ᠬᠦᠬᠡᠬᠤᠳᠠ ᠵᠢᠨ ᠤᠰᠤᠲᠤ ᠤᠯᠤᠰ ᠤ᠋ᠨ ᠣᠶ ᠱᠢᠭᠤᠶ ᠵᠢᠨ ᠴᠡᠴᠡᠷᠯᠢᠭ ᠲᠦᠷᠦᠭᠦᠬᠡᠨ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ 3A ᠲᠠᠰ ᠤ᠋ᠨ ᠵᠢᠭᠤᠯᠴᠢᠯᠠᠯ ᠤ᠋ᠨ ᠦᠵᠡᠮᠵᠢ ᠵᠢᠨ ᠣᠷᠣᠨ ᠤ᠋ ᠴᠤᠯᠠ ᠭᠥᠷᠳᠡᠪᠡ᠃ ᠡᠨᠡ ᠨᠢ ᠬᠥᠬᠡᠬᠣᠲᠠ ᠵᠢᠨ ᠣᠶ ᠱᠢᠭᠤᠶ ᠪᠠ ᠨᠤᠲᠤᠭ ᠪᠡᠯᠴᠢᠭᠡᠷ ᠤ᠋ᠨ ᠲᠣᠪᠴᠢᠶ᠎ᠠ ᠵᠢᠨ 2025 ᠣᠨ ᠤ᠋ ᠭᠤᠤᠯᠳᠠᠯᠭ᠎ᠠ ᠲᠠᠶ ᠠᠵᠢᠯ ᠤ᠋ᠨ ᠪᠠᠢᠷᠢᠯᠠᠭᠤᠯᠤᠯᠲᠠ ᠵᠢᠨ ᠨᠢᠭᠡ ᠪᠤᠯᠬᠤ ᠪᠦᠭᠡᠳ ᠤᠰᠤᠲᠤ ᠤᠯᠤᠰ ᠤ᠋ᠨ ᠤᠢ ᠱᠢᠭᠤᠢ ᠵᠢᠨ ᠴᠡᠴᠡᠷᠯᠢᠭ ᠤ᠋ᠨ ᠦᠵᠡᠮᠵᠢ ᠵᠢᠨ ᠣᠷᠣᠨ ᠵᠢᠩᠬᠢᠨᠢ ᠪᠡᠷ ᠵᠢᠷᠤᠮᠵᠢᠭ᠍ᠰᠠᠨ ᠴᠢᠨᠠᠷᠵᠢᠭ᠍ᠰᠠᠨ ᠬᠥᠭ᠌ᠵᠢᠯᠲᠡ ᠵᠢᠨ ᠱᠢᠨ᠎ᠡ ᠱᠠᠲᠤᠨ ᠳ᠋ᠤ ᠣᠷᠣᠭᠰᠠᠨ ᠢ᠋ ᠬᠠᠷᠠᠭᠤᠯᠵᠤ ᠪᠠᠢᠭ᠎ᠠ ᠶᠤᠮ᠃
ᠤᠰᠤᠲᠤ ᠤᠯᠤᠰ ᠤ᠋ᠨ ᠣᠶ ᠱᠢᠭᠤᠶ ᠵᠢᠨ ᠴᠡᠴᠡᠷᠯᠢᠭ ᠤ᠋ᠨ ᠦᠵᠡᠮᠵᠢ ᠵᠢᠨ ᠣᠷᠣᠨ 2025 ᠤᠨ ᠳ᠋ᠤ ᠪᠠᠷᠢᠮᠵᠢᠶᠠᠵᠢᠭ᠍ᠰᠠᠨ ᠵᠢᠭᠤᠯᠴᠢᠯᠠᠭ᠍ᠴᠢᠳ ᠤ᠋ᠨ ᠲᠥᠪ ᠢ᠋ ᠱᠢᠨ᠎ᠡ ᠪᠡᠷ ᠪᠦᠳᠦᠭᠡᠨ ᠪᠠᠢᠭᠤᠯᠵᠤ᠂ ᠠᠷᠠᠳ ᠲᠦ᠍ ᠲᠥᠬᠥᠮ ᠦᠵᠡᠭᠦᠯᠬᠦ᠌ ᠲᠥᠬᠥᠭᠡᠷᠦᠮᠵᠢ ᠵᠢᠨ ᠱᠢᠰᠲ᠋ᠧᠮ ᠢ᠋ ᠲᠡᠭᠦᠯᠳᠡᠷᠵᠢᠭᠦᠯᠦᠨ᠂ ᠶᠡᠷᠦᠩᠬᠡᠢᠯᠡᠭ᠌ᠰᠡᠨ ᠦᠶ᠋ᠯᠡᠴᠢᠯᠡᠭᠡ ᠶ᠋ᠢ ᠪᠥᠬᠥ᠌ ᠲᠠᠯ᠎ᠠ ᠪᠡᠷ ᠲᠠᠰ ᠳᠡᠪᠱᠢᠭᠦᠯᠪᠡ᠃ ᠪᠠᠰᠠ ᠣᠷᠴᠢᠨ ᠲᠣᠭᠣᠷᠢᠨ ᠤ᠋ ᠬᠠᠮᠢᠶᠠᠷᠤᠯᠲᠠ ᠶ᠋ᠢ ᠨᠠᠷᠢᠯᠢᠭᠵᠢᠭᠤᠯᠤᠨ᠂ ᠨᠣᠭᠣᠭᠠᠷᠠᠭᠤᠯᠤᠯᠲᠠ ᠠᠷᠠᠴᠢᠯᠠᠯᠲᠠ᠂ ᠲᠥᠬᠥᠭᠡᠷᠦᠮᠵᠢ ᠵᠢᠨ ᠬᠠᠮᠠᠭᠠᠯᠠᠯᠲᠠ ᠵᠡᠷᠭᠡ ᠳ᠋ᠤ ᠲᠣᠣᠷᠵᠢᠭᠤᠯᠤᠭ᠍ᠰᠠᠨ ᠬᠠᠮᠢᠶᠠᠷᠤᠯᠲᠠ ᠡᠵᠡᠮᠳᠡᠯ ᠢ᠋ ᠬᠡᠷᠡᠭ᠌ᠵᠢᠭᠦᠯᠵᠦ᠍᠂ ᠤᠢ ᠱᠢᠭᠤᠢ ᠵᠢᠨ ᠭᠠᠯ ᠲᠦᠢᠮᠡᠷ ᠢ᠋ ᠰᠡᠷᠭᠡᠢᠯᠡᠬᠦ᠌ ᠬᠣᠷᠢᠭ᠎ᠠ ᠱᠤᠭᠤᠮ ᠢ᠋ ᠴᠢᠡᠭᠭ᠎ᠠ ᠰᠠᠬᠢᠵᠤ᠂ ᠠᠮᠢ ᠠᠬᠤᠢ ᠵᠢᠨ ᠠᠮᠤᠷ ᠲᠦᠪᠱᠢᠨ ᠤ᠋ ᠬᠠᠯᠬᠠᠪᠴᠢ ᠶ᠋ᠢ ᠪᠠᠲᠤ ᠴᠤᠭᠴᠠᠯᠠᠬᠤᠳᠤ ᠠᠬᠢᠭᠤᠯᠬᠤ ᠦᠢᠯᠡᠳᠤᠯ ᠦᠵᠡᠬᠦᠯᠵᠤ ᠪᠠᠢᠨ᠎ᠠ᠃
2008-2025 © ᠳᠤᠮᠳᠠᠳᠤ ᠤᠯᠤᠰᠤᠨ ᠮᠤᠩᠭᠤᠯ ᠬᠡᠯᠡᠨᠤ ᠰᠤᠨᠢᠨ ᠮᠡᠳᠡᠭᠡᠨᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号