ᠠᠨᠭ᠌ᠭ᠌ᠯᠢ ᠬᠡᠯᠡᠨ᠎ᠦ ᠪᠠᠭ᠍ᠰᠢ᠎ᠪᠠᠷ ᠣᠪᠯᠠᠨ ᠤᠯᠠᠨᠳᠠ ᠮᠡᠬᠡᠯᠡᠬᠡᠳ ᠬᠠᠤᠯᠢ ᠵᠢᠨ ᠲᠤᠤᠷ ᠲᠦ᠍ ᠤᠨᠠᠪᠠ
2026-01-12 10:54:23
ᠵᠣᠬᠢᠶᠠᠭ᠍ᠴᠢ᠄
ᠰᠦᠨ ᠯᠢ ᠶᠢᠩ
ᠣᠩᠱᠢᠭ᠍ᠰᠠᠨ ᠣᠳᠠᠭ᠎ᠠ᠄
★★★☆☆

ᠲᠦᠷᠦᠬᠦᠬᠡᠨ ᠬᠥᠬᠡᠬᠣᠲᠠ᠎ᠶ᠋ᠢᠨ ᠳᠣᠲᠣᠭᠠᠳᠤ᠎ᠶ᠋ᠢ ᠬᠠᠮᠠᠭᠠᠯᠠᠬᠤ ᠲᠣᠪᠴᠢᠶ᠎ᠠ᠎ᠶ᠋ᠢᠨ ᠱᠢᠨ᠎ᠡ ᠬᠣᠲᠠ ᠲᠣᠭᠣᠷᠢᠭ᠎ᠤᠨ ᠬᠤᠪᠢᠶᠠᠷᠢ ᠲᠣᠪᠴᠢᠶ᠎ᠠ᠎ᠶ᠋ᠢᠨ ᠳ᠋ᠦᠩ ᠹᠸᠩ ᠵᠠᠮ᠎ᠳ᠋ᠡᠬᠢ ᠲᠣᠮᠢᠯᠠᠭ᠍ᠰᠠᠨ ᠰᠠᠯᠪᠤᠷᠢ ᠨᠢᠭᠡᠨ ᠮᠡᠬᠡᠯᠡᠯ᠎ᠦᠨ ᠱᠢᠷᠢᠰ ᠬᠡᠷᠡᠭ᠎ᠢ ᠠᠮᠵᠢᠯᠲᠠ ᠲᠠᠶ ᠢᠯᠡᠷᠡᠭᠦᠯᠪᠡ᠃ ᠸᠠᠩ ᠣᠪᠣᠭ᠍ᠲᠤ ᠣᠯᠠᠨ ᠤᠳᠠᠭ᠎ᠠ ᠠᠨᠭ᠌ᠭ᠌ᠯᠢ ᠬᠡᠯᠡᠨ᠎ᠦ ᠪᠠᠭ᠍ᠰᠢ ᠪᠡᠷ ᠤᠪᠯᠠᠨ ᠮᠡᠬᠡᠯᠡᠯ ᠬᠢᠭ᠌ᠰᠡᠨ᠎ᠡᠴᠡ ᠪᠣᠯᠵᠣ᠂ ᠬᠠᠤᠯᠢ ᠶᠤᠰᠤᠭᠠᠷ ᠰᠢᠢᠳᠭᠡᠭᠳᠡᠭᠰᠡᠨ ᠪᠠᠢᠨ᠎ᠠ᠃

ᠬᠣᠲᠠ᠎ᠶ᠋ᠢᠨ ᠠᠷᠠᠳ ᠵᠢᠶᠠ ᠣᠪᠣᠭ᠍ᠲᠤ ᠳ᠋ᠦᠩ ᠹᠸᠩ ᠵᠠᠮ᠎ᠳ᠋ᠡᠬᠢ ᠲᠣᠮᠢᠯᠠᠭ᠍ᠰᠠᠨ ᠰᠠᠯᠪᠤᠷᠢ᠎ᠳᠤ ᠬᠡᠷᠡᠭ ᠮᠡᠳᠡᠭᠦᠯᠬᠦ᠌᠎ᠳᠡᠭᠡᠨ᠂ ᠲᠡᠷᠡ ᠬᠡᠲᠦ ᠳᠡᠯᠭᠡᠭᠦᠷ᠎ᠦᠨ ᠣᠢᠷ᠎ᠠ ᠬᠠᠪᠢ᠎ᠳᠤ ᠨᠢᠭᠡᠨ ᠥᠪᠡᠷ᠎ᠢ᠎ᠪᠡᠨ ᠠᠨᠭ᠌ᠭ᠌ᠯᠢ ᠬᠡᠯᠡᠨ᠎ᠦ ᠪᠠᠭ᠍ᠰᠢ ᠬᠡᠮᠡᠭᠰᠡᠨ ᠡᠷᠡᠭ᠌ᠲᠡᠶ᠎ᠲᠡᠶ ᠵᠣᠭᠣᠭ᠍ᠳᠠᠵᠤ᠂ ᠨᠥᠭᠥᠭᠡ ᠡᠲᠡᠭᠡᠳ ᠨᠢ ᠰᠣᠷᠣᠭ᠍ᠴᠢ᠎ᠶ᠋ᠢᠨ ᠱᠢᠯᠭᠠᠯᠲᠠ᠎ᠶ᠋ᠢᠨ ᠬᠠᠭᠤᠳᠠᠰᠤ᠎ᠶ᠋ᠢ ᠲᠠᠷᠤᠮᠠᠯᠯᠠᠬᠤ ᠪᠡᠯᠡᠨ ᠵᠤᠭᠤᠰ ᠦᠬᠡᠢ ᠬᠡᠳᠡᠭ ᠵᠢᠡᠷ ᠰᠢᠯᠳᠠᠬᠯᠠᠨ᠂ ᠵᠤᠭᠤᠰ ᠵᠢᠭᠡᠯᠡᠭ᠌ᠰᠡᠨ᠎ᠦ ᠳᠠᠷᠠᠭ᠎ᠠ ᠬᠣᠯᠪᠣᠭ᠎ᠠ ᠲᠠᠰᠤᠷᠠᠭ᠍ᠰᠠᠨ ᠪᠠᠢᠨ᠎ᠠ ᠭᠡᠵᠡᠶ᠃ ᠬᠡᠷᠡᠭ᠎ᠦᠨ ᠮᠡᠳᠡᠭᠦᠯᠦᠯᠲᠡ᠎ᠶ᠋ᠢ ᠳᠤᠰᠤᠭ᠍ᠰᠠᠨ᠎ᠤ ᠳᠠᠷᠠᠭ᠎ᠠ᠂ ᠵᠢᠵᠢᠭᠦᠷᠯᠡᠵᠦ᠍ ᠪᠠᠢᠭ᠎ᠠ ᠴᠠᠭ᠍ᠳᠠᠭ᠎ᠠ ᠨᠠᠷ ᠲᠡᠷᠡ ᠳᠠᠷᠤᠶ᠎ᠳᠤᠨᠢ ᠪᠠᠢᠴᠠᠭᠠᠯᠲᠠ ᠬᠢᠵᠦ᠍᠂ ᠬᠡᠷᠡᠭ ᠭᠠᠷᠤᠬᠰᠠᠨ ᠠᠬᠤᠢ ᠲᠠᠯᠠᠪᠠᠢ ᠵᠢᠨ ᠬᠢᠨᠠᠨ ᠡᠵᠡᠮᠳᠡᠬᠦᠷ᠎ᠢ ᠭᠠᠷᠭᠠᠨ ᠠᠪᠴᠤ ᠦᠵᠡᠬᠦ᠂ ᠡᠷᠬᠢᠨ ᠲᠣᠭᠣᠷᠢᠨ᠎ᠤ ᠣᠯᠠᠨ ᠲᠦᠮᠡᠨ᠎ᠢ ᠰᠤᠷᠪᠤᠯᠵᠢᠯᠠᠬᠤ᠎ᠪᠡᠷ ᠲᠠᠮᠵᠢᠨ᠂ ᠬᠠᠤᠯᠢ᠎ᠡᠴᠨ ᠵᠥᠷᠢᠴᠡᠭ᠌ᠰᠡᠨ ᠸᠠᠩ ᠣᠪᠣᠭ᠍ᠲᠤ᠎ᠶ᠋ᠢᠨ ᠪᠡᠶ᠎ᠡ ᠬᠡᠮ᠎ᠦᠨ ᠮᠡᠳᠡᠭᠡ ᠵᠠᠩᠭᠢ᠎ᠶ᠋ᠢ ᠦᠳᠲᠡᠷ ᠲᠦᠷᠭᠡᠨ ᠣᠯᠵᠤ ᠮᠡᠳᠡᠵᠡᠶ᠃

ᠭᠦᠨᠵᠡᠭᠡᠶ ᠲᠠᠩᠨᠠᠨ ᠪᠠᠢᠴᠠᠭᠠᠬᠤ ᠶᠠᠪᠤᠴᠠ᠎ᠳᠤ᠂ ᠸᠠᠩ ᠣᠪᠣᠭ᠍ᠲᠤ ᠬᠥᠬᠡᠬᠣᠲᠠ᠎ᠶ᠋ᠢᠨ ᠣᠯᠠᠨ ᠬᠤᠳᠠᠯᠳᠤᠭᠠᠨ᠎ᠤ ᠲᠣᠭᠣᠷᠢᠭ᠂ ᠰᠤᠷᠭᠠᠭᠤᠯᠢ᠎ᠶ᠋ᠢᠨ ᠡᠷᠬᠢᠨ ᠲᠣᠭᠣᠷᠢᠨ᠎ᠳᠤ ᠪᠠᠢᠨ ᠳᠠᠬᠢᠨ ᠬᠡᠷᠡᠭ ᠦᠶ᠋ᠯᠡᠳᠴᠦ᠍᠂ ᠴᠦᠮ ᠠᠨᠭ᠌ᠭ᠌ᠯᠢ ᠬᠡᠯᠡᠨ᠎ᠦ ᠪᠠᠭ᠍ᠰᠢ ᠪᠡᠷ ᠤᠪᠯᠠᠵᠤ᠂ ᠵᠠᠯᠠᠭᠤ ᠡᠮᠡᠭᠳᠡᠢᠴᠦᠳ᠎ᠢ ᠮᠡᠬᠡᠯᠡᠨ᠂ ᠱᠢᠯᠭᠠᠯᠲᠠ᠎ᠶ᠋ᠢᠨ ᠬᠠᠭᠤᠳᠠᠰᠤ ᠳᠠᠷᠤᠮᠠᠯᠯᠠᠬᠤ᠎ᠳᠤ ᠪᠠᠴᠢᠮ ᠬᠡᠷᠡᠭ᠌ᠰᠡᠬᠦ᠌ ᠪᠡᠯᠡᠨ ᠵᠣᠭᠣᠰ ᠲᠤᠳᠠᠬᠳᠠᠵᠤ ᠪᠠᠢᠨ᠎ᠠ ᠬᠡᠳᠡᠭ ᠵᠢᠡᠷ ᠰᠢᠯᠳᠠᠬᠯᠠᠨ ᠮᠡᠬᠡᠯᠡᠯ ᠶᠠᠪᠤᠭᠤᠯᠵᠠᠢ᠃ ᠤᠳᠠᠭ᠎ᠠ ᠪᠦᠷᠢ᠎ᠶ᠋ᠢᠨ ᠮᠡᠬᠡᠯᠡᠭ᠌ᠰᠡᠨ ᠵᠣᠭᠣᠰ᠎ᠤᠨ ᠲᠣᠭ᠎ᠠ ᠨᠢ ᠣᠯᠠᠩᠬᠢ᠎ᠳᠠᠭᠠᠨ ᠬᠡᠳᠦᠨ ᠠᠷᠪᠠᠨ ᠲᠥᠭᠥᠷᠢᠭ ᠪᠠᠢᠵᠤ᠂ ᠭᠡᠪᠡᠴᠦ᠍ ᠮᠡᠬᠡᠯᠡᠯ ᠬᠢᠭ᠌ᠰᠡᠨ ᠤᠳᠠᠭ᠎ᠠ ᠨᠢ ᠤᠯᠠᠨ᠂ ᠬᠣᠯᠪᠣᠭ᠍ᠳᠠᠬᠤ ᠬᠡᠪᠴᠢᠶ᠎ᠡ ᠨᠢ ᠥᠷᠭᠡᠨ ᠪᠠᠢᠳᠠᠭ᠃

ᠤᠯᠠᠨ ᠬᠡᠷᠡᠭ᠎ᠢ ᠨᠡᠢᠯᠡᠭᠦᠯᠦᠨ ᠰᠤᠳᠤᠯᠤᠨ ᠮᠠᠭᠠᠳᠯᠠᠬᠤ᠎ᠪᠠᠷ ᠳᠠᠮᠵᠢᠨ᠂ ᠬᠡᠷᠡᠭ᠎ᠤᠨ ᠤᠨᠡᠨ ᠪᠤᠳᠠᠳᠠᠢ ᠭᠡᠷᠡᠴᠢ ᠪᠠᠷᠢᠮᠲᠠ᠎ᠶ᠋ᠢ ᠴᠤᠬᠯᠠᠭᠤᠯᠵᠦ᠂ ᠴᠠᠭ᠍ᠳᠠᠭ᠎ᠠ ᠨᠠᠷ ᠸᠠᠩ ᠣᠪᠣᠭ᠍ᠲᠤ᠎ᠶ᠋ᠢ ᠪᠠᠷᠢᠪᠴᠢᠯᠠᠵᠠᠢ᠃ ᠸᠠᠩ ᠣᠪᠣᠭ᠍ᠲᠤ ᠣᠯᠠᠨ ᠤᠳᠠᠭ᠎ᠠ ᠮᠡᠬᠡᠯᠡᠯ ᠬᠢᠭᠰᠡᠨ ᠬᠠᠤᠯᠢ ᠡᠴᠨ ᠵᠥᠷᠢᠴᠡᠭ᠌ᠰᠡᠨ ᠠᠵᠢᠯᠯᠠᠭ᠎ᠠ ᠪᠠᠨ ᠥᠴᠢᠭ᠌ᠯᠡᠨ ᠮᠡᠳᠡᠷᠡᠪᠡ᠃ ᠲᠡᠭᠦᠨ᠎ᠦ ᠲᠤᠱᠢᠶᠠᠭ᠍ᠰᠠᠨ᠎ᠢᠶᠠᠷ᠂ ᠠᠨᠭ᠌ᠭ᠌ᠯᠢ ᠬᠡᠯᠡᠨ᠎ᠦ ᠪᠠᠭ᠍ᠰᠢ᠎ᠪᠡᠷ ᠤᠪᠯᠠᠬᠰᠠᠨ ᠨᠢ ᠭᠤᠤᠯᠳᠠᠭᠤ ᠪᠠᠬᠰᠢ ᠵᠢᠨ ᠪᠡᠶ᠎ᠡ ᠬᠡᠮ ᠨᠢ ᠪᠤᠰᠤᠳ᠎ᠤᠨ ᠢᠲᠡᠭᠡᠯ᠎ᠢ ᠠᠮᠠᠷᠬᠠᠨ ᠣᠯᠵᠤ᠂ 《ᠱᠢᠯᠭᠠᠯᠲᠠ᠎ᠶ᠋ᠢᠨ ᠬᠠᠭᠤᠳᠠᠰᠤ᠎ᠶ᠋ᠢ ᠳᠠᠷᠤᠮᠠᠯᠯᠠᠬᠤ》 ᠱᠢᠯᠲᠠᠭᠠᠨ ᠨᠢ ᠠᠮᠢᠳᠤᠷᠠᠯ᠎ᠳᠤ ᠣᠢᠷᠠᠲᠤᠭ᠍ᠰᠠᠨ ᠪᠣᠯᠬᠣᠷ ᠠᠮᠠᠷᠬᠠᠨ ᠰᠡᠵᠢᠭ᠌ᠯᠡᠭ᠌ᠳᠡᠬᠦ᠌ ᠥᠬᠡᠶ ᠶᠤᠮ ᠬᠡᠵᠡᠢ᠃ ᠸᠠᠩ ᠣᠪᠣᠭ᠍ᠲᠤ᠎ᠶ᠋ᠢᠨ ᠦᠶ᠋ᠯᠡ ᠠᠵᠢᠯᠯᠠᠭ᠎ᠠ ᠨᠢ ᠨᠢᠭᠡᠨᠲᠡ ᠮᠡᠬᠡᠯᠡᠯ ᠪᠣᠯᠵᠣ ᠪᠦᠷᠢᠯᠳᠦᠭ᠌ᠰᠡᠨ ᠪᠥᠭᠡᠳ ᠣᠯᠠᠨ ᠤᠳᠠᠭ᠎ᠠ ᠬᠡᠷᠡᠭ ᠦᠶ᠋ᠯᠡᠳᠴᠦ᠍ ᠮᠠᠭᠤ ᠨᠥᠯᠥᠭᠡ ᠭᠠᠷᠭᠠᠭ᠍ᠰᠠᠨ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号