2025 ᠤᠨ ᠳ᠋ᠤ ᠦᠪᠦᠷ ᠮᠤᠡᠭᠭᠤᠯ ᠣᠯᠠᠨ ᠠᠷᠭᠠ ᠬᠡᠮᠵᠢᠶᠡ ᠠᠪᠴᠤ ᠮᠠᠯᠵᠢᠬᠤ ᠲᠠᠷᠢᠶᠠᠯᠠᠬᠤ ᠣᠷᠣᠨ ᠤ᠋ ᠪᠥᠬᠥ᠌ ᠬᠡᠯᠬᠢᠶᠡᠨ ᠤ᠋ ᠤᠰᠤᠨ ᠤ᠋ ᠴᠢᠨᠠᠷ ᠤ᠋ᠨ ᠠᠮᠤᠷ ᠲᠦᠪᠱᠢᠨ ᠤ᠋ ᠪᠠᠲᠤᠯᠠᠭᠠ ᠢ᠋ᠢᠨ ᠱᠢᠰᠲ᠋ᠧᠮ ᠢ᠋ ᠪᠠᠢᠭᠤᠯᠵᠤ᠂ 472 ᠱᠢᠶᠠᠩ ᠪᠠᠯᠭᠠᠰᠤᠨ ᠤ᠋ ᠱᠠᠲᠤᠨ ᠤ᠋ ᠤᠰᠤᠨ ᠤ᠋ ᠡᠬᠢ ᠰᠤᠷᠪᠤᠯᠵᠢ ᠢ᠋ᠢᠨ ᠬᠠᠮᠠᠭᠠᠯᠠᠯᠲᠠ ᠢ᠋ᠢᠨ ᠣᠷᠣᠨ ᠢ᠋ ᠵᠠᠭᠠᠭ᠍ᠯᠠᠨ ᠲᠣᠭ᠍ᠲᠠᠭᠠᠵᠤ᠂ ᠰᠡᠷᠭᠡᠢᠯᠡᠨ ᠬᠠᠮᠠᠭᠠᠯᠠᠵᠤ ᠲᠣᠭᠣᠷᠢᠨ ᠪᠠᠢᠴᠠᠭᠠᠬᠤ ᠲᠣᠭ᠍ᠲᠠᠴᠠ ᠢ᠋ᠢ ᠨᠠᠢᠳᠠᠪᠤᠷᠢᠵᠢᠭᠤᠯᠤᠨ᠂ 76 ᠬᠣᠱᠢᠭᠤ ᠱᠢᠶᠠᠨ ᠤ᠋ ᠤᠰᠤ ᠠᠷᠢᠭᠤᠳᠭᠠᠬᠤ ᠠᠷᠭᠠ ᠬᠡᠮᠵᠢᠶᠡ ᠢ᠋ᠢ ᠴᠡᠭ᠌ᠴᠡᠯᠡᠨ ᠰᠠᠢᠵᠢᠷᠠᠭᠤᠯᠵᠤ᠂ 2.2 ᠲᠦᠮᠡᠨ ᠤᠰᠤ ᠬᠠᠩᠭᠠᠬᠤ ᠢᠨᠵᠧᠨᠧᠷᠢᠩ ᠤ᠋ᠨ ᠤᠰᠤᠨ ᠤ᠋ ᠴᠢᠨᠠᠷ ᠢ᠋ ᠱᠢᠯᠭᠠᠨ ᠪᠠᠢᠴᠠᠭᠠᠪᠠ᠃
ᠦᠪᠦᠷ ᠮᠤᠡᠭᠭᠤᠯ ᠪᠠᠯᠠ ᠮᠥᠩᠭᠥ ᠢ᠋ᠢᠨ ᠣᠷᠣᠭᠤᠯᠤᠯᠲᠠ ᠢ᠋ᠢ ᠨᠡᠮᠡᠭ᠌ᠳᠡᠭᠦᠯᠵᠦ᠍᠂ ᠨᠡᠢᠲᠡ 2 .4 ᠳ᠋ᠦᠩᠱᠢᠭᠤᠷ ᠲᠥᠭᠥᠷᠢᠭ ᠲᠤᠬᠢᠷᠠᠭᠤᠯᠤᠨ ᠤᠤᠭᠤᠬᠤ ᠤᠰᠤᠨ ᠤ᠋ ᠤᠰᠤᠨ ᠰᠤᠷᠪᠤᠯᠵᠢ ᠢ᠋ᠢ ᠬᠤᠪᠢᠷᠠᠭᠤᠯᠬᠤ᠂ ᠴᠡᠪᠡᠷᠱᠢᠭᠦᠯᠵᠦ᠍ ᠠᠷᠢᠭᠤᠳᠭᠠᠬᠤ ᠲᠥᠬᠥᠭᠡᠷᠦᠮᠵᠢ ᠢ᠋ᠢ ᠤᠭ᠍ᠰᠠᠷᠠᠬᠤ ᠵᠢᠴᠢ ᠰᠡᠯᠪᠢᠨ ᠵᠠᠰᠠᠵᠤ ᠠᠷᠠᠴᠢᠯᠠᠨ ᠬᠠᠮᠠᠭᠠᠯᠠᠬᠤ ᠳ᠋ᠤ ᠬᠡᠷᠡᠭ᠌ᠯᠡᠵᠦ᠍᠂ 803 ᠤᠰᠤᠨ ᠰᠤᠷᠪᠤᠯᠵᠢ ᠢ᠋ᠢ ᠬᠤᠪᠢᠷᠠᠭᠤᠯᠵᠤ᠂ 2068 ᠢᠵᠢ ᠴᠡᠪᠡᠷᠱᠢᠭᠦᠯᠵᠦ᠍ ᠠᠷᠢᠭᠤᠳᠭᠠᠬᠤ ᠲᠥᠬᠥᠭᠡᠷᠦᠮᠵᠢ ᠤᠭ᠍ᠰᠠᠷᠠᠵᠤ᠂ 410 ᠤᠰᠤᠨ ᠤ᠋ ᠴᠢᠨᠠᠷ ᠤ᠋ᠨ ᠬᠡᠮ ᠰᠣᠭᠣᠭ ᠢ᠋ ᠠᠷᠢᠯᠭᠠᠪᠠ᠃ ᠣᠳᠣᠬᠠᠨ ᠳ᠋ᠤ᠂ ᠥᠪᠥᠷ ᠮᠣᠩᠭᠣᠯ ᠤ᠋ᠨ 67 ᠬᠣᠱᠢᠭᠤ ᠱᠢᠶᠠᠨ ᠲᠣᠭᠣᠷᠢᠭ ᠨᠢᠭᠡᠨᠲᠡ ᠬᠥᠳᠡᠭᠡ ᠲᠣᠰᠭᠣᠨ ᠤ᠋ ᠤᠰᠤ ᠬᠠᠩᠭᠠᠬᠤ ᠱᠢᠶᠠᠨ ᠤ᠋ ᠬᠡᠪᠴᠢᠶᠡᠨ ᠤ᠋ ᠨᠢᠭᠡᠳᠦᠯᠲᠡᠶ ᠬᠠᠮᠢᠶᠠᠷᠤᠯᠲᠠ ᠢ᠋ᠢ ᠪᠡᠶᠡᠯᠡᠭᠦᠯᠵᠦ᠍᠂ ᠨᠢᠭᠡᠳᠦᠯᠲᠡᠶ ᠬᠠᠮᠢᠶᠠᠷᠤᠭ᠍ᠰᠠᠨ ᠨᠣᠷᠮᠠ 63.8% ᠳ᠋ᠤ ᠬᠦᠷᠴᠡᠶ᠃ ᠡᠯᠡ ᠭᠠᠵᠠᠷ ᠤ᠋ᠨᠬᠢᠨ ᠲᠤᠰᠭᠠᠢᠵᠢᠭ᠍ᠰᠠᠨ ᠬᠠᠮᠢᠶᠠᠷᠤᠯᠲᠠ ᠬᠠᠮᠠᠭᠠᠯᠠᠯᠲᠠ᠂ ᠨᠠᠷᠢᠯᠢᠬ᠍ᠵᠢᠭᠤᠯᠤᠭ᠍ᠰᠠᠨ ᠬᠢᠨᠠᠨ ᠬᠡᠮᠵᠢᠯᠲᠡ᠂ ᠣᠯᠠᠨ ᠲᠦᠮᠡᠨ ᠤ᠋ ᠬᠢᠨᠠᠯᠲᠠ ᠲᠠᠯᠪᠢᠯᠲᠠ ᠵᠡᠷᠭᠡ ᠲᠣᠭ᠍ᠲᠠᠴᠠ ᠪᠡᠷ ᠳᠠᠮᠵᠢᠨ ᠤᠰᠤᠨ ᠤ᠋ ᠴᠢᠨᠠᠷ ᠢ᠋ ᠳᠡᠭᠡᠭ᠌ᠰᠢᠯᠡᠭᠦᠯᠦᠭ᠌ᠰᠡᠨ ᠦᠷᠡ ᠪᠦᠲᠦᠮᠵᠢ ᠢ᠋ᠢ ᠦᠷᠭᠦᠯᠵᠢᠯᠡᠨ ᠪᠡᠬᠢᠵᠢᠭᠦᠯᠵᠦ᠍᠂ ᠬᠥᠳᠡᠭᠡ ᠲᠣᠰᠭᠣᠨ ᠢ᠋ ᠬᠥᠭ᠌ᠵᠢᠭᠦᠯᠦᠨ ᠮᠠᠨᠳᠤᠭᠤᠯᠬᠤ ᠪᠠ ᠬᠢᠯᠢ ᠬᠢᠵᠠᠭᠠᠷ ᠤ᠋ᠨ ᠲᠣᠭ᠍ᠲᠠᠭᠤᠨ ᠢ᠋ ᠪᠠᠲᠤᠯᠠᠬᠤ ᠳ᠋ᠤ ᠤᠰᠤᠨ ᠠᠱᠢᠭ᠍ᠯᠠᠯᠲᠠ ᠢ᠋ᠢᠨ ᠰᠠᠭᠤᠷᠢ ᠢ᠋ᠢ ᠪᠡᠬᠢᠵᠢᠭᠦᠯᠪᠡ᠃
2008-2025 © ᠳᠤᠮᠳᠠᠳᠤ ᠤᠯᠤᠰᠤᠨ ᠮᠤᠩᠭᠤᠯ ᠬᠡᠯᠡᠨᠤ ᠰᠤᠨᠢᠨ ᠮᠡᠳᠡᠭᠡᠨᠤ ᠰᠦᠯᠵᠢᠶᠡ ᠦᠮᠴᠢᠯᠡᠯᠤᠨ ᠡᠷᠬᠡᠲᠠᠢ
ᠵᠤᠬᠢᠶᠠᠭᠴᠢᠶᠢᠨ ᠡᠷᠬᠡ ᠬᠠᠤᠯᠢᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢᠪᠠᠷ ᠬᠠᠭᠤᠯᠪᠤᠷᠢᠯᠠᠬᠤᠶᠢ ᠬᠠᠲᠠᠭᠤ ᠬᠤᠷᠢᠭᠯᠠᠨᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号