ᠭᠤᠷᠪᠠᠳᠤᠭᠠᠷ ᠬᠤᠭᠤᠴᠠᠭᠠᠨ᠎ᠤ 《 ᠲᠡᠮᠡᠭᠡᠨ ᠬᠣᠩᠬᠣ᠌ ᠬᠤᠨᠳᠠᠭᠠᠲᠤ 》 ᠬᠢᠴᠢᠶᠡᠯ᠎ᠦᠨ ᠲᠠᠩᠬᠢᠮ᠎ᠤᠨ ᠵᠢᠭᠠᠨ ᠰᠤᠷᠭᠠᠯᠲᠠ᠎ᠶᠢᠨ ᠦᠷ᠎ᠡ ᠪᠦᠲᠦᠭᠡᠯ᠎ᠤᠨ ᠦᠵᠡᠬᠦᠯᠬᠡ ᠶᠠᠪᠤᠭᠳᠠᠪᠠ
2026-01-13 11:15:38
ᠵᠣᠬᠢᠶᠠᠭ᠍ᠴᠢ᠄
​ ᠨᠠᠪᠴᠢ
ᠣᠩᠱᠢᠭ᠍ᠰᠠᠨ ᠣᠳᠠᠭ᠎ᠠ᠄
★★★☆☆

ᠤᠢᠷ᠎ᠠ᠎ᠳᠦ᠂ ᠪᠡᠭᠡᠵᠢᠩ ᠬᠣᠲᠠ᠎ᠶᠢᠨ ᠰᠤᠷᠭᠠᠨ ᠬᠥᠮᠦᠵᠢᠯ᠎ᠦᠨ ᠵᠥᠪᠯᠡᠯ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ ᠡᠴᠡ ᠭᠤᠤᠯᠯᠠᠨ ᠡᠷᠬᠢᠯᠡᠭᠰᠡᠨ 《ᠪᠡᠭᠡᠵᠢᠩ ᠥᠪᠥᠷ ᠮᠣᠩᠭᠣᠯ ᠭᠠᠷ ᠬᠣᠯᠪᠣᠯᠴᠠᠨ ᠰᠤᠷᠭᠠᠨ ᠬᠥᠮᠦᠵᠢᠯ᠎ᠢ ᠬᠥᠭᠵᠢᠭᠦᠯᠦᠨ ᠮᠠᠨᠳᠤᠭᠤᠯᠬᠤ》 ᠭᠤᠷᠪᠠᠳᠤᠭᠠᠷ ᠬᠤᠭᠤᠴᠠᠭᠠᠨ᠎ᠤ 《ᠲᠡᠮᠡᠭᠡᠨ ᠬᠣᠩᠬᠣ᠌ ᠬᠤᠨᠳᠠᠭᠠᠲᠤ》 ᠬᠢᠴᠢᠶᠡᠯ᠎ᠦᠨ ᠲᠠᠩᠬᠢᠮ᠎ᠤᠨ ᠵᠢᠭᠠᠨ ᠰᠤᠷᠭᠠᠯᠲᠠ᠎ᠶᠢᠨ ᠦᠷ᠎ᠡ ᠪᠦᠲᠦᠭᠡᠯ᠎ᠦᠨ ᠦᠵᠡᠭᠦᠯᠭᠡ ᠬᠥᠬᠡᠬᠣᠲᠠ᠎ᠳᠤ ᠶᠠᠪᠤᠭᠳᠠᠪᠠ ᠃

ᠠᠵᠢᠯᠯᠠᠭ᠎ᠠ᠎ᠶᠢᠨ ᠲᠤᠬᠠᠢ᠎ᠶᠢᠨ ᠲᠠᠯᠠᠪᠠᠢ᠎ᠳᠤ ᠪᠡᠭᠡᠵᠢᠩ ᠥᠪᠥᠷ ᠮᠣᠩᠭᠣᠯ ᠬᠣᠶᠠᠷ ᠭᠠᠵᠠᠷ᠎ᠠᠴᠠ ᠢᠷᠡᠭᠰᠡᠨ ᠱᠠᠩᠨᠠᠯ ᠭᠥᠷᠳᠡᠭᠰᠡᠨ ᠪᠠᠭ᠍ᠰᠢ ᠨᠠᠷ᠎ᠤᠨ ᠲᠥᠯᠥᠭᠡᠯᠡᠭᠴᠢ ᠡᠴᠡ ᠰᠢᠯᠢᠳᠡᠭ ᠬᠢᠴᠢᠶᠡᠯ᠎ᠦᠨ ᠵᠢᠱ᠌ᠢᠶ᠎ᠡ᠎ᠪᠡᠨ ᠳᠡᠯᠭᠡᠨ ᠦᠵᠡᠭᠦᠯᠪᠡ᠃ ᠪᠡᠭᠡᠵᠢᠩ᠎ᠦᠨ ᠲᠤᠰᠬᠠᠢ ᠮᠡᠷᠭᠡᠵᠢᠯᠲᠡᠳ 《ᠦᠵᠡᠯ ᠰᠠᠨᠠᠭ᠎ᠠ ᠤᠯᠤᠰ ᠲᠥᠷᠥ᠎ᠶᠢᠨ ᠬᠢᠴᠢᠶᠡᠯ᠎ᠢ ᠨᠢᠭᠡ ᠴᠣᠭᠴᠠᠵᠢᠭᠤᠯᠬᠤ ᠪᠠᠢᠭᠤᠯᠤᠯᠲᠠ᠎ᠶᠢᠨ ᠣᠨᠣᠯ᠎ᠤᠨ ᠲᠠᠢᠯᠤᠮᠵᠢ ᠬᠢᠭᠡᠳ ᠦᠢᠯᠡᠳᠦᠯᠭᠡ᠎ᠶᠢᠨ ᠰᠦᠪᠡᠭᠴᠢᠯᠡᠯᠲᠡ》 ᠵᠡᠷᠭᠡ ᠭᠣᠣᠯ ᠰᠡᠳᠦᠪ᠎ᠦᠨ ᠲᠣᠭᠣᠷᠢᠨ᠎ᠳᠤ ᠳᠥᠷᠪᠡᠨ ᠲᠠᠯᠠᠪᠠᠢ ᠲᠤᠰᠬᠠᠢ ᠰᠡᠳᠦᠪᠲᠦ ᠲᠠᠢᠯᠤᠮᠵᠢ ᠬᠢᠪᠡ᠃ ᠲᠣᠭᠣᠷᠠᠭ᠋ ᠰᠢᠷᠡᠭᠡᠨ᠎ᠦ ᠶᠠᠷᠢᠶᠠᠨ᠎ᠤ ᠲᠠᠪᠴᠠᠩ᠎ᠳᠤ᠂ ᠪᠡᠭᠡᠵᠢᠩ ᠥᠪᠥᠷ ᠮᠣᠩᠭᠣᠯ ᠬᠣᠶᠠᠷ ᠭᠠᠵᠠᠷ᠎ᠤᠨ ᠱᠠᠩᠨᠠᠯ ᠬᠦᠷᠳᠡᠭᠰᠡᠨ ᠪᠠᠭ᠍ᠰᠢ᠂ ᠬᠢᠨᠠᠨ ᠰᠢᠯᠭᠠᠷᠠᠭᠤᠯᠬᠤ ᠲᠤᠰᠬᠠᠢ ᠮᠡᠷᠭᠡᠵᠢᠯᠲᠡᠨ᠂ ᠰᠤᠷᠭᠠᠭᠤᠯᠢ᠎ᠶᠢᠨ ᠵᠠᠬᠢᠷᠤᠯ ᠵᠢᠴᠢ ᠰᠤᠷᠭᠠᠨ ᠬᠥᠮᠦᠵᠢᠯ᠎ᠦᠨ ᠰᠠᠯᠠᠭ᠎ᠠ ᠮᠥᠴᠢᠷ᠎ᠦᠨ ᠬᠠᠷᠢᠭᠤᠴᠠᠯᠭᠠᠲᠠᠨ《ᠪᠡᠭᠡᠵᠢᠩ ᠥᠪᠥᠷ ᠮᠣᠩᠭᠣᠯ᠎ᠤᠨ ᠪᠠᠭ᠍ᠰᠢ᠎ᠨᠠᠷ᠎ᠤᠨ ᠬᠠᠪᠰᠤᠷᠤᠯᠴᠠᠭ᠎ᠠ ᠪᠠᠢᠭᠤᠯᠤᠨ ᠤᠷᠤᠯᠳᠤᠭᠠᠨ᠎ᠳᠤ ᠣᠷᠣᠯᠴᠠᠬᠤ ᠳᠤᠬᠠᠢ ᠰᠢᠨ᠎ᠡ᠎ᠶᠢ ᠡᠭᠦᠳᠬᠦ ᠦᠢᠯᠡᠳᠦᠯᠭᠡ ᠪᠣᠯᠣᠨ ᠦᠷᠳᠡᠭ᠎ᠦᠨ ᠰᠦᠪᠡᠭᠴᠢᠯᠡᠯ》 ᠭᠡᠬᠦ ᠰᠡᠳᠦᠪ᠎ᠢᠶᠡᠷ ᠤᠯᠠᠨ ᠲᠠᠯ᠎ᠠ᠎ᠡᠴᠡ ᠰᠤᠳᠤᠯᠤᠨ ᠶᠠᠷᠢᠯᠴᠠᠵᠦ᠂ ᠪᠡᠭᠡᠵᠢᠩ ᠥᠪᠥᠷ ᠮᠣᠩᠭᠣᠯ᠎ᠤᠨ ᠰᠤᠷᠭᠠᠨ ᠬᠥᠮᠦᠵᠢᠯ᠎ᠦᠨ ᠬᠠᠮᠵᠢᠯᠴᠠᠭ᠎ᠠ᠎ᠶᠢᠨ ᠦᠢᠯᠡᠳᠦᠯᠭᠡ᠎ᠶᠢᠨ ᠦᠷ᠎ᠡ ᠪᠦᠲᠦᠭᠡᠯ᠎ᠢ ᠠᠮᠢᠳᠤᠯᠢᠭ᠋᠎ᠢᠶᠠᠷ ᠢᠯᠡᠷᠡᠭᠦᠯᠵᠦ᠂ ᠦᠨᠳᠦᠰᠦᠲᠡᠨ᠎ᠦ ᠪᠦᠯᠬᠦᠮᠳᠡᠯ ᠲᠠᠪᠰᠢᠯᠳᠠ᠎ᠶᠢᠨ ᠦᠵᠡᠯ ᠰᠠᠨᠠᠭᠠᠨ᠎ᠤ ᠬᠠᠮᠲᠤ᠎ᠶᠢᠨ ᠲᠠᠨᠢᠯᠲᠠ᠎ᠶᠢ ᠨᠢᠭ᠍ᠲᠠᠷᠠᠭᠤᠯᠵᠠᠢ᠃

ᠭᠤᠷᠪᠠᠳᠤᠭᠠᠷ ᠬᠤᠭᠤᠴᠠᠭᠠᠨ᠎ᠤ 《ᠲᠡᠮᠡᠭᠡᠨ ᠬᠣᠩᠬᠣ᠌ ᠬᠤᠨᠳᠠᠭᠠᠲᠤ》 ᠬᠢᠴᠢᠶᠡᠯ᠎ᠦᠨ ᠲᠠᠩᠬᠢᠮ᠎ᠤᠨ ᠵᠢᠭᠠᠨ ᠰᠤᠷᠭᠠᠯᠲᠠ᠎ᠶᠢᠨ ᠤᠷᠤᠯᠳᠤᠭᠠᠨ᠎ᠢ ᠡᠬᠢᠯᠡᠭᠦᠯᠦᠭᠰᠡᠨ᠎ᠡᠴᠡ ᠨᠠᠭᠠᠰᠢ᠂ ᠡᠯ᠎ᠡ ᠬᠢᠴᠢᠶᠡᠯ ᠲᠥᠷᠥᠯ᠎ᠦᠨ ᠦᠵᠡᠯ ᠰᠠᠨᠠᠭ᠎ᠠ ᠤᠯᠤᠰ ᠲᠥᠷᠥ ᠵᠢᠨ ᠠᠭᠤᠯᠭ᠎ᠠ ᠳ᠋ᠤ ᠦᠨᠳᠦᠰᠦᠲᠡᠨ᠎ᠦ ᠪᠦᠯᠬᠦᠮᠳᠡᠯ᠎ᠦᠨ ᠣᠢᠯᠠᠭᠠᠭᠳᠠᠬᠤᠨ᠎ᠢ ᠨᠡᠪᠴᠢᠭᠦᠯᠬᠦ᠎ᠶᠢ ᠴᠢᠬᠤᠯᠠᠴᠢᠯᠠᠵᠤ᠂ ᠪᠠᠭ᠍ᠰᠢ ᠰᠤᠷᠤᠭ᠍ᠴᠢᠳ᠎ᠤᠨ 《 ᠲᠠᠪᠤᠨ ᠬᠠᠮᠳᠤ ᠵᠢᠨ ᠳᠠᠨᠢᠯᠳᠠ 》 ᠵᠢ ᠲᠠᠰᠤᠷᠠᠯᠲᠠ ᠦᠭᠡᠢ ᠪᠠᠲᠤᠳᠬᠠᠪᠠ᠃ ᠤᠷᠤᠯᠳᠤᠭᠠᠨ᠎ᠤ ᠰᠢᠨ᠎ᠡ᠎ᠶᠢ ᠡᠭᠦᠳᠬᠦ ᠳᠠᠯ᠎ᠠ ᠪᠡᠷ ᠪᠡᠭᠡᠵᠢᠩ ᠥᠪᠥᠷ ᠮᠣᠩᠭᠣᠯ᠎ᠤᠨ ᠪᠠᠭ᠍ᠰᠢ᠎ᠶᠢᠨ《ᠨᠢᠬᠡ ᠵᠢ ᠨᠢᠭᠡ᠎ᠳᠦ ᠬᠠᠷᠠᠭᠠᠯᠵᠠᠭᠤᠯᠬᠤ 》 ᠬᠠᠪᠰᠤᠷᠤᠯᠴᠠᠭ᠎ᠠ ᠪᠠᠢᠭᠤᠯᠤᠨ ᠤᠷᠤᠯᠳᠤᠭᠠᠨ᠎ᠳᠤ ᠣᠷᠣᠯᠴᠠᠬᠤ ᠵᠠᠭᠪᠤᠷ᠎ᠢ ᠬᠡᠷᠡᠭᠯᠡᠵᠦ᠂ ᠵᠢᠭᠠᠨ ᠰᠤᠷᠭᠠᠯᠲᠠ᠎ᠶᠢᠨ ᠲᠥᠯᠥᠪᠯᠡᠭᠡ᠎ᠡᠴᠡ ᠬᠢᠴᠢᠶᠡᠯ᠎ᠦᠨ ᠲᠠᠩᠬᠢᠮ᠎ᠤᠨ ᠦᠢᠯᠡᠳᠦᠯᠭᠡ ᠬᠦᠷᠲᠡᠯ᠎ᠡ᠂ ᠰᠤᠷᠤᠯᠭ᠎ᠠ᠎ᠶᠢᠨ ᠪᠠᠢᠳᠠᠯ᠎ᠤᠨ ᠵᠠᠳᠠᠯᠤᠯᠲᠠ᠎ᠠᠴᠠ ᠬᠢᠴᠢᠶᠡᠯ᠎ᠦᠨ ᠳᠠᠷᠠᠭ᠎ᠠ ᠲᠤᠩᠭᠠᠨ ᠪᠣᠳᠣᠯᠬᠢᠯᠠᠬᠤ ᠬᠦᠷᠲᠡᠯ᠎ᠡ᠂ ᠪᠥᠬᠥ ᠶᠠᠪᠤᠴᠠ᠎ᠶᠢ ᠬᠣᠶᠠᠷ ᠭᠠᠵᠠᠷ᠎ᠤᠨ ᠪᠠᠭ᠍ᠰᠢ ᠨᠠᠷ ᠬᠠᠮᠵᠢᠯᠴᠠᠨ ᠪᠡᠶᠡᠯᠡᠭᠦᠯᠦᠭᠰᠡᠨ ᠪᠠᠢᠨ᠎ᠠ᠃ ᠲᠣᠰ ᠬᠤᠭᠤᠴᠠᠭᠠᠨ᠎ᠤ ᠤᠷᠤᠯᠳᠤᠭᠠᠨ᠎ᠳᠤ ᠪᠡᠭᠡᠵᠢᠩ ᠥᠪᠥᠷ ᠮᠣᠩᠭᠣᠯ ᠬᠣᠶᠠᠷ ᠭᠠᠵᠠᠷ᠎ᠤᠨ 1179 ᠳᠤᠮᠳᠠᠳᠤ ᠪᠠᠭ᠎ᠠ ᠰᠤᠷᠭᠠᠭᠤᠯᠢ᠂ 3758 ᠪᠠᠭ᠍ᠰᠢ ᠣᠷᠣᠯᠴᠠᠵᠤ᠂ ᠤᠷᠤᠯᠳᠤᠭᠠᠨ᠎ᠳᠤ ᠣᠷᠣᠯᠴᠠᠭᠰᠠᠳ᠎ᠤᠨ ᠲᠣᠭ᠎ᠠ ᠨᠢ ᠲᠦᠷᠦᠭᠦᠸ᠋ ᠬᠤᠭᠤᠴᠠᠭᠠᠨ᠎ᠤ ᠬᠢ᠎ᠡᠴᠡ 42% ᠵᠢᠡᠷ ᠨᠡᠮᠡᠭᠳᠡᠵᠡᠢ᠃ ᠰᠤᠷᠭᠠᠭᠤᠯᠢ᠎ᠶᠢᠨ ᠲᠠᠰ᠎ᠤᠨ ᠰᠢᠯᠭᠠᠷᠠᠭᠤᠯᠤᠯᠲᠠ᠂ ᠠᠢᠮᠠᠭ ᠬᠣᠲᠠ᠎ᠶᠢᠨ ᠲᠠᠨᠢᠯᠴᠠᠭᠤᠯᠭ᠎ᠠ᠂ ᠲᠤᠰᠬᠠᠢ ᠮᠡᠷᠭᠡᠵᠢᠯᠲᠡᠨ᠎ᠦ ᠰᠢᠯᠭᠠᠷᠠᠭᠤᠯᠤᠯᠲᠠ ᠵᠡᠷᠭᠡ ᠣᠯᠠᠨ ᠡᠭᠡᠯᠵᠢ᠎ᠶᠢᠨ ᠴᠢᠩᠭ᠎ᠠ ᠰᠢᠯᠭᠠᠷᠠᠭᠤᠯᠤᠯᠲᠠ᠎ᠪᠠᠷ ᠳᠡᠮᠵᠢᠨ᠂ ᠨᠡᠶ᠋ᠢᠲᠡ 676 ᠪᠦᠲᠦᠭᠡᠯ᠎ᠢ ᠰᠢᠯᠭᠠᠷᠠᠭᠤᠯᠤᠨ ᠱᠠᠨᠭᠨᠠᠵᠤ᠂ ᠪᠦᠬᠦᠯᠢ ᠴᠣᠭᠴᠠ᠎ᠶᠢᠨ ᠴᠢᠨᠠᠷ ᠴᠢᠨᠰᠠᠭ᠎ᠠ ᠥᠩᠭᠡᠷᠡᠭᠰᠡᠨ ᠬᠤᠭᠤᠴᠠᠭᠠᠨ᠎ᠤ ᠬᠢ᠎ᠡᠴᠡ ᠢᠯᠡᠳᠲᠡ ᠳᠡᠭᠡᠭᠰᠢᠯᠡᠪᠡ᠃ ᠤᠷᠤᠯᠳᠤᠭᠠᠨ ᠨᠢ ᠬᠣᠶᠠᠷ ᠭᠠᠵᠠᠷ᠎ᠤᠨ ᠪᠠᠭ᠍ᠰᠢ᠎ᠶᠢᠨ ᠵᠢᠭᠠᠨ ᠰᠤᠷᠭᠠᠯᠲᠠ᠎ᠶᠢᠨ ᠲᠤᠷᠰᠢᠯᠭ᠎ᠠ᠎ᠶᠢ ᠬᠠᠮᠲᠤ ᠪᠠᠷ ᠡᠳ᠋ᠯᠡᠬᠦ ᠪᠠ ᠲᠤᠰᠬᠠᠢ ᠮᠡᠷᠭᠡᠵᠢᠯ᠎ᠦᠨ ᠰᠣᠯᠢᠯᠴᠠᠭ᠎ᠠ᠎ᠶᠢ ᠪᠦᠲᠦᠮᠵᠢᠲᠡᠢ ᠠᠬᠢᠭᠤᠯᠵᠤ ᠂ ᠪᠡᠭᠡᠵᠢᠩ ᠥᠪᠥᠷ ᠮᠣᠩᠭᠣᠯ᠎ᠤᠨ ᠰᠤᠷᠭᠠᠨ ᠬᠥᠮᠦᠵᠢᠯ᠎ᠦᠨ ᠬᠠᠮᠵᠢᠯᠴᠠᠭ᠎ᠠ 《ᠲᠠᠩ ᠴᠢᠭᠯᠡᠯ᠎ᠢᠶᠡᠷ ᠰᠣᠯᠢᠯᠴᠠᠵᠤ》 ᠪᠠᠢᠭᠰᠠᠨ᠎ᠠᠴᠠ 《ᠬᠣᠣᠰ ᠴᠢᠭᠯᠡᠯ᠎ᠢᠶᠡᠷ ᠠᠭᠤᠰᠤᠯᠴᠠᠬᠤ》 ᠪᠣᠯᠭᠠᠨ ᠬᠤᠪᠢᠷᠠᠭᠤᠯᠬᠤ᠎ᠶᠢ ᠠᠬᠢᠭᠤᠯᠵᠤ᠂ ᠥᠷᠭᠡᠨ ᠳᠡᠯᠭᠡᠷ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠳᠤᠮᠳᠠ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠲᠠᠰᠤᠷᠠᠯᠳᠡ ᠦᠭᠡᠢ ᠪᠠᠳᠤ ᠴᠤᠭᠴᠠᠯᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号