ᠭᠠᠳᠠᠭᠠᠳᠤ ᠶᠠᠪᠤᠳᠠᠯ᠎ᠤᠨ ᠶᠠᠮᠤᠨ᠄ ᠳᠤᠮᠳᠠᠳᠤ ᠤᠯᠤᠰ ᠦᠷᠭᠦᠯᠵᠢᠯᠡᠨ ᠨᠡᠭᠡᠭᠡᠯᠲᠡᠲᠦ ᠣᠪᠣᠷ᠎ᠢᠶᠠᠷ ᠡᠯ᠎ᠡ ᠤᠯᠤᠰ᠎ᠯᠤᠭ᠎ᠠ ᠬᠥᠭ᠌ᠵᠢᠯ ᠴᠡᠴᠡᠭ᠌ᠯᠡᠯ᠎ᠢ ᠬᠠᠮᠲᠤ᠎ᠪᠠᠷ ᠡᠳ᠋ᠯᠡᠨ᠎ᠡ
2026-01-12 16:18:03
ᠵᠣᠬᠢᠶᠠᠭ᠍ᠴᠢ᠄
ᠳ᠋ᠦᠩ ᠱᠢᠤᠸᠠᠢ ᠼᠤᠤ ᠵᠢᠶᠠ ᠶᠤᠸᠠᠢ
ᠣᠩᠱᠢᠭ᠍ᠰᠠᠨ ᠣᠳᠠᠭ᠎ᠠ᠄
★★★☆☆

ᠤᠢ᠍ᠢᠷ᠎ᠠ᠎ᠵᠢᠨ ᠡᠳᠤᠷ᠂ ᠧᠦ᠋ᠷᠣᠫᠠ ᠲᠢᠪ᠎ᠦᠨ ᠮᠠᠰᠢ ᠤᠯᠠᠨ ᠮᠥᠩᠭᠥᠨ ᠭᠦᠢᠯᠭᠡᠭᠡᠨ᠎ᠦ ᠪᠠᠢᠭᠤᠯᠤᠮᠵᠢ᠎ᠶ᠋ᠢᠨ ᠰᠤᠳᠤᠯᠭᠠᠨ᠎ᠤ ᠮᠡᠳᠡᠭᠦᠯᠦᠯᠲᠡ᠎ᠳᠦ᠂ ᠳᠤᠮᠳᠠᠳᠤ ᠤᠯᠤᠰ ᠪᠦᠬᠦ᠌ ᠪᠥᠮᠪᠥᠷᠴᠡᠭ᠎ᠦᠨ ᠭᠣᠣᠯ ᠪᠣᠯᠬᠤ ᠠᠵᠤ ᠠᠬᠤᠢ᠎ᠶ᠋ᠢᠨ ᠴᠣᠭ᠍ᠴᠠ᠎ᠳᠤ ᠨᠡᠯᠢᠶᠡᠳ ᠴᠢᠩᠭ᠎ᠠ ᠤᠶᠠᠨ ᠬᠠᠳᠠᠨ ᠴᠢᠨᠠᠷ᠎ᠢᠶᠠᠨ ᠢᠯᠡᠷᠡᠭᠦᠯᠪᠡ ᠬᠡᠵᠡᠢ᠃ ᠡᠨᠡ ᠲᠤᠬᠠᠢ᠂ ᠭᠠᠳᠠᠭᠠᠳᠤ ᠶᠠᠪᠤᠳᠠᠯ᠎ᠤᠨ ᠶᠠᠮᠤᠨ᠎ᠤ ᠥᠭᠦᠯᠡᠭ᠌ᠴᠢ ᠮᠤᠤ ᠨᠢᠩ 1 ᠰᠠᠷ᠎ᠠ᠎ᠶ᠋ᠢᠨ 7 ᠤ᠋ ᠡᠳᠦᠷ᠂ ᠳᠤᠮᠳᠠᠳᠤ ᠤᠯᠤᠰ ᠦᠷᠭᠦᠯᠵᠢᠯᠡᠨ ᠨᠡᠬᠡᠬᠡᠯᠳᠡᠳᠤ ᠣᠪᠣᠷ᠎ᠢᠶᠠᠷ ᠡᠯ᠎ᠡ ᠤᠯᠤᠰ᠎ᠯᠤᠭ᠎ᠠ ᠬᠥᠭ᠌ᠵᠢᠯ ᠴᠡᠴᠡᠭ᠌ᠯᠡᠯ᠎ᠢ ᠬᠠᠮᠲᠤ᠎ᠪᠠᠷ ᠡᠳ᠋ᠯᠡᠨ᠎ᠡ ᠭᠡᠵᠦ᠍ ᠢᠯᠡᠳᠭᠡᠪᠡ᠃

ᠲᠤᠬᠠᠶ᠎ᠶ᠋ᠢᠨ ᠡᠳᠦᠷ᠎ᠦᠨ ᠵᠤᠷᠰᠢᠯᠳᠤ ᠰᠣᠷᠪᠣᠯᠵᠢᠯᠠᠭ᠍ᠴᠢᠳ᠎ᠤᠨ ᠬᠤᠷᠠᠯ ᠳᠡᠭᠡᠷ᠎ᠡ᠂ ᠵᠠᠷᠢᠮ ᠰᠤᠷᠪᠤᠯᠵᠢᠯᠠᠭ᠍ᠴᠢ᠄ ᠣᠢᠷ᠎ᠠ᠎ᠵᠢᠨ ᠡᠳᠤᠷ᠂ ᠠᠨᠭ᠌ᠭ᠌ᠯᠢ᠎ᠶ᠋ᠢᠨ ᠵᠠ ᠳ᠋ᠠ ᠪᠠᠩᠬᠢ᠂ ᠹᠷᠠᠨᠼᠢ᠎ᠶ᠋ᠢᠨ ᠱᠢᠩ ᠶᠧ ᠪᠠᠩᠬᠢ᠂ ᠬᠣᠯᠠᠨᠳ᠋᠎ᠤᠨ ᠣᠯᠠᠨ ᠤᠯᠤᠰ᠎ᠤᠨ ᠪᠦᠯᠦᠭ᠌ᠯᠡᠯ ᠵᠡᠷᠭᠡ ᠧᠦ᠋ᠷᠣᠫᠠ ᠲᠢᠪ᠎ᠦᠨ ᠣᠯᠠᠨ ᠮᠥᠩᠭᠥᠨ ᠭᠦᠶ᠋ᠯᠭᠡᠭᠡᠨ᠎ᠦ ᠪᠠᠢᠭᠤᠯᠤᠮᠵᠢ ᠰᠤᠳᠤᠯᠭᠠᠨ᠎ᠤ ᠮᠡᠳᠡᠭᠦᠯᠦᠯᠲᠡ ᠨᠡᠢᠲᠡᠯᠡᠵᠦ᠍᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠪᠠ ᠪᠣᠬᠢᠷᠲᠤᠯ ᠥᠬᠡᠶ ᠲᠡᠢᠰᠢ ᠬᠡᠯᠪᠡᠷᠢ᠎ᠪᠡᠨ ᠬᠤᠪᠢᠷᠠᠭᠤᠯᠬᠤ ᠲᠤᠯᠭᠠᠭᠤᠷᠢᠯᠠᠯ ᠳᠤᠤᠷ᠎ᠠ᠂ ᠳᠤᠮᠳᠠᠳᠤ ᠤᠯᠤᠰ᠎ᠤᠨ ᠠᠵᠤ ᠠᠬᠤᠶ 2026 ᠣᠨ᠎ᠳᠤ ᠲᠣᠭ᠍ᠲᠠᠭᠤᠨ᠎ᠢᠶᠠᠷ ᠨᠡᠮᠡᠭ᠌ᠳᠡᠵᠦ᠍᠂ ᠪᠥᠬᠥ᠌ ᠪᠥᠮᠪᠥᠷᠴᠡᠭ᠎ᠦᠨ ᠭᠤᠤᠯ ᠪᠣᠯᠬᠤ ᠠᠵᠤ ᠠᠬᠤᠶ᠎ᠶ᠋ᠢᠨ ᠴᠣᠭ᠍ᠴᠠ᠎ᠳ᠋ᠤ ᠨᠡᠯᠢᠶᠡᠳ ᠴᠢᠩᠭ᠎ᠠ ᠤᠶᠠᠨ ᠬᠠᠲᠠᠨ ᠴᠢᠨᠠᠷ᠎ᠢᠶᠠᠨ ᠢᠯᠡᠷᠡᠭᠦᠯᠬᠦ᠌ ᠪᠣᠯᠤᠮᠵᠢ᠎ᠲᠠᠶ ᠪᠠᠢᠨ᠎ᠠ ᠬᠡᠵᠡᠢ᠃ ᠥᠭᠦᠯᠡᠭ᠌ᠴᠢ ᠡᠭᠦᠨ᠎ᠢ ᠬᠡᠷᠬᠢᠨ ᠦᠨᠡᠯᠡᠬᠦ᠌ ᠪᠤᠢ?

ᠮᠤᠤ ᠨᠢᠩ᠂ ᠰᠠᠶᠢᠬᠠᠨ ᠥᠩᠭᠡᠷᠡᠭ᠌ᠰᠡᠨ 2025 ᠣᠨ᠎ᠳᠤ᠂ ᠳᠤᠮᠳᠠᠳᠤ ᠤᠯᠤᠰ᠎ᠤᠨ ᠠᠵᠤ ᠠᠬᠤᠢ ᠡᠯ᠎ᠡ ᠵᠦᠢᠯ᠎ᠦᠨ ᠠᠶᠤᠯ ᠲᠦᠭ᠌ᠰᠢᠭᠦᠷᠢ ᠥᠷᠢᠰᠥᠯᠳᠦᠭᠡᠨ᠎ᠢ ᠪᠦᠲᠦᠮᠵᠢᠲᠡᠢ ᠠᠷᠭᠠᠴᠠᠭᠠᠵᠤ᠂ ᠳᠠᠷᠤᠯᠲᠠ᠎ᠶ᠋ᠢ ᠰᠦᠷᠦᠨ ᠤᠷᠤᠭ᠍ᠰᠢᠯᠠᠵᠤ᠂ ᠱᠢᠨ᠎ᠡ᠎ᠱᠢᠯᠢᠳᠡᠭ ᠲᠡᠢᠰᠢ ᠬᠥᠭ᠌ᠵᠢᠵᠦ᠍᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠦᠭ᠌ᠰᠡᠨ ᠦᠷ᠎ᠡ ᠪᠦᠲᠦᠭᠡᠯ᠂ ᠪᠣᠬᠢᠷᠲᠤᠯ ᠦᠭᠡᠢ ᠡᠨᠧᠷᠭᠢ᠎ᠶ᠋ᠢᠨ ᠬᠡᠯᠪᠡᠷᠢ ᠪᠡᠨ ᠬᠤᠪᠢᠷᠠᠭᠤᠯᠬᠤ ᠲᠠᠯ᠎ᠠ᠎ᠪᠠᠷ ᠪᠦᠬᠦ᠌ ᠪᠥᠮᠪᠥᠷᠴᠡᠭ᠎ᠲᠦ ᠬᠣᠱᠢᠭᠤᠷᠠᠵᠤ᠂ ᠤᠯᠤᠰ᠎ᠤᠨ ᠶᠡᠷᠦᠩᠬᠡᠢ ᠬᠦᠴᠦᠨ ᠱᠢᠨ᠎ᠡ ᠳᠡᠭ᠌ᠲᠡᠷ᠎ᠲᠦ ᠭᠠᠷᠪᠠ᠃ ᠳᠤᠮᠳᠠᠳᠤ ᠤᠯᠤᠰ ᠥᠨᠳᠥᠷ ᠲᠦᠪᠱᠢᠨ ᠪᠥᠬᠥᠶ ᠭᠠᠳᠠᠭᠠᠳᠤ ᠨᠡᠭᠡᠭᠡᠯᠲᠡ᠎ᠶ᠋ᠢ ᠦᠷᠭᠦᠯᠵᠢᠯᠡᠨ ᠠᠬᠢᠭᠤᠯᠵᠤ᠂ ᠨᠢᠭᠡᠨᠲᠡ 150 ᠭᠠᠷᠤᠶ ᠤᠯᠤᠰ ᠪᠠ ᠭᠠᠵᠠᠷ ᠣᠷᠣᠨ᠎ᠤ ᠭᠤᠤᠯ ᠪᠣᠯᠬᠤ ᠠᠷᠠᠯᠵᠢᠶᠠᠨ᠎ᠤ ᠬᠠᠨᠢᠲᠠᠨ ᠪᠣᠯᠵᠣ᠂ ᠳᠡᠯᠡᠬᠡᠶ᠎ᠶ᠋ᠢᠨ ᠠᠵᠤ ᠠᠬᠤᠶ᠎ᠶ᠋ᠢᠨ ᠨᠡᠮᠡᠭ᠌ᠳᠡᠯ᠎ᠳᠦ ᠬᠤᠪᠢ ᠨᠡᠮᠡᠷᠢ ᠦᠵᠡᠭᠦᠯᠬᠦ᠌ ᠨᠣᠷᠮ᠎ᠠ᠎ᠶ᠋ᠢ 30% ᠣᠷᠴᠢᠮ ᠪᠠᠢᠯᠭᠠᠵᠤ᠂ ᠪᠥᠬᠥ᠌ ᠪᠥᠮᠪᠥᠷᠴᠡᠭ᠎ᠦᠨ ᠬᠥᠭ᠌ᠵᠢᠯᠲᠡ᠎ᠳᠦ ᠬᠥᠳᠡᠯᠭᠡᠬᠦ᠌ ᠬᠦᠴᠦᠨ ᠨᠡᠮᠡᠷᠢᠯᠡᠵᠠᠢ ᠭᠡᠪᠡ᠃

ᠲᠡᠷᠡ᠂ ᠡᠨᠡ ᠵᠢᠯ ᠪᠣᠯ 《ᠠᠷᠪᠠᠨ ᠲᠠᠪᠤᠳᠤᠭᠠᠷ ᠲᠠᠪᠤᠨ ᠵᠢᠯ》 ᠤ᠋ᠨ ᠡᠬᠢᠯᠡᠯᠲᠡ᠎ᠶ᠋ᠢᠨ ᠵᠢᠯ ᠪᠣᠯᠤᠨ᠎ᠠ᠃ 《ᠠᠷᠪᠡᠨ ᠲᠠᠪᠤᠳᠤᠭᠠᠷ ᠲᠠᠪᠤᠨ ᠵᠢᠯ》 ᠢ᠋ ᠪᠠᠷᠠᠯᠠᠬᠤᠶ᠎ᠠ᠂ ᠳᠤᠮᠳᠠᠳᠤ ᠤᠯᠤᠰ᠎ᠤᠨ ᠠᠵᠤ ᠠᠬᠤᠶ᠎ᠶ᠋ᠢᠨ ᠤᠷᠲᠤ ᠬᠤᠭᠤᠴᠠᠭ᠎ᠠ᠎ᠪᠠᠷ ᠰᠠᠢᠵᠢᠷᠠᠬᠤ᠎ᠳᠤ ᠲᠤᠯᠭᠠᠭᠤᠷᠢᠯᠠᠯ ᠪᠣᠯᠬᠤ ᠨᠥᠬᠥᠴᠡᠯ ᠪᠣᠯᠤᠨ ᠦᠨᠳᠦᠰᠦᠨ ᠬᠠᠨᠳᠤᠰᠢ ᠬᠤᠪᠢᠷᠠᠬᠤ ᠦᠭᠡᠶ᠂ ᠳᠠᠪᠠᠭᠤᠯᠢᠭ ᠨᠡᠩ ᠢᠯᠡᠭᠦᠦ ᠢᠯᠡᠷᠡᠬᠦ᠌ ᠪᠣᠯᠤᠨ᠎ᠠ᠃ ᠳᠤᠮᠳᠠᠳᠤ ᠤᠯᠤᠰ 《ᠱᠢᠨ᠎ᠡ᠎ᠶ᠋ᠢ ᠡᠭᠦᠳᠬᠦ᠌》 ᠪᠠ 《ᠪᠣᠬᠢᠷᠲᠤᠯ ᠦᠭᠡᠢ》 ᠪᠡᠷ ᠴᠢᠨᠠᠷ ᠰᠠᠢᠲᠠᠢ ᠬᠥᠭ᠌ᠵᠢᠯᠲᠡ᠎ᠶ᠋ᠢᠨ ᠬᠥᠳᠡᠯᠭᠡᠭᠦᠷ ᠪᠠ ᠳᠡᠪᠢᠰᠭᠡᠷ ᠥᠩᠭᠡ ᠪᠣᠯᠭᠠᠵᠤ᠂ 《ᠨᠡᠭᠡᠭᠡᠯᠲᠡ ᠬᠢᠬᠦ᠌》 ᠪᠠ 《ᠬᠠᠮᠲᠤ᠎ᠪᠠᠷ ᠡᠳ᠋ᠯᠡᠬᠦ᠌》 ᠪᠡᠷ ᠪᠦᠬᠦ᠌ ᠪᠥᠮᠪᠥᠷᠴᠡᠭ᠎ᠦᠨ ᠬᠠᠮᠲᠤ᠎ᠶ᠋ᠢᠨ ᠬᠥᠭ᠌ᠵᠢᠯᠲᠡ᠎ᠳᠦ ᠬᠦᠴᠦᠨ ᠨᠡᠮᠡᠷᠢᠯᠡᠵᠦ᠍᠂ ᠪᠡᠶ᠎ᠡ᠎ᠪᠡᠨ ᠳᠠᠭᠠᠭᠠᠵᠤ ᠨᠡᠭᠡᠭᠡᠯᠲᠡ ᠬᠢᠬᠦ᠌ ᠪᠠ ᠳᠦᠷᠢᠮ᠎ᠦᠨ ᠬᠡᠯᠪᠡᠷᠢ᠎ᠶ᠋ᠢᠨ ᠨᠡᠭᠡᠭᠡᠯᠲᠡ᠎ᠶ᠋ᠢ ᠲᠠᠰᠤᠷᠠᠯᠲᠠ ᠦᠭᠡᠢ ᠥᠷᠭᠡᠳᠭᠡᠨ᠎ᠡ ᠭᠡᠵᠤ ᠢᠯᠡᠳᠭᠡᠪᠡ᠃

《ᠪᠢᠳᠡ ᠦᠷᠭᠦᠯᠵᠢᠯᠡᠨ ᠥᠪᠡᠷ᠎ᠦᠨ ᠶᠠᠪᠤᠳᠠᠯ᠎ᠢᠶᠠᠨ ᠰᠠᠢᠲᠤᠷ ᠬᠢᠵᠦ᠍᠂ ᠳᠤᠮᠳᠠᠳᠤ ᠤᠯᠤᠰ᠎ᠤᠨ ᠭᠠᠢᠬᠠᠮᠱᠢᠭ᠎ᠤᠨ ᠱᠢᠨ᠎ᠡ ᠬᠠᠭᠤᠳᠠᠰᠤ᠎ᠶ᠋ᠢ ᠦᠷᠭᠦᠯᠵᠢᠯᠡᠨ ᠪᠢᠴᠢᠭ᠌ᠯᠡᠨ᠎ᠡ; ᠪᠠᠰᠠ ᠦᠷᠭᠦᠯᠵᠢᠯᠡᠨ ᠨᠡᠭᠡᠭᠡᠯᠲᠡᠲᠦ ᠣᠪᠣᠷ᠎ᠢᠶᠠᠷ ᠡᠯ᠎ᠡ ᠤᠯᠤᠰ᠎ᠯᠤᠭ᠎ᠠ ᠬᠥᠭ᠌ᠵᠢᠯ ᠴᠡᠴᠡᠭ᠌ᠯᠡᠯ᠎ᠢ ᠬᠠᠮᠲᠤ᠎ᠪᠠᠷ ᠡᠳ᠋ᠯᠡᠨ᠎ᠡ》᠃ ᠮᠤᠤ ᠨᠢᠩ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠱᠢᠨ᠎ᠡ ᠠᠶᠠᠨ ᠨᠢ ᠳᠤᠮᠳᠠᠳᠤ ᠤᠯᠤᠰ ᠳᠡᠯᠡᠬᠡᠢ ᠳ᠋ᠠᠬᠢᠨ᠎ᠯᠤᠭ᠎ᠠ ᠢᠷᠡᠭᠡᠳᠦᠢ᠎ᠪᠡᠨ ᠬᠠᠮᠲᠤ᠎ᠪᠠᠷ ᠴᠣᠭ᠍ᠴᠠᠯᠠᠬᠤ᠎ᠳᠤ ᠱᠢᠨ᠎ᠡ ᠬᠥᠳᠡᠯᠭᠡᠬᠦ᠌ ᠡᠨᠧᠷᠭᠢ ᠨᠡᠮᠡᠷᠢᠯᠡᠵᠦ᠍᠂ ᠱᠢᠨ᠎ᠡ ᠠᠵᠠ ᠲᠣᠬᠢᠶᠠᠯ ᠬᠠᠩᠭᠠᠬᠤ ᠪᠣᠯᠤᠨ᠎ᠠ ᠭᠡᠪᠠ᠃

(ᠱᠢᠨᠬᠤᠸᠠ ᠬᠣᠷᠢᠶ᠎ᠠ ᠵᠢᠨ ᠪᠡᠭᠡᠵᠢᠩ᠎ᠦᠨ 1 ᠰᠠᠷ᠎ᠠ᠎ᠶ᠋ᠢᠨ 7 ᠤ᠋ ᠴᠠᠬᠢᠯᠭᠠᠨ ᠮᠡᠳᠡᠭᠡ) 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号