《ᠬᠤᠩᠱᠠᠨ ᠤ᠋ ᠨᠡᠢᠭᠡᠮ ᠤ᠋ᠨ ᠪᠣᠯᠪᠠᠰᠤᠨ ᠤ᠋ ᠠᠬᠢᠴᠠ ᠶ᠋ᠢᠨ ᠰᠤᠳᠤᠯᠭᠠᠨ》 ᠳᠡᠯᠡᠬᠡᠢ ᠨᠡᠢᠳᠡ ᠶ᠋ᠢᠨ ᠠᠩᠠᠬᠷᠤᠯ ᠢ᠋ ᠳᠠᠳᠠᠯ᠎ᠠ
2026-01-13 11:07:32
ᠵᠣᠬᠢᠶᠠᠭ᠍ᠴᠢ᠄
ᠬᠦᠭᠵᠢᠯᠳᠦ
ᠣᠩᠱᠢᠭ᠍ᠰᠠᠨ ᠣᠳᠠᠭ᠎ᠠ᠄
★★★☆☆

ᠰᠤᠷᠪᠤᠯᠵᠢᠯᠠᠬᠴᠢ ᠦᠪᠤᠷ ᠮᠤᠩᠭᠤᠯ ᠤ᠋ᠨ ᠦᠪᠡᠷᠳᠡᠬᠡᠨ ᠵᠠᠰᠠᠬᠤ ᠤᠷᠤᠨ ᠤ᠋ ᠰᠤᠶᠤᠯ ᠪᠠ ᠵᠢᠭᠤᠯᠴᠢᠯᠠᠯ ᠤ᠋ᠨ ᠲᠢᠩᠬᠢᠮ ᠡᠴᠡ ᠤᠢᠯᠠᠭᠠᠭᠰᠠᠨ ᠵᠢᠡᠷ᠂ ᠳᠤᠮᠳᠠᠳᠤ ᠤᠯᠤᠰ ᠤ᠋ᠨ 《ᠬᠤᠩᠱᠠᠨ ᠤ᠋ ᠨᠡᠢᠭᠡᠮ ᠤ᠋ᠨ ᠪᠣᠯᠪᠠᠰᠤᠨ ᠤ᠋ ᠠᠬᠢᠴᠠ ᠶ᠋ᠢᠨ ᠰᠤᠳᠤᠯᠭᠠᠨ》2025 ᠤᠨ ᠤ᠋ ᠳᠡᠯᠡᠬᠡᠢ ᠶ᠋ᠢᠨ ᠴᠢᠬᠤᠯᠠ ᠶᠡᠬᠡ ᠬᠠᠭᠤᠴᠢ ᠰᠤᠳᠤᠯᠭᠠᠨ ᠤ᠋ ᠢᠯᠡᠷᠡᠬᠦᠯᠦᠯᠳᠡ ᠳ᠋ᠦ ᠰᠤᠩᠭᠤᠭᠳᠠᠵᠦ᠂ ᠳᠠᠬᠢᠨᠳᠠ ᠲᠠᠯᠠᠬᠡᠢ ᠨᠡᠢᠳᠡ ᠵᠢᠨ ᠠᠩᠬᠠᠷᠤᠯ  ᠢ᠋  ᠳᠠᠳᠠᠯ᠎ᠠ᠃

《ᠬᠤᠩᠱᠠᠨ ᠤ᠋ ᠨᠡᠢᠭᠡᠮ ᠤ᠋ᠨ ᠪᠣᠯᠪᠠᠰᠤᠨ ᠤ᠋ ᠠᠬᠢᠴᠠ ᠶ᠋ᠢᠨ ᠰᠤᠳᠤᠯᠭᠠᠨ》 ᠪᠣᠯ ᠳᠤᠮᠳᠠᠳᠤ  ᠤᠯᠤᠰ ᠤ᠋ᠨ ᠨᠡᠢᠭᠡᠮ ᠤ᠋ᠨ ᠱᠢᠨᠵᠢᠯᠡᠬᠦ᠌ ᠤᠬᠠᠭᠠᠨ ᠤ᠋ ᠬᠦᠷᠢᠶᠡᠯᠡᠩ ᠤ᠋ᠨ ᠬᠠᠭᠤᠴᠢ ᠰᠤᠳᠤᠯᠤᠯ ᠤ᠋ᠨ ᠭᠠᠵᠠᠷ ᠡᠴᠡ ᠭᠤᠤᠯᠯᠠᠨ ᠡᠷᠬᠢᠯᠡᠵᠤ᠂ ᠥᠪᠥᠷ ᠮᠣᠩᠭᠣᠯ᠂ ᠯᠢᠶᠣᠤᠨᠢᠩ᠂ ᠾᠸᠪᠸᠢ ᠭᠤᠷᠪᠠᠨ ᠮᠤᠵᠢ ᠣᠷᠣᠨ ᠤ᠋ ᠬᠠᠭᠤᠴᠢ ᠰᠤᠳᠤᠯᠤᠯ ᠤ᠋ᠨ ᠪᠠᠢᠭᠤᠯᠭ᠎ᠠ ᠨᠢᠭᠡᠴᠢ ᠪᠣᠯᠤᠨ ᠶᠡᠬᠡ ᠳᠡᠭᠡᠳᠦ ᠰᠤᠷᠭᠠᠭᠤᠯᠢ ᠶ᠋ᠢᠨ ᠬᠢᠨ ᠬᠠᠮᠲᠤ ᠪᠠᠷ ᠣᠷᠣᠯᠴᠠᠭ᠍ᠰᠠᠨ 《 ᠬᠠᠭᠤᠴᠢ ᠰᠤᠳᠤᠯᠤᠯ ᠤ᠋ᠨ ᠳᠤᠮᠳᠠᠳᠤ ᠤᠯᠤᠰ 》 ᠤ᠋ᠨ ᠴᠢᠬᠤᠯᠠ ᠶᠡᠬᠡ ᠲᠦᠷᠦᠯ ᠵᠦᠢᠯ ᠪᠠᠢᠵᠦ᠂ ᠤᠢᠷ᠎ᠠ ᠶ᠋ᠢᠨ ᠬᠡᠳᠦᠨ ᠵᠢᠯ ᠳ᠋ᠤ ᠴᠢᠬᠤᠯᠠ ᠶᠡᠬᠡ ᠠᠮᠵᠢᠯᠲᠠ ᠣᠯᠵᠤ᠂ ᠠᠳᠠᠯᠢ ᠪᠤᠰᠤ ᠳᠠᠪᠬᠤᠷᠭ᠎ᠠ ᠡᠴᠡ ᠬᠤᠩᠱᠠᠨ ᠤ᠋ ᠨᠡᠢᠭᠡᠮ ᠤ᠋ᠨ ᠬᠥᠭ᠌ᠵᠢᠯᠲᠡ ᠵᠢ ᠳᠤᠳᠤᠯᠠᠨ ᠲᠤᠮᠳᠠᠳᠦ ᠶ᠋ᠢᠨ ᠪᠤᠯᠪᠠᠰᠤᠨ ᠤ᠋ ᠡᠬᠢ ᠡᠬᠦᠰᠦᠯ ᠢ᠋ ᠳᠤᠳᠤᠯᠠᠬᠤ ᠳ᠋ᠦ ᠵᠠᠩᠬᠢᠯᠠᠭ᠎ᠠ ᠶ᠋ᠢᠨ ᠪᠠᠷᠢᠮᠳᠠ ᠬᠠᠩᠭᠠᠵᠦ᠂ ᠬᠤᠩᠱᠠᠨ ᠤ᠋ ᠨᠡᠢᠬᠡᠮ ᠤ᠋ᠨ ᠪᠤᠯᠪᠠᠰᠤᠨ ᠤ᠋ ᠠᠬᠢᠴᠠ ᠵᠢᠨ ᠲᠤᠬᠠᠢ ᠬᠡᠪᠰᠢᠯ ᠳᠠᠨᠢᠯᠳᠠ ᠵᠢ ᠦᠭᠡᠷᠡᠴᠢᠯᠡᠵᠦ᠂ ᠲᠤᠮᠳᠠᠳᠦ ᠤᠯᠤᠰ ᠤ᠋ᠨ ᠤᠮᠠᠷᠠᠳᠦ ᠤᠷᠤᠨ ᠤ᠋ ᠨᠡᠢᠬᠡᠮ ᠤ᠋ᠨ ᠨᠠᠷᠢᠨ ᠪᠤᠳᠤᠯᠢᠶᠠᠨᠳᠦ ᠦᠪᠡᠷᠮᠢᠴᠡ ᠴᠢᠨᠠᠷ ᠢ᠋ ᠦᠵᠡᠬᠦᠯᠵᠡᠢ᠃

ᠰᠤᠳᠤᠯᠭᠠᠳᠠᠳ ᠤ᠋ᠨ ᠬᠡᠷᠡᠴᠢᠯᠡᠭᠰᠡᠨ ᠢ᠋ᠶ᠋ᠡᠷ᠂ ᠬᠤᠩᠱᠠᠨ ᠰᠣᠶᠣᠯ ᠤ᠋ᠨ ᠦᠶ᠎ᠡ ᠳ᠋ᠦ ᠪᠣᠯᠪᠠᠰᠤᠷᠠᠩᠭᠤᠶ ᠶᠣᠰᠣᠯᠠᠯ ᠤ᠋ᠨ ᠳᠦᠷᠢᠮ ᠪᠠ ᠰᠦᠰᠦᠭ ᠪᠢᠱᠢᠷᠡᠯ ᠤ᠋ᠨ ᠱᠢᠰᠲ᠋ᠧᠮ ᠨᠢᠭᠡᠨᠲᠡ ᠪᠦᠷᠢᠯᠳᠦᠪᠠ᠃ ᠬᠤᠩᠱᠠᠨ ᠤ᠋ ᠨᠡᠢᠭᠡᠮ ᠤ᠋ᠨ ᠳᠤᠮᠳᠠ ᠦᠶ᠎ᠡ ᠡᠴᠡ ᠡᠬᠢᠯᠡᠨ ᠬᠡᠲᠦ ᠶᠡᠬᠡ ᠬᠡᠪᠴᠢᠶᠡᠨ ᠤ᠋ ᠶᠣᠰᠣᠯᠠᠯ ᠤ᠋ᠨ ᠲᠥᠪ ᠢ᠋ ᠪᠠᠢᠭᠤᠯᠵᠤ᠂ 《 ᠲᠩᠷᠢ ᠳ᠋ᠦ ᠮᠥᠷᠭᠥᠬᠦ᠌᠂ ᠭᠠᠵᠠᠷ ᠲᠦ᠍ ᠮᠦᠷᠬᠦᠬᠦ᠂ ᠡᠪᠦᠭᠡ ᠳᠡᠭᠡᠳᠦᠰ ᠲᠡᠬᠡᠨ ᠶᠣᠰᠣᠯᠠᠬᠤ》 ᠲᠠᠬᠢᠯᠭ᠎ᠠ ᠶ᠋ᠢᠨ ᠶᠣᠰᠣᠯᠠᠯ ᠤ᠋ᠨ ᠱᠢᠰᠲ᠋ᠧᠮ ᠢ᠋ ᠠᠯᠬᠤᠮ ᠠᠯᠬᠤᠮ ᠢ᠋ᠶ᠋ᠠᠷ ᠪᠦᠷᠢᠯᠳᠦᠭᠦᠯᠪᠡ᠃ ᠨᠢᠦ ᠾᠧ ᠯᠢᠶᠠᠩ ᠤ᠋ᠨ ᠪᠠᠭᠤᠷᠢ ᠶ᠋ᠢᠨ ᠲᠠᠬᠢᠯᠭ᠎ᠠ ᠶ᠋ᠢᠨ ᠨᠦᠬᠡ ᠶ᠋ᠢᠨ ᠲᠥᠷᠥᠯ ᠵᠦᠢᠯ ᠨᠢ ᠪᠠᠰᠠ ᠬᠣᠵᠢᠮ ᠤ᠋ᠨ ᠬᠥᠮᠦᠰ ᠤ᠋ᠨ 《ᠵᠧᠦ ᠶ᠋ᠢᠨ ᠶᠤᠰᠤᠯᠠᠯ》 ᠳ᠋ᠦ ᠲᠡᠮᠳᠡᠭ᠌ᠯᠡᠭ᠌ᠰᠡᠨ ᠲᠠᠬᠢᠯᠭ᠎ᠠ ᠶ᠋ᠢᠨ ᠳᠦᠷᠢᠮᠵᠢᠯ ᠯᠤᠭᠡ ᠠᠪᠴᠠᠯᠳᠤᠵᠦ᠍᠂ ᠳᠤᠮᠳᠠᠳᠤ ᠶ᠋ᠢᠨ ᠪᠣᠯᠪᠠᠰᠤᠨ ᠤ᠋ ᠡᠬᠦᠰᠦᠯ ᠤᠯᠠᠮᠵᠢᠯᠠᠯ ᠢ᠋ ᠠᠮᠢᠳᠤᠯᠢᠭ ᠢ᠋ᠶ᠋ᠠᠷ ᠬᠠᠷᠠᠭᠤᠯᠤᠭ᠍ᠰᠠᠨ ᠪᠠᠢᠳᠠᠭ᠃

ᠳ᠋ᠦᠩ ᠱᠠᠨ ᠳᠧᠦ᠍ ᠶ᠋ᠢᠨ ᠪᠠᠭᠤᠷᠢ᠂ ᠵᠡᠭᠦᠨ ᠬᠣᠢᠲᠤ ᠶ᠋ᠢᠨ ᠭᠤᠷᠪᠠᠨ ᠪᠠᠭᠤᠷᠢ᠂ ᠶᠤᠸᠠᠨ ᠪᠦᠦ ᠱᠠᠨ ᠤ᠋ ᠪᠠᠭᠤᠷᠢ ᠪᠣᠯ ᠱᠢᠨ᠎ᠡ ᠪᠡᠷ ᠢᠯᠡᠷᠡᠭᠦᠯᠦᠭ᠌ᠰᠡᠨ ᠬᠤᠩᠱᠠᠨ ᠰᠣᠶᠣᠯ ᠤ᠋ᠨ ᠲᠠᠬᠢᠯᠭ᠎ᠠ ᠶ᠋ᠢᠨ ᠲᠥᠷᠥᠯ ᠤ᠋ᠨ ᠪᠠᠭᠤᠷᠢ ᠪᠣᠯᠤᠨ᠎ᠠ᠂ ᠪᠠᠭᠤᠷᠢ ᠶ᠋ᠢᠨ ᠣᠨ ᠵᠢᠯ ᠨᠢ ᠨᠡᠯᠢᠶᠡᠳ ᠣᠢᠷᠠᠯᠴᠠᠭ᠎ᠠ ᠪᠠᠢᠵᠤ᠂ ᠣᠷᠣᠨ ᠪᠦᠰᠡ ᠶ᠋ᠢᠨ ᠨᠡᠢᠭᠡᠮ ᠤ᠋ᠨ ᠵᠢᠷᠤᠮᠵᠢᠯ ᠤ᠋ᠨ ᠨᠢᠭᠡᠳᠦᠯᠲᠦ ᠴᠢᠨᠠᠷ ᠢ᠋ ᠨᠡᠯᠢᠶᠡᠳ ᠦᠷᠭᠡᠨ ᠳᠠᠯ᠎ᠠ ᠡᠴᠡ ᠳᠡᠯᠭᠡᠨ ᠦᠵᠡᠭᠦᠯᠪᠠ᠃ ᠶᠤᠸᠠᠨ ᠪᠦᠦ ᠱᠠᠨ ᠤ᠋ ᠴᠢᠯᠠᠭᠤᠨ ᠪᠤᠩᠬᠤᠨ ᠨᠢ 《ᠡᠮᠦᠨᠡᠳᠦ ᠤᠷᠤᠨ ᠳ᠋ᠦ ᠮᠠᠨᠳᠠᠯ ᠪᠤᠰᠬᠠᠵᠦ ᠤᠮᠠᠷᠠᠳᠦ ᠤᠷᠤᠨ ᠳ᠋ᠦ ᠪᠤᠩᠬᠤᠨ ᠪᠤᠰᠬᠠᠳᠠᠭ》 ᠵᠠᠩ ᠦᠢᠯᠡ ᠵᠢ ᠬᠠᠷᠠᠭᠤᠯᠵᠦ᠂ ᠳ᠋ᠦᠩ ᠱᠠᠨ ᠳᠧᠦ᠍ ᠶ᠋ᠢᠨ ᠪᠠᠭᠤᠷᠢ ᠡᠴᠡ ᠢᠯᠡᠷᠡᠭᠦᠯᠦᠭ᠌ᠰᠡᠨ ᠴᠢᠯᠠᠭᠤᠨ ᠦᠷᠦᠮᠡᠯ ᠲᠠᠬᠢᠯᠭ᠎ᠠ ᠶ᠋ᠢᠨ ᠲᠥᠷᠥᠯ ᠤ᠋ᠨ ᠪᠠᠭᠤᠷᠢ ᠨᠢ ᠬᠤᠩᠱᠠᠨ ᠰᠣᠶᠣᠯ ᠤ᠋ᠨ ᠲᠠᠬᠢᠯᠭ᠎ᠠ ᠶ᠋ᠢᠨ ᠠᠵᠢᠯᠯᠠᠭ᠎ᠠ ᠶ᠋ᠢᠨ ᠠᠭᠤᠯᠤᠭ᠍ᠳᠠᠬᠤᠨ ᠢ᠋ ᠤᠯᠠᠮ ᠨᠢᠭᠡ ᠠᠯᠬᠤᠮ ᠪᠠᠶᠠᠯᠢᠭ᠍ᠵᠢᠭᠤᠯᠵᠤ᠂ ᠲᠤᠮᠳᠠᠳᠦ ᠤᠯᠤᠰ ᠤ᠋ᠨ ᠬᠠᠰ ᠵᠢᠡᠷ ᠳᠡᠰᠯᠡᠬᠦ ᠨᠡᠢᠬᠡᠮ ᠤ᠋ᠨ ᠲᠦᠷᠢᠮ ᠢ᠋ ᠬᠠᠷᠠᠭᠤᠯᠤᠨ᠂ ᠬᠤᠩᠱᠠᠨ ᠤ᠋ ᠨᠡᠢᠭᠡᠮ ᠤ᠋ᠨ ᠣᠶᠤᠨ ᠰᠠᠨᠠᠭᠠᠨ ᠤ᠋ ᠶᠢᠷᠲᠢᠨᠴᠦ᠍ ᠵᠢ ᠲᠠᠨᠢᠬᠤ ᠳ᠋ᠦ ᠱᠢᠨ᠎ᠡ ᠮᠠᠲ᠋ᠧᠷᠢᠶᠠᠯ ᠬᠠᠩᠭᠠᠵᠠᠢ᠃

ᠬᠠᠭᠤᠴᠢ ᠰᠤᠳᠤᠯᠤᠯ ᠤ᠋ᠨ ᠢᠯᠡᠷᠡᠭᠦᠯᠦᠭ᠌ᠰᠡᠨ ᠠᠮᠢᠳᠤᠷᠠᠯ ᠤ᠋ᠨ ᠣᠷᠣᠨ ᠰᠠᠭᠤᠴᠠ ᠶ᠋ᠢᠨ ᠲᠥᠷᠥᠯ ᠤ᠋ᠨ ᠪᠠᠭᠤᠷᠢ ᠨᠢ ᠦᠨᠡᠰᠦᠨ ᠨᠦᠬᠡ ᠪᠡᠷ ᠭᠤᠤᠯ ᠪᠣᠯᠭᠠᠭᠰᠠᠨ ᠬᠡᠷ ᠪᠠᠢᠱᠢᠩ ᠤ᠋ᠨ ᠪᠠᠭᠤᠷᠢ ᠪᠠᠢᠵᠤ᠂ ᠡᠢᠮᠦᠷᠬᠦᠤ ᠪᠠᠭᠤᠷᠢ ᠨᠢ ᠬᠡᠳᠦᠢᠪᠡᠷ ᠪᠤᠯᠠᠭ᠍ᠳᠠᠵᠤ ᠪᠠᠢᠬᠤ ᠨᠢ ᠭᠦᠶᠦᠭᠡᠨ᠂ ᠬᠠᠭᠤᠴᠢ ᠡᠳ᠋ ᠤ᠋ᠨ ᠲᠤᠭ᠎ᠠ ᠬᠡᠮᠵᠢᠶ᠎ᠠ ᠨᠢ ᠴᠦᠬᠡᠨ᠂ ᠪᠦᠷᠢᠨ ᠪᠦᠳᠦᠨ ᠬᠠᠳᠠᠭᠠᠯᠠᠭ᠍ᠳᠠᠵᠤ ᠪᠠᠢᠭ᠎ᠠ ᠪᠠᠢᠳᠠᠯ ᠨᠢ ᠨᠡᠯᠢᠶᠡᠳ ᠠᠨᠠᠶ ᠪᠣᠯᠪᠠᠴᠤ᠌ ᠬᠣᠩ ᠱᠠᠨ ᠤ᠋ ᠨᠡᠢᠭᠡᠮ ᠤ᠋ᠨ ᠬᠥᠭ᠌ᠵᠢᠯᠲᠡ ᠪᠠ ᠬᠤᠪᠢᠰᠤᠯᠲᠠ ᠵᠢ ᠲᠠᠨᠢᠬᠤ ᠳ᠋ᠦ ᠴᠢᠬᠤᠯᠠ ᠮᠡᠳᠡᠭᠡ ᠵᠠᠩᠭᠢ ᠬᠠᠩᠭᠠᠪᠠ᠃ ᠡᠬᠦᠨ ᠳ᠋ᠦ ᠮᠠ ᠠᠨ ᠴᠢᠶᠣᠤ ᠠᠭᠤᠯᠠ ᠶ᠋ᠢᠨ ᠪᠠᠭᠤᠷᠢ ᠪᠠ ᠼᠠᠢ ᠲᠤᠤ ᠫᠦᠸᠸ ᠶ᠋ᠢᠨ ᠪᠠᠭᠤᠷᠢ ᠪᠣᠯ ᠲᠡᠭᠦᠨ ᠤ᠋ ᠲᠥᠯᠥᠭᠡᠯᠡᠭ᠌ᠴᠢ ᠪᠣᠯᠤᠨ᠎ᠠ᠃

ᠮᠠ ᠠᠨ ᠴᠢᠶᠣᠤ ᠠᠭᠤᠯᠠ ᠶ᠋ᠢᠨ ᠪᠠᠭᠤᠷᠢ ᠨᠢ ᠯᠤᠤᠬ᠎ᠠ ᠶ᠋ᠢᠨ ᠭᠣᠣᠯ ᠤ᠋ᠨ ᠡᠮᠦᠨ᠎ᠡ ᠡᠷᠭᠢ ᠳ᠋ᠦ ᠪᠠᠢᠷᠢᠯᠠᠨ᠂ ᠬᠤᠩᠱᠠᠨ ᠰᠣᠶᠣᠯ ᠤ᠋ᠨ ᠡᠷᠲᠡ ᠳᠤᠮᠳᠠ ᠦᠶ᠎ᠡ ᠶ᠋ᠢᠨ ᠪᠠᠭᠤᠷᠢ ᠳ᠋ᠦ ᠬᠠᠷᠢᠶᠠᠯᠠᠭ᠍ᠳᠠᠵᠤ᠂ ᠭᠡᠷ ᠤ᠋ᠨ ᠪᠠᠭᠤᠷᠢ ᠶ᠋ᠢᠨ ᠬᠡᠪᠴᠢᠶ᠎ᠡ ᠨᠢ ᠬᠠᠷᠢᠴᠠᠩᠭᠤᠶ ᠪᠠᠷ ᠵᠢᠵᠢᠭ᠂ ᠪᠠᠭᠤᠷᠢ ᠨᠢ ᠴᠦ᠍ ᠨᠡᠯᠢᠶᠡᠳ ᠲᠠᠷᠠᠬᠠᠶ ᠪᠤᠲᠠᠷᠬᠠᠶ ᠪᠤᠯᠪᠠᠴᠦ ᠣᠷᠣᠨ ᠰᠠᠭᠤᠴᠠ ᠶ᠋ᠢᠨ ᠭᠠᠳᠠᠨ᠎ᠠ ᠲᠠᠯ᠎ᠠ ᠡᠴᠡ ᠱᠢᠷᠣᠶ ᠳᠡᠪᠢᠰᠦᠨ ᠪᠠᠢᠭᠤᠯᠤᠭ᠍ᠰᠠᠨ ᠨᠡᠢᠭᠡᠮ ᠨᠡᠢᠲᠡ ᠶ᠋ᠢᠨ ᠠᠵᠢᠯᠯᠠᠭᠠᠨ ᠤ᠋ ᠣᠷᠣᠨ ᠵᠠᠶ ᠵᠢ ᠢᠯᠡᠷᠡᠭᠦᠯᠵᠦ᠍ ᠂ ᠱᠢᠷᠣᠶ ᠳᠡᠪᠢᠰᠦᠭᠰᠡᠨ ᠲᠠᠢᠰᠠ ᠳᠡᠭᠡᠷ᠎ᠡ ᠡᠯ᠎ᠡ ᠵᠦᠢᠯ ᠤ᠋ᠨ ᠳᠠᠬᠢᠯᠭ᠎ᠠ ᠵᠢᠨ ᠡᠳ᠋ ᠂ ᠪᠠᠰᠠ ᠪᠦᠬᠦᠯᠢ ᠪᠦᠳᠦᠨ ᠪᠤᠭᠤ ᠪᠤᠯᠠᠭ᠍ᠳᠠᠵᠤ ᠪᠠᠢᠭᠰᠠᠨ ᠳᠠᠬᠢᠯᠭ᠎ᠠ ᠶ᠋ᠢᠨ ᠨᠦᠬᠡ ᠵᠢ ᠢᠯᠡᠷᠡᠭᠦᠯᠵᠡᠶ᠃ ᠼᠠᠢ ᠲᠤᠤ ᠫᠦᠸᠸ ᠶ᠋ᠢᠨ ᠪᠠᠭᠤᠷᠢ ᠡᠴᠡ ᠪᠦᠲᠦᠴᠡ ᠨᠢ ᠣᠨᠴᠠᠭᠠᠶ ᠲᠣᠮᠣ ᠬᠡᠷ ᠪᠠᠢᠱᠢᠩ ᠢ᠋ ᠢᠯᠡᠷᠡᠬᠦᠯᠵᠦ ᠂ ᠬᠡᠷ ᠪᠠᠢᠱᠢᠩ ᠡᠴᠡ ᠮᠠᠯᠲᠠᠵᠤ ᠭᠠᠷᠭᠠᠭ᠍ᠰᠠᠨ ᠬᠢᠰᠤᠭ᠎ᠠ ᠨᠢ ᠡᠳᠦᠷ ᠲᠤᠲᠤᠮ ᠤ᠋ᠨ ᠣᠷᠣᠨ ᠰᠠᠭᠤᠴᠠ ᠳᠣᠲᠣᠷ᠎ᠠ ᠲᠠᠬᠢᠯᠭ᠎ᠠ ᠶ᠋ᠢᠨ ᠠᠵᠢᠯᠯᠠᠭ᠎ᠠ ᠣᠷᠣᠱᠢᠵᠤ ᠪᠠᠢᠬᠰᠠᠨ ᠢ᠋ ᠬᠡᠷᠡᠴᠢᠯᠡᠵᠡᠢ᠃

ᠡᠲᠡᠭᠡᠷ ᠬᠠᠭᠤᠴᠢ ᠰᠤᠳᠤᠯᠤᠯ ᠤ᠋ᠨ ᠢᠯᠡᠷᠡᠭᠦᠯᠦᠯᠲᠡ ᠨᠢ ᠬᠤᠩᠱᠠᠨ ᠰᠣᠶᠣᠯ ᠤ᠋ᠨ ᠴᠠᠭ ᠬᠤᠭᠤᠴᠠᠭ᠎ᠠ ᠣᠷᠣᠨ ᠵᠠᠶ ᠶ᠋ᠢᠨ ᠪᠣᠷᠣ ᠲᠥᠯᠥᠪ ᠢ᠋ ᠥᠷᠭᠡᠳᠭᠡᠵᠦ᠍᠂ ᠬᠤᠩᠱᠠᠨ ᠰᠣᠶᠣᠯ ᠤ᠋ᠨ ᠠᠭᠤᠯᠤᠭ᠍ᠳᠠᠬᠤᠨ ᠢ᠋ ᠪᠠᠶᠠᠯᠢᠭ᠍ᠵᠢᠭᠤᠯᠤᠨ᠂ ᠲᠤᠮᠳᠠᠳᠦ ᠤᠯᠤᠰ ᠤ᠋ᠨ ᠡᠷᠳᠡ ᠦᠶ᠎ᠡ ᠵᠢᠨ ᠨᠡᠢᠭᠡᠮ ᠤ᠋ᠨ ᠬᠥᠭ᠌ᠵᠢᠯᠲᠡ ᠪᠣᠯᠤᠨ ᠨᠡᠢᠭᠡᠮ ᠤ᠋ᠨ ᠵᠣᠬᠢᠶᠠᠨ ᠪᠠᠢᠭᠤᠯᠤᠯᠲᠠ ᠶ᠋ᠢᠨ ᠬᠠᠮᠢᠶᠠᠷᠤᠯᠲᠠ ᠶ᠋ᠢᠨ ᠵᠠᠭ᠍ᠪᠤᠷ ᠢ᠋ ᠲᠠᠨᠢᠬᠤ ᠳ᠋ᠦ ᠴᠢᠬᠤᠯᠠ ᠮᠠᠲ᠋ᠧᠷᠢᠶᠠᠯ ᠬᠠᠩᠭᠠᠵᠤ᠂ ᠳᠤᠮᠳᠠᠳᠤ ᠤᠯᠤᠰ ᠤ᠋ᠨ ᠤᠮᠠᠷᠠᠲᠤ ᠣᠷᠣᠨ ᠤ᠋ ᠨᠡᠢᠭᠡᠮ ᠤ᠋ᠨ ᠨᠠᠷᠢᠨ ᠪᠤᠳᠤᠯᠢᠶᠠᠨᠲᠠᠶ ᠥᠪᠡᠷᠮᠢᠴᠡ ᠴᠢᠨᠠᠷ ᠢ᠋ ᠢᠯᠡᠷᠡᠭᠦᠯᠦᠭ᠌ᠰᠡᠨ ᠪᠠᠢᠨ᠎ᠠ᠃ ᠬᠤᠩᠱᠠᠨ ᠤ᠋ ᠨᠡᠢᠭᠡᠮ ᠨᠢ ᠳᠥᠭᠥᠮᠬᠡᠨ ᠢ᠋ᠶ᠋ᠡᠷ ᠤᠯᠤᠰ᠎ᠬᠦᠷᠦᠨ ᠤ᠋ ᠬᠡᠯᠪᠡᠷᠢ ᠲᠡᠢᠰᠢ ᠤᠯᠠᠷᠢᠨ ᠬᠤᠪᠢᠰᠤᠭ᠍ᠰᠠᠨ ᠪᠢᠰᠢ᠂ ᠬᠠᠷᠢᠨ ᠱᠠᠱᠢᠨ ᠰᠤᠷᠲᠠᠬᠤᠨ ᠤ᠋ ᠡᠷᠬᠡ ᠰᠦᠷ᠂ ᠮᠡᠷᠭᠡᠵᠢᠯ ᠤ᠋ᠨ ᠠᠵᠢᠯ ᠤ᠋ᠨ ᠬᠤᠪᠢᠶᠠᠷᠢᠯᠠᠯ ᠪᠣᠯᠤᠨ ᠣᠷᠣᠨ ᠪᠦᠰᠡ ᠶ᠋ᠢᠨ ᠰᠤᠯᠢᠯᠴᠠᠭ᠎ᠠ ᠲᠤᠮᠳᠠ ᠠᠭᠠᠵᠢᠮ ᠵᠢᠡᠷ ᠪᠣᠯᠪᠠᠰᠤᠨ ᠤ᠋ ᠬᠦᠴᠦᠨ ᠵᠦᠶ᠋ᠯ ᠢ᠋ ᠪᠦᠷᠢᠯᠳᠦᠭᠦᠯᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号