ᠲᠦᠷᠦᠬᠦᠬᠡᠨ᠂ ᠥᠪᠥᠷ ᠮᠣᠩᠭᠣᠯ᠎ᠤᠨ ᠳᠡᠭᠡᠳᠦ ᠵᠡᠷᠭᠡ᠎ᠶᠢᠨ ᠰᠤᠳᠤᠯᠭᠠᠨ᠎ᠤ ᠬᠦᠷᠢᠶᠡᠯᠡᠩ᠎ᠦᠨ ᠠᠵᠤ ᠦᠢᠯᠡᠰ ᠪᠠ ᠵᠢᠭᠠᠨ ᠰᠤᠷᠭᠠᠯᠳᠠ ᠵᠢᠨ ᠠᠭᠤᠰᠤᠯᠴᠠᠯ᠎ᠤᠨ ᠰᠤᠳᠤᠯᠤᠨ ᠶᠠᠷᠢᠯᠴᠠᠬᠤ ᠬᠤᠷᠠᠯ ᠵᠢᠴᠢ ᠠᠩᠬᠠᠳᠤᠭᠠᠷ ᠬᠤᠭᠤᠴᠠᠭᠠᠨ᠎ᠤ ᠠᠰᠫᠢᠷᠠᠨᠲ᠎ᠤᠨ ᠰᠤᠷᠭᠠᠭᠤᠯᠢ᠎ᠳᠤ ᠣᠷᠣᠬᠤ ᠬᠥᠮᠦᠵᠢᠯ᠎ᠦᠨ ᠪᠣᠯᠪᠠᠰᠤᠷᠠᠯ᠎ᠤᠨ ᠬᠤᠷᠠᠯ ᠬᠥᠬᠡᠬᠣᠲᠠ᠎ᠳᠤ ᠶᠠᠪᠤᠭᠳᠠᠪᠠ᠃
ᠬᠤᠷᠠᠯ᠎ᠢ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ ᠡᠴᠡ ᠭᠤᠤᠯᠯᠠᠨ ᠡᠷᠬᠢᠯᠡᠵᠦ᠂ ᠤᠯᠤᠰ᠎ᠤᠨ ᠰᠠᠭᠠᠯᠢ᠎ᠶᠢᠨ ᠦᠨᠢᠶᠡᠨ᠎ᠦ ᠠᠵᠤ ᠦᠢᠯᠡᠰ᠎ᠦᠨ ᠮᠡᠷᠭᠡᠵᠢᠯ᠎ᠦᠨ ᠰᠢᠰᠲᠧᠮ᠎ᠦᠨ ᠲᠡᠷᠢᠭᠦᠨ ᠰᠢᠨᠵᠢᠯᠡᠬᠦ ᠤᠬᠠᠭᠠᠨᠲᠠᠨ᠂ ᠳᠤᠮᠳᠠᠳᠤ ᠤᠯᠤᠰ᠎ᠤᠨ ᠲᠠᠷᠢᠶᠠᠯᠠᠩ᠎ᠤᠨ ᠶᠡᠬᠡ ᠰᠤᠷᠭᠠᠭᠤᠯᠢ᠎ᠶᠢᠨ ᠫᠷᠤᠹᠧᠰᠰᠤᠷ ᠯᠢ ᠱᠧᠩ ᠯᠢ᠂ ᠳᠤᠮᠳᠠᠳᠤ ᠤᠯᠤᠰ᠎ᠤᠨ ᠰᠢᠨᠵᠢᠯᠡᠬᠦ ᠤᠬᠠᠭᠠᠨ᠎ᠤ ᠬᠦᠷᠢᠶᠡᠯᠡᠩ᠎ᠦᠨ ᠹᠢᠽᠢᠺᠰᠤᠳᠤᠯᠬᠤ ᠭᠠᠵᠠᠷ᠎ᠤᠨ ᠰᠤᠳᠤᠯᠤᠭ᠍ᠴᠢ᠂ ᠤᠯᠤᠰ᠎ᠤᠨ ᠭᠠᠷᠮᠠᠭᠠᠢ ᠵᠠᠯᠠᠭᠤᠴᠤᠳ᠎ᠤᠨ ᠰᠠᠭᠤᠷᠢ ᠮᠥᠩᠭᠥ ᠵᠢ ᠬᠦᠷᠳᠡᠭᠴᠢ ᠵᠠᠩ ᠶᠢᠩ᠂ ᠲᠢᠶᠠᠨᠵᠢᠨ ᠶᠡᠬᠡ ᠰᠤᠷᠭᠠᠭᠤᠯᠢ᠎ᠶᠢᠨ ᠮᠧᠬᠠᠨᠢᠭ᠋᠎ᠤᠨ ᠢᠨᠵᠧᠨᠧᠷᠢᠩ᠎ᠦᠨ ᠳᠡᠭᠡᠳᠦ ᠰᠤᠷᠭᠠᠭᠤᠯᠢ᠎ᠶᠢᠨ ᠫᠷᠤᠹᠧᠰᠰᠤᠷ᠂ ᠤᠯᠤᠰ᠎ᠤᠨ ᠡᠨᠧᠷᠭᠢ ᠬᠠᠳᠠᠭᠠᠯᠠᠬᠤ ᠮᠡᠷᠭᠡᠵᠢᠯ᠎ᠦᠨ ᠠᠵᠤ ᠦᠢᠯᠡᠰ ᠪᠠ ᠵᠢᠭᠠᠨ ᠰᠤᠷᠭᠠᠯᠲᠠ᠎ᠶᠢ ᠠᠭᠤᠰᠤᠯᠴᠠᠭᠤᠯᠤᠨ ᠰᠢᠨ᠎ᠡ᠎ᠶᠢ ᠡᠭᠦᠳᠬᠦ ᠲᠠᠪᠴᠠᠩ᠎ᠤᠨ ᠪᠠᠢᠩᠭᠤ᠎ᠶᠢᠨ ᠳᠡᠳ᠋ ᠡᠷᠬᠢᠯᠡᠭᠴᠢ ᠵᠢᠶᠣᠣ ᠺᠦᠢ ᠤᠷᠢᠯᠭ᠎ᠠ᠎ᠪᠠᠷ ᠬᠤᠷᠠᠯ ᠳ᠋ᠤ ᠤᠷᠤᠯᠴᠠᠵᠤ᠂ ᠲᠤᠰ ᠲᠤᠰ ᠰᠦ ᠵᠢᠨ ᠦᠢᠯᠡᠰ᠂ ᠬᠣᠪᠣᠷ ᠰᠢᠷᠣᠢ᠂ ᠡᠨᠧᠷᠭᠢ᠎ᠶᠢᠨ ᠬᠦᠷᠢᠶᠡᠨ᠎ᠦ ᠴᠢᠳᠠᠪᠤᠷᠢᠲᠠᠨ᠎ᠢ ᠬᠥᠮᠥᠵᠢᠭᠦᠯᠬᠦ ᠵᠢᠴᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠪᠣᠭᠣᠮᠲᠠ ᠰᠢᠪᠲᠤᠯᠬᠤ ᠵᠡᠷᠭᠡ᠎ᠶᠢᠨ ᠲᠣᠭᠣᠷᠢᠨ᠎ᠳᠤ ᠭᠣᠣᠯ ᠵᠣᠷᠢᠯᠲᠠᠳᠤ ᠮᠡᠳᠡᠭᠦᠯᠦᠯᠲᠡ ᠬᠢᠵᠡᠢ᠃ ᠬᠤᠷᠠᠯ᠎ᠠᠴᠠ ᠪᠠᠰᠠ ᠠᠨᠾᠦ᠋ᠢ᠂ ᠨᠢᠩᠰᠢᠶᠠ᠂ ᠬᠥᠬᠡᠨᠠᠭᠤᠷ ᠵᠡᠷᠭᠡ ᠣᠷᠣᠨ᠎ᠤ ᠭᠠᠳᠠᠨᠠᠬᠢ ᠳᠡᠭᠡᠳᠦ ᠵᠡᠷᠭᠡ᠎ᠶᠢᠨ ᠰᠤᠳᠤᠯᠭᠠᠨ᠎ᠤ ᠬᠦᠷᠢᠶᠡᠯᠡᠩ᠎ᠦᠨ ᠲᠤᠰᠬᠠᠢ ᠮᠡᠷᠭᠡᠵᠢᠯᠲᠡᠨ᠎ᠦ ᠲᠥᠯᠥᠭᠡᠯᠡᠭᠴᠢ᠎ᠶᠢ ᠤᠷᠢᠨ ᠰᠠᠨᠠᠯ ᠵᠢᠡᠨ ᠰᠣᠯᠢᠯᠴᠠᠵᠦ᠂ ᠰᠦ᠎ᠶᠢᠨ ᠦᠢᠯᠡᠰ᠂ ᠡᠨᠧᠷᠭᠢ᠂ ᠬᠣᠪᠣᠷ ᠰᠢᠷᠣᠢ ᠵᠡᠷᠭᠡ ᠭᠤᠷᠪᠠᠨ ᠬᠦᠷᠢᠶᠡᠨ᠎ᠦ ᠬᠤᠪᠢᠶᠠᠷᠢ ᠶᠠᠷᠢᠶᠠᠨ᠎ᠤ ᠲᠠᠪᠴᠠᠩ᠎ᠢ ᠡᠷᠬᠢᠯᠡᠪᠡ᠃
ᠥᠪᠥᠷ ᠮᠣᠩᠭᠣᠯ᠎ᠤᠨ ᠳᠡᠭᠡᠳᠦ ᠵᠡᠷᠭᠡ᠎ᠶᠢᠨ ᠰᠤᠳᠤᠯᠭᠠᠨ᠎ᠤ ᠬᠦᠷᠢᠶᠡᠯᠡᠩ᠎ᠢ ᠪᠠᠢᠭᠤᠯᠬᠤ ᠪᠣᠯ ᠨᠠᠮ᠎ᠤᠨ ᠲᠥᠪ ᠬᠣᠷᠢᠶ᠎ᠠ᠎ᠶᠢᠨ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠴᠢᠳᠠᠪᠤᠷᠢᠲᠠᠨ᠎ᠤ ᠥᠭᠡᠷᠡᠴᠢᠯᠡᠯᠲᠡ ᠬᠥᠭᠵᠢᠯᠲᠡ᠎ᠶᠢ ᠨᠢᠭᠡ ᠴᠣᠭᠴᠠᠵᠢᠭᠤᠯᠤᠨ ᠠᠬᠢᠭᠤᠯᠬᠤ ᠭᠣᠣᠯ ᠭᠠᠷᠳᠠᠴᠠ ᠮᠥᠨ᠂ ᠥᠪᠡᠷᠲᠡᠭᠡᠨ ᠵᠠᠰᠠᠬᠤ ᠣᠷᠣᠨ᠎ᠤ 《 ᠬᠣᠶᠠᠷ ᠬᠠᠯᠬᠠᠪᠴᠢ 》 ᠂ 《 ᠬᠣᠶᠠᠷ ᠰᠠᠭᠤᠷᠢᠨ 》᠂《ᠨᠢᠭᠡ ᠪᠡᠬᠢᠯᠡᠯᠲᠡ》ᠵᠢᠨ ᠪᠦᠲᠦᠭᠡᠨ ᠪᠠᠢᠭᠤᠯᠤᠯᠲᠠ᠎ᠶᠢ ᠪᠥᠬᠥ ᠲᠠᠯ᠎ᠠ᠎ᠪᠠᠷ ᠠᠬᠢᠭᠤᠯᠬᠤ᠎ᠶᠢᠨ ᠵᠠᠩᠭᠢᠯᠠᠭ᠎ᠠ᠎ᠶᠢᠨ ᠠᠷᠭ᠎ᠠ ᠬᠡᠮᠵᠢᠶ᠎ᠡ ᠮᠥᠨ᠃ ᠶᠠᠮᠤᠨ ᠮᠤᠵᠢ ᠬᠠᠮᠲᠤ᠎ᠪᠠᠷ ᠪᠠᠢᠭᠤᠯᠬᠤ ᠰᠢᠨ᠎ᠡ ᠮᠠᠶᠢᠭ᠋᠎ᠤᠨ ᠰᠢᠨᠵᠢᠯᠡᠬᠦ ᠤᠬᠠᠭᠠᠨ᠎ᠤ ᠰᠤᠳᠤᠯᠭᠠᠨ ᠪᠠ ᠬᠥᠮᠥᠨ᠎ᠢ ᠬᠥᠮᠥᠵᠢᠭᠦᠯᠬᠦ ᠲᠠᠪᠴᠠᠩ ᠪᠣᠯᠤᠭᠰᠠᠨ᠎ᠤ ᠬᠤᠪᠢ ᠳᠤ᠂ ᠳᠤᠰ ᠬᠦᠷᠢᠶᠡᠯᠡᠩ ᠨᠢ ᠰᠦ᠎ᠶᠢᠨ ᠦᠢᠯᠡᠰ᠂ ᠬᠣᠪᠣᠷ ᠰᠢᠷᠣᠢ᠂ ᠡᠨᠧᠷᠭᠢ ᠵᠡᠷᠭᠡ ᠳᠠᠪᠠᠭᠤᠯᠢᠭ᠋ ᠣᠨᠴᠠᠯᠢᠭ᠍ᠲᠤ ᠠᠵᠤ ᠦᠢᠯᠡᠰ ᠬᠢᠭᠡᠳ ᠪᠠᠢᠯᠳᠤᠬᠤ ᠪᠣᠳᠣᠯᠭ᠎ᠠ᠎ᠶᠢᠨ ᠴᠢᠨᠠᠷᠲᠠᠢ ᠬᠡᠷᠡᠭᠴᠡᠭᠡ ᠱᠠᠭᠠᠷᠳᠠᠯᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠦᠨ᠂ ᠴᠢᠳᠠᠪᠤᠷᠢᠲᠠᠨ᠎ᠢ ᠬᠥᠮᠥᠵᠢᠭᠦᠯᠬᠦ ᠵᠠᠭᠪᠤᠷ᠎ᠤᠨ ᠰᠢᠨ᠎ᠡ᠎ᠶᠢ ᠡᠭᠦᠳᠴᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠦᠷ᠎ᠡ ᠪᠦᠲᠦᠭᠡᠯ᠎ᠢ᠋ ᠤᠨᠳᠤᠤᠰᠢᠭᠤᠯᠬᠤ ᠵᠢ ᠲᠦᠷᠭᠡᠳᠬᠡᠵᠦ᠂ ᠰᠤᠷᠭᠠᠨ ᠬᠥᠮᠦᠵᠢᠯ᠎ᠦᠨ ᠬᠡᠯᠬᠢᠶ᠎ᠡ᠂ ᠴᠢᠳᠠᠪᠤᠷᠢᠲᠠᠨ᠎ᠤ ᠬᠡᠯᠬᠢᠶ᠎ᠡ᠂ ᠠᠵᠤ ᠦᠢᠯᠡᠰ᠎ᠦᠨ ᠬᠡᠯᠬᠢᠶ᠎ᠡ ᠬᠢᠭᠡᠳ ᠰᠢᠨ᠎ᠡ᠎ᠶᠢ ᠡᠭᠦᠳᠬᠦ ᠬᠡᠯᠬᠢᠶ᠎ᠡ᠎ᠶᠢᠨ ᠥᠨᠳᠥᠷ ᠪᠦᠲᠦᠮᠵᠢᠲᠡᠶ ᠬᠣᠯᠪᠤᠭᠠᠯᠠᠨ ᠬᠥᠳᠡᠯᠦᠯᠴᠡᠬᠦ ᠬᠠᠮᠵᠢᠯᠴᠠᠬᠤ ᠲᠥᠪ᠎ᠢ ᠪᠠᠢᠭᠤᠯᠬᠤ ᠪᠤᠯᠤᠨ᠎ᠠ᠃
ᠣᠳᠣᠬᠠᠨ᠎ᠳᠤ᠂ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ᠎ᠡᠴᠡ ᠨᠢᠭᠡᠨᠲᠡ ᠪᠦᠲᠦᠭᠡᠨ ᠪᠠᠶ᠋ᠢᠭᠤᠯᠬᠤ ᠲᠥᠰᠥᠯ ᠵᠢᠴᠢ ᠬᠠᠮᠢᠶ᠎ᠠ ᠪᠦᠬᠦᠢ ᠢᠵᠢ ᠪᠦᠷᠢᠳᠦᠭᠦᠯᠬᠦ ᠲᠥᠷᠥ᠎ᠶᠢᠨ ᠪᠣᠳᠣᠯᠭ᠎ᠠ᠎ᠶᠢ ᠲᠣᠭᠲᠠᠭᠠᠵᠤ᠂ ᠬᠠᠮᠲᠤᠷᠠᠭᠰᠠᠨ ᠠᠵᠢᠯᠯᠠᠬᠤ ᠳᠤᠭᠤᠢᠯᠠᠩ ᠪᠠᠢᠭᠤᠯᠤᠨ ᠣᠯᠠᠨ ᠰᠠᠯᠠᠭ᠎ᠠ ᠮᠥᠴᠢᠷ᠎ᠦᠨ ᠬᠠᠮᠲᠤᠷᠠᠨ ᠬᠥᠳᠡᠯᠦᠯᠴᠡᠬᠦ ᠲᠣᠭᠲᠠᠴᠠ᠎ᠶᠢ ᠪᠦᠷᠢᠯᠳᠦᠭᠦᠯᠵᠦ᠂ ᠬᠥᠬᠡᠬᠣᠲᠠ᠂ ᠪᠤᠭᠤᠲᠤ ᠪᠠ ᠣᠷᠳᠣᠰ ᠭᠤᠷᠪᠠᠨ ᠬᠤᠪᠢᠶᠠᠷᠢ ᠬᠦᠷᠢᠶᠡᠯᠡᠩ᠎ᠦᠨ ᠵᠣᠬᠢᠶᠠᠨ ᠪᠠᠢᠭᠤᠯᠤᠯᠲᠠ᠎ᠶᠢᠨ ᠪᠦᠲᠦᠴᠡ᠎ᠶᠢ ᠪᠠᠢᠭᠤᠯᠪᠠ᠃ ᠡᠭᠦᠨ᠎ᠡᠴᠡ ᠭᠠᠳᠠᠨ᠎ᠠ᠂ ᠳᠡᠭᠡᠳᠦ ᠵᠡᠷᠭᠡ᠎ᠶᠢᠨ ᠰᠤᠳᠤᠯᠭᠠᠨ᠎ᠤ ᠬᠦᠷᠢᠶᠡᠯᠡᠩ᠎ᠦᠨ ᠬᠢᠨ ᠠᠰᠫᠢᠷᠠᠨᠲ ᠬᠥᠮᠥᠵᠢᠭᠦᠯᠬᠦ ᠲᠤᠷᠰᠢᠯᠲᠠ᠎ᠶᠢᠨ ᠠᠵᠢᠯ᠎ᠢ ᠢᠳᠡᠪᠬᠢᠲᠡᠢ ᠥᠷᠨᠢᠭᠦᠯᠵᠦ᠂ 2025 ᠣᠨ᠎ᠳᠤ ᠲᠤᠰᠬᠠᠢ ᠲᠥᠷᠥᠯ᠎ᠦᠨ ᠳ᠋ᠣᠺᠲ᠋ᠣᠷᠠᠨᠲ ᠠᠰᠫᠢᠷᠠᠨᠲ ᠡᠯᠰᠡᠬᠦ ᠲᠥᠯᠥᠪᠯᠡᠭᠡ᠎ᠶᠢ 74 ᠨᠡᠷᠡᠰ ᠨᠢᠭᠡᠳᠦᠯᠲᠡᠢ ᠲᠥᠯᠥᠪᠵᠢᠬᠦᠯᠵᠦ᠂ ᠥᠪᠥᠷ ᠮᠣᠩᠭᠣᠯ᠎ᠤᠨ ᠶᠡᠬᠡ ᠰᠤᠷᠭᠠᠭᠤᠯᠢ᠂ ᠥᠪᠥᠷ ᠮᠣᠩᠭᠣᠯ᠎ᠤᠨ ᠲᠠᠷᠢᠶᠠᠯᠠᠩ᠎ᠤᠨ ᠶᠡᠬᠡ ᠰᠤᠷᠭᠠᠭᠤᠯᠢ᠂ ᠥᠪᠥᠷ ᠮᠣᠩᠭᠣᠯ᠎ᠤᠨ ᠠᠵᠤ ᠦᠢᠯᠡᠳᠪᠦᠷᠢ᠎ᠶᠢᠨ ᠶᠡᠬᠡ ᠰᠤᠷᠭᠠᠭᠤᠯᠢ᠂ ᠥᠪᠥᠷ ᠮᠣᠩᠭᠣᠯ᠎ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠶᠡᠬᠡ ᠰᠤᠷᠭᠠᠭᠤᠯᠢ᠎ᠳᠤ ᠲᠦᠰᠢᠭᠯᠡᠨ ᠬᠥᠮᠥᠵᠢᠭᠦᠯᠬᠦ ᠠᠵᠢᠯ᠎ᠢ ᠥᠷᠨᠢᠭᠦᠯᠵᠦ 《ᠨᠢᠭᠡ ᠰᠤᠷᠭᠠᠭᠤᠯᠢ᠎ᠳᠤ ᠨᠢᠭᠡ ᠠᠷᠭ᠎ᠠ ᠪᠣᠳᠣᠯᠭ᠎ᠠ᠂ ᠨᠢᠭᠡ ᠰᠤᠷᠤᠭᠴᠢ᠎ᠳᠤ ᠨᠢᠭᠡ ᠲᠦᠰᠦᠯ》᠂ 《ᠳᠡᠭᠡᠳᠦ ᠰᠤᠷᠭᠠᠭᠤᠯᠢ᠎ᠶᠢᠨ ᠵᠢᠯᠣᠭᠣᠳᠤᠭ᠍ᠴᠢ ᠪᠠᠭ᠍ᠰᠢ + ᠠᠵᠤ ᠠᠬᠤᠢᠯᠠᠯ᠎ᠤᠨ ᠵᠢᠯᠣᠭᠣᠳᠤᠭ᠍ᠴᠢ ᠪᠠᠭ᠍ᠰᠢ》 ᠬᠣᠣᠰ ᠵᠢᠯᠣᠭᠣᠳᠤᠭ᠍ᠴᠢ ᠪᠠᠭ᠍ᠰᠢ ᠶᠢᠨ ᠳᠦᠷᠢᠮ ᠵᠢᠴᠢ 《1+2+1》 ᠬᠥᠮᠥᠵᠢᠭᠦᠯᠬᠦ ᠵᠠᠭᠪᠤᠷ᠎ᠢ ᠬᠡᠷᠡᠭᠵᠢᠭᠦᠯᠦᠨ᠂ ᠦᠢᠯᠡᠳᠦᠯᠭᠡ ᠪᠠ ᠰᠢᠨᠵᠢᠯᠡᠬᠦ ᠤᠬᠠᠭᠠᠨ᠎ᠤ ᠰᠤᠳᠤᠯᠭᠠᠨ᠎ᠤ ᠠᠭᠤᠰᠤᠯᠴᠠᠯ᠎ᠢ ᠴᠢᠩᠭᠠᠳᠬᠠᠨ᠎ᠠ ᠃