ᠱᠢᠯᠢᠩᠬᠣᠲᠠ᠎ᠶ᠋ᠢᠨ ᠤᠯᠠᠭᠠᠨᠮᠥ᠋ᠴᠢᠷ ᠪᠠᠢᠭᠤᠯᠤᠭ᠍ᠳᠠᠭ᠍ᠰᠠᠨ 60 ᠵᠢᠯ᠎ᠦᠨ ᠤᠢ᠎ᠶ᠋ᠢᠨ ᠲᠤᠰᠭᠠᠢ ᠲᠣᠭ᠍ᠯᠠᠯᠲᠠ ᠶᠠᠪᠤᠬᠳᠠᠪᠠ
2026-01-13 11:21:04
ᠵᠣᠬᠢᠶᠠᠭ᠍ᠴᠢ᠄
ᠪᠢᠯᠢᠭᠪᠡᠭᠠᠳᠤᠷ
ᠣᠩᠱᠢᠭ᠍ᠰᠠᠨ ᠣᠳᠠᠭ᠎ᠠ᠄
★★★☆☆

ᠤᠢᠷ᠎ᠠ᠎ᠳᠦ᠂ ᠱᠢᠯᠢᠩᠬᠣᠲᠠ᠎ᠶ᠋ᠢᠨ ᠤᠯᠠᠭᠠᠨᠮᠥ᠋ᠴᠢᠷ ᠪᠠᠢᠭᠤᠯᠤᠭ᠍ᠳᠠᠭ᠍ᠰᠠᠨ 60 ᠵᠢᠯ᠎ᠦᠨ ᠣᠶ᠎ᠶ᠋ᠢᠨ ᠲᠤᠰᠭᠠᠶ ᠲᠣᠭ᠍ᠯᠠᠯᠲᠠ ᠪᠤᠯᠬᠤ 《ᠲᠠᠭᠦᠯᠢᠨ ᠲᠠᠪᠬᠢᠭ᠎ᠠ ᠮᠣᠩᠭᠣᠯ ᠮᠣᠷᠢ》 ᠭᠡᠬᠦ ᠤᠷᠠᠨ ᠰᠠᠢᠬᠠᠨ᠎ᠤ ᠲᠤᠭᠯᠠᠯᠳᠠ ᠪᠤᠯᠵᠦ᠂ ᠱᠢᠯᠢᠡᠭᠬᠣᠲᠠ᠎ᠶ᠋ᠢᠨ ᠤᠯᠠᠭᠠᠨᠮᠥ᠋ᠴᠢᠷ᠎ᠦᠨ 60 ᠵᠢᠯ᠎ᠦᠨ ᠲᠤᠷᠰᠢᠬᠢ ᠬᠦᠭᠵᠢᠯ ᠬᠤᠪᠢᠷᠠᠯ᠎ᠢ ᠲᠤᠰᠬᠠᠵᠦ᠂《ᠬᠤᠪᠢᠰᠭᠠᠯᠲᠤ ᠤᠳᠭ᠎ᠠ ᠤᠷᠠᠯᠢᠭ᠎ᠤᠨ ᠬᠥᠩᠭᠡᠨ ᠮᠣᠷᠢᠲᠤ ᠴᠡᠷᠢᠭ》 ᠤ᠋ᠨ ᠣᠭ ᠰᠠᠨᠠᠭ᠎ᠠ ᠡᠭᠦᠷᠭᠡ ᠬᠠᠷᠢᠭᠤᠴᠠᠯᠭ᠎ᠠ ᠪᠡᠨ ᠢᠮᠠᠭᠳᠠ ᠪᠠᠳᠤ ᠴᠡᠭᠡᠵᠢᠯᠡᠵᠦ᠂ ᠲᠠᠯ᠎ᠠ ᠨᠤᠲᠤᠭ᠎ᠤᠨ ᠠᠤᠭ᠎ᠠ ᠬᠤᠪᠢᠰᠤᠯᠳᠠ ᠵᠢ ᠤᠷᠠᠯᠢᠭ᠎ᠤᠨ ᠪᠦᠲᠦᠭᠡᠯ ᠵᠢᠡᠷ ᠮᠠᠭᠳᠠᠨ ᠲᠠᠭᠤᠯᠠᠵᠦ᠂ ᠱᠢᠨ᠎ᠡ ᠴᠠᠭ ᠦᠶ᠎ᠡ᠎ᠶ᠋ᠢᠨ ᠲᠠᠯ᠎ᠠ ᠨᠤᠲᠤᠭ᠎ᠤᠨ ᠬᠥᠪᠡᠭᠦᠳ ᠥᠬᠢᠳ᠎ᠦᠨ ᠡᠷᠡᠮᠡᠬᠡᠢᠯᠡᠨ ᠤᠷᠤᠭ᠍ᠰᠢᠯᠠᠵᠤ᠂ ᠴᠥᠬᠥᠷᠡᠰᠢ ᠥᠬᠡᠶ ᠴᠢᠷᠮᠠᠢᠨ ᠲᠡᠮᠡᠴᠡᠭ᠌ᠰᠡᠨ ᠡᠷᠴᠢ ᠵᠤᠷᠢᠭ᠎ᠢ ᠢᠯᠡᠷᠡᠭᠦᠯᠵᠠᠢ᠃

ᠱᠢᠯᠢᠡᠭᠬᠣᠲᠠ᠎ᠶ᠋ᠢᠨ ᠡᠯ᠎ᠡ ᠠᠵᠢᠯ ᠲᠥᠷᠥᠯ᠎ᠦᠨ ᠬᠢᠨ᠎ᠦ 500 ᠭᠠᠷᠤᠶ ᠦᠵᠡᠭ᠌ᠴᠢ ᠲᠤᠬᠠᠢ ᠵᠢᠨ ᠲᠠᠯᠠᠪᠠᠶ᠎ᠳᠤ ᠲᠤᠭᠯᠠᠯᠳᠠ ᠵᠢ ᠰᠤᠨᠢᠷᠬᠠᠭᠰᠠᠨ ᠪᠦᠭᠡᠳ ᠤᠯᠠᠭᠠᠨᠮᠥ᠋ᠴᠢᠷ᠎ᠦᠨ ᠭᠡᠱᠢᠭᠦᠳ᠎ᠯᠤᠭᠡ ᠬᠠᠮᠲᠤ ᠪᠠᠷ 60 ᠵᠢᠯ᠎ᠤᠨ ᠭᠠᠷ ᠭᠠᠷ ᠵᠢᠠᠨ ᠬᠤᠯᠪᠤᠭᠰᠠᠨ ᠠᠶᠠᠨ ᠵᠠᠮ ᠵᠢᠡᠨ ᠡᠷᠭᠢᠴᠡᠭᠦᠯᠵᠦ᠂ ᠡᠨᠡ ᠬᠦ᠌ ᠢᠷᠠᠭᠤ ᠠᠯᠳᠠᠷ ᠪᠠ ᠬᠦᠰᠡᠯ ᠮᠦᠷᠦᠭᠡᠳᠦᠯ᠎ᠢ ᠠᠴᠢᠶᠠᠯᠠᠭ᠍ᠰᠠᠨ ᠰᠣᠶᠣᠯ ᠤᠷᠠᠯᠢᠭ᠎ᠤᠨ ᠦᠪᠡᠳᠡᠭᠰᠢ ᠴᠤᠭᠯᠠᠭᠠᠨ᠎ᠢ ᠴᠤᠭᠭᠠᠷ ᠲᠡᠮᠳᠡᠭᠯᠡᠵᠠᠢ᠃

ᠲᠤᠰ ᠲᠤᠰᠬᠠᠢ ᠲᠣᠭ᠍ᠯᠠᠯᠲᠠ ᠵᠢ 《ᠲᠠᠭᠦᠯᠢᠨ ᠳᠠᠪᠬᠢᠭ᠎ᠠ ᠮᠣᠩᠭᠣᠯ ᠮᠣᠷᠢ》 ᠭᠡᠬᠦ ᠰᠡᠳᠦᠪ ᠵᠢᠡᠷ ᠰᠢᠵᠢᠮᠯᠡᠵᠦ᠂《ᠡᠭᠦᠰᠦᠯ᠂ ᠵᠠᠯᠭᠠᠮᠵᠢᠯᠠᠯ᠂ ᠭᠦᠭᠵᠢᠯ᠂ ᠨᠢᠭᠳᠠᠷᠠᠯ》ᠭᠡᠬᠦ᠌ 4 ᠪᠦᠯᠦᠭ᠎ᠬᠤᠪᠢᠶᠠᠵᠦ᠂ ᠴᠤᠭᠤᠷ᠂ ᠳᠠᠭᠤᠤ ᠪᠥᠵᠢᠭ᠂ ᠲᠠᠢᠰᠠᠨ᠎ᠤ ᠵᠦᠴᠦᠭᠡ᠂ ᠱᠣᠭ ᠵᠦᠴᠦᠭᠡ ᠵᠡᠷᠭᠡ ᠤᠷᠠᠯᠢᠭ᠎ᠤᠨ ᠬᠡᠯᠪᠡᠷᠢ᠎ᠪᠡᠷ ᠤᠯᠠᠭᠠᠨᠮᠥ᠋ᠴᠢᠷ᠎ᠤᠨ 60 ᠵᠢᠯ᠎ᠤᠨ ᠲᠡᠦᠬᠡᠨ ᠥᠩᠭᠡᠷᠡᠯᠲᠡ ᠵᠢ ᠡᠷᠭᠢᠴᠡᠭᠦᠯᠦᠨ ᠲᠤᠷᠠᠰᠴᠦ᠂ 《ᠬᠤᠪᠢᠰᠭᠠᠯᠲᠤ ᠤᠳᠭ᠎ᠠ ᠤᠷᠠᠯᠢᠭ᠎ᠤᠨ ᠬᠦᠩᠭᠡᠨ ᠮᠣᠷᠢᠲᠤ ᠴᠡᠷᠢᠭ》 ᠤ᠋ᠨ ᠴᠠᠭ ᠦᠶ᠎ᠡ ᠵᠢᠨ ᠴᠤᠭ ᠵᠢᠪᠬᠤᠭ᠎ᠠ ᠵᠢ ᠢᠯᠡᠷᠡᠭᠦᠯᠪᠡ᠃《ᠮᠠᠯᠴᠢᠨ ᠲᠦᠮᠡᠨ ᠡᠪ ᠬᠠᠮᠲᠤ ᠨᠠᠮ᠎ᠢᠶᠠᠨ ᠮᠠᠭ᠍ᠲᠠᠨ ᠳᠠᠭᠤᠯᠠᠨ᠎ᠠ》 ᠭᠡᠬᠦ᠌ ᠪᠣᠷᠣᠭ᠍ᠵᠢᠭᠤᠨ ᠴᠢᠩ ᠦᠨᠡᠨᠴᠢ ᠳᠠᠭᠤᠤ᠎ᠪᠠᠷ ᠲᠠᠯ᠎ᠠ ᠨᠤᠲᠤᠭ᠎ᠤᠨ ᠬᠥᠪᠡᠭᠦᠳ ᠥᠬᠢᠳ᠎ᠦᠨ ᠨᠠᠮ᠎ᠤᠨ ᠠᠴᠢ᠎ᠳᠤ ᠲᠠᠯᠠᠷᠬᠠᠵᠤ᠂ ᠨᠠᠮ᠎ᠤᠨ ᠦᠭᠡ᠎ᠶ᠋ᠢ ᠰᠣᠨᠣᠰᠴᠤ᠂ ᠨᠠᠮ᠎ᠢᠶᠠᠨ ᠲᠠᠭᠠᠨ ᠤᠷᠤᠭᠰᠢᠯᠠᠬᠤ ᠡᠷᠡᠰ ᠪᠠᠲᠤ ᠢᠲᠡᠭᠡᠯ ᠵᠣᠷᠢᠭ᠎ᠢ ᠢᠯᠡᠳᠭᠡᠵᠡᠢ᠃ 《ᠵᠢᠷᠦᠬᠡᠨ᠎ᠤ ᠬᠠᠢᠷᠠᠳᠤ ᠠᠪᠠᠬᠠᠨᠠᠷ》 ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠭᠰᠠᠨ ᠴᠢᠡᠭ ᠦᠨᠡᠨ ᠬᠠᠢᠷ᠎ᠠ᠎ᠰᠡᠳᠬᠢᠯ ᠵᠢᠡᠷ ᠪᠢᠯᠬᠠᠨ᠂《 ᠮᠣᠩᠭᠣᠯ ᠮᠤᠷᠢᠨ᠎ᠤ ᠮᠠᠭ᠍ᠲᠠᠭᠠᠯ 》 ᠤ᠋ᠨ ᠰᠦᠷ ᠵᠢᠪᠬᠤᠯᠠᠩᠲᠤ ᠬᠦᠭ ᠠᠶᠠᠰ ᠬᠢᠭᠡᠳ《ᠲᠡᠭᠦᠯᠢᠨ ᠳᠠᠪᠬᠢᠭ᠎ᠠ ᠮᠣᠩᠭᠣᠯ ᠮᠣᠷᠢ》 ᠭᠡᠬᠦ ᠪᠥᠵᠢᠭ ᠬᠠᠷᠢᠯᠴᠠᠨ ᠲᠤᠪᠤᠢ᠌ᠯᠭᠠᠵᠥ᠍᠂《ᠲᠡᠰᠪᠦᠷᠢ ᠬᠠᠲᠠᠭᠤᠵᠢᠯᠲᠠᠢ᠂ ᠴᠤᠴᠠᠯᠲᠠ ᠦᠭᠡᠢ ᠲᠠᠮᠠᠤᠯᠵᠦ᠂ ᠵᠣᠷᠢᠭ᠍ᠰᠠᠨ᠎ᠳᠠᠭᠠᠨ ᠵᠠᠪᠠᠯ ᠬᠦᠷᠬᠦ᠌》 ᠮᠣᠩᠭᠣᠯ ᠮᠤᠷᠢᠨ᠎ᠤ ᠵᠣᠷᠢᠭ ᠰᠠᠨᠠᠭ᠎ᠠ᠎ᠶ᠋ᠢ ᠤᠳᠬ᠎ᠠ ᠤᠷᠠᠯᠢᠭ᠎ᠤᠨ ᠲᠤᠭᠯᠠᠯᠳᠠ᠎ᠳᠦ ᠠᠭᠤᠰᠭᠠᠵᠤ᠂ ᠤᠯᠠᠭᠠᠨᠮᠥ᠋ᠴᠢᠷ᠎ᠦᠨ ᠭᠡᠱᠢᠭᠦᠳ᠎ᠦᠨ ᠱᠢᠯᠢᠳᠡᠭ ᠤᠯᠠᠮᠵᠢᠯᠠᠯ᠎ᠢᠶᠠᠨ ᠪᠠᠳᠠᠷᠠᠭᠤᠯᠵᠤ᠂ ᠠᠮᠢᠳᠤᠷᠠᠯ᠎ᠤᠨ ᠱᠢᠮᠡᠯᠢᠭ ᠬᠥᠷᠥᠰᠥᠨ᠎ᠳᠦ ᠦᠨᠳᠦᠰᠦᠯᠡᠨ᠂ ᠮᠠᠯᠴᠢᠨ ᠲᠦᠮᠡᠨ᠎ᠳᠦ ᠦᠢᠯᠡᠴᠢᠯᠡᠵᠦ᠍᠂ ᠤᠳᠭ᠎ᠠ ᠤᠷᠠᠯᠢᠭ᠎ᠤᠨ ᠱᠢᠨ᠎ᠡ᠎ᠶ᠋ᠢ ᠡᠭᠦᠳᠬᠦ᠌᠎ᠶ᠋ᠢ ᠠᠬᠢᠭᠤᠯᠬᠤ ᠴᠢᠩ ᠵᠤᠷᠢᠭ᠎ᠢ ᠬᠠᠷᠠᠭᠤᠯᠪᠠ᠃ 《ᠲᠠᠪᠢᠨ ᠵᠢᠷᠭᠤᠭᠠᠨ ᠬᠦᠢᠰ ᠴᠡᠴᠡᠭ ᠨᠢᠭᠡ ᠪᠦᠯᠢ ᠵᠢᠨ ᠬᠦᠮᠦᠰ᠂ 《ᠬᠡᠷᠡᠯ ᠰᠠᠴᠤᠷᠠᠩᠭᠤᠶ ᠤᠯᠠᠭᠠᠨᠮᠥ᠋ᠴᠢᠷ》ᠵᠡᠷᠭᠡ ᠳᠠᠭᠤᠤ᠎ᠦᠨᠳᠦᠰᠦᠲᠡᠨ᠎ᠨᠦᠭᠦᠳ᠎ᠦᠨ ᠨᠢᠭᠡ ᠰᠡᠳᠭᠢᠯ ᠨᠢᠭᠡ ᠵᠣᠷᠢᠭ᠎ᠢᠶᠠᠷ ᠭᠠᠷ ᠬᠣᠯᠪᠣᠨ ᠬᠦᠰᠡᠯ ᠵᠡᠭᠦᠳᠦ᠍᠎ᠪᠡᠨ ᠲᠡᠷᠭᠡᠯᠱᠢᠭᠦᠯᠬᠦ᠌ ᠴᠠᠭ ᠦᠶ᠎ᠡ᠎ᠶ᠋ᠢᠨ ᠬᠦᠴᠦᠷᠬᠡᠭ ᠲᠠᠭᠤᠨ᠎ᠢ ᠬᠠᠩᠭᠢᠨᠠᠭᠤᠯᠵᠤ᠂ ᠤᠯᠠᠭᠠᠨᠮᠥ᠋ᠴᠢᠷ᠎ᠦᠨ ᠭᠡᠱᠢᠭᠦᠳ᠎ᠦᠨ ᠬᠤᠪᠢᠰᠭᠠᠯᠲᠤ ᠤᠳᠤᠮᠱᠢᠯ᠎ᠢᠶᠠᠨ ᠵᠠᠯᠭᠠᠮᠵᠢᠯᠠᠵᠤ᠂ ᠴᠠᠭ ᠦᠶ᠎ᠡ᠎ᠶ᠋ᠢᠨ ᠢᠷᠠᠭᠤ ᠬᠠᠭᠤᠳᠠᠰᠤ᠎ᠶ᠋ᠢ ᠦᠷᠭᠦᠯᠵᠢᠯᠡᠨ ᠪᠢᠴᠢᠭ᠌ᠯᠡᠬᠦ᠌ ᠡᠷᠡᠰ ᠵᠣᠷᠢᠭ᠎ᠢ ᠢᠯᠡᠳᠭᠡᠪᠡ᠃

ᠱᠢᠯᠢᠩᠬᠣᠲᠠ᠎ᠶ᠋ᠢᠨ ᠤᠯᠠᠭᠠᠨᠮᠥ᠋ᠴᠢᠷ᠎ᠦᠨ ᠳᠠᠷᠤᠭ᠎ᠠ ᠯᠢ ᠶᠦᠩ ᠱᠧᠩ᠄《ᠡᠨᠡ ᠬᠦ᠌ 60 ᠵᠢᠯ ᠪᠣᠯ ᠮᠠᠨ᠎ᠤ ᠱᠢᠯᠢᠩᠬᠣᠲᠠ᠎ᠶ᠋ᠢᠨ ᠤᠯᠠᠭᠠᠨᠮᠥ᠋ᠴᠢᠷ᠎ᠤᠨ ᠲᠠᠰᠤᠷᠠᠯᠲᠠ ᠦᠭᠡᠢ ᠦᠰᠦᠨ ᠪᠣᠢᠵᠢᠵᠤ᠂ ᠬᠥᠭ᠌ᠵᠢᠨ ᠪᠤᠵᠠᠭᠠᠢᠷᠠᠭ᠍ᠰᠠᠨ 60 ᠵᠢᠯ ᠪᠣᠯᠤᠨ᠎ᠠ᠂ ᠪᠠᠰᠠ ᠴᠤ᠌ ᠮᠠᠨ᠎ᠦ ᠠᠷᠠᠳ ᠤᠯᠠᠨ᠎ᠯᠤᠭ᠎ᠠ ᠰᠡᠳᠭᠢᠯ ᠵᠢᠷᠦᠬᠡ᠎ᠪᠡᠨ ᠬᠣᠯᠪᠣᠵᠤ᠂ ᠬᠤᠪᠢ ᠵᠠᠶᠠᠭ᠎ᠠ᠎ᠪᠠᠨ ᠬᠠᠮᠲᠤᠳᠭᠠᠭ᠍ᠰᠠᠨ 60 ᠵᠢᠯ ᠪᠣᠯᠤᠨ᠎ᠠ᠃ ᠡᠨᠡ ᠤᠳᠠᠭᠠᠨ᠎ᠤ ᠦᠳᠡᠱᠢᠯᠡᠭᠡ ᠥᠩᠭᠡᠷᠡᠭ᠌ᠰᠡᠨ᠎ᠦ ᠡᠷᠭᠢᠴᠡᠭᠦᠯᠦᠯ ᠪᠠ ᠳ᠋ᠦᠩᠨᠡᠯᠲᠡ ᠪᠣᠯᠬᠤ᠎ᠪᠠᠷ ᠪᠠᠷᠠᠬᠤ ᠦᠭᠡᠢ᠂ ᠨᠡᠩ ᠴᠤ᠌ ᠢᠷᠡᠭᠡᠳᠦᠢ᠎ᠶ᠋ᠢᠨ ᠬᠦᠰᠡᠯ ᠡᠷᠡᠮᠡᠯᠵᠡᠯ ᠪᠣᠯᠬᠤ ᠶᠤᠮ᠃ ᠪᠢᠳᠡ ᠮᠣᠩᠭᠣᠯ ᠮᠣᠷᠢᠨ᠎ᠤ ᠵᠣᠷᠢᠭ ᠰᠠᠨᠠᠭ᠎ᠠ᠎ᠶ᠋ᠢ ᠦᠷᠭᠦᠯᠵᠢᠯᠡᠨ ᠪᠠᠳᠠᠷᠠᠭᠤᠯᠵᠤ᠂ ᠠᠷᠠᠳ ᠣᠯᠠᠨ ᠳ᠋ᠠᠭᠠᠨ ᠨᠠᠩ ᠣᠯᠠᠨ ᠰᠢᠯᠢᠳᠡᠭ ᠰᠤᠳᠤᠨ ᠤᠷᠠᠯᠢᠭ᠎ᠤᠨ ᠪᠦᠲᠦᠭᠡᠯ ᠵᠢᠡᠨ ᠡᠷᠭᠦᠨ ᠲᠡᠪᠰᠢᠭᠦᠯᠦᠨ᠎ᠡ》 ᠭᠡᠵᠦ ᠰᠤᠷᠪᠤᠯᠵᠢᠯᠠᠭᠴᠢ᠎ᠳᠤ ᠶᠠᠷᠢᠵᠤ ᠪᠠᠢᠯ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号