠨ᠎ᠠ᠃ ᠡᠨᠡ ᠨᠢ ᠴᠠᠬᠠᠷ ᠬᠣᠨᠢ ᠵᠢᠨ ᠠᠵᠤ ᠦᠶ᠋ᠯᠡᠰ ᠢ᠋ ᠬᠢᠮᠳᠠ ᠦᠨ᠎ᠡ ᠪᠡᠷ 《ᠠᠮᠢᠳᠤ ᠮᠠᠯ ᠬᠤᠳᠠᠯᠳᠤᠵᠤ》 ᠪᠠᠢᠭ᠍ᠰᠠᠨ ᠡᠴᠡ ᠥᠨᠳᠥᠷ ᠨᠡᠮᠡᠯᠲᠡ ᠥᠷᠲᠡᠭ ᠪᠥᠬᠥᠶ 《ᠪᠦᠲᠦᠭᠡᠭᠳᠡᠭᠦᠨ ᠬᠤᠳᠠᠯᠳᠤᠬᠤ》᠂ 《ᠲᠦᠷᠦᠯ ᠲᠡᠮᠲᠡᠭ ᠬᠤᠳᠠᠯᠳᠤᠬᠤ》 ᠲᠡᠢᠰᠢ ᠬᠤᠪᠢᠷᠠᠭᠤᠯᠬᠤ ᠵᠢ ᠠᠬᠢᠭᠤᠯᠬᠤ ᠪᠣᠯᠤᠨ᠎ᠠ᠃
ᠠᠵᠤ ᠦᠶ᠋ᠯᠡᠰ ᠢ᠋ ᠬᠥᠭ᠌ᠵᠢᠭᠦᠯᠦᠨ ᠮᠠᠨᠳᠤᠭᠤᠯᠬᠤ ᠬᠠᠷᠠᠯᠲᠠ ᠵᠢ ᠲᠣᠭ᠍ᠲᠠᠭᠠᠵᠤ᠂ ᠬᠥᠪᠡᠭᠡᠲᠦ ᠱᠢᠷᠠ ᠬᠣᠱᠢᠭᠤ ᠣᠲᠣ ᠦᠶ᠎ᠡ ᠶ᠋ᠢᠨ ᠮᠢᠬᠠᠨ ᠤ᠋ ᠬᠣᠨᠢ ᠵᠢᠨ ᠪᠥᠬᠥ᠌ ᠠᠵᠤ ᠦᠶ᠋ᠯᠡᠰ ᠤ᠋ᠨ ᠬᠡᠯᠬᠢᠶ᠎ᠡ ᠵᠢ ᠪᠥᠬᠥ᠌ ᠬᠦᠴᠦᠨ ᠶ᠋ᠢᠡᠷ ᠶ᠋ᠢᠡᠨ ᠴᠣᠭ᠍ᠴᠠᠯᠠᠨ᠂ 《ᠠᠵᠤ ᠠᠬᠤᠢᠯᠠᠯ + ᠮᠠᠯᠵᠢᠬᠤ ᠡᠷᠦᠬᠡ》 ᠶ᠋ᠢᠨ ᠲᠣᠭ᠍ᠲᠠᠴᠠ ᠵᠢ ᠠᠱᠢᠭ᠍ᠯᠠᠨ ᠴᠠᠬᠠᠷ ᠬᠣᠨᠢ ᠵᠢ ᠬᠡᠪᠴᠢᠶᠡᠵᠢᠭᠦᠯᠦᠨ ᠲᠡᠵᠢᠭᠡᠨ ᠦᠷᠡᠵᠢᠭᠦᠯᠬᠦ᠌ ᠵᠢ ᠴᠢᠨᠠᠷ ᠰᠠᠢᠲᠠᠶ᠂ ᠥᠨᠳᠥᠷ ᠲᠦᠪᠱᠢᠨ ᠲᠡᠢᠰᠢ ᠬᠥᠭ᠌ᠵᠢᠭᠦᠯᠬᠦ᠌ ᠵᠢ ᠠᠬᠢᠭᠤᠯᠵᠤ᠂ ᠲᠡᠵᠢᠭᠡᠨ ᠠᠷᠠᠴᠢᠯᠠᠬᠤ ᠠᠷᠭ᠎ᠠ ᠬᠡᠯᠪᠡᠷᠢ ᠵᠢ 《ᠶᠠᠰᠤ ᠴᠢᠨᠠᠷ ᠦᠷ᠎ᠡ ᠠᠱᠢᠭ ᠤ᠋ᠨ ᠬᠡᠯᠪᠡᠷᠢ》 ᠲᠠᠢᠰᠢ ᠬᠤᠪᠢᠷᠠᠭᠤᠯᠬᠤ ᠵᠢ ᠠᠭᠠᠵᠢᠮ ᠶ᠋ᠢᠡᠷ ᠪᠡᠶᠡᠯᠡᠭᠦᠯᠵᠤ ᠪᠠᠢᠨ᠎ᠠ᠃
ᠬᠥᠪᠡᠭᠡᠲᠦ ᠱᠢᠷᠠ ᠬᠣᠱᠢᠭᠤᠨ ᠤ᠋ ᠪᠠᠶᠠᠨᠲᠠᠯ᠎ᠠ ᠪᠠᠯᠭᠠᠰᠤ ᠵᠢᠨ ᠪᠠᠭ᠎ᠠ ᠳᠠᠪᠤᠰᠤ ᠭᠠᠴᠠᠭᠠᠨ ᠤ᠋ ᠮᠠᠯᠴᠢᠨ ᠴᠣᠯᠮᠣᠨ ᠤ᠋ ᠬᠢᠨ ᠡᠨᠡ ᠵᠢᠯ 180 ᠴᠠᠬᠠᠷ ᠬᠣᠨᠢ ᠪᠣᠷᠣᠯᠠᠭᠤᠯᠵᠤ᠂ ᠨᠢᠭᠡ ᠪᠦᠯᠦᠭ ᠬᠤᠷᠠᠭ᠎ᠠ ᠡᠴᠡ ᠭᠠᠳᠠᠨ᠎ᠠ ᠬᠣᠨᠢ ᠨᠢᠭᠡᠪᠦᠷᠢ ᠶ᠋ᠢᠨ ᠳᠤᠮᠳᠠᠴᠢ ᠦᠨ᠎ᠡ ᠨᠢ 1800 ᠲᠥᠭᠥᠷᠢᠭ ᠲᠦ᠍ ᠬᠦᠷᠴᠡᠶ᠃ 《ᠥᠩᠭᠡᠷᠡᠭ᠌ᠰᠡᠨ ᠳ᠋ᠤ ᠭᠤᠤᠯᠳᠠᠭᠤ ᠬᠣᠨᠢᠨ ᠤ᠋ ᠮᠠᠢᠮᠠᠢᠴᠢᠨ ᠳ᠋ᠦ ᠪᠤᠷᠤᠯᠠᠭᠤᠯᠵᠤ᠂ ᠦᠨ᠎ᠡ ᠬᠠᠩᠰᠢ ᠶ᠋ᠢᠨ ᠬᠡᠯᠪᠡᠯᠵᠡᠯ ᠶᠡᠬᠡ᠂ ᠲᠡᠵᠢᠭᠡᠨ ᠦᠷᠡᠵᠢᠭᠦᠯᠬᠦ᠌ ᠲᠦᠭ᠌ᠰᠢᠭᠦᠷᠢ ᠥᠨᠳᠥᠷ ᠪᠠᠢᠪᠠ》 ᠭᠡᠵᠦ ᠴᠣᠯᠮᠣᠨ ᠬᠡᠯᠡᠨ᠎ᠠ᠃ ᠬᠤᠵᠢᠮ ᠬᠥᠪᠡᠭᠡᠲᠦ ᠱᠢᠷᠠ ᠬᠣᠱᠢᠭᠤᠨ ᠤ᠋ ᠴᠠᠬᠠᠷ ᠬᠣᠨᠢ ᠵᠢ ᠪᠤᠯᠪᠠᠰᠤᠷᠠᠭᠤᠯᠬᠤ ᠰᠠᠭᠤᠷᠢᠨ ᠨᠢ ᠵᠠᠬᠢᠶᠠᠯᠠᠭ᠎ᠠ ᠪᠡᠷ ᠬᠠᠮᠲᠤᠷᠠᠯᠴᠠᠬᠤ ᠵᠡᠷᠭᠡ ᠲᠣᠭ᠍ᠲᠠᠴᠠ ᠪᠡᠷ ᠮᠠᠯᠴᠢᠳ ᠢ᠋ ᠴᠠᠬᠠᠷ ᠬᠣᠨᠢ ᠪᠡᠷ ᠬᠤᠪᠢ ᠣᠷᠣᠭᠤᠯᠬᠤ ᠪᠤᠶᠤ ᠪᠤᠰᠤᠳ ᠬᠡᠯᠪᠡᠷ ᠪᠡᠷ ᠡᠵᠡᠩᠨᠡᠯᠲᠡ ᠳ᠋ᠤ ᠣᠷᠣᠯᠴᠠᠭᠤᠯᠵᠤ᠂ ᠲᠡᠵᠢᠭᠡᠨ ᠦᠷᠡᠵᠢᠭᠦᠯᠬᠦ᠌ ᠲᠦᠭ᠌ᠰᠢᠭᠦᠷᠢ ᠵᠢ ᠨᠢ ᠪᠠᠭᠠᠰᠭᠠᠬᠤ ᠶ᠋ᠢᠨ ᠬᠠᠮᠲᠤ ᠣᠷᠣᠯᠭ᠎ᠠ ᠵᠢ ᠨᠢ ᠴᠦ᠍ ᠨᠡᠮᠡᠭᠳᠡᠭᠦᠯᠬᠦ ᠪᠤᠯᠤᠨ᠎ᠠ᠃
《ᠪᠢᠳᠡ 〈ᠵᠣᠬᠢᠶᠠᠨ ᠪᠠᠢᠭᠤᠯᠤᠯᠲᠠ ᠪᠡᠷ ᠠᠬᠢᠭᠤᠯᠬᠤ᠂ ᠵᠠᠭ᠍ᠪᠤᠷᠴᠢᠯᠠᠨ ᠲᠡᠵᠢᠭᠡᠨ ᠦᠷᠡᠵᠢᠭᠦᠯᠬᠦ᠌᠂ ᠪᠠᠷᠢᠮᠵᠢᠶᠠᠵᠢᠭᠤᠯᠤᠨ ᠦᠶ᠋ᠯᠡᠳᠪᠦᠷᠢᠯᠡᠬᠦ᠌᠂ ᠠᠵᠤ ᠦᠢᠯᠡᠰᠵᠢᠭᠦᠯᠦᠨ ᠡᠵᠡᠩᠨᠡᠬᠦ᠌〉ᠱᠢᠨ᠎ᠡ ᠵᠠᠭ᠍ᠪᠤᠷ ᠲᠦ᠍ ᠲᠦᠱᠢᠭ᠌ᠯᠡᠨ〈ᠠᠵᠤ ᠠᠬᠤᠢᠯᠠᠯ ᠬᠢᠬᠡᠳ ᠮᠠᠯᠵᠢᠬᠤ ᠡᠷᠦᠬᠡ ᠬᠤᠯᠪᠤᠭ᠎ᠠ ᠪᠠᠢᠭᠤᠯᠬᠤ〉 ᠵᠢ ᠱᠢᠨᠡᠴᠢᠯᠡᠯᠳᠡ ᠲᠠᠢ ᠪᠡᠷ ᠪᠡᠶᠡᠯᠡᠭᠦᠯᠵᠦ᠍᠂ ᠶᠠᠳᠠᠭᠤ ᠡᠴᠡ ᠠᠩᠭᠢᠵᠢᠷᠠᠭᠤᠯᠬᠤ ᠪᠣᠭᠣᠮᠲᠠ ᠰᠢᠪᠲᠤᠯᠤᠭᠰᠠᠨ ᠦᠷ᠎ᠡ ᠪᠦᠲᠦᠭᠡᠯ ᠢ᠋ ᠪᠡᠬᠢᠵᠢᠭᠦᠯᠦᠨ ᠦᠷᠭᠡᠳᠭᠡᠬᠦ ᠵᠢ ᠬᠥᠳᠡᠭᠡ ᠲᠣᠰᠭᠣᠨ ᠢ᠋ ᠪᠥᠬᠥ᠌ ᠲᠠᠯ᠎ᠠ ᠪᠡᠷ ᠬᠥᠭ᠌ᠵᠢᠭᠦᠯᠦᠨ ᠮᠠᠨᠳᠤᠭᠤᠯᠬᠤ ᠲᠠᠶ ᠦᠨᠡᠨ ᠬᠦ᠌ ᠵᠣᠯᠭᠠᠭᠤᠯᠵᠤ᠂ ᠮᠠᠯᠴᠢᠨ ᠲᠦᠮᠡᠨ ᠳ᠋ᠤ ᠨᠡᠡᠭ ᠪᠠᠶᠠᠨ ᠲᠠᠩᠰᠤᠭ ᠠᠮᠢᠳᠤᠷᠠᠯ ᠢ᠋ ᠡᠳ᠋ᠯᠡᠬᠦᠯᠬᠦ ᠪᠡᠷ ᠴᠢᠷᠮᠠᠢᠨ᠎ᠠ》 ᠭᠡᠵᠦ ᠯᠢᠦ ᠳ᠋ᠠᠨ ᠶᠠᠩ ᠢᠯᠡᠳᠭᠡᠵᠤ ᠪᠠᠢᠯ᠎ᠠ᠃